ᠭᠤᠷᠪᠠᠳᠣᠭᠠᠷ ᠬᠤᠭᠤᠴᠠᠭᠠᠨ ᠤ ᠲᠤᠮᠳᠠᠳᠤ ᠮᠤᠩᠭᠤᠯ ᠤᠨ ᠦᠵᠡᠰᠬᠦᠯᠡᠩ ᠤᠨ ᠴᠤᠬᠯᠠᠭᠠᠨ 9 ᠰᠠᠷ᠎ᠠ ᠶᠢᠨ 6᠎ ᠤ ᠡᠳᠦᠷ ᠦᠪᠡᠳᠡᠭᠰᠢ ᠶᠡᠭᠡ ᠪᠠᠷ ᠡᠬᠢᠯᠡᠨ᠎ᠠ
ᠨᠡᠶᠢᠲᠡᠯᠡᠭᠰᠡᠨ ᠴᠠᠭ᠄
2019/9/3
     ᠭᠤᠷᠪᠠᠳᠤᠭᠠᠷ ᠬᠤᠭᠤᠴᠠᠭᠠᠨ ᠤ ᠲᠤᠮᠳᠠᠳᠤ ᠮᠤᠩᠭᠤᠯ ᠤᠨ ᠦᠵᠡᠰᠬᠦᠯᠡᠩ ᠤᠨ ᠴᠤᠬᠯᠠᠭᠠᠨ 9 ᠰᠠᠷ᠎ᠠ ᠶᠢᠨ 6 — 10᠎ ᠤ ᠡᠳᠦᠷ ᠪᠤᠯᠲᠠᠯ᠎ᠠ ᠤᠯᠠᠭᠠᠨᠴᠠᠪ ᠬᠤᠳᠠ ᠪᠠ ᠬᠦᠬᠡᠬᠤᠳᠠ ᠳᠤ ᠶᠠᠪᠤᠬᠳᠠᠬᠤ ᠪᠠᠷ ᠪᠠᠶᠢᠨ᠎ᠠ᠂ ᠤᠳᠤᠬᠠᠨ ᠳᠤ ᠦᠵᠡᠰᠬᠦᠯᠡᠩ ᠤᠨ ᠴᠤᠬᠯᠠᠭᠠᠨ ᠤ ᠡᠯ᠎ᠠ ᠲᠦᠷᠦᠯ ᠤᠨ ᠪᠡᠯᠡᠳᠬᠡᠯ ᠠᠵᠢᠯ ᠶᠠᠬ ᠰᠠᠶᠢᠬᠠᠨ ᠪᠠᠴᠢᠮ ᠶᠠᠭᠠᠷᠠᠯᠳᠠᠢ ᠮᠦᠷᠳᠡᠬᠡᠨ ᠡᠮᠬᠢ ᠵᠢᠷᠤᠮ ᠲᠠᠢ ᠶᠠᠪᠤᠬᠳᠠᠵᠦ ᠪᠠᠶᠢᠨ᠎ᠠ᠃      ᠭᠤᠷᠪᠠᠳᠤᠭᠠᠷ ᠬᠤᠭᠤᠴᠠᠭᠠᠨ ᠤ ᠲᠤᠮᠳᠠᠳᠤ ᠮᠤᠩᠭᠤᠯ ᠤᠨ ᠦᠵᠡᠰᠬᠦᠯᠡᠩ ᠤᠨ ᠴᠤᠬᠯᠠᠭᠠᠨ ᠨᠢ ︽ᠲᠤᠮᠳᠠᠳᠤ ᠮᠤᠩᠭᠤᠯ ᠤᠷᠤᠰ ᠤᠨ ᠠᠵᠦ ᠠᠬᠤᠢ ᠶᠢᠨ ᠬᠤᠩᠬᠢᠯ ᠢ ᠪᠦᠲᠦᠬᠡᠨ ᠪᠠᠶᠢᠭᠤᠯᠵᠦ᠂ ᠵᠡᠬᠦᠨ ᠬᠤᠶᠢᠳᠤ ᠠᠽᠢᠶ᠎ᠠ ᠶᠢᠨ ᠤᠷᠤᠨ ᠪᠦᠰᠡ ᠶᠢᠨ ᠬᠠᠮᠳᠤᠷᠠᠯᠴᠠᠭ᠎ᠠ ᠶᠢ ᠠᠬᠢᠭᠤᠯᠤᠶ᠎ᠠ︾ ᠬᠡᠬᠦ ᠭᠤᠤᠯ ᠰᠡᠳᠦᠪ ᠲᠠᠢ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ᠂ ᠠᠵᠦ ᠠᠬᠤᠢ ᠠᠷᠠᠯᠵᠢᠶ᠎ᠠ᠂ ᠲᠠᠷᠢᠶᠠᠯᠠᠩ᠂ ᠡᠮ ᠡᠮᠨᠡᠯᠬᠡ᠂ ᠰᠤᠶᠤᠯ᠂ ᠢᠮᠠᠭᠠᠨ ᠨᠤᠤᠯᠤᠭᠤᠷ ᠵᠡᠷᠬᠡ ᠬᠦᠷᠢᠶ᠎ᠠ ᠴᠠᠷᠠᠭ᠎ᠠ ᠳᠤ ᠲᠦᠪᠯᠡᠷᠡᠵᠦ᠂ ᠪᠡᠯᠡ ᠤᠷᠤᠭᠤᠯᠤᠯᠳᠠ ᠠᠷᠠᠯᠵᠢᠶ᠎ᠠ ᠶᠢᠨ ᠲᠠᠨᠢᠯᠴᠠᠭᠤᠯᠭ᠎ᠠ᠂ ᠬᠤᠷᠠᠯ ᠪᠡ ᠶᠠᠷᠢᠶᠡᠨ ᠤ ᠲᠠᠪᠴᠠᠩ᠂ ᠰᠤᠶᠤᠯ ᠤᠨ ᠰᠤᠯᠢᠯᠴᠠᠭ᠎ᠠ ᠪᠠ ᠲᠡᠯᠬᠡᠨ ᠦᠵᠡᠬᠦᠯᠬᠡ ᠵᠡᠷᠬᠡ ᠲᠦᠷᠪᠡᠨ ᠬᠡᠰᠡᠭ ᠤᠯᠠᠨ ᠲᠦᠷᠦᠯ ᠤᠨ ᠠᠵᠢᠯᠯᠠᠭ᠎ᠠ ᠶᠢ ᠬᠠᠮᠤᠷᠤᠬᠰᠠᠨ ᠪᠠᠶᠢᠨ᠎ᠠ᠃ ᠡᠬᠦᠨ ᠳᠤ᠂ ᠪᠡᠯᠡ ᠤᠷᠤᠭᠤᠯᠤᠯᠳᠠ ᠠᠷᠠᠯᠵᠢᠶ᠎ᠠ ᠶᠢᠨ ᠲᠠᠨᠢᠯᠴᠠᠭᠤᠯᠭ᠎ᠠ ᠶᠢᠨ ᠬᠡᠰᠡᠭ ᠨᠢ ᠲᠤᠮᠳᠠᠳᠤ ᠮᠤᠩᠭᠤᠯ ᠬᠤᠶᠠᠷ ᠤᠯᠤᠰ ᠵᠢᠴᠢ ︽ᠨᠢᠬᠡ ᠪᠦᠰᠡ ᠨᠢᠬᠡ ᠵᠠᠮ︾᠎ ᠤᠨ ᠱᠤᠭᠤᠮ ᠲᠠᠭᠠᠤ ᠤᠯᠤᠰ᠂ ᠵᠡᠬᠦᠨ ᠬᠤᠶᠢᠳᠤ ᠠᠽᠢᠶ᠎ᠠ ᠶᠢᠨ ᠤᠯᠤᠰ ᠤᠳ ᠤᠨ ᠠᠵᠦ ᠠᠬᠤᠢ ᠠᠷᠠᠯᠵᠢᠶ᠎ᠠ ᠶᠢᠨ ᠬᠠᠮᠳᠤᠷᠠᠯᠴᠠᠭ᠎ᠠ ᠦᠷᠨᠢᠬᠦᠯᠬᠦ ᠲᠤᠭᠤᠷᠢᠨ ᠳᠤ᠂ ᠪᠤᠯᠤᠮᠵᠢᠳᠤ ᠴᠢᠨᠠᠷ ᠢᠶᠠᠷ ᠴᠢᠩᠭ᠎ᠠ ᠬᠠᠮᠳᠤᠷᠠᠯᠴᠠᠭᠠᠨ ᠤ ᠵᠢᠱᠢᠯᠳᠡ ᠪᠠᠷ ᠰᠠᠶᠢᠨ ᠲᠠᠪᠠᠭᠤᠯᠢᠬ ᠠᠵᠦ ᠦᠢᠯᠡᠰ ᠤᠨ ᠲᠦᠷᠦᠯ ᠵᠦᠢᠯ ᠤᠳ ᠢ ᠲᠠᠨᠢᠯᠴᠠᠭᠤᠯᠬᠤ ᠪᠤᠯᠤᠨ᠎ᠠ᠃ ᠬᠤᠷᠠᠯ ᠪᠡ ᠶᠠᠷᠢᠶᠡᠨ ᠤ ᠲᠠᠪᠴᠠᠩ ᠤᠨ ᠬᠡᠰᠡᠭ ᠨᠢ ᠲᠡᠬᠡᠳᠤ ᠲᠡᠰ ᠤᠨ ᠬᠤᠷᠠᠯ ᠪᠠ ᠲᠡᠬᠡᠳᠤ ᠲᠠᠪᠬᠤᠷᠭ᠎ᠠ ᠶᠢᠨ ᠶᠠᠷᠢᠶᠠᠨ ᠤ ᠲᠠᠪᠴᠠᠩ ᠡᠷᠬᠢᠯᠡᠬᠦ ᠪᠠᠷ ᠲᠠᠮᠵᠢᠵᠦ᠂ ᠲᠤᠮᠳᠠᠳᠤ ᠮᠤᠩᠭᠤᠯ ᠬᠤᠶᠠᠷ ᠤᠯᠤᠰ ᠵᠢᠴᠢ ᠲᠡᠯᠡᠬᠡᠢ ᠶᠢᠨ ᠡᠯ᠎ᠠ ᠤᠯᠤᠰ ᠯᠤᠭ᠎ᠠ ᠶᠢᠨ ᠨᠡᠪᠲᠡᠷᠡᠯᠴᠡᠭᠡ ᠤᠢᠢᠯᠠᠭᠠᠯᠴᠠᠭ᠎ᠠ ᠶᠢ ᠨᠡᠮᠡᠭᠳᠡᠬᠦᠯᠬᠦ ᠪᠤᠯᠤᠨ᠎ᠠ᠃ ᠲᠡᠯᠬᠡᠨ ᠦᠵᠡᠬᠦᠯᠬᠡ ᠶᠢᠨ ᠬᠡᠰᠡᠭ ᠨᠢ ᠭᠠᠳᠠᠭᠠᠳᠤ ᠶᠢᠨ ᠲᠠᠪᠠᠭᠤᠯᠢᠬ ᠠᠵᠦ ᠦᠢᠯᠡᠰ ᠵᠢᠴᠢ ᠤᠨᠴᠠᠯᠢᠬᠳᠤ ᠦᠢᠯᠡᠳᠬᠦᠨ ᠳᠤ ᠲᠡᠯᠬᠡᠨ ᠦᠵᠡᠬᠦᠯᠬᠦ ᠲᠠᠪᠴᠠᠩ ᠬᠠᠩᠭᠠᠵᠦ᠂ ᠬᠠᠷᠢᠯᠴᠠᠨ ᠤᠢᠢᠯᠠᠭᠠᠬᠤ ᠶᠢ ᠠᠬᠢᠭᠤᠯᠤᠨ᠂ ᠬᠤᠳᠠᠯᠳᠤᠨ ᠠᠪᠴᠤ ᠪᠤᠷᠤᠯᠠᠭᠤᠯᠬᠤ ᠳᠤ ᠠᠵᠠ ᠲᠤᠬᠢᠶᠠᠯ ᠡᠬᠦᠳᠦᠨ ᠦᠭᠬᠦ ᠪᠤᠯᠤᠨ᠎ᠠ᠃ ᠰᠤᠶᠤᠯ ᠤᠨ ᠰᠤᠯᠢᠯᠴᠠᠭ᠎ᠠ ᠶᠢᠨ ᠬᠡᠰᠡᠭ ᠨᠢ ᠰᠤᠳᠤᠨ ᠰᠠᠶᠢᠬᠠᠨ ᠰᠤᠶᠤᠯ ᠎ ᠤᠨ ᠰᠤᠯᠢᠯᠴᠠᠭ᠎ᠠ ᠶᠢᠨ ᠠᠵᠢᠯᠯᠠᠭ᠎ᠠ ᠦᠷᠨᠢᠭᠦᠯᠬᠦ ᠪᠠᠷ ᠲᠠᠮᠵᠢᠭᠤᠯᠤᠨ ᠲᠤᠮᠳᠠᠳᠤ ᠮᠤᠩᠭᠤᠯ ᠬᠤᠶᠠᠷ ᠤᠯᠤᠰ ᠵᠢᠴᠢ ᠵᠡᠬᠦᠨ ᠬᠤᠶᠢᠳᠤ ᠠᠽᠢᠶ᠎ᠠ ᠶᠢᠨ ᠡᠯ᠎ᠠ ᠤᠯᠤᠰ ᠤᠨ ᠬᠤᠭᠤᠷᠤᠨᠳᠤᠬᠢ ᠨᠡᠩ ᠦᠷᠬᠡᠨ ᠬᠦᠷᠢᠶ᠎ᠠ ᠴᠠᠷᠠᠭ᠎ᠠ᠂ ᠨᠡᠩ ᠦᠨᠳᠦᠷ ᠲᠦᠪᠰᠢᠨ᠂ ᠨᠡᠩ ᠬᠦᠨ ᠲᠠᠪᠬᠤᠷᠭ᠎ᠠ ᠶᠢᠨ ᠰᠤᠶᠤᠯ ᠤᠨ ᠰᠤᠯᠢᠯᠴᠠᠭ᠎ᠠ ᠬᠠᠮᠳᠤᠷᠠᠯᠴᠠᠭ᠎ᠠ ᠦᠷᠨᠢᠬᠦᠯᠬᠦ ᠶᠢ ᠠᠬᠢᠭᠤᠯᠬᠤ ᠪᠤᠯᠤᠨ᠎ᠠ᠃      2015 ᠤᠨ ᠪᠠ 2017 ᠤᠨ ᠳᠤ ᠬᠤᠶᠠᠷ ᠬᠤᠭᠤᠴᠠᠭᠠᠨ ᠤ ᠲᠤᠮᠳᠠᠳᠤ ᠮᠤᠩᠭᠤᠯ ᠤᠨ ᠦᠵᠡᠰᠬᠦᠯᠡᠩ ᠎ ᠤᠨ ᠴᠤᠬᠯᠠᠭᠠᠨ ᠠᠮᠵᠢᠯᠳᠠ ᠲᠠᠢ ᠶᠠᠪᠤᠬᠳᠠᠬᠤ ᠶᠢ ᠲᠠᠭᠠᠯᠳᠤᠨ᠂ ᠲᠤᠮᠳᠠᠳᠤ ᠮᠤᠩᠭᠤᠯ ᠤᠨ ᠦᠵᠡᠰᠬᠦᠯᠡᠩ ᠤᠨ ᠴᠤᠬᠯᠠᠭᠠᠨ ᠢ ᠡᠷᠬᠢᠯᠡᠬᠦ ᠡᠯ᠎ᠠ ᠲᠤᠬᠳᠠᠴᠠ ᠶᠠᠪᠤᠬᠤ ᠲᠤᠳᠤᠮ ᠪᠤᠯᠪᠠᠰᠤᠷᠠᠵᠦ᠂ ᠲᠤᠮᠳᠠᠳᠤ ᠮᠤᠩᠭᠤᠯ ᠬᠤᠶᠠᠷ ᠤᠯᠤᠰ ᠎ ᠤᠨ ᠠᠵᠦ ᠠᠬᠤᠢ ᠠᠷᠠᠯᠵᠢᠶ᠎ᠠ ᠶᠢᠨ ᠰᠤᠯᠢᠯᠴᠠᠭ᠎ᠠ ᠬᠠᠮᠳᠤᠷᠠᠯᠴᠠᠭ᠎ᠠ ᠶᠠᠪᠤᠬᠤ ᠲᠤᠳᠤᠮ ᠨᠢᠬᠳᠠᠷᠠᠬᠰᠠᠨ ᠮᠦᠷᠳᠡᠬᠡᠨ ᠤᠷᠤᠨ ᠪᠦᠰᠡ ᠶᠢᠨ ᠬᠠᠮᠳᠤᠷᠠᠯᠴᠠᠭ᠎ᠠ ᠶᠢ ᠠᠬᠢᠭᠤᠯᠬᠤ᠂ ᠤᠯᠠᠨ ᠲᠠᠯᠠᠳᠤ ᠶᠠᠪᠤᠯᠴᠠᠭ᠎ᠠ ᠶᠢ ᠦᠷᠬᠡᠳᠬᠡᠬᠦ ᠳᠤ ᠦᠷᠬᠡᠨ ᠲᠠᠪᠴᠠᠩ ᠤᠯᠭᠤᠵᠦ᠂ ᠲᠤᠮᠳᠠᠳᠤ ᠮᠤᠩᠭᠤᠯ ᠬᠤᠶᠠᠷ ᠤᠯᠤᠰ ᠲᠡᠷᠡᠴᠢᠯᠡᠨ ᠵᠡᠬᠦᠨ ᠬᠤᠶᠢᠳᠤ ᠠᠽᠢᠶ᠎ᠠ ᠶᠢᠨ ᠭᠠᠵᠠᠷ ᠤᠷᠤᠨ ᠤ ᠠᠷᠠᠯᠵᠢᠶ᠎ᠠ᠂ ᠪᠡᠯᠡ ᠤᠷᠤᠭᠤᠯᠤᠯᠳᠠ᠂ ᠵᠢᠭᠤᠯᠴᠢᠯᠠᠯ ᠤᠨ ᠬᠠᠮᠳᠤᠷᠠᠯᠴᠠᠭ᠎ᠠ ᠳᠤ ᠰᠢᠨ᠎ᠠ ᠲᠠᠪᠴᠠᠩ ᠬᠠᠩᠭᠠᠬᠰᠠᠨ ᠪᠠᠶᠢᠨ᠎ᠠ᠃ ᠬᠤᠶᠠᠷ ᠬᠤᠭᠤᠴᠠᠭᠠᠨ ᠤ ᠲᠤᠮᠳᠠᠳᠤ ᠮᠤᠩᠭᠤᠯ ᠤᠨ ᠦᠵᠡᠰᠬᠦᠯᠡᠩ ᠤᠨ ᠴᠤᠬᠯᠠᠭᠠᠨ ᠳᠤ ᠤᠷᠢᠳ ᠬᠤᠵᠢᠳ ᠲᠤᠮᠳᠠᠳᠤ ᠮᠤᠩᠭᠤᠯ ᠤᠨ 4000 ᠠᠵᠦ ᠠᠬᠤᠢᠢᠯᠠᠯ ᠤᠷᠤᠯᠴᠠᠵᠦ᠂ 276 ᠬᠤᠪᠢ ᠬᠠᠮᠳᠤᠷᠠᠯᠴᠠᠭᠠᠨ ᠤ ᠵᠦᠪᠯᠡᠯᠴᠡᠬᠡᠷ᠂ ᠰᠠᠨᠠᠮᠵᠢ ᠶᠢᠨ ᠪᠢᠴᠢᠭ᠂ ᠰᠠᠨᠠᠭᠠᠴᠢᠯᠠᠭ᠎ᠠ ᠵᠡᠷᠬᠡ ᠶᠢ ᠲᠤᠬᠳᠠᠵᠦ᠂ ᠬᠤᠯᠪᠤᠬᠳᠠᠬᠰᠠᠨ ᠪᠡᠯᠡ ᠮᠦᠩᠬᠦ ᠶᠢᠨ ᠲᠤᠭ᠎ᠠ ᠨᠢ 2281 ᠳ᠋ᠦᠩᠰᠢᠭᠤᠷ ᠲᠦᠬᠦᠷᠢᠭ ᠲᠤ ᠬᠦᠷᠴᠤ᠂ ᠦᠵᠡᠬᠦᠯᠬᠡ ᠶᠢᠨ ᠲᠤᠬᠠᠢ ᠶᠢᠨ ᠲᠠᠯᠠᠪᠠᠢ ᠳᠤ ᠠᠷᠠᠯᠵᠢᠶᠠᠯᠠᠬᠰᠠᠨ ᠵᠤᠭᠤᠰ ᠤᠨ ᠲᠤᠭ᠎ᠠ ᠵᠢᠴᠢ ᠰᠠᠨᠠᠮᠵᠢ ᠶᠢᠨ ᠵᠦᠪᠯᠡᠯᠴᠡᠬᠡᠷ ᠤᠨ ᠵᠤᠭᠤᠰ ᠤᠨ ᠲᠤᠭ᠎ᠠ ᠨᠢ 11.3 ᠳ᠋ᠦᠩᠰᠢᠭᠤᠷ ᠲᠦᠬᠦᠷᠢᠭ ᠲᠤ ᠬᠦᠷᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号