ᠠᠢ ᠯᠢ ᠬᠤᠸᠠ ᠤᠷᠳᠤᠰ ᠬᠤᠳᠠ ᠳᠤ ᠠᠶᠤᠯᠬᠦᠢ ᠦᠢᠯᠡᠳᠪᠦᠷᠢᠯᠡᠯ ᠤᠨ ᠠᠵᠢᠯ ᠢ ᠱᠠᠯᠠᠪᠳᠠᠭᠤᠯᠤᠨ ᠵᠢᠯᠤᠭᠤᠳᠬᠤ ᠳᠠᠭᠠᠨ ᠴᠢᠬᠤᠯᠠᠴᠢᠯᠠᠬᠰᠠᠨ ᠨᠢ ᠠᠶᠤᠯᠬᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠠᠳᠬᠤᠵᠥ ᠰᠢᠨ᠎ᠡ ᠳᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠠᠶᠠᠷᠯᠠᠨ ᠪᠡᠯᠬᠡᠯᠡᠬᠦ ᠳᠤ ᠠᠮᠤᠷ ᠳᠤᠬᠳᠠᠭᠤᠨ ᠡᠶ᠎ᠡ ᠵᠤᠬᠢᠴᠠᠩᠭᠤᠢ ᠨᠡᠶᠢᠬᠡᠮ ᠤᠨ ᠤᠷᠴᠢᠨ ᠢ ᠪᠦᠷᠢᠯᠳᠦᠬᠦᠯᠭᠦ ᠬᠡᠷᠡᠭᠳᠡᠢ
ᠨᠡᠶᠢᠲᠡᠯᠡᠭᠰᠡᠨ ᠴᠠᠭ᠄
2019/9/30
     9 ᠰᠠᠷ᠎ᠠ ᠶᠢᠨ 28᠎ ᠤ ᠡᠳᠤᠷ᠂ ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠠᠢ ᠯᠢ ᠬᠤᠸᠠ ᠤᠷᠳᠤᠰ ᠬᠤᠳᠠ ᠳᠤ ᠬᠦᠨᠵᠡᠬᠡᠶᠢᠷᠡᠨ ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢ ᠱᠠᠯᠠᠪᠳᠠᠭᠤᠯᠤᠨ ᠵᠢᠯᠤᠭᠤᠳᠴᠤ᠂ ᠤᠯᠤᠰ ᠤᠨ ᠪᠠᠶᠠᠷ ᠤᠨ ᠬᠤᠭᠤᠴᠠᠭᠠᠨ ᠤ ᠠᠶᠤᠯᠬᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠠᠳᠬᠤᠵᠥ᠂ ᠰᠠᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠥ᠂ ᠰᠤᠯᠠᠷᠠᠭᠤᠯᠤᠯ ᠦᠬᠡᠢ ᠪᠠᠶᠢᠩᠭᠤ ᠠᠳᠬᠤᠵᠥ᠂ ᠰᠢᠨ᠎ᠡ ᠳᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠠᠶᠠᠷᠯᠠᠨ ᠪᠡᠯᠬᠡᠯᠡᠬᠦ ᠳᠤ ᠠᠮᠤᠷ ᠳᠤᠬᠳᠠᠭᠤᠨ ᠡᠶ᠎ᠡ ᠵᠤᠬᠢᠴᠠᠩᠭᠤᠢ ᠨᠡᠶᠢᠬᠡᠮ ᠤᠨ ᠤᠷᠴᠢᠨ ᠢ ᠪᠦᠷᠢᠯᠳᠦᠬᠦᠯᠭᠦ ᠬᠡᠷᠡᠭᠳᠡᠢ ᠬᠡᠵᠥ ᠴᠢᠬᠤᠯᠠᠴᠢᠯᠠᠪᠠ᠃      ᠠᠢ ᠯᠢ ᠬᠤᠸᠠ ᠤᠷᠢᠳ ᠬᠤᠵᠢᠳ ᠦᠪᠦᠷ ᠮᠤᠩᠭᠤᠯ ᠤᠨ ᠵᠦᠩ ᠮᠸᠢ ᠮᠧᠩ ᠳ᠋ᠠ ᠰᠢᠨ᠎ᠡ ᠡᠨᠧᠷᠬᠢ ᠶᠢᠨ ᠬᠢᠮᠢ ᠶᠢᠨ ᠠᠵᠥ ᠦᠢᠯᠡᠳᠪᠦᠷᠢ ᠶᠢᠨ ᠬᠢᠵᠠᠭᠠᠷᠳᠤ ᠺᠤᠮᠫᠠᠨᠢ᠂ ᠵᠦᠩ ᠲᠢᠶᠠᠨ ᠾᠧ ᠴᠤᠧᠠᠩ ᠡᠨᠧᠷᠬᠢ ᠶᠢᠨ ᠬᠢᠵᠠᠭᠠᠷᠳᠤ ᠺᠤᠮᠫᠠᠨᠢ᠂ ᠵᠦᠩ ᠲᠢᠶᠠᠨ ᠾᠧ ᠴᠤᠧᠠᠩ ᠨᠡᠬᠦᠷᠡᠰᠤ ᠶᠢᠨ ᠬᠤᠪᠢᠶᠠᠷᠢ ᠺᠤᠮᠫᠠᠨᠢ ᠶᠢᠨ ᠬᠤᠯᠤᠰᠤ ᠨᠡᠬᠦᠷᠡᠰᠤᠨ ᠠᠭᠤᠷᠬᠠᠢ ᠵᠡᠷᠬᠡ ᠭᠠᠵᠠᠷ ᠲᠤ ᠬᠦᠷᠴᠤ᠂ ᠠᠵᠥ ᠠᠬᠤᠢᠢᠯᠠᠯ ᠤᠨ ᠠᠵᠢᠯᠯᠠᠭᠠᠨ ᠪᠠ ᠠᠮᠤᠷ ᠳᠦᠪᠰᠢᠨ ᠤ ᠬᠠᠮᠢᠶᠠᠷᠤᠯᠳᠠ ᠶᠢᠨ ᠪᠠᠶᠢᠳᠠᠯ ᠤᠨ ᠳᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠤᠨᠤᠰᠴᠤ᠂ ᠦᠢᠯᠡᠳᠪᠦᠷᠢᠯᠡᠯ ᠤᠨ ᠳᠠᠰᠤᠭ ᠤᠨ ᠠᠵᠢᠯᠯᠠᠭᠠᠨ ᠤ ᠪᠠᠶᠢᠳᠠᠯ ᠢ ᠳᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠥ᠂ ᠠᠮᠤᠷ ᠳᠦᠪᠰᠢᠨ ᠤ ᠬᠡᠮ ᠰᠤᠭᠤᠬ ᠢ ᠪᠠᠶᠢᠴᠠᠭᠠᠨ ᠴᠡᠭᠴᠡᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ ᠬᠡᠮᠵᠢᠶ᠎ᠠ ᠵᠡᠷᠬᠡ ᠠᠵᠢᠯ ᠢ ᠨᠠᠷᠢᠨ ᠬᠢᠨᠠᠮᠠᠭᠠᠢ ᠣᠶᠢᠯᠠᠭᠠᠪᠠ᠃      ᠠᠢ ᠯᠢ ᠬᠤᠸᠠ᠂ ᠰᠢᠨ᠎ᠡ ᠳᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠠᠶᠠᠷᠯᠠᠨ ᠪᠡᠯᠬᠡᠯᠡᠬᠦ ᠳᠠᠰᠢᠷᠠᠮ ᠳᠤ᠂ ᠠᠶᠤᠯᠬᠦᠢ ᠦᠢᠯᠡᠳᠪᠦᠷᠢᠯᠡᠯ ᠤᠨ ᠠᠵᠢᠯ ᠢ ᠰᠠᠶᠢᠳᠤᠷ ᠠᠳᠬᠤᠬᠤ ᠶᠢᠨ ᠬᠠᠷᠢᠭᠤᠴᠠᠯᠭ᠎ᠠ ᠬᠦᠨᠳᠤ ᠪᠠᠶᠢᠨ᠎ᠠ᠃ ᠡᠯ᠎ᠡ ᠱᠠᠳᠤ ᠡᠯ᠎ᠡ ᠰᠠᠯᠠᠭ᠎ᠠ ᠮᠦᠴᠢᠷ ᠤᠨ ᠬᠢᠨ ᠳᠡᠬᠡᠳᠤ ᠬᠡᠮᠵᠢᠶᠡᠨ ᠤ ᠤᠯᠤᠰ ᠳᠦᠷᠦ ᠶᠢᠨ ᠤᠬᠠᠮᠰᠠᠷ ᠪᠤᠯᠤᠨ ᠡᠬᠦᠷᠬᠡ ᠬᠠᠷᠢᠭᠤᠴᠠᠯᠭᠠᠳᠤ ᠰᠡᠳᠬᠢᠯᠬᠡ ᠪᠠᠷ ᠠᠵᠥ ᠠᠬᠤᠢᠢᠯᠠᠯ ᠤᠨ ᠭᠤᠤᠯ ᠴᠤᠬᠴᠠ ᠶᠢᠨ ᠬᠠᠷᠢᠭᠤᠴᠠᠯᠭ᠎ᠠ᠂ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠤᠯᠤᠨ ᠡᠯ᠎ᠡ ᠱᠠᠳᠤᠨ ᠤ ᠤᠳᠤᠷᠢᠳᠤᠯᠭ᠎ᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠬᠤ ᠬᠡᠷᠡᠭᠳᠡᠢ᠃ ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠳᠠ ᠶᠢ ᠦᠷᠬᠦᠯᠵᠢᠯᠡᠨ ᠬᠦᠨᠵᠡᠬᠡᠢ ᠦᠷᠨᠢᠬᠦᠯᠵᠥ᠂ ᠭᠤᠤᠯᠳᠠᠯᠭ᠎ᠠ ᠲᠠᠢ ᠠᠵᠢᠯ ᠳᠦᠷᠦᠯ᠂ ᠬᠦᠷᠢᠶ᠎ᠡ ᠳᠤ ᠬᠡᠮ ᠰᠤᠭᠤᠬ ᠢ ᠳᠠᠬᠢᠨᠳᠠ ᠰᠢᠭᠰᠢᠨ ᠪᠠᠶᠢᠴᠠᠭᠠᠵᠥ᠂ ᠠᠷᠭ᠎ᠠ ᠬᠡᠮᠵᠢᠶ᠎ᠡ ᠶᠢ ᠳᠠᠬᠢᠨᠳᠠ ᠨᠠᠶᠢᠳᠠᠪᠤᠷᠢᠵᠢᠭᠤᠯᠵᠥ᠂ ᠶᠡᠭᠡ ᠪᠠᠶᠢᠴᠠᠭᠠᠯᠳᠠ ᠶᠢᠨ ᠪᠤᠳᠠᠳᠤ ᠦᠷ᠎ᠠ ᠠᠰᠢᠭ ᠤᠯᠬᠤ ᠶᠢ ᠪᠠᠳᠤᠯᠠᠬᠤ ᠬᠡᠷᠡᠭᠳᠡᠢ᠃ ᠪᠠᠴᠢᠮ ᠪᠠᠶᠢᠳᠠᠯ ᠢ ᠠᠷᠭᠠᠴᠠᠭᠠᠵᠥ ᠬᠡᠨᠡᠳᠳᠡ ᠶᠢᠨ ᠠᠳᠡᠯ ᠢ ᠰᠢᠢᠳᠪᠦᠷᠢᠯᠡᠬᠦ ᠤᠷᠢᠳᠴᠢᠯᠠᠬᠰᠠᠨ ᠳᠦᠰᠦᠯ ᠢ ᠤᠯᠠᠮ ᠴᠢᠨᠠᠬᠰᠢᠳᠠ ᠳᠡᠬᠦᠯᠳᠡᠷᠵᠢᠬᠦᠯᠵᠥ᠂ ᠬᠡᠨᠡᠳᠳᠡ ᠪᠠᠷ ᠡᠬᠦᠰᠦᠭᠰᠡᠨ ᠪᠠᠶᠢᠳᠠᠯ ᠢ ᠪᠦᠳᠦᠮᠵᠢᠳᠡᠢ ᠠᠷᠭᠠᠴᠠᠭᠠᠵᠥ᠂ ᠪᠠᠶᠠᠷ ᠎ ᠤᠨ ᠡᠳᠤᠷ ᠤᠨ ᠬᠤᠭᠤᠴᠠᠭᠠᠨ ᠤ ᠠᠮᠤᠷ ᠳᠦᠪᠰᠢᠨ ᠡᠶ᠎ᠡ ᠵᠤᠬᠢᠴᠠᠩᠭᠤᠢ ᠪᠠᠶᠢᠬᠤ ᠶᠢ ᠪᠠᠳᠤᠯᠠᠬᠤ ᠬᠡᠷᠡᠭᠳᠡᠢ ᠬᠡᠵᠥ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号