ᠯᠢ ᠪᠢᠩ ᠷᠦᠩ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠮᠠᠨ ᠤ ᠤᠷᠤᠨ ᠤ ᠠᠮᠢᠳᠤ ᠭᠠᠭ᠋ᠠᠢ ᠶᠢᠨ ᠦᠢᠯᠡᠳᠪᠦᠷᠢᠯᠡᠯ ᠢ ᠲᠤᠬᠲᠠᠭᠤᠨ ᠪᠠᠶᠢᠯᠭᠠᠵᠤ ᠵᠠᠬ᠎ᠠ ᠳᠡᠯᠭᠡᠭᠦᠷ ᠤᠨ ᠬᠠᠨᠭ᠍ᠭᠠᠯᠭ᠎ᠠ ᠶᠢ ᠪᠠᠲᠤᠯᠬᠠᠤ ᠠᠵᠢᠯ ᠢ ᠰᠠᠶᠢᠲᠤᠷ ᠬᠢᠬᠦ ᠶᠢ ᠰᠤᠳᠤᠯᠪᠠ
ᠨᠡᠶᠢᠲᠡᠯᠡᠭᠰᠡᠨ ᠴᠠᠭ᠄
2019/9/5
     9 ᠰᠠᠷ᠎ᠠ ᠶᠢᠨ 4᠎ ᠤ ᠦᠳᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠯᠢ ᠪᠢᠩ ᠷᠦᠩ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠠᠮᠢᠳᠤ ᠭᠠᠭ᠋ᠠᠢ ᠶᠢᠨ ᠦᠢᠯᠡᠳᠪᠦᠷᠢᠯᠡᠯ ᠢ ᠲᠤᠬᠲᠠᠭᠤᠨ ᠪᠠᠶᠢᠯᠭᠠᠵᠤ᠂ ᠵᠠᠬ᠎ᠠ ᠳᠡᠯᠭᠡᠭᠦᠷ ᠤᠨ ᠬᠠᠨᠭ᠍ᠭᠠᠯᠭ᠎ᠠ ᠶᠢ ᠪᠠᠲᠤᠯᠬᠠᠤ ᠲᠧᠯᠸᠢᠰ ᠤᠳᠠᠰᠤ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠷᠤᠨ ᠤ ᠠᠮᠢᠳᠤ ᠭᠠᠭ᠋ᠠᠢ ᠎ ᠶᠢᠨ ᠦᠢᠯᠡᠳᠪᠦᠷᠢᠯᠡᠯ ᠢ ᠲᠤᠬᠲᠠᠭᠤᠨ ᠪᠠᠶᠢᠯᠭᠠᠵᠤ᠂ ᠬᠠᠨᠭ᠍ᠭᠠᠯᠭ᠎ᠠ ᠶᠢ ᠪᠠᠲᠤᠯᠬᠠᠤ ᠠᠵᠢᠯ ᠢ ᠰᠠᠶᠢᠲᠤᠷ ᠬᠢᠬᠦ ᠶᠢ ᠰᠤᠳᠤᠯᠪᠠ᠃      ᠬᠤᠷᠠᠯ ᠳᠡᠭᠡᠷ᠎ᠠ᠂ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠪᠦᠬᠦ ᠤᠯᠤᠰ ᠤᠨ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠷᠤᠨ ᠤ ᠠᠵᠢᠯ ᠢ ᠰᠠᠶᠢᠲᠤᠷ ᠬᠢᠬᠦ ᠲᠤᠬᠠᠢ ᠲᠤᠰ ᠲᠤᠰ ᠮᠡᠳᠡᠭᠦᠯᠦᠯᠲᠡ ᠬᠢᠪᠡ᠃ ᠯᠢ ᠪᠢᠩ ᠷᠦᠩ᠂ ᠭᠠᠭ᠋ᠠᠢ ᠶᠢᠨ ᠮᠢᠬ᠎ᠠ ᠶᠢᠨ ᠬᠠᠨᠭ᠍ᠭᠠᠯᠭ᠎ᠠ ᠶᠢ ᠪᠠᠲᠤᠯᠠᠬᠤ ᠪᠤᠯ ᠬᠠᠮᠤᠭ ᠎ ᠤᠨ ᠦᠨᠳᠦᠰᠦᠨ ᠠᠷᠠᠳ ᠤᠨ ᠠᠮᠢᠳᠤᠷᠠᠯ᠂ ᠪᠦᠬᠦ ᠲᠠᠯ᠎ᠠ ᠲᠠᠢ ᠬᠤᠯᠪᠤᠬᠳᠠᠬᠤ ᠶᠡᠭᠡ ᠶᠠᠪᠤᠳᠠᠯ ᠮᠦᠨ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠪᠢᠳᠡᠨ ᠳᠤ ᠲᠤᠰᠢᠶᠠᠬᠰᠠᠨ ᠨᠢᠭᠡᠨ ᠲᠦᠷᠦᠯ ᠤᠨ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠤᠮ᠃ ᠡᠯ᠎ᠠ ᠭᠠᠵᠠᠷ ᠤᠷᠤᠨ ᠡᠯ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠡᠷᠬᠡᠪᠰᠢ ᠤᠯᠤᠰ ᠲᠦᠷᠦ ᠶᠢᠨ ᠵᠤᠬᠰᠤᠴᠠ ᠪᠠᠨ ᠳᠡᠭᠡᠭᠰᠢᠯᠡᠭᠦᠯᠵᠦ᠂ ᠠᠮᠢᠳᠤ ᠭᠠᠭ᠋ᠠᠢ ᠶᠢᠨ ᠦᠢᠯᠡᠳᠪᠦᠷᠢᠯᠡᠯ ᠎ ᠢ ᠲᠤᠬᠲᠠᠭᠤᠨ ᠪᠠᠶᠢᠯᠭᠠᠵᠤ᠂ ᠵᠠᠬ᠎ᠠ ᠳᠡᠯᠭᠡᠭᠦᠷ ᠤᠨ ᠬᠠᠨᠭ᠍ᠭᠠᠯᠭ᠎ᠠ ᠶᠢ ᠪᠠᠲᠤᠯᠬᠠᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠭᠢᠯᠭᠡ ᠪᠤᠯᠤᠨ ᠲᠤᠯᠭᠠᠮ᠎ᠠ ᠪᠤᠳᠤᠯ ᠢᠶᠠᠨ ᠦᠨᠡᠨ ᠬᠦ ᠴᠢᠩᠭᠠᠳᠬᠠᠬᠤ ᠬᠡᠷᠡᠭᠲᠡᠢ᠃ ᠪᠦᠬᠦ ᠤᠯᠤᠰ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂  ᠮᠤᠵᠢ ᠠᠴᠠ ᠶᠡᠷᠦᠩᠬᠡᠢ ᠬᠠᠷᠢᠭᠤᠴᠠᠬᠤ ᠪᠠ ᠬᠤᠯᠢᠰᠢᠨ ᠢᠳᠡᠭᠡᠨ ᠢ ᠬᠤᠲᠠ ᠶᠢᠨ ᠳᠠᠷᠤᠭ᠎ᠠ ᠬᠠᠷᠢᠭᠤᠴᠠᠬᠤ ᠳᠦᠷᠢᠮ ᠎ ᠢ ᠴᠢᠩᠭ᠎ᠠ ᠨᠠᠶᠢᠳᠠᠪᠤᠷᠢᠵᠢᠭᠤᠯᠵᠤ᠂ ᠮᠠᠨ ᠤ ᠤᠷᠤᠨ ᠤ ᠠᠮᠢᠳᠤ ᠭᠠᠭ᠋ᠠᠢ ᠶᠢᠨ ᠦᠢᠯᠡᠳᠪᠦᠷᠢᠯᠡᠯ ᠢ ᠪᠦᠬᠦ ᠬᠦᠴᠦᠨ ᠎ ᠢᠶᠠᠷ ᠲᠤᠬᠲᠠᠭᠤᠨ ᠪᠠᠶᠢᠯᠭᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠵᠤ᠂ ᠭᠠᠵᠠᠷ ᠤᠷᠤᠨ ᠤ ᠬᠤᠭᠤᠷᠤᠨᠳᠤ ᠠᠮᠢᠳᠤ ᠭᠠᠭ᠋ᠠᠢ ᠵᠢᠴᠢ ᠭᠠᠭ᠋ᠠᠢ ᠶᠢᠨ ᠮᠢᠬ᠎ᠠ ᠶᠢ ᠲᠤᠬᠢᠷᠠᠭᠤᠯᠵᠤ ᠰᠢᠯᠵᠢᠭᠦᠯᠦᠨ ᠵᠦᠭᠡᠭᠡᠬᠦ ᠠᠵᠢᠯ ᠢ ᠦᠨᠡᠨ ᠬᠦ ᠰᠠᠶᠢᠲᠤᠷ ᠬᠢᠵᠦ᠂ ᠠᠹᠷᠢᠺᠠ ᠲᠢᠪ ᠤᠨ ᠭᠠᠭ᠋ᠠᠢ ᠶᠢᠨ ᠬᠢᠵᠢᠭ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠠᠮᠢᠳᠤ ᠭᠠᠭ᠋ᠠᠢ ᠶᠢᠨ ᠬᠠᠨᠭ᠍ᠭᠠᠯᠭ᠎ᠠ ᠠᠰᠠᠭᠤᠳᠠᠯ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠠᠮᠢᠳᠤ ᠭᠠᠭ᠋ᠠᠢ ᠶᠢᠨ ᠵᠠᠬ᠎ᠠ ᠳᠡᠯᠭᠡᠭᠦᠷ ᠤᠨ ᠲᠤᠬᠢᠷᠠᠭᠤᠯᠭ᠎ᠠ ᠡᠵᠡᠮᠳᠡᠯ ᠪᠠ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ ᠪᠠ ᠰᠦᠯᠪᠡᠭᠡᠯᠡᠨ ᠦᠨ᠎ᠠ ᠦᠰᠭᠡᠬᠦ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠯᠢ ᠪᠢᠩ ᠷᠦᠩ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠲᠦᠷᠦᠭᠦᠯᠡᠨ ᠬᠢᠵᠦ᠂ ᠬᠤᠯᠪᠤᠬᠳᠠᠯ ᠪᠦᠬᠦᠢ ᠰᠠᠯᠠᠭ᠎ᠠ ᠮᠦᠴᠢᠷ ᠬᠠᠮᠵᠢᠯᠴᠠᠵᠤ᠂ ᠤᠯᠤᠰ ᠤᠨ ᠬᠠᠮᠢᠶ᠎ᠠ ᠪᠦᠬᠦᠢ ᠵᠤᠷᠢᠭ ᠰᠠᠨᠠᠭ᠎ᠠ ᠶᠢ ᠦᠨᠳᠦᠰᠦᠯᠡᠨ᠂ ᠮᠠᠨ ᠤ ᠤᠷᠤᠨ ᠤ ᠠᠮᠢᠳᠤ ᠭᠠᠭ᠋ᠠᠢ ᠶᠢᠨ ᠦᠢᠯᠡᠳᠪᠦᠷᠢᠯᠡᠯ ᠢ ᠲᠤᠬᠲᠠᠭᠤᠨ ᠪᠠᠶᠢᠯᠭᠠᠵᠤ ᠵᠠᠬ᠎ᠠ ᠳᠡᠯᠭᠡᠭᠦᠷ ᠤᠨ ᠬᠠᠨᠭ᠍ᠭᠠᠯᠭ᠎ᠠ ᠶᠢ ᠪᠠᠲᠤᠯᠬᠠᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠶᠢ ᠳᠠᠷᠦ᠋ᠢᠬᠠᠨ ᠰᠤᠳᠤᠯᠤᠨ ᠭᠠᠷᠭᠠᠬᠤ ᠶᠢᠨ ᠬᠠᠮᠲᠤ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠭᠠᠭ᠋ᠠᠢ ᠶᠢᠨ ᠮᠢᠬ᠎ᠠ ᠶᠢᠨ ᠬᠠᠨᠭ᠍ᠭᠠᠯᠭ᠎ᠠ ᠶᠢ ᠪᠠᠲᠤᠯᠠᠬᠤ ᠡᠨᠡ ᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠶᠢ ᠡᠷᠡᠰ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号