ᠭᠤᠷᠪᠠᠳᠤᠭᠠᠷ ᠬᠤᠭᠤᠴᠠᠭᠠᠨ ᠤ ᠳᠤᠮᠳᠠᠳᠤ ᠮᠤᠩᠭᠤᠯ ᠤᠨ ᠤᠯᠠᠨ ᠤᠯᠤᠰ ᠤᠨ ᠰᠤᠶᠤᠯ ᠤᠨ ᠰᠤᠯᠢᠯᠴᠠᠭᠠᠨ | ᠤ ᠠᠵᠢᠯᠯᠠᠭᠠᠨ ᠤ ᠭᠠᠷᠠᠭ ᠤᠨ ᠡᠬᠢᠯᠡᠯᠳᠠ ᠶᠢᠨ ᠶᠤᠰᠤᠯᠠᠯ ᠤᠨ ᠦᠳᠡᠰᠢᠯᠡᠭᠡ ᠦᠪᠡᠳᠡᠭᠰᠢ ᠶᠡᠭᠡ ᠪᠠᠷ ᠶᠠᠪᠤᠬᠳᠠᠪᠠ | ᠪᠠᠳᠮᠠᠫᠷᠡᠩᠯᠠᠢ ᠦ᠊ · ᠡᠩᠭᠡᠳᠦ᠋ᠪᠰᠢᠨ ᠯᠢ ᠵᠢᠢ ᠾᠧᠩ ᠪᠦ᠋ ᠰᠢᠶᠤᠤ ᠯᠢᠨ ᠨᠠᠷ ᠦᠳᠡᠰᠢᠯᠡᠭᠡ ᠶᠢ | ᠰᠤᠨᠢᠷᠬᠠᠵᠠᠢ | ᠨᠠᠮᠤᠷ ᠤᠨ ᠰᠠᠯᠬᠢ ᠰᠡᠪᠢᠯᠵᠡᠨ᠂ ᠡᠭᠡ ᠭᠠᠵᠠᠷ ᠰᠢᠷᠭᠠᠯ ᠦᠩᠭᠡ ᠪᠠᠷ ᠬᠤᠴᠢᠬᠳᠠᠨᠠ᠃ 9 ᠰᠠᠷ᠎ᠠ ᠶᠢᠨ 5 ᠤ | ᠤᠷᠤᠢ᠂ ᠤᠯᠠᠭᠠᠨᠴᠠᠪ ᠬᠤᠳᠠ ᠶᠢᠨ ᠪᠡᠶ᠎ᠠ ᠶᠢᠨ ᠲᠠᠮᠢᠷ ᠤᠨ ᠤᠷᠳᠤᠨ ᠳᠤ ᠦᠩᠭᠡᠳᠦ ᠳ᠋ᠧᠩ ᠭᠡᠷᠡᠯᠳᠦᠵᠦ᠂ ᠲᠦᠷᠪᠡᠨ | ᠵᠦᠭ ᠤᠨ ᠵᠤᠴᠢᠳ ᠬᠤᠷᠠᠨ ᠴᠤᠭᠯᠠᠷᠠᠭᠠᠳ᠂ ᠭᠤᠷᠪᠠᠳᠤᠭᠠᠷ ᠬᠤᠭᠤᠴᠠᠭᠠᠨ ᠤ ᠳᠤᠮᠳᠠᠳᠤ ᠮᠤᠩᠭᠤᠯ ᠤᠨ ᠤᠯᠠᠨ | ᠤᠯᠤᠰ ᠤᠨ ᠰᠤᠶᠤᠯ ᠤᠨ ᠰᠤᠯᠢᠯᠴᠠᠭᠠᠨ ᠤ ᠠᠵᠢᠯᠯᠠᠭᠠᠨ ᠤ ᠭᠠᠷᠠᠭ ᠤᠨ ᠡᠬᠢᠯᠡᠯᠳᠠ ᠶᠢᠨ ᠶᠤᠰᠤᠯᠠᠯ ᠤᠨ | ᠦᠳᠡᠰᠢᠯᠡᠭᠡ ᠠᠳᠡ ᠦᠪᠡᠳᠡᠭᠰᠢ ᠶᠡᠭᠡ ᠪᠠᠷ ᠶᠠᠪᠤᠭᠳᠠᠵᠠᠢ᠃ | ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠳᠡᠳ᠋ ᠬᠤᠷᠢᠶᠠᠨ ᠳᠠᠷᠤᠭ᠎ᠠ ᠪᠠᠳᠮᠠᠫᠷᠠᠩᠯᠠᠢ᠂ ᠮᠤᠩᠭᠤᠯ ᠤᠯᠤᠰ ᠤᠨ ᠳᠡᠳ᠋ ᠶᠡᠷᠦᠩᠭᠡᠢ ᠰᠠᠶᠢᠳ ᠦ᠊ · ᠡᠩᠭᠡᠳᠦ᠋ᠪᠰᠢᠨ᠂ | ᠦᠪᠡᠷᠲᠡᠭᠡᠨ ᠵᠠᠰᠠᠬᠤ ᠤᠷᠤᠨ ᠤ ᠤᠳᠤᠷᠢᠳᠤᠯᠭ᠎ᠠ ᠯᠢ ᠵᠢᠢ ᠾᠧᠩ᠂ ᠪᠦ᠋ ᠰᠢᠶᠤᠤ ᠯᠢᠨ᠂ ᠸᠠᠩ ᠯᠢ ᠰᠢᠶᠠ᠂ ᠮᠠ | ᠰᠢᠤᠸᠠᠢ ᠵᠢᠶᠦ᠋ᠨ᠂ ᠵᠠᠩ ᠱᠤᠤ ᠴᠦᠨ᠂ ᠾᠧ ᠶᠠᠨ ᠯᠢᠩ᠂ ᠠᠢ ᠯᠢ ᠬᠤᠸᠠ᠂ ᠡᠸᠦ ᠶᠠᠩ ᠰᠢᠶᠤᠤ ᠬᠤᠢ᠂ ᠯᠢ | ᠪᠢᠩ ᠷᠦᠩ᠂ ᠪᠤᠤ ᠭᠠᠩ᠂ ᠵᠧᠩ ᠬᠤᠩ ᠹᠠᠨ᠂ ᠯᠢᠦ ᠰᠢᠨ ᠯᠧ᠂ ᠬᠤᠳᠠᠯᠳᠤᠭᠠᠨ ᠤ ᠶᠠᠪᠤᠳᠠᠯ ᠤᠨ ᠶᠠᠮᠤᠨ ᠤ | ᠳᠡᠳ᠋ ᠰᠠᠶᠢᠳ ᠸᠠᠩ ᠪᠢᠩ ᠨᠠᠨ᠂ ᠮᠤᠩᠭᠤᠯ ᠤᠯᠤᠰ ᠲᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠰᠢᠩ | ᠬᠠᠢ ᠮᠢᠩ ᠨᠠᠷ ᠲᠤᠭᠯᠠᠯᠳᠠ ᠶᠢ ᠰᠤᠨᠢᠷᠬᠠᠪᠠ᠃ | 2019 ᠤᠨ ᠪᠤᠯ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ | ᠤᠢ ᠪᠤᠯᠬᠤ ᠪᠦᠭᠡᠳ ᠳᠤᠮᠳᠠᠳᠤ ᠮᠤᠩᠭᠤᠯ ᠤᠨ ᠬᠠᠷᠢᠯᠴᠠᠭ᠎ᠠ ᠪᠠᠶᠢᠭᠤᠯᠤᠭᠰᠠᠨ 70 ᠵᠢᠯ ᠤᠨ ᠤᠢ ᠪᠤᠯᠤᠨ᠎ᠠ᠃ | ᠦᠳᠡᠰᠢᠯᠡᠭᠡ ᠨᠢ ︽ᠦᠨᠡᠨᠴᠢ ᠢᠳᠡᠭᠡᠮᠵᠢᠳᠠᠢ ᠬᠠᠷᠠᠭᠠᠯᠵᠠᠨ ᠪᠠᠭᠳᠠᠭᠠᠵᠦ ᠬᠠᠷᠢᠯᠴᠠᠨ ᠠᠰᠢᠬᠳᠠᠢ ᠬᠠᠮᠳᠤ ᠪᠠᠷ ᠠᠰᠢᠬ | ᠬᠦᠷᠳᠡᠨ᠎ᠠ︾ ᠪᠠᠷ ᠭᠤᠤᠯ ᠰᠡᠳᠦᠪ ᠪᠤᠯᠭᠠᠵᠦ᠂ ︽ᠦᠵᠡᠰᠭᠦᠯᠡᠩᠲᠦ ᠰᠠᠶᠢᠬᠠᠨ︾ ︽ᠡᠪ ᠨᠠᠶᠢᠷᠠᠮᠳᠠᠯ︾ | ︽ᠮᠠᠬᠳᠠᠭᠠᠯ︾ 3 ᠪᠦᠯᠦᠭ ᠬᠤᠪᠢᠶᠠᠵᠦ᠂ 70 ᠵᠢᠯ ᠤᠨ ᠲᠤᠷᠰᠢᠬᠢ ᠳᠤᠮᠳᠠᠳᠤ ᠮᠤᠩᠭᠤᠯ ᠬᠤᠶᠠᠷ ᠤᠯᠤᠰ ᠤᠨ | ᠠᠷᠠᠳ ᠲᠦᠮᠡᠨ ᠰᠤᠶᠤᠯ ᠤᠨ ᠰᠤᠯᠢᠯᠴᠠᠭ᠎ᠠ ᠪᠤᠯᠤᠨ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠳᠤᠮᠳᠠ ᠪᠠᠨ ᠬᠦᠨ | ᠵᠤᠵᠠᠭᠠᠨ ᠨᠦᠬᠦᠷᠯᠡᠯ ᠪᠠᠶᠢᠭᠤᠯᠤᠭᠰᠠᠨ ᠢ ᠳᠡᠯᠭᠡᠨ ᠦᠵᠡᠬᠦᠯᠵᠦ᠂ ᠦᠳᠡᠰᠢᠯᠡᠭᠡ ᠶᠢᠨ ᠭᠤᠤᠯ ᠰᠡᠳᠦᠪ ᠢ | ᠠᠮᠢᠳᠤᠯᠢᠭ ᠢᠶᠠᠷ ᠲᠠᠶᠢᠯᠪᠤᠷᠢᠯᠠᠵᠠᠢ᠃ | ᠢᠷᠠᠭᠤ ᠰᠠᠶᠢᠬᠠᠨ ᠠᠶ᠎ᠠ ᠳᠠᠭᠤᠤ ᠬᠠᠶᠢᠷ᠎ᠠ ᠰᠡᠳᠭᠢᠯᠭᠡ ᠶᠢ ᠳᠠᠮᠵᠢᠭᠤᠯᠵᠤ᠂ ᠤᠶᠠᠩᠭᠠᠳᠤ ᠰᠠᠶᠢᠬᠠᠨ ᠠᠶᠠᠯᠭᠤ | ᠡᠭᠡᠰᠢᠭᠯᠡᠩ ᠬᠦᠮᠦᠰ ᠤᠨ ᠰᠡᠳᠭᠢᠯ ᠢ ᠰᠤᠭᠳᠤᠭᠤᠷᠠᠭᠤᠯᠵᠤ᠂ ᠤᠷᠠᠨ ᠭᠤᠸ᠎ᠠ ᠪᠦᠵᠢᠭ ᠡᠴᠢᠨ᠎ᠠ ᠭᠦᠨ ᠤᠳᠬ᠎ᠠ | ᠤᠴᠢᠷ ᠢ ᠬᠠᠷᠠᠭᠤᠯᠤᠨ᠎ᠠ᠃ ᠦᠳᠡᠰᠢᠯᠡᠭᠡ ᠨᠢ ᠳᠠᠭᠤᠤ ᠪᠦᠵᠢᠭ ︽ᠲᠠᠯ᠎ᠠ ᠨᠤᠲᠤᠭ ᠤᠨ ᠲᠤᠷᠭᠠᠨ ᠵᠠᠮ · | ᠤᠯᠠᠭᠠᠨᠴᠠᠪ︾ ᠢᠶᠠᠷ ᠬᠦᠰᠢᠭᠡ ᠪᠠᠨ ᠰᠡᠬᠦᠵᠠᠢ᠃ ᠬᠦᠭᠵᠢᠮ ᠬᠠᠪᠰᠤᠷᠭᠠᠭᠰᠠᠨ ᠦᠭᠡᠢ ᠨᠠᠶᠢᠷᠠᠯ ᠳᠠᠭᠤᠤ ︽ᠨᠠᠢᠮᠠᠨ | ᠰᠢᠷᠭ᠎ᠠ ᠶᠢᠨ ᠮᠠᠭᠳᠠᠭᠠᠯ︾᠂ ᠳᠦᠷᠪᠡᠭᠡᠯᠡᠯ ᠳᠠᠭᠤᠤ ︽ᠨᠦᠬᠦᠷᠯᠡᠯ ᠤᠨ ᠰᠤᠯᠤᠩᠭ᠎ᠠ︾᠂ ᠪᠦᠵᠢᠭ ︽ᠦᠯᠵᠡᠶᠢᠲᠦ | ᠰᠤᠯᠤᠩᠭ᠎ᠠ︾᠂ ᠳᠠᠭᠤᠤ ᠬᠦᠭᠵᠢᠮᠲᠦ ᠤᠷᠠᠨ ᠨᠤᠭᠤᠷᠠᠯᠲᠠ ᠶᠢᠨ ᠲᠤᠭᠯᠠᠯᠲᠠ ︽ᠮᠠᠯᠴᠢᠨ ᠤ ᠳᠠᠭᠤᠯᠠᠯ︾᠂ ᠤᠷᠤᠰ | ᠤᠨ ᠨᠡᠷᠡᠳᠤ ᠴᠡᠭᠡᠯ ᠬᠤᠭᠤᠯᠠᠢ ᠶᠢᠨ ᠳᠠᠭᠤᠴᠢᠨ ᠸᠢᠲ᠋ᠠᠰ ᠤᠨ ᠳᠠᠭᠤᠯᠠᠭᠰᠠᠨ ︽ᠳᠠᠭᠤᠯᠠᠯᠳᠤ ᠵᠦᠴᠦᠭᠡ 2︾᠂ | ᠮᠤᠷᠢᠨ ᠬᠤᠭᠤᠷ ᠤᠨ ᠨᠠᠶᠢᠷᠠᠯ ᠬᠦᠭᠵᠢᠮ ︽ᠨᠦᠢᠷ ᠠᠴᠠ ᠰᠡᠷᠡᠭᠰᠡᠨ ᠲᠠᠯ᠎ᠠ ᠨᠤᠲᠤᠭ︾᠂ ᠵᠡᠪᠰᠡᠭ ᠤᠨ ᠡᠷᠳᠡᠮ | ᠪᠤᠯᠤᠨ ᠠᠷᠰᠯᠠᠨ ᠤ ᠲᠤᠭᠯᠠᠯᠳᠠ ︽ᠰᠦᠷ ᠵᠢᠪᠬᠤᠭ᠎ᠠ︾ ᠁ ᠵᠡᠷᠭᠡ ᠲᠤᠭᠯᠠᠯᠳᠠ ᠨᠢ ᠦᠵᠡᠭᠴᠢᠳ ᠤᠨ | ᠪᠠᠭ᠋ᠠᠷᠬᠠᠯ ᠢ ᠲᠠᠲᠠᠵᠤ᠂ ᠳᠤᠮᠳᠠᠳᠤ ᠮᠤᠩᠭᠤᠯ ᠤᠷᠤᠰ ᠭᠤᠷᠪᠠᠨ ᠤᠯᠤᠰ ᠤᠨ ᠤᠷᠠᠯᠢᠭᠴᠢᠳ ᠨᠢᠭᠡ ᠲᠠᠶᠢᠰᠠᠨ᠎ᠠ | ᠲᠤᠭᠯᠠᠵᠤ᠂ ᠳᠠᠭᠤᠤ᠂ ᠪᠦᠵᠢᠭ᠂ ᠬᠦᠭᠵᠢᠮᠳᠡᠭᠦᠷ᠂ ᠤᠷᠠᠨ ᠨᠤᠭᠤᠷᠠᠯᠲᠠ᠂ ᠵᠡᠪᠰᠡᠭ ᠤᠨ ᠡᠷᠳᠡᠮ᠂ ᠠᠷᠰᠯᠠᠨ | ᠲᠤᠭᠯᠠᠬᠤ ᠵᠡᠷᠭᠡ ᠤᠯᠠᠨ ᠬᠡᠯᠪᠡᠷᠢ ᠪᠠᠷ ᠳᠤᠮᠳᠠᠳᠤ ᠭᠠᠳᠠᠭᠠᠳᠤ ᠶᠢᠨ ᠵᠤᠴᠢᠳ ᠲᠤ ᠦᠨᠳᠦᠰᠦᠳᠡᠨ ᠤ ᠤᠨᠴᠠᠯᠢᠭ ᠢᠶᠠᠷ | ᠪᠢᠯᠬᠠᠭᠰᠠᠨ ᠦᠨᠳᠦᠷ ᠲᠦᠪᠰᠢᠨ ᠪᠦᠬᠦᠢ ᠰᠤᠶᠤᠯ ᠤᠨ ᠦᠪᠡᠳᠡᠭᠰᠢ ᠨᠠᠶᠢᠷ ᠢ ᠡᠷᠭᠦᠨ ᠳᠡᠪᠰᠢᠭᠦᠯᠪᠡ᠃ | ᠦᠳᠡᠰᠢᠯᠡᠭᠡ ᠨᠢ ︽ᠢᠷᠡᠭᠡᠳᠦᠢ ᠶᠢ ᠵᠤᠷᠢᠨ ᠲᠠᠯ᠎ᠠ ᠨᠤᠲᠤᠭ ᠢᠶᠠᠷ ᠬᠠᠮᠳᠦ ᠪᠠᠷ ᠠᠶᠠᠯᠠᠶ᠎ᠠ︾ ᠭᠡᠬᠦ ᠤᠶᠠᠩᠭᠠᠲᠦ | ᠳᠠᠭᠤᠤ ᠶᠢᠨ ᠳᠤᠮᠳᠠ ᠦᠨᠳᠦᠷᠯᠡᠪᠡ᠃ ᠦᠵᠡᠭᠴᠢᠳ ᠨᠠᠷᠢᠯᠢᠭ ᠲᠤᠬᠢᠷᠠᠭᠤᠯᠤᠭᠰᠠᠨ ᠦᠳᠡᠰᠢᠯᠡᠭᠡ ᠪᠤᠯᠤᠨ ᠭᠤᠶᠢᠲᠠ | ᠰᠠᠶᠢᠬᠠᠨ ᠲᠤᠭᠯᠠᠯᠲᠠ ᠳᠤ ᠤᠷᠮ᠎ᠠ ᠰᠡᠳᠬᠢᠯ ᠳᠠᠳᠠᠭᠳᠠᠵᠤ᠂ ᠪᠠᠶᠢᠨ ᠳᠠᠬᠢᠨ ᠬᠠᠯᠠᠭᠤᠨ ᠢᠶᠠᠷ ᠠᠯᠠᠭ᠎ᠠ ᠲᠠᠰᠢᠨ | ᠤᠤᠬᠠᠢᠢᠯᠠᠵᠤ ᠪᠠᠶᠢᠯ᠎ᠠ᠃ | ᠤᠢᠢᠯᠠᠭᠠᠭᠰᠠᠨ ᠢᠶᠠᠷ᠂ ᠲᠤᠰ ᠦᠳᠡᠰᠢᠯᠡᠭᠡ ᠪᠤᠯ ᠭᠤᠷᠪᠠᠳᠤᠭᠠᠷ ᠬᠤᠭᠤᠴᠠᠭᠠᠨ ᠤ ᠳᠤᠮᠳᠠᠳᠤ ᠮᠤᠩᠭᠤᠯ ᠤᠨ | ᠤᠯᠠᠨ ᠤᠯᠤᠰ ᠤᠨ ᠰᠤᠶᠤᠯ ᠤᠨ ᠰᠤᠯᠢᠯᠴᠠᠭᠠᠨ ᠤ ᠠᠵᠢᠯᠯᠠᠭᠠᠨ ᠤ ᠭᠠᠷᠠᠭ ᠤᠨ ᠴᠢᠬᠤᠯᠠ ᠨᠢᠭᠡ ᠠᠵᠢᠯᠯᠠᠭ᠎ᠠ | ᠪᠤᠯᠤᠨ᠎ᠠ᠃ ᠠᠵᠢᠯᠯᠠᠭᠠᠨ ᠤ ᠭᠠᠷᠠᠭ ᠤᠨ ᠬᠤᠭᠤᠴᠠᠭᠠᠨ ᠳᠤ᠂ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ · | ᠤᠯᠠᠨ ᠤᠯᠤᠰ ᠤᠨ ᠮᠤᠩᠭᠤᠯ ᠪᠦᠵᠢᠭ ᠤᠨ ᠤᠷᠠᠯᠢᠭ ᠤᠨ ᠦᠵᠡᠭᠦᠯᠭᠡ᠂ ︽ᠨᠢᠭᠡ ᠪᠦᠰᠡ ᠨᠢᠭᠡ ᠵᠠᠮ︾ ᠳᠠᠭᠠᠤ | ᠤᠯᠤᠰ ᠤᠳ ᠤᠨ ᠠᠩᠬᠠᠳᠤᠭᠠᠷ ᠬᠤᠭᠤᠴᠠᠭᠠᠨ ᠤ ᠠᠮᠲᠠᠲᠦ ᠢᠳᠡᠭᠡᠨ ᠤ ᠰᠤᠶᠤᠯ ᠤᠨ ᠨᠠᠶᠢᠷ᠂ ᠲᠤᠷᠭᠠᠨ ᠵᠠᠮ | ᠪᠤᠯᠤᠨ ᠶᠤᠸᠠᠨ ᠤ ᠬᠦᠬᠡ ᠱᠠᠭᠠᠵᠠᠩ ᠤᠨ ᠤᠯᠠᠨ ᠤᠯᠤᠰ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ | ᠬᠤᠷᠠᠯ᠂ ᠵᠡᠭᠦᠨ ᠬᠤᠶᠢᠳᠤ ᠠᠽᠢᠶ᠎ᠠ ᠶᠢᠨ ᠤᠯᠤᠰ ᠤᠳ ᠤᠨ ᠲᠤᠰᠤᠨ ᠪᠤᠲᠤᠭ ᠤᠨ ᠵᠢᠷᠤᠭ ᠤᠨ ᠦᠵᠡᠭᠦᠯᠭᠡ᠂ | ᠮᠤᠩᠭᠤᠯ ᠤᠯᠤᠰ ᠤᠨ ᠳᠠᠭᠤᠯᠠᠯᠳᠤ ᠵᠦᠴᠦᠭᠡ ︽ᠤᠴᠢᠷ ᠲᠠᠢ ᠭᠤᠷᠪᠠᠨ ᠲᠤᠯᠤᠭᠠᠢ︾ ᠶᠢᠨ ᠲᠤᠭᠯᠠᠯᠳᠠ ᠵᠡᠷᠭᠡ | ᠠᠵᠢᠯᠯᠠᠭ᠎ᠠ ᠶᠢ ᠡᠷᠬᠢᠯᠡᠬᠦ ᠪᠤᠯᠤᠨ᠎ᠠ᠃ |