ᠣᠶᠢᠷ᠎ᠠ ᠶᠢᠨ ᠡᠳᠦᠷ᠂ 2019 ᠣᠨ ᠤ ᠳᠤᠮᠳᠠᠳᠤ ᠤᠯᠤᠰ ᠤᠨ ᠠᠷᠠᠳ ᠠᠴᠠ ᠡᠵᠡᠩᠨᠡᠭᠰᠡᠨ ᠠᠵᠤ | ᠠᠬᠤᠶᠢᠯᠠᠯ ᠤᠨ 500 ᠬᠦᠴᠦᠷᠬᠡᠭ ᠤᠨ ᠨᠡᠷᠡᠰ ᠤᠨ ᠵᠢᠭᠰᠠᠭᠠᠯᠲᠠ ᠨᠡᠶᠢᠲᠡᠯᠡᠭᠳᠡᠵᠦ᠂ ᠮᠠᠨ ᠤ ᠣᠷᠣᠨ ᠤ 4 ᠠᠵᠤ | ᠠᠬᠤᠶᠢᠯᠠᠯ ᠵᠢᠭᠰᠠᠭᠠᠯᠲᠠ ᠳᠤ ᠲᠣᠳᠣᠷᠠᠪᠠ᠃ ᠡᠨᠡ ᠨᠢ ᠲᠣᠰ ᠲᠣᠰ᠄ ᠥᠪᠥᠷ ᠮᠣᠩᠭᠤᠯ ᠤᠨ ᠢ ᠯᠢ ᠠᠵᠤ | ᠦᠢᠯᠡᠰ ᠤᠨ ᠪᠦᠯᠦᠭᠯᠡᠯ ᠤᠨ ᠬᠤᠪᠢ ᠣᠷᠤᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠡᠵᠡᠩᠨᠡᠯᠲᠡ ᠶᠢᠨ ᠣᠷᠣᠯᠭ᠎ᠠ | 795.53 ᠳ᠋ᠦᠩᠰᠢᠭᠤᠷ ᠲᠥᠭᠦᠷᠢᠭ ᠲᠤ ᠬᠦᠷᠴᠦ᠂ 81 ᠳ᠋ᠦ᠋ᠭᠡᠷ ᠲᠤ ᠵᠢᠭᠰᠠᠭᠠᠭᠳᠠᠵᠤ᠂ ᠥᠪᠥᠷ ᠮᠣᠩᠭᠤᠯ ᠤᠨ | ᠣᠷᠳᠣᠰ ᠤᠨ ᠪᠠᠯᠠ ᠣᠷᠣᠭᠤᠯᠤᠯᠲᠠ ᠶᠢᠨ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ | ᠡᠵᠡᠩᠨᠡᠯᠲᠡ ᠶᠢᠨ ᠣᠷᠣᠯᠭ᠎ᠠ 583.10 ᠳ᠋ᠦᠩᠰᠢᠭᠤᠷ ᠲᠥᠭᠦᠷᠢᠭ ᠲᠤ ᠬᠦᠷᠴᠦ᠂ 118 ᠳ᠋ᠤᠭᠠᠷ ᠲᠤ | ᠵᠢᠭᠰᠠᠭᠠᠭᠳᠠᠵᠤ᠂ ᠥᠪᠥᠷ ᠮᠣᠩᠭᠤᠯ ᠤᠨ ᠢ ᠲᠠᠢ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠡᠵᠡᠩᠨᠡᠯᠲᠡ ᠶᠢᠨ | ᠣᠷᠣᠯᠭ᠎ᠠ 557.61 ᠳ᠋ᠦᠩᠰᠢᠭᠤᠷ ᠲᠥᠭᠦᠷᠢᠭ ᠲᠤ ᠬᠦᠷᠴᠦ᠂ 129 ᠳ᠋ᠦ᠋ᠭᠡᠷ ᠲᠤ ᠵᠢᠭᠰᠠᠭᠠᠭᠳᠠᠵᠤ᠂ ᠢᠯᠢ ᠡᠬᠢ | ᠪᠠᠶᠠᠯᠢᠭ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠡᠵᠡᠩᠨᠡᠯᠲᠡ ᠶᠢᠨ ᠣᠷᠣᠯᠭ᠎ᠠ 435.48 ᠳ᠋ᠦᠩᠰᠢᠭᠤᠷ | ᠲᠥᠭᠦᠷᠢᠭ ᠲᠤ ᠬᠦᠷᠴᠦ᠂ 175 ᠳ᠋ᠦ᠋ᠭᠡᠷ ᠲᠤ ᠵᠢᠭᠰᠠᠭᠠᠭᠳᠠᠵᠠᠶ᠃ | ᠡᠭᠦᠨ ᠤ ᠬᠠᠮᠲᠤ᠂ ᠥᠪᠥᠷ ᠮᠣᠩᠭᠤᠯ ᠤᠨ ᠢ ᠯᠢ ᠠᠵᠤ ᠦᠢᠯᠡᠰ ᠤᠨ ᠪᠦᠯᠦᠭᠯᠡᠯ ᠤᠨ ᠬᠤᠪᠢ | ᠣᠷᠤᠭᠤᠯᠤᠯᠲᠠ ᠶᠢᠨ ᠬᠢᠵᠠᠭᠠᠷᠲᠤ ᠺᠣᠮᠫᠠᠨᠢ ᠵᠡᠷᠭᠡ 6 ᠠᠵᠤ ᠠᠬᠤᠶᠢᠯᠠᠯ ᠪᠠᠰᠠ 2019 ᠣᠨ ᠤ ᠳᠤᠮᠳᠠᠳᠤ | ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠢᠯᠡᠳᠬᠦ ᠦᠢᠯᠡᠰ ᠤᠨ 500 ᠬᠦᠴᠦᠷᠬᠡᠭ ᠤᠨ | ᠡᠩᠨᠡᠭᠡᠨ ᠳᠤ ᠣᠷᠣᠪᠠ᠂ ᠲᠤᠬᠠᠶᠢᠯᠠᠪᠠᠯ ᠥᠪᠥᠷ ᠮᠣᠩᠭᠤᠯ ᠤᠨ ᠢ ᠯᠢ ᠠᠵᠤ ᠦᠢᠯᠡᠰ ᠤᠨ ᠪᠦᠯᠦᠭᠯᠡᠯ ᠤᠨ ᠬᠤᠪᠢ | ᠣᠷᠤᠭᠤᠯᠤᠯᠲᠠ ᠶᠢᠨ ᠬᠢᠵᠠᠭᠠᠷᠲᠤ ᠺᠣᠮᠫᠠᠨᠢ 40 ᠳ᠋ᠦ᠋ᠭᠡᠷ ᠲᠤ ᠵᠢᠭᠰᠠᠭᠠᠭᠳᠠᠵᠤ᠂ ᠥᠪᠥᠷ ᠮᠣᠩᠭᠤᠯ ᠤᠨ ᠣᠷᠳᠣᠰ ᠤᠨ | ᠪᠡᠯᠡ ᠣᠷᠣᠭᠤᠯᠤᠯᠲᠠ ᠶᠢᠨ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ 62 ᠳ᠋ᠤᠭᠠᠷ ᠲᠤ | ᠵᠢᠭᠰᠠᠭᠠᠭᠳᠠᠵᠤ᠂ ᠥᠪᠥᠷ ᠮᠣᠩᠭᠤᠯ ᠤᠨ ᠴᠢᠩ ᠬᠤᠸᠠ ᠪᠦᠯᠦᠭᠯᠡᠯ ᠤᠨ ᠬᠢᠵᠠᠭᠠᠷᠲᠤ ᠺᠣᠮᠫᠠᠨᠢ 387 ᠳ᠋ᠤᠭᠠᠷ ᠲᠤ | ᠵᠢᠭᠰᠠᠭᠠᠭᠳᠠᠵᠤ᠂ ᠥᠪᠥᠷ ᠮᠣᠩᠭᠤᠯ ᠤᠨ ᠶᠢᠨ ᠯᠢᠶᠠᠨ ᠬᠦᠩᠭᠡᠨᠴᠠᠭᠠᠨ ᠤ ᠮᠠᠲ᠋ᠧᠷᠢᠶᠠᠯ ᠤᠨ ᠬᠢᠵᠠᠭᠠᠷᠲᠤ ᠺᠣᠮᠫᠠᠨᠢ | 425 ᠳ᠋ᠤᠭᠠᠷ ᠲᠤ ᠵᠢᠭᠰᠠᠭᠠᠭᠳᠠᠵᠤ᠂ ᠤᠯᠠᠭᠠᠨᠬᠠᠳᠠ ᠶᠢᠨ ᠶᠤᠸᠠᠨ ᠯᠢᠶᠠᠨ ᠪᠣᠯᠣᠳ ᠲᠡᠮᠦᠷ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ 467 ᠳ᠋ᠤᠭᠠᠷ ᠲᠤ ᠵᠢᠭᠰᠠᠭᠠᠭᠳᠠᠵᠤ᠂ ᠥᠪᠥᠷ ᠮᠣᠩᠭᠤᠯ ᠤᠨ ᠪᠦᠸᠧ ᠶᠤᠸᠠᠨ ᠬᠤᠪᠢ | ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ 480 ᠳ᠋ᠤᠭᠠᠷ ᠲᠤ ᠵᠢᠭᠰᠠᠭᠠᠭᠳᠠᠵᠠᠢ᠃ |