ᠦᠪᠡᠷᠳᠡᠬᠡᠨ ᠵᠠᠰᠠᠬᠤ ᠣᠷᠣᠨ ᠤ ᠵᠠᠰᠠᠭ ᠤᠨ ᠣᠷᠳᠣᠨ ᠤ 17 ᠳ᠋ᠣᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2019/9/6
     8 ᠰᠠᠷ᠎ᠠ ᠶᠢᠨ 29 ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠥ᠂ ᠦᠪᠡᠷᠳᠡᠬᠡᠨ ᠵᠠᠰᠠᠬᠤ ᠤᠷᠤᠨ ᠤ ᠬᠦᠯ ᠪᠦᠮᠪᠦᠭᠡ ᠶᠢᠨ ᠰᠫᠤᠷᠲ ᠤᠨ ᠦᠬᠡᠷᠡᠴᠢᠯᠡᠯᠳᠡ ᠬᠦᠭᠵᠢᠬᠦᠯᠦᠯᠳᠡ ᠶᠢᠨ ᠳᠤᠷᠰᠢᠯᠳᠠ ᠶᠢᠨ ᠴᠡᠭ ᠤᠨ ᠪᠠᠶᠢᠳᠠᠯ ᠪᠤᠯᠤᠨ ᠠᠷᠪᠠᠨ ᠳᠦᠷᠪᠡᠳᠦᠬᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠳᠠᠮᠢᠷ ᠤᠨ ᠴᠤᠬᠯᠠᠭᠠᠨ ᠤ ᠪᠡᠯᠡᠳᠬᠡᠯ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠤᠨᠤᠰᠴᠠᠢ᠃      ᠬᠤᠷᠠᠯ ᠳᠤ᠂ ᠬᠦᠯ ᠪᠦᠮᠪᠦᠭᠡ ᠶᠢᠨ ᠰᠫᠤᠷᠲ ᠤᠨ ᠦᠬᠡᠷᠡᠴᠢᠯᠡᠯᠳᠡ ᠬᠦᠭᠵᠢᠬᠦᠯᠦᠯᠳᠡ ᠶᠢᠨ ᠳᠤᠷᠰᠢᠯᠳᠠ ᠶᠢᠨ ᠴᠡᠭ ᠤᠨ ᠠᠵᠢᠯ ᠪᠤᠯ ᠨᠠᠮ ᠤᠨ ᠳᠦᠪ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶ᠎ᠠ ᠠᠴᠠ ᠮᠠᠨ ᠤ ᠤᠷᠤᠨ ᠳᠤ ᠪᠠᠶᠢᠷᠢᠯᠠᠭᠤᠯᠵᠥ ᠦᠭᠭᠦᠭᠰᠡᠨ ᠨᠢᠬᠡ ᠴᠢᠬᠤᠯᠠ ᠡᠬᠦᠷᠬᠡ ᠪᠤᠯᠤᠨ᠎ᠡ᠂ ᠦᠪᠡᠷᠳᠡᠬᠡᠨ ᠵᠠᠰᠠᠬᠤ ᠤᠷᠤᠨ ᠤ ᠪᠡᠶ᠎ᠡ ᠶᠢᠨ ᠳᠠᠮᠢᠷ ᠤᠨ ᠳᠤᠪᠴᠢᠶ᠎ᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠤᠯᠤᠰ ᠤᠨ ᠶᠡᠷᠦᠩᠬᠡᠢ ᠳᠦᠰᠦᠯ ᠪᠤᠯᠤᠨ ᠦᠪᠡᠷᠳᠡᠬᠡᠨ ᠵᠠᠰᠠᠬᠤ ᠤᠷᠤᠨ ᠤ ᠬᠡᠷᠡᠭᠵᠢᠬᠦᠯᠬᠦ ᠰᠠᠨᠠᠯ ᠢᠶᠠᠷ ᠪᠠᠷᠢᠮᠵᠢᠶ᠎ᠠ ᠪᠤᠯᠭᠠᠵᠤ᠂ ᠤᠷᠤᠰᠢᠵᠥ ᠪᠠᠶᠢᠭ᠎ᠠ ᠠᠰᠠᠭᠤᠳᠠᠯ ᠪᠤᠯᠤᠨ ᠵᠦᠷᠢᠶ᠎ᠠ ᠪᠠᠨ ᠡᠮᠬᠢᠯᠡᠨ᠂ ᠪᠦᠳᠦᠮᠵᠢᠳᠡᠢ ᠠᠷᠭ᠎ᠠ ᠬᠡᠮᠵᠢᠶ᠎ᠠ ᠠᠪᠴᠤ᠂ ᠠᠵᠢᠯ ᠤᠨ ᠳᠤᠳᠠᠭᠤᠳᠠᠯ ᠢᠶᠠᠨ ᠴᠠᠬ ᠳᠤᠬᠠᠢ ᠳᠤᠨᠢ ᠨᠦᠬᠦᠪᠦᠷᠢᠯᠡᠬᠦ ᠬᠡᠷᠡᠭᠳᠡᠢ᠃ ᠳᠤᠷᠰᠢᠯᠳᠠ ᠶᠢᠨ ᠴᠡᠭ ᠤᠨ ᠠᠵᠢᠯ ᠳᠤ ᠮᠠᠨ ᠤ ᠤᠷᠤᠨ ᠤ ᠪᠤᠳᠠᠳᠤ ᠪᠠᠶᠢᠳᠠᠯ ᠠᠴᠠ ᠭᠠᠷᠳᠠᠵᠤ᠂ ᠬᠦᠯ ᠪᠦᠮᠪᠦᠭᠡ ᠶᠢᠨ ᠰᠫᠤᠷᠲ ᠤᠨ ᠬᠦᠭᠵᠢᠯᠳᠡ ᠶᠢᠨ ᠵᠢᠮ᠎ᠡ ᠶᠤᠰᠤ ᠶᠢ ᠵᠢᠷᠤᠮᠯᠠᠨ᠂ ᠤᠯᠤᠰ ᠤᠨ ᠳᠤᠳᠤᠭᠠᠳᠤ ᠭᠠᠳᠠᠭᠠᠳᠤ ᠶᠢᠨ ᠳᠡᠷᠢᠬᠦᠨ ᠤ ᠳᠤᠷᠰᠢᠯᠭ᠎ᠠ ᠶᠢ ᠢᠳᠡᠪᠬᠢᠳᠡᠢ ᠰᠤᠷᠤᠯᠴᠠᠨ ᠳᠤᠯᠢᠳᠠᠵᠥ᠂ ᠴᠢᠳᠠᠪᠤᠷᠢᠳᠠᠨ ᠢ ᠬᠦᠮᠦᠵᠢᠬᠦᠯᠬᠦ᠂ ᠰᠢᠯᠢᠨ ᠰᠤᠩᠭᠤᠬᠤ᠂ ᠤᠷᠤᠭᠤᠯᠵᠤ ᠠᠪᠴᠢᠷᠠᠬᠤ ᠵᠢᠴᠢ ᠤᠷᠤᠯᠳᠤᠭᠠᠨ ᠡᠷᠬᠢᠯᠡᠬᠦ ᠵᠡᠷᠬᠡ ᠪᠠᠶᠢᠭᠤᠯᠤᠮᠵᠢ ᠳᠤᠬᠳᠠᠴᠠ ᠶᠢ ᠴᠢᠨᠡᠬᠰᠢᠳᠠ ᠳᠡᠬᠦᠯᠳᠡᠷᠵᠢᠬᠦᠯᠵᠥ᠂ ᠪᠦᠬᠦ ᠤᠷᠤᠨ ᠤ ᠬᠦᠯ ᠪᠦᠮᠪᠦᠭᠡ ᠶᠢᠨ ᠰᠫᠤᠷᠲ ᠤᠨ ᠦᠬᠡᠷᠡᠴᠢᠯᠡᠯᠳᠡ ᠬᠦᠭᠵᠢᠬᠦᠯᠦᠯᠳᠡ ᠶᠢᠨ ᠰᠢᠨ᠎ᠡ ᠦᠷ᠎ᠡ ᠪᠦᠳᠦᠮᠵᠢ ᠤᠯᠬᠤ ᠶᠢ ᠳᠠᠰᠤᠷᠠᠯᠳᠠ ᠦᠬᠡᠢ ᠠᠬᠢᠭᠤᠯᠵᠥ᠂ ᠪᠦᠬᠦ ᠤᠯᠤᠰ ᠲᠤ ᠠᠰᠢᠬᠳᠠᠢ ᠳᠤᠷᠰᠢᠯᠭ᠎ᠠ ᠬᠠᠩᠭᠠᠬᠤ ᠪᠠᠷ ᠴᠢᠷᠮᠠᠶᠢᠬᠤ ᠬᠡᠷᠡᠭᠳᠡᠢ ᠬᠡᠵᠥ ᠵᠢᠭᠠᠵᠥ ᠭᠠᠷᠭᠠᠪᠠ᠃      ᠬᠤᠷᠠᠯ ᠠᠴᠠ᠂ ᠠᠷᠪᠠᠨ ᠳᠦᠷᠪᠡᠳᠦᠬᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠳᠠᠮᠢᠷ  ᠤᠨ ᠴᠤᠬᠯᠠᠭᠠᠨ ᠡᠬᠢᠯᠡᠬᠦ ᠪᠤᠯᠳᠠᠯ᠎ᠠ 5 ᠰᠠᠷ᠎ᠠ ᠭᠠᠷᠤᠢ ᠶᠢᠨ ᠬᠤᠭᠤᠴᠠᠭ᠎ᠠ ᠪᠤᠢ᠂ ᠡᠯ᠎ᠡ ᠠᠵᠢᠯᠯᠠᠬᠤ ᠳᠤᠭᠤᠢᠢᠯᠠᠩ᠂ ᠡᠯ᠎ᠡ ᠤᠷᠤᠯᠳᠤᠭᠠᠨ ᠤ ᠳᠤᠭᠤᠷᠢᠭ ᠨᠢ ᠤᠯᠤᠰ ᠤᠨ ᠬᠠᠮᠢᠶ᠎ᠠ ᠪᠦᠬᠦᠢ ᠱᠠᠭᠠᠷᠳᠠᠯᠭ᠎ᠠ ᠪᠤᠯᠤᠨ ᠪᠠᠷᠢᠮᠵᠢᠶ᠎ᠠ ᠲᠠᠢ ᠨᠢᠬᠡᠳ ᠨᠢᠬᠡ ᠪᠠᠷ ᠪᠠᠷᠢᠮᠵᠢᠶᠠᠯᠠᠨ᠂ ᠤᠷᠤᠰᠢᠵᠥ ᠪᠠᠶᠢᠭ᠎ᠠ ᠵᠦᠷᠢᠶ᠎ᠠ ᠪᠤᠯᠤᠨ ᠠᠰᠠᠭᠤᠳᠠᠯ ᠢᠶᠠᠨ ᠪᠠᠶᠢᠴᠠᠭᠠᠨ ᠡᠷᠢᠵᠥ᠂ ᠴᠠᠬ ᠳᠤᠬᠠᠢ ᠳᠤᠨᠢ ᠰᠤᠳᠤᠯᠤᠨ ᠰᠢᠢᠳᠪᠦᠷᠢᠯᠡᠵᠥ᠂ ᠠᠵᠢᠯ ᠢ ᠳᠤᠭᠤᠰᠢᠳᠠᠢ ᠬᠢᠬᠦ ᠶᠢ ᠪᠠᠳᠤᠯᠠᠬᠤ ᠬᠡᠷᠡᠭᠳᠡᠢ᠃ ᠡᠯ᠎ᠠ ᠬᠠᠮᠢᠶ᠎ᠠ ᠪᠦᠬᠦᠢ ᠭᠠᠵᠠᠷ ᠤᠷᠤᠨ ᠪᠤᠯᠤᠨ ᠰᠠᠯᠠᠭ᠎ᠠ ᠮᠦᠴᠢᠷ ᠤᠨ ᠬᠢᠨ ᠠᠷᠪᠠᠨ ᠳᠦᠷᠪᠡᠳᠦᠬᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠳᠠᠮᠢᠷ ᠤᠨ ᠴᠤᠬᠯᠠᠭᠠᠨ ᠢ ᠰᠠᠶᠢᠳᠤᠷ ᠪᠡᠯᠡᠳᠬᠡᠬᠦ ᠶᠢ ᠤᠬ ᠰᠠᠨᠠᠭ᠎ᠠ ᠪᠠ ᠡᠬᠦᠷᠬᠡ ᠬᠠᠷᠢᠭᠤᠴᠠᠯᠭ᠎ᠠ ᠪᠠᠨ ᠦᠢᠯᠡᠳᠦᠯᠬᠡᠵᠢᠬᠦᠯᠬᠦ ᠪᠤᠳᠠᠳᠤ ᠠᠵᠢᠯᠯᠠᠭ᠎ᠠ ᠪᠤᠯᠭᠠᠵᠥ᠂ ︽ᠨᠢᠭᠡ ᠬᠦᠯᠬᠡ ᠰᠢᠳᠠᠷ᠎ᠠ︾ ᠪᠤᠯᠬᠤ ᠦᠵᠡᠯ ᠰᠠᠨᠠᠭ᠎ᠠ ᠶᠢ ᠪᠤᠢ ᠪᠤᠯᠭᠠᠨ᠂ ᠳᠤᠰᠢᠶᠠᠯ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠬᠡᠵᠥ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠬᠦᠷᠬᠡᠯᠡᠬᠦ ᠬᠡᠷᠡᠭᠳᠡᠢ ᠬᠡᠵᠥ ᠴᠢᠬᠤᠯᠠᠴᠢᠯᠠᠪᠠ᠃      ᠬᠤᠷᠠᠯ ᠠᠴᠠ ᠪᠠᠰᠠ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠵᠡᠨ᠎ᠡ ᠶᠢᠨ ᠳᠤᠤᠷᠠᠢ ᠶᠢᠨ ᠤᠢ ᠶᠢ ᠬᠠᠮᠠᠭᠠᠯᠠᠬᠤ ᠳᠦᠷᠢᠮ ︵ᠳᠦᠰᠦᠯ︶︾᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠰᠤᠨ ᠤ ᠪᠤᠬᠢᠷᠳᠤᠯ ᠢ ᠰᠡᠷᠬᠡᠶᠢᠯᠡᠨ ᠵᠠᠰᠠᠬᠤ ᠳᠦᠷᠢᠮ ︵ᠳᠦᠰᠦᠯ︶︾᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠬᠠᠢ ᠬᠤᠳᠠ ᠵᠢᠴᠢ ᠦᠢᠷ᠎ᠠ ᠬᠠᠪᠢ ᠶᠢᠨ ᠭᠠᠵᠠᠷ ᠤᠷᠤᠨ ᠤ ᠠᠭᠠᠷ ᠮᠠᠨᠳᠠᠯ ᠤᠨ ᠪᠤᠬᠢᠷᠳᠤᠯ ᠢ ᠰᠡᠷᠬᠡᠶᠢᠯᠡᠨ ᠵᠠᠰᠠᠬᠤ ᠳᠦᠷᠢᠮ ︵ᠳᠦᠰᠦᠯ︶︾ ᠪᠤᠯᠤᠨ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠤᠨ ᠳᠦᠷᠢᠮ ︵ᠳᠦᠰᠦᠯ︶︾ ᠢ ᠬᠢᠨᠠᠨ ᠵᠦᠪᠯᠡᠭᠰᠡᠨ ᠪᠦᠬᠡᠳ ᠵᠠᠷᠴᠢᠮ ᠳᠡᠬᠡᠷ᠎ᠡ ᠪᠠᠨ ᠪᠠᠳᠤᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号