ᠯᠢ ᠵᠢᠢ ᠾᠧᠩ ᠭᠤᠷᠪᠠᠳᠤᠭᠠᠷ ᠬᠤᠭᠤᠴᠠᠭᠠᠨ ᠤ ᠳᠤᠮᠳᠠᠳᠤ ᠮᠤᠩᠭᠤᠯ ᠤᠨ ᠦᠵᠡᠰᠭᠦᠯᠡᠩ ᠤᠨ ᠴᠤᠭᠯᠠᠭᠠᠨ ᠵᠢᠴᠢ ᠵᠡᠭᠦᠨ ᠬᠤᠶᠢᠳᠤ ᠠᠽᠢᠶ᠎ᠠ ᠶᠢᠨ ᠤᠷᠤᠨ ᠪᠦᠰᠡ ᠶᠢᠨ ᠬᠠᠮᠳᠤᠷᠠᠯᠴᠠᠭᠠᠨ ᠤ ᠲᠦᠷᠦᠭᠦᠴᠤᠳ ᠤᠨ ᠶᠠᠷᠢᠶᠠᠨ ᠤ ᠲᠠᠪᠴᠠᠩ ᠳᠤ ᠤᠷᠤᠯᠴᠠᠬᠤ ᠳᠤᠮᠳᠠᠳᠤ ᠳᠤ ᠰᠠᠭᠤᠭ᠎ᠠ ᠡᠯᠴᠢᠨ ᠰᠠᠶᠢᠳ ᠤᠨ ᠪᠦᠯᠬᠦᠮ ᠎ ᠤᠨ ᠬᠢᠨ ᠲᠠᠢ ᠠᠭᠤᠯᠵᠠᠵᠠᠢ
ᠨᠡᠶᠢᠲᠡᠯᠡᠭᠰᠡᠨ ᠴᠠᠭ᠄
2019/9/6
     9 ᠰᠠᠷ᠎ᠠ ᠶᠢᠨ 5᠎ ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠤᠯᠠᠭᠠᠨᠴᠠᠪ ᠲᠤ ᠭᠤᠷᠪᠠᠳᠤᠭᠠᠷ ᠬᠤᠭᠤᠴᠠᠭᠠᠨ ᠤ ᠳᠤᠮᠳᠠᠳᠤ ᠮᠤᠩᠭᠤᠯ ᠤᠨ ᠦᠵᠡᠰᠭᠦᠯᠡᠩ ᠤᠨ ᠴᠤᠭᠯᠠᠭᠠᠨ ᠵᠢᠴᠢ ᠵᠡᠭᠦᠨ ᠬᠤᠶᠢᠳᠤ ᠠᠽᠢᠶ᠎ᠠ ᠶᠢᠨ ᠤᠷᠤᠨ ᠪᠦᠰᠡ ᠶᠢᠨ ᠬᠠᠮᠳᠤᠷᠠᠯᠴᠠᠭᠠᠨ ᠤ ᠲᠦᠷᠦᠭᠦᠴᠤᠳ ᠤᠨ ᠶᠠᠷᠢᠶᠠᠨ ᠤ ᠲᠠᠪᠴᠠᠩ ᠳᠤ ᠤᠷᠤᠯᠴᠠᠬᠤ ᠳᠤᠮᠳᠠᠳᠤ ᠳᠤ ᠰᠠᠭᠤᠭ᠎ᠠ ᠡᠯᠴᠢᠨ ᠰᠠᠶᠢᠳ ᠤᠨ ᠪᠦᠯᠬᠦᠮ ᠤᠨ ᠬᠢᠨ ᠲᠠᠢ ᠠᠭᠤᠯᠵᠠᠪᠠ᠃      9 ᠰᠠᠷ᠎ᠠ ᠶᠢᠨ 5᠎ ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠢ ᠾᠧᠩ ᠤᠯᠠᠭᠠᠨᠴᠠᠪ ᠲᠤ ᠭᠤᠷᠪᠠᠳᠤᠭᠠᠷ ᠬᠤᠭᠤᠴᠠᠭᠠᠨ ᠤ ᠳᠤᠮᠳᠠᠳᠤ ᠮᠤᠩᠭᠤᠯ ᠤᠨ ᠦᠵᠡᠰᠭᠦᠯᠡᠩ ᠤᠨ ᠴᠤᠭᠯᠠᠭᠠᠨ ᠵᠢᠴᠢ ᠵᠡᠭᠦᠨ ᠬᠤᠶᠢᠳᠤ ᠠᠽᠢᠶ᠎ᠠ ᠶᠢᠨ ᠤᠷᠤᠨ ᠪᠦᠰᠡ ᠶᠢᠨ ᠬᠠᠮᠳᠤᠷᠠᠯᠴᠠᠭᠠᠨ ᠤ ᠲᠦᠷᠦᠭᠦᠴᠤᠳ ᠤᠨ ᠶᠠᠷᠢᠶᠠᠨ ᠤ ᠲᠠᠪᠴᠠᠩ ᠳᠤ ᠤᠷᠤᠯᠴᠠᠬᠤ ᠳᠤᠮᠳᠠᠳᠤ ᠳᠤ ᠰᠠᠭᠤᠭ᠎ᠠ ᠡᠯᠴᠢᠨ ᠰᠠᠶᠢᠳ ᠤᠨ ᠪᠦᠯᠬᠦᠮ ᠤᠨ ᠬᠢᠨ ᠲᠠᠢ ᠠᠭᠤᠯᠵᠠᠪᠡ᠃      ᠯᠢ ᠵᠢᠢ ᠾᠧᠩ ᠳᠤᠮᠳᠠᠳᠤ ᠳᠤ ᠰᠠᠭᠤᠭ᠎ᠠ ᠡᠯᠴᠢᠳ ᠰᠠᠶᠢᠳ ᠤᠨ ᠪᠦᠯᠬᠦᠮ ᠤᠨ ᠬᠢᠨ ᠬᠦᠷᠦᠯᠴᠡᠨ ᠢᠷᠡᠭᠰᠡᠨ ᠎ ᠢ ᠪᠠᠶᠠᠷᠯᠠᠨ ᠤᠭᠳᠤᠵᠤ ᠪᠠᠶᠢᠬᠤ ᠪᠠᠨ ᠢᠯᠡᠳᠭᠡᠭᠰᠡᠨ ᠪᠦᠭᠡᠳ ᠦᠪᠦᠷ ᠮᠤᠩᠭᠤᠯ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠪᠠᠶᠢᠳᠠᠯ ᠪᠤᠯᠤᠨ ᠲᠤᠰ ᠬᠤᠭᠤᠴᠠᠭᠠᠨ ᠤ ᠳᠤᠮᠳᠠᠳᠤ ᠮᠤᠩᠭᠤᠯ ᠤᠨ ᠦᠵᠡᠰᠭᠦᠯᠡᠩ ᠤᠨ ᠴᠤᠭᠯᠠᠭᠠᠨ ᠤ ᠭᠤᠤᠯ ᠰᠡᠳᠦᠪ ᠪᠠ ᠭᠤᠤᠯ ᠵᠤᠷᠢᠯᠳᠠ ᠶᠢ ᠲᠠᠨᠢᠯᠴᠠᠭᠤᠯᠵᠠᠢ᠃ ᠲᠡᠷᠡ᠂ ᠳᠤᠮᠳᠠᠳᠤ ᠳᠤ ᠰᠠᠭᠤᠭ᠎ᠠ ᠡᠯ᠎ᠠ ᠡᠯᠴᠢᠨ ᠰᠠᠶᠢᠳ ᠦᠩᠭᠡᠷᠡᠭᠰᠡᠨ ᠲᠠᠢ ᠪᠠᠨ ᠠᠳᠠᠯᠢ ᠪᠠᠷ ᠦᠪᠦᠷ ᠮᠤᠩᠭᠤᠯ ᠤᠨ ᠬᠦᠭᠵᠢᠯᠳᠡ ᠶᠢ ᠬᠠᠯᠠᠮᠵᠢᠯᠠᠨ ᠳᠡᠮᠵᠢᠵᠤ᠂ ᠦᠪᠦᠷ ᠮᠤᠩᠭᠤᠯ ᠢ ᠬᠠᠪᠰᠤᠷᠤᠨ ᠤᠬᠠᠭᠤᠯᠤᠨ ᠲᠠᠨᠢᠯᠴᠠᠭᠤᠯᠵᠤ᠂ ᠬᠦᠭᠦᠷᠭᠡ ᠬᠤᠯᠪᠤᠭᠠᠰᠤ ᠪᠤᠯᠵᠤ᠂ ᠦᠪᠦᠷ ᠮᠤᠩᠭᠤᠯ ᠪᠤᠯᠤᠨ ᠡᠯ᠎ᠠ ᠲᠠᠯ᠎ᠠ ᠶᠢᠨ ᠬᠢᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ᠂ ᠡᠬᠢ ᠪᠠᠶᠠᠯᠢᠭ ᠢ ᠨᠡᠬᠡᠬᠡᠨ ᠠᠰᠢᠬᠯᠠᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠢ ᠡᠳ᠋ᠰᠢᠭᠦᠯᠦᠨ ᠪᠤᠯᠪᠠᠰᠤᠷᠠᠭᠤᠯᠬᠤ᠂ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠳᠠ᠂ ᠮᠡᠷᠭᠡᠵᠢᠯ ᠢ ᠰᠤᠳᠤᠯᠤᠨ ᠦᠢᠯᠡᠳᠴᠤ ᠬᠡᠷᠡᠭᠯᠡᠬᠦ ᠵᠡᠷᠭᠡ ᠬᠦᠷᠢᠶᠡᠨ ᠎ ᠤ ᠬᠠᠮᠳᠤᠷᠠᠯᠴᠠᠭ᠎ᠠ ᠶᠢ ᠭᠦᠨᠵᠡᠭᠡᠶᠢᠷᠡᠭᠦᠯᠬᠦ ᠶᠢ ᠠᠬᠢᠭᠤᠯᠵᠤ᠂ ᠰᠤᠶᠤᠯ ᠢᠷᠭᠡᠨᠰᠢᠯ᠂ ᠪᠡᠶ᠎ᠠ ᠶᠢᠨ ᠲᠠᠮᠢᠷ᠂ ᠵᠢᠭᠤᠯᠴᠢᠯᠡᠯ ᠵᠡᠷᠭᠡ ᠲᠠᠯ᠎ᠠ ᠶᠢᠨ ᠰᠤᠯᠢᠯᠴᠠᠭ᠎ᠠ ᠬᠠᠮᠳᠤᠷᠠᠯᠴᠠᠭ᠎ᠠ ᠶᠢ ᠦᠷᠭᠡᠳᠭᠡᠵᠤ᠂ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠵᠤ᠂ ᠬᠠᠮᠳᠦ ᠪᠠᠷ ᠬᠦᠭᠵᠢᠬᠦ ᠶᠢ ᠠᠬᠢᠭᠤᠯᠬᠤ ᠶᠢ ᠬᠦᠰᠡᠵᠤ ᠪᠠᠶᠢᠨ᠎ᠠ ᠭᠡᠪᠡ᠃      ᠳᠤᠮᠳᠠᠳᠤ ᠳᠤ ᠰᠠᠭᠤᠭ᠎ᠠ ᠡᠯᠴᠢᠨ ᠰᠠᠶᠢᠳ ᠤᠨ ᠪᠦᠯᠬᠦᠮ ᠤᠨ ᠳᠠᠷᠤᠭ᠎ᠠ᠂ ᠳᠤᠮᠳᠠᠳᠤ ᠳᠤ ᠰᠠᠭᠤᠭ᠎ᠠ ᠮᠠᠦ᠋ᠷᠢᠲ᠋ᠢᠦ᠋ᠰ ᠤᠨ ᠡᠯᠴᠢᠨ ᠰᠠᠶᠢᠳ ᠯᠢ ᠮᠢᠶᠤᠤ ᠭᠤᠸᠠᠩ ᠡᠯᠴᠢᠨ ᠰᠠᠶᠢᠳ ᠤᠨ ᠪᠦᠯᠬᠦᠮ ᠤᠨ ᠡᠮᠦᠨ᠎ᠠ ᠠᠴᠠ ᠦᠪᠦᠷ ᠮᠤᠩᠭᠤᠯ ᠤᠨ ᠬᠠᠯᠠᠭᠤᠮᠰᠤᠭ ᠢᠶᠠᠷ ᠬᠦᠯᠢᠶᠡᠨ ᠵᠤᠴᠢᠯᠠᠭᠰᠠᠨ ᠲᠤ ᠲᠠᠯᠠᠷᠬᠠᠵᠤ ᠪᠠᠶᠢᠬᠤ ᠪᠠᠨ ᠢᠯᠡᠳᠭᠡᠪᠡ᠃ ᠲᠡᠷᠡ᠂ ᠭᠤᠷᠪᠠᠳᠤᠭᠠᠷ ᠬᠤᠭᠤᠴᠠᠭᠠᠨ ᠤ ᠳᠤᠮᠳᠠᠳᠤ ᠮᠤᠩᠭᠤᠯ ᠤᠨ ᠦᠵᠡᠰᠭᠦᠯᠡᠩ ᠤᠨ ᠴᠤᠭᠯᠠᠭᠠᠨ ᠳᠤ ᠤᠷᠢᠬᠳᠠᠨ ᠤᠷᠤᠯᠴᠠᠵᠤ ᠪᠠᠶᠢᠬᠤ ᠳᠠᠭᠠᠨ ᠪᠢᠳᠡ ᠮᠠᠰᠢ ᠦᠩᠭᠡ ᠭᠡᠷᠡᠯᠳᠠᠢ ᠰᠠᠨᠠᠭᠳᠠᠵᠦ ᠪᠠᠶᠢᠨ᠎ᠠ᠂ ᠡᠨᠡ ᠨᠢ ᠡᠯ᠎ᠠ ᠤᠯᠤᠰ ᠤᠨ ᠳᠤᠮᠳᠠᠳᠤ ᠳᠤ ᠰᠠᠭᠤᠭ᠎ᠠ ᠡᠯᠴᠢᠨ ᠰᠠᠶᠢᠳ ᠤᠨ ᠦᠪᠦᠷ ᠮᠤᠩᠭᠤᠯ ᠢ ᠨᠡᠩ ᠰᠠᠶᠢᠨ ᠤᠢᠢᠯᠠᠭᠠᠬᠤ ᠳᠤ ᠮᠠᠰᠢ ᠰᠠᠶᠢᠨ ᠠᠵᠠ ᠳᠤᠬᠢᠶᠠᠯ ᠬᠠᠩᠭᠠᠪᠠ᠃ ᠪᠢᠳᠡ ᠳᠤᠮᠳᠠᠳᠤ ᠳᠤ ᠰᠠᠭᠤᠭ᠎ᠠ ᠡᠯᠴᠢᠨ ᠰᠠᠶᠢᠳ ᠤᠨ ᠬᠤᠶᠠᠷ ᠲᠠᠯ᠎ᠠ ᠶᠢᠨ ᠬᠠᠷᠢᠯᠴᠠᠭ᠎ᠠ ᠳᠤ ᠦᠵᠡᠭᠦᠯᠬᠦ ᠬᠦᠭᠦᠷᠭᠡ ᠪᠠ ᠬᠤᠯᠪᠤᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠠ ᠬᠤᠯᠪᠤᠭᠳᠠᠯ ᠪᠦᠬᠦᠢ ᠤᠯᠤᠰ ᠪᠤᠯᠤᠨ ᠦᠪᠦᠷ ᠮᠤᠩᠭᠤᠯ ᠤᠨ ᠬᠠᠮᠳᠤᠷᠠᠯᠴᠠᠭ᠎ᠠ ᠶᠢ ᠠᠬᠢᠭᠤᠯᠬᠤ ᠳᠤ ᠢᠳᠡᠪᠬᠢᠳᠠᠢ ᠬᠤᠪᠢ ᠨᠡᠮᠡᠷᠢ ᠦᠵᠡᠭᠦᠯᠦᠨ᠎ᠠ ᠭᠡᠵᠤ ᠬᠡᠯᠡᠪᠡ᠃      ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠸᠠᠩ ᠯᠢ ᠰᠢᠶᠠ᠂ ᠵᠠᠩ ᠱᠤᠤ ᠴᠦᠨ᠂ ᠠᠢ ᠯᠢ ᠬᠤᠸᠡ ᠠᠭᠤᠯᠵᠠᠯᠳᠠ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号