ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠠᠵᠢᠯ ᠡᠬᠢᠯᠡᠪᠡ
ᠨᠡᠶᠢᠲᠡᠯᠡᠭᠰᠡᠨ ᠴᠠᠭ᠄
2019/9/4
     ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠲᠣᠭᠲᠠᠭᠠᠯ︾᠎ ᠤᠨ ᠱᠠᠭᠠᠷᠳᠠᠯᠭ᠎ᠠ ᠶᠣᠰᠣᠭᠠᠷ᠂ ᠤᠯᠠᠮ ᠨᠢᠭᠡ ᠠᠯᠬᠤᠮ ᠳᠠᠷᠤᠯᠲᠠ ᠥᠭᠴᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠰᠠᠭᠤᠳᠠᠯ ᠢ ᠰᠢᠢᠳᠪᠦᠷᠢᠯᠡᠵᠦ᠂ ᠡᠯ᠎ᠡ ᠠᠶᠢᠮᠠᠭ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠪᠣᠯᠣᠨ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶᠢᠨ ᠲᠤᠰᠠᠳᠠ᠂ ᠡᠨᠡ ᠵᠢᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠮᠠᠨ ᠤ ᠣᠷᠣᠨ ᠤ ᠡᠯ᠎ᠡ ᠠᠶᠢᠮᠠᠭ ᠬᠤᠲᠠ ᠳᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ  ᠰᠢᠮᠳᠠᠭᠤᠯᠤᠨ ᠪᠠᠶᠢᠴᠠᠭᠠᠯᠲᠠ ᠦᠷᠨᠢᠭᠦᠯᠵᠡᠢ᠃ ᠲᠦᠷᠦᠭᠦᠬᠡᠨ᠂ ᠥᠪᠥᠷ ᠮᠣᠩᠭᠤᠯ ᠤᠨ 2019 ᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠠᠵᠢᠯ ᠨᠢᠭᠡᠨᠲᠡ ᠪᠦᠬᠦ ᠲᠠᠯ᠎ᠠ ᠪᠠᠷ ᠡᠬᠢᠯᠡᠪᠡ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ 3 ᠳᠤᠭᠤᠶᠢᠯᠠᠩ ᠨᠢᠭᠡᠨᠲᠡ ᠲᠦᠩᠯᠢᠶᠣᠤ ᠬᠤᠲᠠ᠂ ᠪᠤᠭᠤᠲᠤ ᠬᠤᠲᠠ᠂ ᠪᠠᠶᠠᠨᠨᠠᠭᠤᠷ ᠬᠤᠲᠠ ᠳᠤ ᠲᠣᠰ ᠲᠣᠰ ᠬᠦᠷᠴᠦ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠶᠢᠨ ᠬᠠᠮᠲᠤ 8 ᠳ᠋ᠤᠭᠠᠷ ᠰᠠᠷ᠎ᠠ ᠶᠢᠨ 31᠎ ᠤ ᠡᠳᠦᠷ ᠵᠢᠴᠢ 9 ᠳ᠋ᠦ᠋ᠭᠡᠷ ᠰᠠᠷ᠎ᠠ ᠶᠢᠨ 2 ᠎ ᠤᠨ ᠡᠳᠦᠷ ᠭᠤᠷᠪᠠᠨ ᠭᠠᠵᠠᠷ ᠲᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠢᠵᠦ᠂ ᠲᠣᠰ ᠤᠳᠠᠭᠠᠨ ᠤ ᠰᠢᠮᠳᠠᠭᠤᠯᠤᠨ ᠪᠠᠶᠢᠴᠠᠭᠠᠬᠤ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠠᠶ᠃       ᠳᠠᠶᠢᠴᠢᠯᠠᠯᠲᠠ ᠶᠢᠨ ᠬᠤᠷᠠᠯ ᠠᠴᠠ ᠱᠠᠭᠠᠷᠳᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠭᠤᠤᠯᠳᠠᠯᠭ᠎ᠠ ᠲᠠᠢ ᠬᠦᠷᠢᠶ᠎ᠡ᠂ ᠳᠣᠪᠤᠶᠢᠮ᠎ᠠ ᠠᠰᠠᠭᠤᠳᠠᠯ ᠎ ᠳᠤ ᠠᠩᠬᠠᠷᠤᠯ ᠢᠶᠠᠨ ᠲᠦᠪᠯᠡᠷᠡᠭᠦᠯᠦᠨ᠂ ᠬᠠᠷᠠᠯᠲᠠ ᠲᠠᠢ ᠪᠠᠷ ᠰᠤᠮᠤ ᠬᠠᠷᠪᠤᠬᠤ ᠬᠡᠷᠡᠭᠲᠡᠶ︔ ᠨᠠᠷᠢᠨ ᠬᠢᠨᠠᠮᠠᠭᠠᠶ᠂ ᠪᠤᠰᠤᠳᠴᠢ ᠲᠥᠪ ᠭᠤᠤᠯᠴᠢ ᠪᠠᠶᠢᠵᠤ᠂ ᠠᠰᠠᠭᠤᠳᠠᠯ ᠢ ᠣᠨᠣᠪᠴᠢᠲᠠᠶ ᠪᠠᠶᠢᠴᠠᠭᠠᠨ ᠲᠣᠳᠣᠯᠠᠵᠤ᠂ ᠪᠠᠶᠢᠳᠠᠯ ᠢ ᠲᠤᠭᠤᠰᠢᠲᠠᠢ ᠪᠠᠶᠢᠴᠠᠭᠠᠵᠤ᠂ ᠶᠠᠪᠤᠳᠠᠯ ᠪᠣᠯᠭᠠᠨ ᠳᠤ ᠬᠥᠮᠦᠨ ᠪᠦᠬᠦᠨ ᠬᠠᠷᠢᠭᠤᠴᠠᠯᠭ᠎ᠠ ᠲᠠᠢ ᠪᠠᠶᠢᠬᠤ ᠬᠡᠷᠡᠭᠲᠡᠶ︔ ᠡᠰᠡ ᠬᠢᠬᠦ᠂ ᠤᠳᠠᠭᠠᠨ ᠬᠢᠬᠦ ᠶᠢ ᠪᠠᠶᠢᠴᠠᠭᠠᠬᠤ ᠪᠠᠷ ᠪᠠᠷᠠᠬᠤ ᠦᠭᠡᠢ ᠪᠠᠰᠠ ᠰᠠᠨᠠᠭ᠎ᠠ ᠳᠤᠷ᠎ᠠ ᠪᠠᠷ ᠢᠶᠠᠨ ᠬᠢᠬᠦ ᠶᠢ ᠪᠠᠶᠢᠴᠠᠭᠠᠵᠤ᠂ ᠣᠨᠴᠠᠭᠠᠶᠢᠯᠠᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠣᠬᠢᠷᠲᠤᠯ ᠢ ᠵᠠᠰᠠᠬᠤ ᠳᠤᠮᠳᠠᠬᠢ ︽ᠨᠢᠭᠡ ᠯᠡ ᠠᠳᠠᠯᠢ ᠪᠠᠷ ᠱᠠᠭᠠᠷᠳᠠᠬᠤ︾ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ︔ ᠰᠢᠮᠳᠠᠭᠤᠯᠤᠨ ᠪᠠᠶᠢᠴᠠᠭᠠᠬᠤ ᠰᠠᠶᠢᠵᠢᠷᠠᠭᠤᠯᠬᠤ ᠢᠯᠠ ᠪᠣᠯᠭᠠᠬᠤ ᠶᠢ ᠴᠢᠩᠭᠠᠳᠬᠠᠵᠤ᠂ ᠰᠢᠮᠳᠠᠭᠤᠯᠤᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠳᠣᠪᠤᠶᠢᠮ᠎ᠠ ᠠᠰᠠᠭᠤᠳᠠᠯ ᠪᠣᠯᠤᠨ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠨᠡᠶᠢᠭᠡᠮ ᠳᠤ ᠢᠯᠠ ᠪᠣᠯᠭᠠᠵᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ᠂ ᠣᠯᠠᠨ ᠲᠦᠮᠡᠨ ᠤ ᠬᠢᠨᠠᠯᠲᠠ ᠶᠢ ᠬᠦᠯᠢᠶᠡᠬᠦ ᠬᠡᠷᠡᠭᠲᠡᠢ ᠭᠡᠵᠡᠢ᠃      ᠲᠣᠰ ᠤᠳᠠᠭᠠᠨ ᠤ ᠰᠢᠮᠳᠠᠭᠤᠯᠤᠨ ᠪᠠᠶᠢᠴᠠᠭᠠᠯᠲᠠ ᠶᠢᠨ ᠭᠤᠤᠯᠳᠠᠯᠭ᠎ᠠ ᠨᠢ ᠡᠯ᠎ᠡ ᠠᠶᠢᠮᠠᠭ ᠬᠤᠲᠠ ᠶᠢᠨ ᠰᠢ ᠎ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠭᠰᠠᠨ ᠪᠠᠶᠢᠳᠠᠯ︔ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ︔ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠳᠦᠷᠢᠮ ᠲᠣᠭᠲᠠᠭᠠᠯ᠂ ᠪᠠᠷᠢᠮᠵᠢᠶ᠎ᠠ ᠵᠢᠷᠤᠮᠵᠢᠯ᠂ ᠲᠥᠯᠥᠪᠵᠢᠭᠦᠯᠪᠡ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ︔ ᠲᠥᠪ ᠎ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ ︽ᠪᠤᠴᠠᠵᠤ ᠪᠠᠶᠢᠴᠠᠭᠠᠨ ᠦᠵᠡᠬᠦ︾᠎ ᠠᠴᠠ ᠲᠤᠰᠬᠠᠭᠰᠠᠨ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ︔ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠪᠠ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠲᠠᠢ ᠪᠠᠶᠢᠬᠤ ᠶᠢ ᠴᠢᠩᠭᠠᠳᠬᠠᠵᠤ᠂ ᠠᠮᠢ ᠠᠬᠤᠶ ᠣᠷᠴᠢᠨ ᠲᠣᠭᠤᠷᠢᠨ ᠤ ᠳᠣᠪᠤᠶᠢᠮ᠎ᠠ ᠠᠰᠠᠭᠤᠳᠠᠯ ᠪᠣᠯᠣᠨ ᠠᠷᠠᠳ ᠣᠯᠠᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠢ ᠰᠢᠶᠳᠪᠦᠷᠢᠯᠡᠭᠰᠡᠨ ᠵᠡᠷᠭᠡ ᠪᠠᠶᠢᠳᠠᠯ ᠪᠣᠯᠣᠨ᠎ᠠ᠃       ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠲᠤᠰᠬᠠᠶ ᠵᠢᠵᠢᠭᠦᠷᠯᠡᠬᠦ ᠤᠲᠠᠰᠤ ᠪᠠ ᠲᠤᠰᠬᠠᠶ ᠰᠢᠦᠳᠠᠨ ᠬᠠᠶᠠᠭ ᠲᠣᠬᠢᠷᠠᠭᠤᠯᠵᠤ᠂ ᠰᠢᠮᠳᠠᠭᠤᠯᠤᠨ ᠪᠠᠶᠢᠴᠠᠭᠠᠵᠤ ᠪᠠᠶᠢᠭ᠎ᠠ ᠭᠠᠵᠠᠷ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠬᠢ ᠵᠠᠬᠢᠳᠠᠯ ᠴᠢᠮᠡᠭᠡ ᠴᠠᠬᠢᠯᠭᠠᠨ ᠮᠡᠳᠡᠭᠡ ᠪᠠᠷ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠴᠤ ᠰᠢᠶᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠢᠭᠡᠳᠦᠭᠡᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠪᠤᠭᠤᠲᠤ ᠬᠤᠲᠠ ᠳᠤ ᠠᠵᠢᠯᠯᠠᠬᠤ ᠬᠤᠭᠤᠴᠠᠭᠠᠨ ᠳᠠᠬᠢ ︵2019 ᠣᠨ 9 ᠳ᠋ᠦ᠋ᠭᠡᠷ ᠰᠠᠷ᠎ᠠ ᠶᠢᠨ 2᠎ ᠤᠨ ᠡᠳᠦᠷ — 9 ᠳ᠋ᠦ᠋ᠭᠡᠷ ᠰᠠᠷ᠎ᠠ ᠶᠢᠨ 26᠎ ᠤ ᠡᠳᠦᠷ︶ ᠲᠤᠰᠬᠠᠶ ᠵᠢᠵᠢᠭᠦᠷᠯᠡᠬᠦ ᠤᠲᠠᠰᠤ᠄ 0472 — 3310106᠂ ᠲᠤᠰᠬᠠᠶ ᠰᠢᠦᠳᠠᠨ ᠬᠠᠶᠢᠷᠴᠠᠭ᠄ ᠪᠤᠭᠤᠲᠤ ᠬᠤᠲᠠ ᠶᠢᠨ A009 ᠰᠢᠦᠳᠠᠨ ᠬᠠᠶᠢᠷᠴᠠᠭ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠦᠩᠯᠢᠶᠣᠤ ᠬᠤᠲᠠ ᠳᠤ ᠠᠵᠢᠯᠯᠠᠬᠤ ᠬᠤᠭᠤᠴᠠᠭᠠᠨ ᠳᠠᠬᠢ ︵2019 ᠣᠨ 8 ᠳ᠋ᠤᠭᠠᠷ ᠰᠠᠷ᠎ᠠ ᠶᠢᠨ 31᠎ ᠤ ᠡᠳᠦᠷ — 9 ᠳ᠋ᠦ᠋ᠭᠡᠷ ᠰᠠᠷ᠎ᠠ ᠶᠢᠨ 24᠎ ᠤ ᠡᠳᠦᠷ︶ ᠲᠤᠰᠬᠠᠶ ᠵᠢᠵᠢᠭᠦᠷᠯᠡᠬᠦ ᠤᠲᠠᠰᠤ᠄ 0475 — 8735999᠂ ᠲᠤᠰᠬᠠᠶ ᠰᠢᠦᠳᠠᠨ ᠬᠠᠶᠢᠷᠴᠠᠭ᠄ ᠲᠦᠩᠯᠢᠶᠣᠤ ᠬᠤᠲᠠ ᠶᠢᠨ A607 ᠰᠢᠦᠳᠠᠨ ᠬᠠᠶᠢᠷᠴᠠᠭ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠷᠪᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠪᠠᠶᠠᠨᠨᠠᠭᠤᠷ ᠬᠤᠲᠠ ᠳᠤ ᠠᠵᠢᠯᠯᠠᠬᠤ ᠬᠤᠭᠤᠴᠠᠭᠠᠨ ᠳᠠᠬᠢ ︵2019 ᠣᠨ 9 ᠳ᠋ᠦ᠋ᠭᠡᠷ ᠰᠠᠷ᠎ᠠ ᠶᠢᠨ 2᠎ ᠤᠨ ᠡᠳᠦᠷ — 9 ᠳ᠋ᠦ᠋ᠭᠡᠷ ᠰᠠᠷ᠎ᠠ ᠶᠢᠨ 26᠎ ᠤ ᠡᠳᠦᠷ︶ ᠲᠤᠰᠬᠠᠶ ᠵᠢᠵᠢᠭᠦᠷᠯᠡᠬᠦ ᠤᠲᠠᠰᠤ᠄ 0478 — 892222᠂ ᠲᠤᠰᠬᠠᠶ ᠰᠢᠦᠳᠠᠨ ᠬᠠᠶᠠᠭ᠄ ᠪᠠᠶᠠᠨᠨᠠᠭᠤᠷ ᠬᠤᠲᠠ ᠶᠢᠨ ᠯᠢᠨ ᠾᠧ ᠲᠣᠭᠤᠷᠢᠭ ᠤᠨ 0001 ᠲᠤᠰᠬᠠᠶ ᠰᠢᠦᠳᠠᠨ ᠬᠠᠶᠢᠷᠴᠠᠭ᠃ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠢᠯᠡᠴᠢᠯᠡᠨ ᠮᠡᠳᠡᠭᠦᠯᠬᠦ ᠳ᠋ᠢᠶᠠᠩᠬᠤᠸᠠ ᠶᠢ ᠬᠦᠯᠢᠶᠡᠨ ᠠᠪᠴᠤ ᠭᠦᠢᠴᠡᠳᠬᠡᠬᠦ ᠴᠠᠭ ᠨᠢ ᠡᠳᠦᠷ ᠪᠦᠷᠢ 8᠄ 00 — 20᠄ 00 ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号