ᠦᠪᠡᠷᠳᠡᠬᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠠᠴᠠ ᠪᠠᠨ ᠳᠠᠷᠬᠠᠯᠠᠬᠳᠠᠬᠰᠠᠨ ᠠᠵᠢᠯ ᠠᠴᠠ ᠪᠠᠨ ᠠᠮᠠᠷᠠᠬᠰᠠᠨ ᠺᠠᠳ᠋ᠷᠴᠤᠳ ᠤᠨ ᠪᠠᠶᠢᠳᠠᠯ ᠮᠡᠳᠡᠭᠳᠡᠬᠦ ᠬᠤᠷᠠᠯ ᠬᠤᠷᠠᠯᠳᠤᠪᠠ ᠮᠠ ᠰᠢᠤᠸᠠᠢ ᠵᠢᠶᠦ᠋ᠨ ᠤᠷᠤᠯᠴᠠᠵᠠᠢ
ᠨᠡᠶᠢᠲᠡᠯᠡᠭᠰᠡᠨ ᠴᠠᠭ᠄
2020/1/10
     1 ᠰᠠᠷ᠎ᠠ ᠶᠢᠨ 7᠎ ᠤ ᠡᠳᠦᠷ᠂ ᠦᠪᠡᠷᠳᠡᠬᠡᠨ ᠵᠠᠰᠠᠬᠤ ᠤᠷᠤᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠠᠴᠠ ᠪᠠᠨ ᠳᠠᠷᠬᠠᠯᠠᠬᠳᠠᠬᠰᠠᠨ ᠠᠵᠢᠯ ᠠᠴᠠ ᠪᠠᠨ ᠠᠮᠠᠷᠠᠬᠰᠠᠨ ᠺᠠᠳ᠋ᠷᠴᠤᠳ ᠤᠨ ᠪᠠᠶᠢᠳᠠᠯ ᠮᠡᠳᠡᠭᠳᠡᠬᠦ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠳᠡᠷᠢᠬᠦᠯᠡᠭᠴᠢ ᠮᠨ ᠰᠢᠤᠸᠠᠢ ᠵᠢᠶᠦ᠋ᠨ ᠬᠤᠷᠠᠯ ᠳᠤ ᠤᠷᠤᠯᠴᠠᠬᠰᠠᠨ ᠪᠦᠬᠡᠳ 2019 ᠤᠨ ᠤ ᠦᠪᠡᠷᠳᠡᠬᠡᠨ ᠵᠠᠰᠠᠬᠤ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠪᠠᠶᠢᠳᠠᠯ ᠪᠤᠯᠤᠨ 2020 ᠤᠨ ᠤ ᠭᠤᠤᠯ ᠠᠵᠢᠯ ᠤᠨ ᠳᠤᠬᠢᠷᠠᠭᠤᠯᠤᠯᠳᠠ ᠶᠢ ᠮᠡᠳᠡᠭᠳᠡᠪᠡ᠃      ᠮᠠ ᠰᠢᠤᠸᠠᠢ ᠵᠢᠶᠦ᠋ᠨ ᠡᠩ ᠳᠡᠷᠢᠬᠦᠨ ᠳᠤ ᠠᠬᠠᠮᠠᠳ ᠺᠠᠳ᠋ᠷᠴᠤᠳ ᠤᠨ ᠪᠦᠬᠦ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠳᠡ ᠶᠢ ᠬᠠᠯᠠᠭᠤᠨ ᠢᠶᠠᠷ ᠬᠠᠯᠠᠮᠵᠢᠯᠠᠵᠦ ᠶᠡᠭᠡ ᠳᠡᠮᠵᠢᠯᠬᠡ ᠦᠵᠡᠬᠦᠯᠦᠭᠰᠡᠨ ᠳᠤ ᠳᠠᠯᠠᠷᠬᠠᠵᠦ ᠪᠠᠶᠢᠬᠤ ᠪᠠᠨ ᠢᠯᠡᠳᠬᠡᠪᠡ᠃ ᠳᠡᠷᠡ᠂ 2019 ᠤᠨ ᠳᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠎ ᠤᠨ ᠳᠦᠪ ᠬᠤᠷᠢᠶᠡᠨ ᠤ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ᠂ ᠪᠦᠬᠦ ᠤᠷᠤᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠡᠶᠢᠳᠡᠯᠭ᠎ᠠ ᠶᠢ ᠪᠠᠳᠤ ᠴᠡᠬᠡᠵᠢᠯᠡᠵᠦ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠪᠤᠯᠤᠨ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠦᠷᠪᠡᠳᠦᠬᠡᠷ ᠪᠦᠬᠦᠳᠡ ᠬᠤᠷᠠᠯ ᠤᠨ ᠵᠤᠷᠢᠬ ᠰᠠᠨᠠᠭ᠎ᠠ ᠶᠢ ᠪᠦᠬᠦ ᠳᠡᠯ᠎ᠠ ᠪᠠᠷ ᠳᠤᠭᠤᠰᠢᠯᠠᠭᠤᠯᠵᠦ᠂ ᠰᠢᠨ᠎ᠠ ᠬᠦᠭᠵᠢᠯᠳᠡ ᠶᠢᠨ ᠤᠢᠢᠯᠠᠭᠠᠬᠳᠠᠬᠤᠨ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠳᠤᠬᠳᠠᠭᠤᠨ ᠤ ᠳᠤᠮᠳᠠ ᠤᠷᠤᠬᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠵᠦ᠂ ︽ᠵᠢᠷᠭᠤᠭ᠎ᠠ ᠶᠢ ᠳᠤᠬᠳᠠᠪᠤᠷᠢᠵᠢᠭᠤᠯᠬᠤ︾ ᠠᠵᠢᠯ ᠢ ᠯᠠᠪᠳᠠᠭᠤᠨ ᠪᠠᠳᠤᠳᠠᠢ ᠬᠢᠵᠦ᠂ ᠠᠵᠦ ᠠᠬᠤᠢ ᠨᠡᠶᠢᠭᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠭᠢᠭᠤᠯᠵᠠᠢ᠃ ᠡᠳᠡᠬᠡᠷ ᠠᠮᠵᠢᠯᠳᠡ ᠪᠦᠳᠦᠮᠵᠢ ᠶᠢ ᠤᠯᠤᠬᠰᠠᠨ ᠨᠢ ᠦᠷᠬᠡᠨ ᠤᠯᠠᠨ ᠠᠵᠢᠯ ᠠᠴᠠ ᠪᠠᠨ ᠳᠠᠷᠬᠠᠯᠠᠬᠳᠠᠬᠰᠠᠨ ᠠᠵᠢᠯ ᠠᠴᠠ ᠪᠠᠨ ᠠᠮᠠᠷᠠᠬᠰᠠᠨ ᠺᠠᠳ᠋ᠷᠴᠤᠳ ᠤᠨ ᠬᠦᠴᠦᠨ ᠴᠢᠳᠠᠯ ᠢᠶᠠᠨ ᠰᠢᠪᠬᠠᠨ ᠳᠡᠮᠵᠢᠯᠬᠡ ᠦᠵᠡᠬᠦᠯᠦᠭᠰᠡᠨ ᠯᠦᠭᠡ ᠨᠢᠬᠳᠠ ᠬᠤᠯᠪᠤᠭ᠎ᠠ ᠲᠠᠢ ᠶᠤᠮ ᠬᠡᠵᠦ ᠵᠢᠭᠠᠵᠦ ᠭᠠᠷᠭᠠᠪᠠ᠃      ᠮᠠ ᠰᠢᠤᠸᠠᠢ ᠵᠢᠶᠦ᠋ᠨ᠂ 2020 ᠤᠨ ᠪᠤᠯ ᠴᠢᠨᠡᠬᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ ᠪᠡ ︽ᠠᠷᠪᠠᠨ ᠭᠤᠷᠪᠠᠳᠤᠭᠠᠷ ᠳᠠᠪᠤᠨ ᠵᠢᠯ︾᠎ ᠤᠨ ᠳᠦᠯᠦᠪᠵᠢᠬᠦᠯᠬᠡ ᠶᠢᠨ ᠰᠡᠬᠦᠯ ᠬᠤᠷᠢᠶᠠᠬᠤ ᠵᠢᠯ᠂ ᠤᠨᠢᠨ ᠳᠡᠬᠡᠷ᠎ᠠ ᠨᠢ ᠶᠠᠳᠠᠭᠤ ᠠᠴᠠ ᠠᠩᠬᠢᠵᠢᠷᠠᠭᠤᠯᠬᠤ ᠰᠢᠢᠳᠪᠤᠷᠢᠳᠦ ᠳᠠᠶᠢᠯᠠᠯᠳᠤᠭᠠᠨ ᠤ ᠢᠯᠠᠯᠳᠠ ᠶᠢ ᠤᠯᠬᠤ ᠵᠢᠯ ᠮᠦᠨ᠂ ᠦᠪᠡᠷᠳᠡᠬᠡᠨ ᠵᠠᠰᠠᠬᠤ ᠤᠷᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠬ ᠰᠠᠨᠠᠭ᠎ᠠ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠬᠦᠴᠦᠨ ᠴᠢᠳᠠᠯ ᠢᠶᠠᠨ ᠬᠦᠪᠴᠢᠯᠡᠨ ᠭᠤᠤᠯᠳᠠᠯᠭ᠎ᠠ ᠶᠢ ᠠᠳᠬᠤᠵᠦ᠂ ᠳᠤᠳᠠᠭᠤᠳᠠᠯ ᠢᠶᠠᠨ ᠨᠦᠬᠦᠪᠦᠷᠢᠯᠡᠵᠦ᠂ ᠪᠠᠭᠤᠷᠠᠢ ᠳᠦᠷᠦᠯ ᠵᠦᠢᠯ ᠢᠶᠠᠨ ᠬᠦᠴᠦᠷᠬᠡᠭᠵᠢᠬᠦᠯᠵᠦ᠂ ᠨᠡᠮᠡᠭᠳᠡᠯ ᠢ ᠳᠤᠬᠳᠠᠪᠤᠷᠢᠵᠢᠭᠤᠯᠬᠤ᠂ ᠦᠬᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠳᠤᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠠᠶᠤᠯ ᠳᠦᠭᠰᠢᠬᠦᠷᠢ ᠶᠢ ᠰᠡᠷᠬᠡᠶᠢᠯᠡᠬᠦ᠂ ᠳᠤᠬᠳᠠᠭᠤᠨ ᠢ ᠪᠠᠳᠤᠯᠠᠬᠤ ᠵᠡᠷᠬᠡ ᠡᠯ᠎ᠠ ᠳᠦᠷᠦᠯ ᠤᠨ ᠠᠵᠢᠯ ᠢ ᠨᠢᠬᠡᠳᠦᠯᠳᠡᠢ ᠳᠦᠯᠦᠪᠵᠢᠬᠦᠯᠦᠨ ᠰᠠᠶᠢᠳᠤᠷ ᠬᠢᠬᠦ ᠪᠤᠯᠤᠨ᠎ᠠ᠃ ᠠᠬᠠᠮᠠᠳ ᠤᠳᠤᠷᠢᠳᠬᠤ ᠨᠦᠬᠦᠳ ᠦᠩᠬᠡᠷᠡᠭᠰᠡᠨ ᠤ ᠬᠢ ᠲᠠᠢ ᠪᠠᠨ ᠠᠳᠠᠯᠢ ᠪᠠᠷ ᠦᠪᠡᠷᠳᠡᠬᠡᠨ ᠵᠠᠰᠠᠬᠤ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠳᠡ ᠳᠤ ᠳᠡᠮᠵᠢᠯᠬᠡ ᠦᠵᠡᠬᠦᠯᠵᠦ᠂ ᠬᠤᠪᠤᠷ ᠨᠠᠨᠳᠢᠨ ᠰᠠᠨᠠᠯ ᠢᠶᠠᠨ ᠢᠯᠡᠬᠦᠬᠡᠨ ᠳᠠᠪᠰᠢᠬᠦᠯᠵᠦ᠂ ᠡᠬᠡ ᠤᠯᠤᠰ ᠤᠨ ᠤᠮᠠᠷᠠᠳᠤ ᠬᠢᠯᠢ ᠶᠢᠨ ᠦᠵᠡᠰᠬᠦᠯᠡᠩᠳᠦ ᠰᠠᠶᠢᠬᠠᠨ ᠦᠵᠡᠮᠵᠢ ᠶᠢᠨ ᠱᠤᠭᠤᠮ ᠢ ᠴᠤᠬᠴᠠᠯᠠᠨ ᠪᠠᠶᠢᠭᠤᠯᠬᠤ ᠳᠤ ᠢᠳᠡᠪᠬᠢ ᠬᠦᠴᠤᠨ ᠨᠡᠮᠡᠷᠢᠯᠡᠵᠦ᠂ ᠳᠠᠬᠢᠨᠳᠠ ᠰᠢᠨ᠎ᠠ ᠬᠤᠪᠢ ᠨᠠᠮᠠᠷᠢ ᠦᠵᠡᠬᠦᠯᠬᠦ ᠶᠢ ᠬᠦᠰᠡᠵᠦ ᠪᠠᠶᠢᠨ᠎ᠠ ᠬᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号