ᠥᠪᠥᠷ ᠮᠣᠩᠭᠤᠯ ᠤᠨ ᠪᠣᠷᠣᠲᠤᠬᠤᠢ ᠶᠢᠨ ᠤᠰᠤᠯᠠᠯᠲᠠ ᠶᠢᠨ ᠣᠷᠣᠨ ᠳᠡᠯᠡᠬᠡᠢ ᠶᠢᠨ ᠤᠰᠤᠯᠠᠯᠲᠠ ᠶᠢᠨ ᠢᠨᠵᠧᠨᠧᠷᠢᠩ ᠤᠨ ᠥᠪ ᠢᠶᠠᠷ ᠪᠦᠷᠢᠳᠬᠡᠭᠳᠡᠯ᠎ᠡ
ᠨᠡᠶᠢᠲᠡᠯᠡᠭᠰᠡᠨ ᠴᠠᠭ᠄
2019/9/5
     ᠢᠨᠳᠤᠨᠧᠰᠢᠶ᠎ᠠ ᠠᠴᠠ ᠪᠠᠶᠠᠷ ᠤᠨ ᠴᠢᠮᠡᠭᠡ ᠳᠤᠭᠤᠯᠳᠠᠯ᠎ᠠ︕      ᠴᠠᠭ᠄ 9 ᠰᠠᠷ᠎ᠠ ᠶᠢᠨ 4᠎ ᠤ ᠡᠳᠦᠷ      ᠭᠠᠵᠠᠷ᠄  ᠢᠨᠳᠤᠨᠧᠰᠢᠶ᠎ᠠ ᠶᠢᠨ ᠪᠠᠯᠠᠢ ᠠᠷᠠᠯ      ᠬᠤᠷᠠᠯ᠄  ᠳᠡᠯᠡᠬᠡᠢ ᠶᠢᠨ ᠤᠰᠤᠯᠠᠬᠤ ᠳᠠᠲᠠᠷᠠᠭᠤᠯᠬᠤ ᠺᠣᠮᠢᠰ ᠤᠨ 70 ᠳ᠋ᠤᠭᠠᠷ ᠬᠤᠭᠤᠴᠠᠭᠠᠨ ᠤ ᠳᠡᠯᠡᠬᠡᠢ ᠶᠢᠨ ᠭᠦᠢᠴᠡᠳᠬᠡᠬᠦ ᠬᠡᠷᠡᠭ ᠡᠷᠬᠢᠯᠡᠭᠴᠢᠳ ᠤᠨ ᠬᠤᠷᠠᠯ ᠤᠨ ᠪᠦᠭᠦᠳᠡ ᠬᠤᠷᠠᠯ      ᠪᠦᠷᠢᠳᠬᠡᠭᠳᠡᠭᠰᠡᠨ ᠢᠨᠵᠧᠨᠧᠷᠢᠩ᠄  ᠥᠪᠥᠷ ᠮᠣᠩᠭᠤᠯ ᠤᠨ ᠪᠣᠷᠣᠲᠤᠬᠤᠢ ᠶᠢᠨ ᠤᠰᠤᠯᠠᠯᠲᠠ ᠶᠢᠨ ᠣᠷᠣᠨ ᠬᠢᠭᠡᠳ ᠵᠢᠶᠠᠩᠰᠢ ᠶᠢᠨ ᠴᠢᠶᠠᠨ ᠶᠢᠨ ᠪᠸᠢ ᠤᠰᠤᠯᠠᠯᠲᠠ ᠶᠢᠨ ᠢᠨᠵᠧᠨᠧᠷᠢᠩ      ᠥᠪᠥᠷ ᠮᠣᠩᠭᠤᠯ ᠤᠨ ᠪᠣᠷᠣᠲᠤᠬᠤᠢ ᠶᠢᠨ ᠤᠰᠤᠯᠠᠯᠲᠠ ᠶᠢᠨ ᠣᠷᠣᠨ ᠬᠢᠭᠡᠳ ᠵᠢᠶᠠᠩᠰᠢ ᠶᠢᠨ ᠴᠢᠶᠠᠨ ᠶᠢᠨ ᠪᠸᠢ ᠤᠰᠤᠯᠠᠯᠲᠠ ᠶᠢᠨ ᠢᠨᠵᠧᠨᠧᠷᠢᠩ ᠳᠡᠯᠡᠬᠡᠢ ᠶᠢᠨ ᠤᠰᠤᠯᠠᠯᠲᠠ ᠶᠢᠨ ᠢᠨᠵᠧᠨᠧᠷᠢᠩ ᠤᠨ ᠥᠪ ᠢᠶᠠᠷ ᠪᠦᠷᠢᠳᠬᠡᠭᠳᠡᠭᠰᠡᠨ ᠠᠴᠠ ᠳᠤᠮᠳᠠᠳᠤ ᠤᠯᠤᠰ ᠤᠨ ᠪᠦᠷᠢᠳᠬᠡᠭᠦᠯᠦᠭᠰᠡᠨ ᠳᠡᠯᠡᠬᠡᠢ ᠶᠢᠨ ᠤᠰᠤᠯᠠᠯᠲᠠ ᠶᠢᠨ ᠥᠪ ᠨᠢᠭᠡᠨᠲᠡ 19 ᠪᠣᠯᠵᠠᠢ᠃ ᠭᠡᠬᠦ ᠳᠡᠭᠡᠨ᠂ ᠪᠣᠷᠣᠲᠤᠬᠤᠢ ᠶᠢᠨ ᠤᠰᠤᠯᠠᠯᠲᠠ ᠶᠢᠨ ᠣᠷᠣᠨ ᠨᠢ ᠳᠡᠯᠡᠬᠡᠢ ᠶᠢᠨ ᠤᠰᠤᠯᠠᠯᠲᠠ ᠶᠢᠨ ᠢᠨᠵᠧᠨᠧᠷᠢᠩ  ᠤᠨ ᠥᠪ ᠲᠠᠬᠢ ᠥᠪᠥᠷ ᠮᠣᠩᠭᠤᠯ ᠤᠨ ᠬᠤᠭᠤᠰᠣᠨ ᠢ ᠨᠥᠬᠦᠪᠦᠷᠢᠯᠡᠵᠦ᠂ ᠮᠠᠨ ᠤ ᠣᠷᠣᠨ ᠤ ᠴᠣᠷ ᠤᠨ ᠭᠠᠭᠴᠠ ᠳᠡᠯᠡᠬᠡᠢ ᠶᠢᠨ ᠤᠰᠤᠯᠠᠯᠲᠠ ᠶᠢᠨ ᠢᠨᠵᠧᠨᠧᠷᠢᠩ ᠤᠨ ᠥᠪ ᠪᠣᠯᠣᠭᠰᠠᠨ ᠪᠢᠯᠡ᠃      ᠤᠩᠰᠢᠪᠤᠷᠢ᠄      ᠪᠣᠷᠣᠲᠤᠬᠤᠢ ᠶᠢᠨ ᠤᠰᠤᠯᠠᠯᠲᠠ ᠶᠢᠨ ᠣᠷᠣᠨ ᠪᠠᠶᠠᠨᠨᠠᠭᠤᠷ ᠬᠤᠲᠠ ᠳᠤ ᠪᠠᠶᠢᠷᠢᠯᠠᠵᠤ᠂ ᠬᠠᠲᠤᠨ ᠭᠤᠣᠯ ᠤᠨ ᠬᠤᠶᠢᠲᠤ ᠬᠡᠰᠡᠭ ᠢᠶᠠᠷ ᠪᠠᠶᠢᠳᠠᠭ᠃ ᠬᠠᠲᠤᠨ ᠭᠤᠣᠯ ᠠᠴᠠ ᠤᠰᠤ ᠲᠠᠲᠠᠭᠰᠠᠨ ᠤᠰᠤᠯᠠᠯᠲᠠ ᠶᠢᠨ ᠲᠠᠯᠠᠪᠠᠢ ᠨᠢ 1020 ᠲᠦᠮᠡᠨ ᠮᠦ ᠳᠤ ᠬᠦᠷᠴᠦ᠂ ᠮᠠᠨ ᠤ ᠤᠯᠤᠰ ᠤᠨ ᠶᠡᠭᠡ ᠬᠡᠪᠴᠢᠶᠡᠨ ᠤ ᠤᠰᠤᠯᠠᠯᠲᠠ ᠶᠢᠨ ᠣᠷᠣᠨ᠂ ᠠᠽᠢᠶ᠎ᠡ ᠲᠢᠪ ᠤᠨ ᠬᠠᠮᠤᠭ ᠤᠨ ᠶᠡᠭᠡ ᠨᠢᠭᠡᠯᠡ ᠡᠬᠢᠲᠦ ᠤᠰᠤᠯᠠᠯᠲᠠ ᠶᠢᠨ ᠣᠷᠣᠨ ᠪᠠ ᠪᠦᠬᠦ ᠤᠯᠤᠰ ᠤᠨ 3 ᠣᠨᠴᠠ ᠶᠡᠭᠡ ᠬᠡᠪᠴᠢᠶᠡᠨ ᠤ ᠤᠰᠤᠯᠠᠯᠲᠠ ᠶᠢᠨ ᠣᠷᠣᠨ ᠤ ᠨᠢᠭᠡ᠂ ᠮᠦᠨ ᠴᠤ ᠤᠯᠤᠰ ᠪᠠ ᠥᠪᠥᠷ ᠮᠣᠩᠭᠤᠯ ᠤᠨ ᠲᠠᠸᠠᠷ ᠤᠨ ᠠᠮᠤ ᠶᠢᠨ ᠴᠢᠬᠤᠯᠠ ᠰᠠᠭᠤᠷᠢᠨ ᠪᠣᠯᠣᠨ᠎ᠠ᠃ ᠪᠣᠷᠣᠲᠤᠬᠤᠢ ᠶᠢᠨ ᠤᠰᠤᠯᠠᠯᠲᠠ ᠶᠢᠨ ᠣᠷᠣᠨ ᠤ ᠬᠠᠲᠤᠨ ᠭᠤᠣᠯ ᠠᠴᠠ ᠤᠰᠤ ᠲᠠᠲᠠᠨ ᠤᠰᠤᠯᠠᠬᠤ ᠠᠵᠢᠯ ᠴᠢᠨ ᠬᠠᠨ ᠤᠯᠤᠰ ᠤᠨ ᠦᠶ᠎ᠡ ᠠᠴᠠ ᠡᠬᠢᠯᠡᠵᠦ᠂ ᠣᠳᠣ ᠪᠣᠯᠬᠤ ᠳᠤ 13 ᠵᠣᠷᠪᠤᠰ ᠤᠰᠤ ᠲᠠᠲᠠᠷᠠᠭᠤᠯᠬᠤ ᠶᠡᠭᠡ ᠰᠤᠪᠠᠭ ᠲᠠᠢ ᠪᠣᠯᠵᠤ᠂ ᠨᠢᠭᠡᠨᠲᠡ 2200 ᠭᠠᠷᠤᠢ ᠵᠢᠯ ᠤᠨ ᠲᠡᠦᠬᠡ ᠲᠠᠢ ᠪᠣᠯᠣᠭᠰᠠᠨ ᠪᠠᠶᠢᠨ᠎ᠠ᠃      ᠬᠤᠯᠪᠣᠭᠠᠰᠤ᠄      ᠳᠡᠯᠡᠬᠡᠢ ᠶᠢᠨ ᠤᠰᠤᠯᠠᠯᠲᠠ ᠶᠢᠨ ᠢᠨᠵᠧᠨᠧᠷᠢᠩ ᠤᠨ ᠥᠪ ᠪᠣᠯ ᠲᠤᠰᠬᠠᠢ ᠮᠡᠷᠭᠡᠵᠢᠯ ᠤᠨ ᠬᠡᠯᠪᠡᠷᠢ ᠶᠢᠨ ᠳᠡᠯᠡᠬᠡᠢ ᠶᠢᠨ ᠥᠪ ᠪᠣᠯᠣᠨ᠎ᠠ᠃ ᠳᠡᠯᠡᠬᠡᠢ ᠶᠢᠨ ᠤᠰᠤᠯᠠᠬᠤ ᠲᠠᠲᠠᠷᠠᠭᠤᠯᠬᠤ ᠺᠣᠮᠢᠰ ᠠᠴᠠ 2014 ᠣᠨ ᠳᠤ ᠡᠭᠦᠰᠬᠡᠨ ᠪᠠᠶᠢᠭᠤᠯᠵᠤ᠂ ᠲᠡᠦᠬᠡ ᠶᠢᠨ ᠦᠨ᠎ᠡ ᠥᠷᠲᠡᠭ ᠪᠦᠬᠦᠢ ᠦᠷᠭᠦᠯᠵᠢᠯᠡᠭᠦᠶᠢᠴᠡ ᠤᠰᠤᠯᠠᠯᠲᠠ ᠶᠢᠨ ᠢᠨᠵᠧᠨᠧᠷᠢᠩ ᠵᠢᠴᠢ ᠲᠡᠭᠦᠨ ᠤ ᠰᠢᠨᠵᠢᠯᠡᠬᠦ ᠤᠬᠠᠭᠠᠨᠴᠢ ᠲᠤᠷᠰᠢᠯᠭ᠎ᠠ ᠬᠢᠳᠡᠯ ᠢ ᠨᠢ ᠬᠠᠮᠠᠭᠠᠯᠠᠬᠤ᠂ ᠠᠭᠤᠳᠠᠯᠯᠠᠬᠤ ᠪᠠ ᠳᠡᠯᠭᠡᠷᠡᠭᠦᠯᠬᠦ ᠪᠠᠷ ᠵᠣᠷᠢᠯᠭ᠎ᠠ ᠪᠠᠨ ᠪᠣᠯᠭᠠᠵᠠᠢ᠃ ᠵᠢᠯ ᠪᠦᠷᠢ ᠨᠢᠭᠡ ᠪᠦᠯᠦᠭ ᠥᠪ ᠢ ᠰᠤᠩᠭᠤᠨ ᠪᠦᠷᠢᠳᠬᠡᠵᠦ ᠪᠤᠢ᠃ ᠣᠳᠣ ᠪᠣᠯᠲᠠᠯ᠎ᠠ᠂ ᠳᠡᠯᠡᠬᠡᠢ ᠶᠢᠨ ᠤᠰᠤᠯᠠᠯᠲᠠ ᠶᠢᠨ ᠢᠨᠵᠧᠨᠧᠷᠢᠩ ᠤᠨ ᠥᠪ ᠢᠶᠠᠷ ᠪᠦᠷᠢᠳᠬᠡᠭᠦᠯᠦᠭᠰᠡᠨ ᠤᠰᠤᠯᠠᠯᠲᠠ ᠶᠢᠨ ᠲᠥᠷᠥᠯ 91 ᠪᠣᠯᠵᠤ᠂ ᠠᠽᠢᠶ᠎ᠠ ᠲᠢᠪ᠂ ᠡᠸᠦ᠋ᠷᠦᠫᠡ ᠲᠢᠪ᠂ ᠠᠹᠷᠢᠺᠠ ᠲᠢᠪ᠂ ᠤᠮᠠᠷᠠᠲᠤ ᠠᠮᠧᠷᠢᠺᠠ ᠲᠢᠪ ᠪᠠ ᠶᠡᠭᠡ ᠳᠠᠯᠠᠢ ᠶᠢᠨ ᠲᠢᠪ ᠤᠨ 15 ᠤᠯᠤᠰ ᠢ ᠬᠠᠮᠤᠷᠪᠠ᠃                
 
ᠢᠷᠡᠯᠲᠡ᠄ ᠮᠣᠩᠭᠤᠯ ᠰᠣᠨᠢᠨ ᠤ ᠵᠢᠷᠭᠢᠶ᠎ᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号