ᠪᠦᠬᠦ ᠣᠷᠣᠨ ᠭᠡᠷ ᠭᠠᠵᠠᠷ ᠬᠥᠷᠥᠩᠭᠡ ᠶᠢᠨ ᠲᠡᠤᠬᠡ ᠶᠢᠨ ᠦᠯᠡᠳᠡᠭᠳᠡᠯ ᠠᠰᠠᠭᠤᠳᠠᠯ ᠲᠠᠢ ᠲᠥᠷᠥᠯ ᠵᠦᠶᠯ ᠢ 559 ᠰᠢᠶᠳᠪᠦᠷᠢᠯᠡᠪᠡ
ᠨᠡᠶᠢᠲᠡᠯᠡᠭᠰᠡᠨ ᠴᠠᠭ᠄
2019/9/4
     ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ᠂ ᠪᠥᠬᠦ ᠣᠷᠣᠨ ᠭᠡᠷ ᠭᠠᠵᠠᠷ ᠬᠥᠷᠥᠩᠭᠡ ᠶᠢᠨ ᠲᠡᠤᠬᠡ ᠶᠢᠨ ᠦᠯᠡᠳᠡᠭᠳᠡᠯ ᠠᠰᠠᠭᠤᠳᠠᠯ ᠢ 559 ᠲᠥᠷᠥᠯ ᠵᠦᠶᠯ ᠰᠢᠶᠳᠪᠦᠷᠢᠯᠡᠵᠦ᠂ ᠲᠠᠯᠠᠪᠠᠢ ᠨᠢ 2306 ᠲᠦᠮᠡᠨ ᠲᠡᠭᠰᠢ ᠳᠥᠷᠪᠡᠯᠵᠢᠨ ᠮᠧᠲᠷ᠂ 19.5 ᠲᠦᠮᠡᠨ ᠢᠵᠢ ᠪᠠᠶᠢᠵᠤ᠂ ᠰᠢᠶᠳᠪᠦᠷᠢᠯᠡᠵᠦ ᠳᠡᠶᠢᠯᠦᠭᠡᠳᠦᠶ ᠶᠡᠷᠦᠩᠬᠡᠶ ᠲᠣᠭᠠᠨ ᠤ 18.5 %᠎ ᠶᠢ ᠡᠵᠡᠯᠡᠪᠡ᠃ ᠡᠭᠦᠨ ᠳᠤ ︽ᠦᠨᠡᠮᠯᠡᠯ ᠭᠦᠶᠴᠡᠳᠬᠡᠬᠦ ᠳᠤ ᠬᠦᠴᠢᠷᠲᠡᠶ︾ ᠠᠰᠠᠭᠤᠳᠠᠯ ᠢ 444 ᠰᠢᠶᠳᠪᠦᠷᠢᠯᠡᠵᠦ᠂ ᠲᠠᠯᠠᠪᠠᠢ ᠨᠢ 1774.7 ᠲᠦᠮᠡᠨ ᠲᠡᠭᠰᠢ ᠳᠥᠷᠪᠡᠯᠵᠢᠨ ᠮᠧᠲᠷ᠂ 16.6 ᠲᠦᠮᠡᠨ ᠢᠵᠢ ᠳᠤ ᠬᠦᠷᠴᠡᠶ᠃      ᠪᠥᠬᠦ ᠣᠷᠣᠨ ᠤ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠡᠯᠪᠡᠯᠵᠡᠯ ᠤᠨ ᠨᠥᠯᠥᠭᠡ ᠠᠴᠠ ᠪᠣᠯᠵᠤ᠂ ᠣᠶᠢᠷ᠎ᠠ ᠶᠢᠨ ᠵᠢᠯ ᠳᠤ᠂ ᠭᠡᠷ ᠪᠠᠶᠢᠰᠢᠩ ᠤᠨ ᠪᠠᠷᠢᠯᠭ᠎ᠠ ᠪᠠᠨ ᠬᠤᠶᠢᠰᠢᠯᠠᠭᠤᠯᠤᠨ ᠲᠤᠰᠢᠶᠠᠬᠤ᠂ ᠳᠤᠷᠭᠤᠨ ᠬᠠᠶᠠᠭᠰᠠᠨ ᠠᠰᠠᠷ᠂ ᠲᠠᠲᠠᠪᠤᠷᠢᠯᠠᠭᠰᠠᠨ ᠤ ᠳᠠᠷᠠᠭ᠎ᠠ ᠴᠠᠭ ᠲᠤᠬᠠᠶ ᠳᠤ ᠨᠢ ᠪᠤᠴᠠᠭᠠᠨ ᠨᠡᠭᠦᠯᠭᠡᠵᠦ ᠲᠥᠪᠬᠢᠨᠡᠭᠦᠯᠦᠭᠰᠡᠨ ᠥᠬᠡᠶ ᠵᠢᠴᠢ ᠣᠷᠣᠵᠤ ᠰᠠᠭᠤᠭᠠᠳ ᠤᠷᠳᠤ ᠬᠤᠭᠤᠴᠠᠭ᠎ᠠ ᠪᠤᠯᠤᠭᠰᠠᠨ ᠴᠦ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠦᠨᠡᠮᠯᠡᠯ ᠭᠦᠶᠴᠡᠳᠬᠡᠵᠦ ᠳᠡᠶᠢᠯᠦᠭᠡᠳᠦᠢ ᠪᠠᠶᠢᠬᠤ ᠵᠡᠷᠭᠡ ᠠᠰᠠᠭᠤᠳᠠᠯ ᠲᠥᠪᠯᠡᠷᠡᠩᠭᠦᠶ ᠲᠣᠪᠣᠶᠢᠮ᠎ᠠ ᠪᠣᠯᠪᠠ᠃ 7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ ᠰᠢᠶᠳᠪᠦᠷᠢᠯᠡᠵᠦ ᠳᠡᠶᠢᠯᠦᠭᠡᠳᠦᠶ ᠭᠡᠷ ᠭᠠᠵᠠᠷ ᠬᠥᠷᠥᠩᠭᠡ ᠶᠢᠨ ᠲᠡᠤᠬᠡ ᠶᠢᠨ ᠦᠯᠡᠳᠡᠭᠳᠡᠯ ᠠᠰᠠᠭᠤᠳᠠᠯ ᠲᠠᠢ ᠲᠥᠷᠥᠯ ᠵᠦᠶᠯ ᠨᠡᠶᠢᠲᠡ 2277 ᠪᠠᠶᠢᠵᠤ᠂ ᠲᠠᠯᠠᠪᠠᠢ ᠨᠢ 12474 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ 106 ᠲᠦᠮᠡᠨ ᠡᠷᠦᠬᠡ ᠲᠠᠢ ᠬᠤᠯᠪᠣᠭᠳᠠᠵᠠᠶ᠃ ᠡᠭᠦᠨ ᠳᠤ ︽ᠣᠷᠣᠵᠤ ᠰᠠᠭᠤᠬᠤ ᠳᠤ ᠬᠦᠴᠢᠷ︾ ᠲᠥᠷᠥᠯ ᠵᠦᠶᠯ 370 ᠪᠠᠶᠢᠵᠤ᠂ 2157.3 ᠲᠦᠮᠡᠨ ᠲᠡᠭᠰᠢ ᠳᠥᠷᠪᠡᠯᠵᠢᠨ ᠮᠧᠲᠷ ᠪᠠᠶᠢᠨ᠎ᠠ︔ ︽ᠪᠤᠴᠠᠭᠠᠨ ᠨᠡᠭᠦᠯᠭᠡᠬᠦ ᠳᠤ ᠬᠦᠴᠢᠷ︾ ᠲᠥᠷᠦᠯ ᠵᠦᠢᠯ 237 ᠪᠠᠶᠢᠵᠤ᠂ ᠲᠠᠯᠠᠪᠠᠢ ᠨᠢ 1453.43 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ︽ᠦᠨᠡᠮᠯᠡᠯ ᠭᠦᠶᠴᠡᠳᠬᠡᠬᠦ ᠳᠤ ᠬᠦᠴᠢᠷ︾ ᠲᠥᠷᠥᠯ ᠵᠦᠶᠯ 1670 ᠪᠠᠶᠢᠵᠤ᠂ ᠲᠠᠯᠠᠪᠠᠢ ᠨᠢ 8863.24 ᠲᠦᠮᠡᠨ ᠲᠡᠭᠰᠢ ᠳᠥᠷᠪᠡᠯᠵᠢᠨ ᠮᠧᠲᠷ ᠪᠠᠶᠢᠨ᠎ᠠ᠃      ᠭᠡᠷ ᠭᠠᠵᠠᠷ ᠬᠥᠷᠥᠩᠭᠡ ᠶᠢᠨ ᠲᠡᠤᠬᠡ ᠶᠢᠨ ᠦᠯᠡᠳᠡᠭᠳᠡᠯ ᠠᠰᠠᠭᠤᠳᠠᠯ ᠲᠠᠢ ᠲᠥᠷᠥᠯ ᠵᠦᠶᠯ ᠢ ᠦᠨᠡᠨ ᠬᠦ ᠰᠢᠶᠳᠪᠦᠷᠢᠯᠡᠬᠦ ᠶᠢᠨ ᠲᠥᠯᠥᠭᠡ᠂ ᠮᠠᠨ ᠤ ᠣᠷᠣᠨ ᠣᠯᠠᠨ ᠲᠠᠯ᠎ᠠ ᠪᠠᠷ ᠬᠦᠴᠦᠯᠡᠵᠦ᠂ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠶᠢ ᠴᠢᠩᠭᠠᠳᠬᠠᠪᠠ᠃ 2018 ᠣᠨ 12 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ︽ᠤᠯᠤᠰ ᠤᠨ ᠦᠮᠴᠢᠯᠡᠯᠲᠦ ᠭᠠᠵᠠᠷ ᠰᠢᠷᠣᠶ ᠳᠡᠭᠡᠷᠡᠬᠢ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ ᠢ ᠳᠠᠩᠰᠠᠯᠠᠨ ᠲᠡᠮᠳᠡᠭᠯᠡᠬᠦ ᠵᠡᠷᠭᠡ ᠳᠡᠤᠬᠡ ᠶᠢᠨ ᠦᠯᠡᠳᠡᠭᠳᠡᠯ ᠠᠰᠠᠭᠤᠳᠠᠯ ᠢ ᠲᠣᠬᠢᠲᠠᠶ ᠰᠢᠶᠳᠪᠦᠷᠢᠯᠡᠬᠦ ᠲᠤᠬᠠᠶ ᠵᠢᠯᠣᠭᠤᠳᠬᠤ ᠰᠠᠨᠠᠯ︾ ︵ᠳᠣᠷᠣᠭᠰᠢ ︽ᠵᠢᠯᠣᠭᠤᠳᠬᠤ ᠰᠠᠨᠠᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠵᠤ᠂ ᠶᠡᠷᠦᠩᠬᠡᠶ ᠱᠠᠭᠠᠷᠳᠠᠯᠭ᠎ᠠ᠂ ᠠᠵᠢᠯ ᠤᠨ ᠠᠭᠤᠯᠭ᠎ᠠ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠶᠢ ᠲᠣᠳᠣᠷᠬᠠᠶᠢᠯᠠᠪᠠ᠃ ᠰᠢᠮᠳᠠᠭᠤᠯᠤᠨ ᠵᠢᠯᠣᠭᠤᠳᠴᠤ ᠨᠠᠶᠢᠳᠠᠪᠤᠷᠢᠵᠢᠭᠤᠯᠬᠤ ᠶᠢ ᠴᠢᠩᠭᠠᠷᠠᠭᠤᠯᠪᠠ᠃ ᠡᠯ᠎ᠡ ᠠᠶᠢᠮᠠᠭ ᠬᠤᠲᠠ ᠶᠢᠨ ︽ᠵᠢᠯᠣᠭᠤᠳᠬᠤ ᠰᠠᠨᠠᠯ︾᠎ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠰᠠᠷ᠎ᠠ ᠪᠦᠷᠢ ᠲᠣᠬᠢᠷᠠᠭᠤᠯᠤᠯᠲᠠ ᠬᠢᠵᠦ᠂ ᠡᠬᠡ ᠳᠠᠩᠰᠠ ᠪᠠᠶᠢᠭᠤᠯᠬᠤ ᠬᠠᠮᠢᠶᠠᠷᠤᠯᠲᠠ ᠶᠢ ᠬᠡᠷᠡᠭᠵᠢᠭᠦᠯᠪᠡ᠃ 3 ᠳ᠋ᠤᠭᠠᠷ ᠰᠠᠷ᠎ᠠ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠪᠥᠬᠦ ᠣᠷᠣᠨ ᠤ ᠭᠡᠷ ᠭᠠᠵᠠᠷ ᠬᠥᠷᠥᠩᠭᠡ ᠶᠢᠨ ᠲᠡᠤᠬᠡ ᠶᠢᠨ ᠦᠯᠡᠳᠡᠭᠳᠡᠯ ᠠᠰᠠᠭᠤᠳᠠᠯ ᠲᠠᠢ ᠲᠥᠷᠥᠯ ᠵᠦᠶᠯ ᠤᠨ ᠠᠵᠢᠯ ᠤᠨ ᠪᠠᠶᠢᠳᠠᠯ ᠢ ᠰᠠᠷ᠎ᠠ ᠪᠦᠷᠢ ᠡᠮᠬᠢᠯᠡᠨ ᠰᠢᠶᠳᠪᠦᠷᠢᠯᠡᠵᠦ᠂ 7 ᠳ᠋ᠤᠭᠠᠷ ᠰᠠᠷ᠎ᠠ ᠳᠤ᠂ ᠡᠯ᠎ᠡ ᠠᠶᠢᠮᠠᠭ ᠬᠤᠲᠠ ᠶᠢᠨ ᠠᠵᠢᠯ ᠤᠨ ᠪᠠᠶᠢᠳᠠᠯ ᠢ ᠨᠡᠪᠲᠡᠷᠡᠭᠦᠯᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠭᠡᠷ ᠭᠠᠵᠠᠷ ᠬᠥᠷᠥᠩᠭᠡ ᠶᠢᠨ ᠲᠡᠤᠬᠡ ᠶᠢᠨ ᠦᠯᠡᠳᠡᠭᠳᠡᠯ ᠠᠰᠠᠭᠤᠳᠠᠯ ᠲᠠᠢ ᠲᠦᠷᠦᠯ ᠵᠦᠢᠯ ᠢ ᠰᠢᠶᠳᠪᠦᠷᠢᠯᠡᠬᠦ ᠠᠵᠢᠯ ᠢ ᠬᠦᠴᠦᠲᠡᠢ ᠥᠷᠨᠢᠭᠦᠯᠦᠭᠰᠡᠨ ᠥᠬᠡᠶ ᠭᠠᠵᠠᠷ ᠣᠷᠣᠨ ᠲᠠᠢ ᠪᠣᠯᠵᠣᠨ ᠶᠠᠷᠢᠯᠴᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠠᠯᠪᠠᠨ ᠭᠡᠷ ᠠᠴᠠ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠬᠦᠬᠡᠬᠤᠲᠠ ᠪᠠᠷ ᠭᠤᠤᠯᠳᠠᠯᠭ᠎ᠠ ᠪᠣᠯᠭᠠᠨ ᠭᠡᠷ ᠭᠠᠵᠠᠷ ᠬᠥᠷᠥᠩᠭᠡ ᠶᠢᠨ ᠲᠡᠤᠬᠡ ᠶᠢᠨ ᠦᠯᠡᠳᠡᠭᠳᠡᠯ ᠠᠰᠠᠭᠤᠳᠠᠯ ᠳᠤ ᠴᠢᠭᠯᠡᠭᠦᠯᠵᠦ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠠᠵᠢᠯ ᠢ ᠥᠷᠨᠢᠭᠦᠯᠪᠡ᠃ ᠬᠠᠮᠲᠤᠷᠠᠭᠰᠠᠨ ᠬᠤᠷᠠᠯ ᠤᠨ ᠳᠥᠷᠢᠮ ᠢ ᠪᠠᠶᠢᠭᠤᠯᠪᠠ᠃ 8 ᠳ᠋ᠤᠭᠠᠷ ᠰᠠᠷ᠎ᠠ ᠳᠤ᠂ ᠮᠠᠨ ᠤ ᠣᠷᠣᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠢᠶᠠᠷ ᠲᠦᠷᠦᠭᠦᠯᠡᠭᠦᠯᠦᠭᠰᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠵᠡᠷᠭᠡ 10 ᠰᠠᠯᠠᠭ᠎ᠠ ᠮᠥᠴᠢᠷ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ ᠤ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠤᠬᠢᠷᠠᠭᠤᠯᠤᠨ ᠡᠵᠡᠮᠳᠡᠬᠦ ᠠᠵᠢᠯ ᠤᠨ ᠲᠢᠩᠬᠢᠮ ᠤᠨ ᠬᠤᠭᠤᠷᠤᠨᠳᠤᠬᠢ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠪᠠ᠃ ᠬᠦᠴᠦᠯᠡᠨ ᠰᠢᠭᠰᠢᠨ ᠪᠠᠶᠢᠴᠠᠭᠠᠵᠤ ᠴᠡᠭᠴᠡᠯᠡᠨ ᠵᠠᠰᠠᠪᠠ᠃ ᠡᠨᠡ ᠵᠢᠯ ᠤᠨ 3 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠪᠥᠬᠦ ᠣᠷᠣᠨ ᠤ ᠡᠯ᠎ᠡ ᠭᠠᠵᠠᠷ ᠤᠨ ᠪᠠᠶᠢᠭᠤᠯᠵᠤ ᠪᠠᠶᠢᠭ᠎ᠠ ᠪᠠᠷᠢᠯᠭ᠎ᠠ ᠶᠢ ᠪᠠᠷᠢᠴᠠᠭᠠᠯᠠᠭᠰᠠᠨ ᠤ ᠳᠠᠷᠠᠭ᠎ᠠ ᠨᠢᠭᠡᠨᠲᠡ ᠪᠣᠷᠣᠯᠠᠭᠤᠯᠤᠭᠰᠠᠨ ᠭᠡᠷ ᠪᠠᠶᠢᠰᠢᠩ ᠤᠨ ᠪᠠᠷᠢᠴᠠᠭ᠎ᠠ ᠶᠢ ᠬᠦᠴᠦᠨ ᠥᠬᠡᠶ ᠪᠣᠯᠭᠠᠭᠰᠠᠨ ᠦᠭᠡᠢ ᠠᠴᠠ ᠪᠣᠯᠵᠤ ᠰᠦᠯᠵᠢᠶᠡᠨ ᠳᠡᠭᠡᠷ᠎ᠡ ᠭᠠᠷ ᠤᠨ ᠦᠰᠦᠭ ᠵᠢᠷᠤᠬᠤ ᠪᠠ ᠥᠮᠴᠢᠯᠡᠬᠦ ᠡᠷᠬᠡ ᠶᠢᠨ ᠳᠠᠩᠰᠠᠯᠠᠯ ᠬᠢᠯᠭᠡᠬᠦ ᠶᠢᠨ ᠠᠷᠭ᠎ᠠ ᠥᠬᠡᠶ ᠪᠣᠯᠤᠭᠰᠠᠨ ᠪᠠᠶᠢᠳᠠᠯ ᠵᠡᠷᠭᠡ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ 7 ᠳ᠋ᠤᠭᠠᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠪᠣᠯᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠬᠠᠮᠲᠤᠷᠠᠨ ︽ᠭᠡᠷ ᠭᠠᠵᠠᠷ ᠬᠥᠷᠥᠩᠭᠡ ᠶᠢ ᠰᠢᠶᠳᠪᠦᠷᠢᠯᠡᠵᠦ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠵᠠᠮᠪᠠᠷᠠᠭ᠎ᠠ ᠥᠬᠡᠶ ᠪᠠᠶᠢᠬᠤ ᠪᠠᠶᠢᠳᠠᠯ ᠢ ᠴᠡᠭᠴᠡᠯᠡᠨ ᠵᠠᠰᠠᠬᠤ ᠶᠢ ᠴᠢᠩᠭᠠᠳᠬᠠᠬᠤ ᠲᠤᠬᠠᠶ ᠮᠡᠳᠡᠭᠳᠡᠯ︾ ᠪᠠᠭᠤᠯᠭᠠᠵᠤ᠂ ᠭᠡᠷ ᠭᠠᠵᠠᠷ ᠬᠥᠷᠥᠩᠭᠡ ᠶᠢᠨ ᠲᠡᠤᠬᠡ ᠶᠢᠨ ᠦᠯᠡᠳᠡᠭᠳᠡᠯ ᠠᠰᠠᠭᠤᠳᠠᠯ᠂ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠵᠠᠮᠪᠠᠷᠠᠭ᠎ᠠ ᠥᠬᠡᠶ ᠪᠠᠶᠢᠳᠠᠯ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠡᠭᠦᠷᠭᠡ ᠶᠢ ᠪᠠᠶᠢᠷᠢᠯᠠᠭᠤᠯᠵᠤ᠂ ᠠᠵᠢᠯ ᠤᠨ ᠠᠯᠬᠤᠮ ᠳᠠᠷᠠᠭ᠎ᠠ ᠪᠠ ᠪᠣᠳᠠᠲᠠᠶ ᠱᠠᠭᠠᠷᠳᠠᠯᠭ᠎ᠠ ᠶᠢ ᠲᠣᠳᠣᠷᠬᠠᠶᠢᠯᠠᠪᠠ᠃ ᠭᠡᠷ ᠪᠠᠶᠢᠰᠢᠩ ᠤᠨ ᠰᠦᠯᠵᠢᠶᠡᠨ ᠳᠡᠭᠡᠷ᠎ᠡ ᠭᠠᠷ ᠤᠨ ᠦᠰᠦᠭ ᠵᠢᠷᠤᠵᠤ ᠳᠠᠩᠰᠠᠯᠠᠭᠤᠯᠬᠤ ᠠᠵᠢᠯ ᠢ ᠵᠢᠷᠤᠮᠵᠢᠭᠤᠯᠤᠨ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠲᠢᠩᠬᠢᠮ ︽ᠭᠡᠷ ᠪᠠᠶᠢᠰᠢᠩ ᠤᠨ ᠰᠦᠯᠵᠢᠶᠡᠨ ᠳᠡᠭᠡᠷ᠎ᠡ ᠭᠠᠷ ᠤᠨ ᠦᠰᠦᠭ ᠵᠢᠷᠤᠵᠤ ᠳᠠᠩᠰᠠᠯᠠᠭᠤᠯᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ ᠴᠢᠩᠭᠠᠳᠬᠠᠬᠤ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠵᠢᠯᠣᠭᠤᠳᠬᠤ ᠰᠠᠨᠠᠯ ᠢ ᠤᠯᠠᠮᠵᠢᠯᠠᠨ ᠶᠠᠪᠤᠭᠤᠯᠬᠤ ᠮᠡᠳᠡᠭᠳᠡᠯ︾᠎ ᠢ ᠳᠠᠷᠤᠮᠠᠯᠯᠠᠨ ᠲᠠᠷᠬᠠᠭᠠᠵᠤ᠂ ᠭᠡᠷ ᠪᠠᠶᠢᠰᠢᠩ ᠤᠨ ᠰᠦᠯᠵᠢᠶᠡᠨ ᠳᠡᠭᠡᠷ᠎ᠡ ᠭᠠᠷ ᠤᠨ ᠦᠰᠦᠭ ᠵᠢᠷᠤᠵᠤ ᠳᠠᠩᠰᠠᠯᠠᠭᠤᠯᠬᠤ ᠶᠢ ᠨᠡᠶᠢᠳᠡᠮ ᠬᠡᠷᠡᠭᠵᠢᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号