ᠪᠦᠬᠦᠳᠡ ᠨᠠᠶᠢᠷᠠᠮᠲᠠᠬᠤ ᠲᠤᠮᠲᠠᠲᠦ ᠠᠷᠠᠳ ᠤᠯᠤᠰ ᠪᠠᠶᠢᠭᠤᠯᠤᠬᠲᠠᠬᠰᠠᠨ 70 ᠵᠢᠯ ᠤᠨ ᠤᠢ ᠶᠢ ᠪᠡᠯᠭᠡᠯᠡᠬᠦ ᠲᠦᠡᠭᠯᠢᠶᠤᠤ ᠬᠤᠲᠠ ᠶᠢᠨ ᠲᠤᠰᠬᠠᠢ ᠰᠤᠨᠢᠨ ᠮᠡᠳᠡᠭᠡ ᠨᠡᠶᠢᠳᠡᠯᠡᠬᠦ ᠬᠤᠷᠠᠯ ᠶᠠᠪᠤᠬᠲᠠᠵᠠᠢ
ᠨᠡᠶᠢᠲᠡᠯᠡᠭᠰᠡᠨ ᠴᠠᠭ᠄
2019/9/4
     9 ᠰᠠᠷ᠎ᠠ ᠶᠢᠨ 3᠎ ᠤ ᠡᠳᠦᠷ᠂ ︽ᠨᠠᠮ ᠤᠨ ᠲᠤᠶᠠᠭᠠᠯᠠᠯ ᠢᠶᠠᠷ 70 ᠵᠢᠯ ᠤᠨ ᠠᠤᠭ᠎ᠠ ᠬᠤᠪᠢᠷᠠᠯᠲᠠ ᠪᠠᠨ ᠲᠡᠮᠳᠡᠭᠯᠡᠵᠦ᠂ ᠨᠠᠮ ᠢᠶᠠᠨ ᠲᠠᠭᠠᠵᠦ ᠰᠢᠨ᠎ᠡ ᠴᠠᠭ ᠦᠶ᠎ᠡ ᠳᠤ ᠭᠡᠷᠡᠯ ᠰᠠᠴᠤᠷᠠᠩᠭᠤᠢ ᠠᠮᠵᠢᠯᠳᠠ ᠶᠢ ᠲᠠᠬᠢᠨ ᠪᠢᠴᠢᠭᠯᠡᠨ᠎ᠠ︾᠎ ᠪᠠᠷ ᠭᠤᠤᠯ ᠰᠡᠳᠦᠪ ᠢᠶᠠᠨ ᠪᠣᠯᠭᠠᠭᠰᠠᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠲᠦᠡᠭᠯᠢᠶᠤᠤ ᠬᠤᠲᠠ ᠶᠢᠨ ᠲᠤᠰᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠬᠦᠬᠡᠬᠤᠳᠠ ᠳᠤ ᠶᠠᠪᠤᠭᠳᠠᠪᠠ᠃      ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠲᠦᠡᠭᠯᠢᠶᠤᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠲᠤᠨ ᠤ ᠬᠠᠷᠢᠭᠤᠴᠠᠯᠭᠠᠲᠠᠨ ᠠᠴᠠ 70 ᠵᠢᠯ ᠤᠨ ᠲᠤᠷᠰᠢᠬᠢ᠂ ᠣᠨᠴᠠᠭᠠᠢᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ᠂ ᠲᠦᠡᠭᠯᠢᠶᠤᠤ ᠬᠤᠲᠠ ᠶᠢᠨ ᠠᠵᠦ ᠠᠬᠤᠢ ᠨᠡᠶᠢᠬᠡᠮ ᠤᠨ ᠬᠦᠭᠵᠢᠯᠳᠡ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ᠂ ᠠᠷᠠᠳ ᠤᠨ ᠠᠮᠢᠲᠤᠷᠠᠯ ᠢ ᠪᠠᠲᠤᠯᠠᠵᠦ ᠰᠠᠶᠢᠵᠢᠷᠠᠭᠤᠯᠬᠤ᠂ ᠦᠬᠡᠷᠡᠴᠢᠯᠡᠯᠳᠡ ᠬᠢᠵᠦ ᠴᠢᠯᠦᠬᠡᠳᠡᠢ ᠶᠠᠪᠤᠯᠴᠠᠬᠤ ᠶᠢ ᠬᠦᠨᠵᠡᠭᠡᠶᠢᠷᠡᠬᠦᠯᠬᠦ ᠵᠡᠷᠭᠡ ᠲᠠᠯ᠎ᠠ ᠶᠢᠨ ᠪᠠᠶᠢᠲᠠᠯ ᠢ ᠨᠡᠶᠢᠲᠡᠯᠡᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠠᠶ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢ᠂ ᠲᠦᠡᠭᠯᠢᠶᠤᠤ ᠬᠤᠲᠠ ᠳᠤ ᠤᠷᠢᠳ ᠡᠮᠦᠨ᠎ᠡ ᠪᠠᠶᠢᠭ᠎ᠠ ᠦᠬᠡᠢ ᠠᠰᠤᠷᠤ ᠬᠦᠭᠵᠢᠯᠳᠡ ᠶᠢᠨ ᠰᠠᠶᠢᠨ ᠪᠠᠶᠢᠲᠠᠯ ᠢᠯᠡᠷᠡᠪᠡ᠃ 2018 ᠣᠨ ᠳᠤ᠂ ᠪᠦᠬᠦ ᠬᠤᠲᠠ ᠶᠢᠨ ᠦᠢᠯᠡᠳᠪᠦᠷᠢᠯᠡᠯ ᠤᠨ ᠶᠡᠷᠦᠩᠭᠡᠢ ᠦᠷᠳᠡᠭ1301.6 ᠳ᠋ᠦᠩᠰᠢᠭᠤᠷ ᠲᠦᠬᠦᠷᠢᠭ ᠲᠤ ᠬᠦᠷᠴᠡᠢ᠂ ᠡᠨᠡ ᠨᠢ 1952 ᠣᠨ ᠤ ᠬᠢ ᠲᠠᠢ ᠬᠠᠷᠢᠴᠠᠭᠤᠯᠤᠨ ᠪᠤᠲᠤᠪᠠᠯ 52.5 ᠲᠠᠬᠢᠨ ᠨᠡᠮᠡᠭᠳᠡᠵᠦ᠂ ᠵᠢᠯ ᠤᠨ ᠨᠡᠮᠡᠭᠳᠡᠯ ᠤᠨ ᠬᠤᠷᠲᠤᠴᠠ ᠨᠢ 10.4%᠎ ᠳᠤ ᠲᠤᠯᠤᠬᠰᠠᠨ ᠪᠠᠶᠢᠨ᠎ᠠ᠃ ᠬᠤᠲᠠ ᠬᠦᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠲᠤᠮᠲᠠᠴᠢ ᠶᠢᠨ ᠡᠵᠡᠮᠳᠡᠵᠦ ᠪᠤᠯᠬᠤ ᠤᠷᠤᠯᠭ᠎ᠠ 1978 ᠣᠨ ᠤ 423 ᠲᠦᠬᠦᠷᠢᠭ ᠪᠠ 151 ᠲᠦᠬᠦᠷᠢᠭ ᠪᠠᠶᠢᠬᠰᠠᠨ ᠠᠴᠠ ᠪᠠᠨ ᠲᠤᠰ ᠲᠤᠰ ᠨᠡᠮᠡᠭᠳᠡᠭᠡᠳ 2018 ᠣᠨ ᠤ 31936 ᠲᠦᠬᠦᠷᠢᠭ ᠪᠠ 13797 ᠲᠦᠬᠦᠷᠢᠭ ᠪᠤᠯᠵᠦ᠂ ᠲᠤᠰ ᠪᠦᠷᠢ 75 ᠲᠠᠬᠢᠨ ᠪᠠ 90 ᠲᠠᠬᠢᠨ ᠨᠡᠮᠡᠭᠳᠡᠭᠰᠡᠨ ᠪᠠᠶᠢᠨ᠎ᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠲᠦᠡᠭᠯᠢᠶᠤᠤ ᠬᠤᠲᠠ ᠶᠢᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠲᠤᠮᠵᠢ ᠪᠤᠯᠭᠠᠵᠦ᠂ ᠰᠢᠨ᠎ᠡ ᠬᠥᠭᠵᠢᠯᠲᠡ ᠶᠢᠨ ᠣᠢᠢᠯᠠᠭᠠᠭᠳᠠᠬᠤᠨ ᠢ ᠦᠢᠯᠡᠲᠦᠯᠭᠡᠵᠢᠬᠦᠯᠵᠦ᠂ ᠲᠤᠭᠲᠠᠭᠤᠨ ᠤ ᠲᠤᠮᠲᠠ ᠠᠬᠢᠯᠳᠠ ᠲᠠᠢ ᠪᠠᠶᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠲᠠᠯᠠᠨ᠂ ᠬᠠᠨᠭ᠍ᠭᠠᠯᠭ᠎ᠠ ᠎ ᠶᠢᠨ ᠲᠠᠯ᠎ᠠ ᠶᠢᠨ ᠪᠦᠲᠦᠴᠡ ᠶᠢᠨ ᠴᠢᠨᠠᠷ ᠲᠠᠢ ᠦᠬᠡᠷᠡᠴᠢᠯᠡᠯᠳᠡ ᠶᠢ ᠯᠠᠪᠲᠠᠭᠤᠨ ᠠᠬᠢᠭᠤᠯᠵᠦ᠂ ᠪᠤᠭᠤᠮᠲᠠ ᠰᠢᠪᠲᠤᠯᠬᠤ ᠭᠤᠷᠪᠠᠨ ᠶᠡᠭᠡ ᠲᠠᠶᠢᠯᠠᠯᠲᠤᠭᠠᠨ ᠢ ᠰᠠᠶᠢᠲᠦᠷ ᠬᠢᠵᠦ᠂ ᠠᠮᠢ ᠠᠬᠤᠢ ᠶᠢ ᠤᠷᠢᠳ ᠢᠶᠠᠷ ᠪᠤᠲᠤᠯᠬᠢᠯᠠᠬᠤ ᠪᠤᠬᠢᠷᠲᠤᠯ ᠦᠬᠡᠢ ᠬᠦᠭᠵᠢᠯᠳᠡ ᠪᠠᠷ ᠤᠲᠤᠷᠢᠲᠤᠮᠵᠢ ᠪᠤᠯᠭᠠᠭᠰᠠᠨ ᠴᠢᠨᠠᠷ ᠰᠠᠶᠢᠲᠠᠢ ᠬᠦᠭᠵᠢᠯᠳᠡ ᠶᠢᠨ ᠰᠢᠨ᠎ᠡ ᠵᠠᠮ ᠢ ᠴᠢᠷᠮᠠᠶᠢᠨ ᠡᠷᠢᠯᠬᠢᠯᠡᠵᠦ᠂ ᠪᠦᠬᠦ ᠬᠤᠲᠠ ᠶᠢᠨ ᠦᠬᠡᠷᠡᠴᠢᠯᠡᠯᠳᠡ ᠬᠢᠵᠦ ᠴᠢᠯᠦᠬᠡᠳᠡᠢ ᠶᠠᠪᠤᠯᠴᠠᠬᠤ ᠪᠠ ᠤᠲᠤᠬᠢᠴᠢᠯᠠᠯᠲᠠ ᠎ ᠶᠢᠨ ᠪᠦᠲᠦᠭᠡᠨ ᠪᠠᠶᠢᠭᠤᠯᠤᠯᠲᠠ ᠰᠢᠨ᠎ᠡ ᠱᠠᠲᠦᠨ ᠳᠤ ᠲᠠᠪᠰᠢᠨ ᠤᠷᠤᠵᠦ ᠰᠢᠨ᠎ᠡ ᠭᠠᠷᠤᠭ᠎ᠠ ᠪᠠᠨ ᠡᠬᠢᠯᠡᠬᠦᠯᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号