9 ᠰᠠᠷ᠎ᠠ ᠶᠢᠨ 3 ᠤ ᠦᠳᠡ ᠶᠢᠨ ᠡᠮᠦᠨ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠵᠢᠷᠭᠤᠳᠤᠭᠠᠷ | ᠤᠳᠠᠭᠠᠨ ᠤ ᠶᠡᠭᠡ ᠱᠠᠯᠠᠪᠳᠠᠭᠤᠯᠤᠨ ᠪᠠᠶᠢᠴᠠᠭᠠᠯᠳᠠ ᠶᠢᠨ ᠭᠤᠷᠪᠠᠳᠤᠭᠠᠷ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ | ᠬᠢᠭᠡᠳ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠵᠢᠯ ᠢᠶᠠᠨ ᠵᠤᠯᠭᠠᠯᠴᠠᠭᠤᠯᠬᠤ ᠬᠤᠷᠠᠯ | ᠬᠦᠬᠡᠬᠤᠳᠠ ᠳᠤ ᠬᠤᠷᠠᠯᠳᠤᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ | ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠶᠠᠷᠢᠯᠴᠠᠬᠤ ᠬᠤᠷᠠᠯ ᠢ ᠡᠷᠬᠢᠯᠡᠬᠦ ᠶᠢᠨ ᠬᠠᠮᠳᠦ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠮᠦᠨ᠎ᠠ ᠠᠴᠠ ᠤᠪᠤᠷ ᠢᠶᠠᠨ | ᠢᠯᠡᠳᠭᠡᠨ ᠶᠠᠷᠢᠶ᠎ᠠ ᠲᠠᠯᠪᠢᠵᠠᠢ᠃ ᠲᠦᠷᠦ ᠶᠢᠨ ᠶᠠᠪᠤᠳᠠᠯ ᠤᠨ ᠬᠤᠷᠢᠶᠠᠨ ᠤ ᠭᠤᠷᠪᠠᠳᠤᠭᠠᠷ ᠱᠠᠯᠠᠪᠳᠠᠭᠤᠯᠤᠨ | ᠪᠠᠶᠢᠴᠠᠭᠠᠬᠤ ᠲᠤᠭᠤᠢᠢᠯᠠᠩ ᠤᠨ ᠳᠠᠷᠤᠭ᠎ᠠ᠂ ᠵᠠᠮ ᠳᠡᠭᠡᠭᠡᠪᠦᠷᠢ ᠶᠢᠨ ᠶᠠᠮᠤᠨ ᠤ ᠨᠠᠮ ᠤᠨ ᠤᠳᠤᠷᠢᠳᠬᠤ ᠲᠤᠭᠤᠢᠢᠯᠠᠩ | ᠤᠨ ᠪᠦᠷᠢᠯᠳᠦᠬᠦᠨ ᠸᠠᠩ ᡁᠢ ᠴᠢᠩ ᠶᠠᠷᠢᠶ᠎ᠠ ᠲᠠᠯᠪᠢᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠬᠦᠨ᠂ ᠦᠪᠡᠷᠲᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠡᠷᠢᠬᠦᠯᠡᠭᠴᠢ ᠮᠠ ᠰᠢᠤᠸᠠᠢ | ᠵᠢᠶᠦ᠋ᠨ ᠠᠵᠢᠯ ᠤᠨ ᠬᠠᠷᠢᠭᠤ ᠮᠡᠳᠡᠬᠦᠯᠦᠯᠳᠠ ᠬᠢᠵᠠᠢ᠃ | ᠪᠦ᠋ ᠰᠢᠶᠤᠤ ᠯᠢᠨ᠂ ᠡᠨᠡ ᠤᠳᠠᠭᠠᠨ ᠤ ᠲᠦᠷᠦ ᠶᠢᠨ ᠶᠠᠪᠤᠳᠠᠯ ᠤᠨ ᠬᠤᠷᠢᠶᠠᠨ ᠤ ᠭᠤᠷᠪᠠᠳᠤᠭᠠᠷ | ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠥᠪᠦᠷ ᠮᠤᠩᠭᠤᠯ ᠳᠤ ᠢᠷᠡᠵᠦ ᠲᠤᠬᠠᠢ ᠶᠢᠨ ᠭᠠᠵᠠᠷ ᠲᠤ ᠠᠵᠢᠯ ᠢ | ᠱᠠᠯᠠᠪᠳᠠᠭᠤᠯᠤᠨ ᠪᠠᠶᠢᠴᠠᠭᠠᠬᠤ ᠠᠵᠢᠯ ᠦᠷᠨᠢᠬᠦᠯᠦᠭᠰᠡᠨ ᠨᠢ ᠮᠠᠨ ᠤ ᠠᠰᠠᠭᠤᠳᠠᠯ ᠢ ᠬᠦᠨᠵᠡᠭᠡᠢ ᠡᠷᠢᠵᠦ᠂ ᠠᠵᠢᠯ ᠢᠶᠠᠨ | ᠴᠢᠨᠠᠬᠰᠢᠳᠠ ᠰᠠᠶᠢᠵᠢᠷᠠᠭᠤᠯᠤᠨ ᠴᠢᠩᠭᠠᠳᠬᠠᠬᠤ ᠳᠤ ᠨᠢᠭᠡ ᠤᠳᠠᠭᠠᠨ ᠤ ᠬᠦᠴᠦᠳᠠᠢ ᠵᠢᠯᠤᠭᠤᠳᠤᠯᠭ᠎ᠠ ᠪᠠ | ᠬᠠᠪᠰᠤᠷᠤᠯᠭ᠎ᠠ ᠪᠤᠯᠤᠨ᠎ᠠ᠃ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠬᠢᠨ ᠦᠨᠳᠦᠷ ᠪᠠᠷᠢᠮᠵᠢᠶ᠎ᠠ᠂ ᠴᠢᠩᠭ᠎ᠠ | ᠱᠠᠭᠠᠷᠳᠠᠯᠭ᠎ᠠ ᠪᠠᠷ ᠥᠪᠦᠷ ᠮᠤᠩᠭᠤᠯ ᠳᠤ ᠲᠤᠬᠠᠢ ᠶᠢᠨ ᠭᠠᠵᠠᠷ ᠤᠨ ᠱᠠᠯᠠᠪᠳᠠᠭᠤᠯᠤᠨ ᠪᠠᠶᠢᠴᠠᠭᠠᠯᠳᠠ ᠬᠢᠬᠦ ᠶᠢ ᠴᠢᠩ | ᠰᠡᠳᠬᠢᠯ ᠠᠴᠠ ᠪᠠᠨ ᠪᠠᠶᠠᠷᠯᠠᠨ ᠤᠬᠳᠤᠵᠦ ᠪᠠᠶᠢᠨ᠎ᠠ᠃ ᠪᠢᠳᠠ ᠯᠠᠪᠳᠠᠢ ᠤᠯᠤᠰ ᠲᠦᠷᠦ ᠶᠢᠨ ᠵᠤᠬᠰᠤᠴᠠ ᠪᠠᠨ | ᠳᠡᠭᠡᠭᠰᠢᠯᠡᠬᠦᠯᠵᠦ᠂ ᠲᠡᠭᠡᠲᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠲᠦᠪ ᠴᠢᠩᠭ᠎ᠠ ᠨᠠᠷᠢᠨ ᠬᠢᠨᠠᠮᠠᠭᠠᠢ | ᠤᠪᠦᠷ ᠢᠶᠠᠷ᠂ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠠᠵᠢᠯ ᠢ ᠪᠦᠬᠦ ᠬᠦᠴᠦᠨ ᠢᠶᠠᠷ ᠳᠡᠮᠵᠢᠨ ᠬᠠᠮᠵᠢᠨ᠎ᠠ᠃ | ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠰᠠᠬᠢᠯᠭ᠎ᠠ ᠪᠠᠳᠤ ᠪᠠᠨ ᠴᠢᠩᠳᠠᠯᠠᠵᠦ᠂ ᠪᠠᠶᠢᠳᠠᠯ ᠢᠶᠠᠨ ᠦᠨᠡᠨ | ᠪᠤᠳᠠᠳᠠᠢ ᠲᠤᠰᠬᠠᠵᠦ᠂ ᠠᠰᠠᠭᠤᠳᠠᠯ ᠠᠴᠠ ᠵᠠᠶᠢᠯᠠᠰᠬᠢᠬᠦ ᠦᠭᠡᠢ ᠠᠰᠠᠭᠤᠲᠠᠯ ᠢ ᠨᠢᠭᠤᠨ ᠳᠠᠯᠳᠠᠯᠠᠬᠤ ᠦᠭᠡᠢ ᠪᠠᠶᠢᠬᠤ | ᠭᠡᠷᠡᠭᠲᠡᠢ᠃ ᠱᠠᠯᠠᠪᠳᠠᠭᠤᠯᠤᠨ ᠪᠠᠶᠢᠴᠠᠭᠠᠬᠤ ᠳᠤᠮᠳᠠ ᠢᠯᠡᠷᠡᠬᠦᠯᠦᠭᠰᠡᠨ ᠠᠰᠠᠭᠤᠲᠠᠯ ᠢ ︽ᠤᠬ ᠰᠠᠨᠠᠭ᠎ᠠ ᠪᠠᠨ ᠦᠯᠦ | ᠮᠠᠷᠳᠠᠵᠦ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠲᠠᠢ ᠤᠶᠠᠯᠳᠤᠭᠤᠯᠤᠨ᠂ | ᠦᠵᠡᠯ ᠰᠠᠨᠠᠭ᠎ᠠ᠂ ᠤᠯᠤᠰ ᠲᠦᠷᠦ᠂ ᠰᠤᠷᠳᠠᠯ᠂ ᠴᠢᠳᠠᠪᠤᠷᠢ᠂ ᠴᠢᠭᠡᠴᠢ ᠵᠠᠰᠠᠭ ᠤᠨ ᠲᠠᠯ᠎ᠠ ᠪᠠᠷ ᠠᠰᠠᠭᠤᠳᠠᠯ ᠤᠨ | ᠦᠨᠳᠦᠰᠦ ᠰᠢᠯᠲᠠᠭᠠᠨ ᠢ ᠬᠦᠨᠵᠡᠭᠡᠢ ᠵᠠᠳᠠᠯᠵᠦ᠂ ᠳᠠᠷᠡ ᠳᠠᠷᠤᠢ ᠳᠤᠨᠢ ᠭᠡᠷᠡᠭᠵᠢᠬᠦᠯᠦᠨ ᠳᠠᠷᠡ ᠳᠠᠷᠤᠢ ᠳᠤᠨᠢ | ᠰᠠᠶᠢᠵᠢᠷᠠᠭᠤᠯᠬᠤ ᠶᠢ ᠪᠠᠷᠢᠮᠳᠠᠯᠠᠵᠦ᠂ ᠨᠢᠭᠡ ᠠᠴᠠ ᠨᠦᠬᠦᠭᠡ ᠶᠢ ᠵᠦᠢᠴᠢᠯᠡᠨ᠂ ᠡᠷᠡᠰ ᠰᠢᠭᠤᠷᠬᠠᠢ ᠪᠠᠷ ᠴᠡᠭᠴᠡᠯᠡᠨ | ᠰᠠᠶᠢᠵᠢᠷᠠᠭᠤᠯᠵᠦ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠡᠯ᠎ᠠ ᠲᠦᠷᠦᠯ ᠤᠨ | ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠲᠡᠷᠡ ᠶᠤᠰᠤᠭᠠᠷ ᠨᠢ ᠨᠠᠶᠢᠳᠠᠪᠤᠷᠢᠵᠢᠭᠤᠯᠤᠨ᠂ ᠦᠪᠡᠷᠲᠡᠭᠡᠨ | ᠵᠠᠰᠠᠬᠤ ᠤᠷᠤᠨ ᠤ ᠡᠯ᠎ᠠ ᠲᠦᠷᠦᠯ ᠤᠨ ᠠᠵᠢᠯ ᠢᠶᠠᠨ ᠨᠡᠩ ᠰᠠᠶᠢᠳᠤᠷ ᠬᠢᠬᠦ ᠪᠠᠷ ᠴᠢᠷᠮᠠᠶᠢᠵᠦ᠂ ᠲᠦᠪ ᠤᠨ ᠬᠦᠨᠳᠦ | ᠨᠠᠶᠢᠳᠠᠯᠭ᠎ᠠ ᠪᠠ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢ ᠬᠦᠰᠡᠷᠳᠡᠬᠦᠯᠬᠦ ᠪᠠᠶᠢᠬᠤ | ᠭᠡᠷᠡᠭᠲᠡᠢ ᠭᠡᠵᠦ ᠢᠯᠡᠳᠭᠡᠵᠡᠢ᠃ | ᠸᠠᠩ ᡁᠢ ᠴᠢᠩ ᠶᠠᠷᠢᠶᠠᠨ ᠳᠠᠭᠠᠨ ᠶᠡᠭᠡ ᠱᠠᠯᠠᠪᠳᠠᠭᠤᠯᠤᠨ ᠪᠠᠶᠢᠴᠠᠭᠠᠯᠳᠠ ᠶᠢᠨ ᠭᠤᠤᠯ ᠬᠠᠷᠠᠯᠳᠠ᠂ | ᠭᠤᠤᠯᠳᠠᠯᠭ᠎ᠠ ᠲᠠᠢ ᠠᠭᠤᠯᠭ᠎ᠠ᠂ ᠠᠵᠢᠯ ᠤᠨ ᠲᠤᠬᠢᠷᠠᠭᠤᠯᠤᠯᠳᠠ ᠪᠠ ᠰᠠᠬᠢᠯᠭ᠎ᠠ ᠪᠠᠳᠤ ᠶᠢᠨ ᠱᠠᠭᠠᠷᠳᠠᠯᠭ᠎ᠠ ᠶᠢ | ᠲᠠᠨᠢᠯᠴᠠᠭᠤᠯᠪᠠ᠃ ᠲᠡᠷᠡ᠂ ᠲᠤᠰ ᠤᠳᠠᠭᠠᠨ ᠤ ᠱᠠᠯᠠᠪᠳᠠᠭᠤᠯᠤᠨ ᠪᠠᠶᠢᠴᠠᠭᠠᠯᠳᠠ ᠳᠤ ᠰᠢ ᠶᠢᠨ ᠫᠢᠩ ᠤᠨ ᠰᠢᠨ᠎ᠠ | ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠵᠦ᠂ ᠶᠡᠷᠦᠩᠭᠡᠢ ᠱᠦᠵᠢ ᠰᠢ ᠶᠢᠨ ᠫᠢᠩ ᠤᠨ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠨ | ᠱᠠᠯᠠᠪᠳᠠᠭᠤᠯᠤᠨ ᠪᠠᠶᠢᠴᠠᠭᠠᠬᠤ ᠠᠵᠢᠯ ᠢ ᠰᠠᠶᠢᠳᠤᠷ ᠬᠢᠬᠦ ᠪᠠ ᠥᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ | ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠡᠵᠡᠮᠰᠢᠵᠦ᠂ ᠲᠦᠪ ᠤᠨ ᠠᠵᠤ ᠠᠬᠤᠢ ᠶᠢᠨ ᠠᠵᠢᠯ ᠤᠨ | ᠬᠤᠷᠠᠯ ᠤᠨ ᠵᠤᠷᠢᠭ ᠰᠠᠨᠠᠭ᠎ᠠ ᠪᠠ ︽ᠵᠠᠰᠠᠭ ᠤᠨ ᠤᠷᠳᠤᠨ ᠤ ᠠᠵᠢᠯ ᠤᠨ ᠢᠯᠡᠳᠭᠡᠯ︾ ᠤᠨ ᠪᠠᠶᠢᠷᠢᠯᠠᠭᠤᠯᠤᠯᠳᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠭᠤᠷᠢᠨ ᠳᠤ᠂ ᠥᠪᠦᠷ ᠮᠤᠩᠭᠤᠯ ᠤᠨ ᠠᠵᠤ ᠠᠬᠤᠢ ᠨᠡᠶᠢᠭᠡᠮ ᠤᠨ | ᠬᠦᠭᠵᠢᠯᠳᠠ ᠶᠢᠨ ᠪᠦᠬᠦ ᠲᠠᠯ᠎ᠠ ᠳᠤ ᠬᠤᠯᠪᠤᠭᠳᠠᠬᠤ ᠴᠢᠬᠤᠯᠠ ᠶᠡᠭᠡ ᠠᠰᠠᠭᠤᠳᠠᠯ᠂ ᠤᠳᠤᠷᠢᠳᠬᠤ ᠨᠦᠬᠦᠳ ᠤᠨ | ᠬᠠᠯᠠᠮᠵᠢᠯᠠᠵᠦ ᠪᠠᠶᠢᠭ᠎ᠠ ᠬᠦᠴᠢᠷ ᠠᠰᠠᠭᠤᠳᠠᠯ᠂ ᠠᠷᠠᠳ ᠤᠯᠠᠨ ᠪᠠ ᠵᠠᠬ᠎ᠠ ᠳᠡᠯᠭᠡᠬᠦᠷ ᠤᠨ ᠭᠤᠤᠯ ᠴᠤᠬᠴᠠ ᠶᠢᠨ | ᠲᠤᠰᠬᠠᠯ ᠴᠢᠩᠭ᠎ᠠ ᠪᠠᠶᠢᠭ᠎ᠠ ᠲᠦᠪᠯᠡᠷᠡᠩᠬᠦᠢ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠵᠦ᠂ ᠲᠤᠪᠤᠶᠢᠮ᠎ᠠ | ᠠᠰᠠᠭᠤᠳᠠᠯ ᠢ ᠰᠢᠢᠳᠪᠤᠷᠢᠯᠡᠬᠦ ᠪᠤᠯᠤᠨ ᠨᠡᠶᠢᠳᠡᠯᠢᠭ ᠲᠤᠷᠰᠢᠯᠭ᠎ᠠ ᠬᠢᠳᠡᠯ ᠢ ᠢᠯᠡᠷᠡᠬᠦᠯᠬᠦ ᠶᠢ ᠤᠶᠠᠯᠳᠤᠭᠤᠯᠬᠤ᠂ ᠢᠯᠠ | ᠪᠠᠶᠢᠴᠠᠭᠠᠯᠳᠠ ᠪᠠ ᠳᠠᠯᠳᠠ ᠪᠠᠶᠢᠴᠠᠭᠠᠯᠳᠠ ᠶᠢ ᠤᠶᠠᠯᠳᠤᠭᠤᠯᠬᠤ᠂ ᠱᠠᠯᠠᠪᠳᠠᠭᠤᠯᠤᠨ ᠪᠠᠶᠢᠴᠠᠭᠠᠬᠤ ᠪᠤᠯᠤᠨ ᠪᠠᠶᠢᠴᠠᠭᠠᠨ | ᠰᠤᠳᠤᠯᠬᠤ ᠶᠢ ᠤᠶᠠᠯᠳᠤᠭᠤᠯᠬᠤ ᠶᠢ ᠪᠠᠷᠢᠮᠳᠠᠯᠠᠵᠦ᠂ ︽ᠶᠡᠷᠦᠩᠭᠡᠶᠢᠯᠡᠨ ᠱᠠᠯᠠᠪᠳᠠᠭᠤᠯᠤᠨ ᠪᠠᠶᠢᠴᠠᠭᠠᠬᠤ + ᠲᠠᠪᠤᠨ | ᠲᠤᠰᠬᠠᠢ ᠰᠡᠳᠦᠪ ᠢᠶᠠᠷ ᠱᠠᠯᠠᠪᠳᠠᠭᠤᠯᠤᠨ ᠪᠠᠶᠢᠴᠠᠭᠠᠬᠤ︾ ᠵᠠᠬᠪᠤᠷ ᠢ ᠭᠡᠷᠡᠭᠵᠢᠬᠦᠯᠵᠦ᠂ ᠱᠠᠯᠠᠪᠳᠠᠭᠤᠯᠤᠨ | ᠪᠠᠶᠢᠴᠠᠭᠠᠬᠤ ᠶᠢᠨ ᠶᠠᠰᠦ ᠴᠢᠨᠠᠷ ᠢ ᠳᠡᠭᠡᠭᠰᠢᠯᠡᠬᠦᠯᠦᠨ ᠦᠷ᠎ᠠ ᠪᠦᠳᠦᠮᠵᠢ ᠶᠢ ᠨᠡᠮᠡᠭᠳᠡᠬᠦᠯᠬᠦ ᠪᠠ ᠦᠨᠳᠦᠰᠦᠨ ᠱᠠᠳᠤᠨ ᠤ | ᠳᠠᠷᠤᠭᠠᠰᠤ ᠶᠢ ᠬᠦᠩᠭᠡᠯᠡᠬᠦ ᠶᠢ ᠵᠡᠷᠭᠡ ᠪᠠᠷ ᠴᠢᠬᠤᠯᠠᠴᠢᠯᠠᠬᠤ ᠶᠢ ᠬᠦᠴᠦᠯᠡᠨ ᠪᠡᠶᠡᠯᠡᠬᠦᠯᠦᠨ᠎ᠠ᠃ ᠭᠤᠷᠪᠠᠳᠤᠭᠠᠷ | ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠪᠦᠬᠦ ᠪᠦᠷᠢᠯᠳᠦᠬᠦᠨ ︽ᠲᠦᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠲᠦᠷᠪᠡᠨ ᠢᠳᠡᠭᠡᠯ︾ ᠢᠶᠠᠨ ᠪᠠᠳᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠦ᠂ | ︽ᠤᠬ ᠰᠠᠨᠠᠭ᠎ᠠ ᠪᠠᠨ ᠦᠯᠦ ᠮᠠᠷᠳᠠᠵᠤ᠂ ᠡᠬᠦᠷᠭᠡ ᠬᠠᠷᠢᠭᠤᠴᠠᠯᠭ᠎ᠠ ᠪᠠᠨ ᠪᠡᠳᠤ ᠴᠡᠭᠡᠵᠢᠯᠡᠬᠦ︾ ᠭᠤᠤᠯ ᠰᠡᠳᠦᠪᠳᠦ | ᠬᠦᠮᠦᠵᠢᠯ ᠤᠨ ᠦᠷ᠎ᠠ ᠪᠦᠳᠦᠮᠵᠢ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠳᠤᠮᠳᠠ ᠪᠠᠨ ᠠᠭᠤᠰᠤᠯᠴᠠᠭᠤᠯᠵᠦ᠂ | ᠡᠯ᠎ᠠ ᠲᠦᠷᠦᠯ ᠤᠨ ᠰᠠᠬᠢᠯᠭ᠎ᠠ ᠪᠠᠳᠤ ᠶᠢᠨ ᠱᠠᠭᠠᠷᠳᠠᠯᠭ᠎ᠠ ᠶᠢ ᠲᠦᠪ ᠴᠢᠩᠭ᠎ᠠ ᠵᠢᠷᠤᠮᠯᠠᠨ ᠰᠠᠬᠢᠵᠦ᠂ | ᠤᠬᠠᠮᠰᠠᠷ ᠠᠴᠠ ᠪᠠᠨ ᠬᠢᠨᠡᠯᠳᠠ ᠶᠢ ᠬᠦᠯᠢᠶᠡᠵᠦ᠂ ᠰᠠᠶᠢᠨ ᠰᠠᠶᠢᠬᠠᠨ ᠰᠤᠷᠳᠠᠯ ᠢᠶᠠᠷ ᠲᠤᠬᠠᠢ ᠶᠢᠨ ᠭᠠᠵᠠᠷ ᠢᠶᠠᠷ | ᠱᠠᠯᠠᠪᠳᠠᠭᠤᠯᠤᠨ ᠪᠠᠶᠢᠴᠠᠭᠠᠬᠤ ᠠᠵᠢᠯ ᠢᠶᠠᠨ ᠦᠷᠨᠢᠬᠦᠯᠦᠨ᠎ᠡ ᠭᠡᠵᠦ ᠢᠯᠡᠳᠭᠡᠪᠡ᠃ | ᠬᠤᠷᠠᠯ ᠤᠨ ᠳᠠᠷᠠᠭ᠎ᠠ᠂ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠬᠢᠨ ᠪᠠᠰᠠ ᠦᠪᠡᠷᠲᠡᠭᠡᠨ ᠵᠠᠰᠠᠬᠤ | ᠤᠷᠤᠨ ᠤ ᠬᠦᠭᠵᠢᠬᠦᠯᠦᠯᠳᠠ ᠦᠭᠡᠷᠡᠴᠢᠯᠡᠯᠳᠠ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠰᠤᠷᠭᠠᠨ | ᠬᠦᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠵᠡᠷᠭᠡ ᠰᠠᠯᠠᠭ᠎ᠠ ᠮᠦᠴᠢᠷ᠂ | ᠭᠡᠰᠡᠭ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠤᠯᠤᠰ | ᠲᠦᠷᠦ ᠶᠢᠨ ᠵᠦᠪᠯᠡᠯᠭᠡᠨ ᠤ ᠭᠡᠰᠢᠬᠦᠨ᠂ ᠠᠵᠤ ᠠᠬᠤᠢᠢᠯᠠᠯᠳᠠᠨ ᠯᠤᠭ᠎ᠠ ᠶᠠᠷᠢᠯᠴᠠᠨ ᠰᠤᠯᠢᠯᠴᠠᠵᠠᠢ᠃ |