1 ᠰᠠᠷ᠎ᠠ ᠶᠢᠨ 9 ᠤ ᠦᠳᠡ ᠶᠢᠨ ᠡᠮᠦᠨ᠎ᠡ ᠬᠤᠷᠠᠯᠳᠤᠬᠰᠠᠨ ᠦᠪᠡᠷᠲᠡᠭᠡᠨ ᠵᠠᠰᠠᠬᠤ ᠤᠷᠤᠨ ᠤ ᠤᠯᠤᠰ | ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠤᠨ | ᠰᠤᠨᠢᠨ ᠮᠡᠳᠡᠭᠡ ᠨᠡᠶᠢᠲᠡᠯᠡᠬᠦ ᠬᠤᠷᠠᠯ ᠠᠴᠠ ᠤᠢᠢᠯᠠᠭᠠᠬᠰᠠᠨ ᠢᠶᠠᠷ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ | ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ 1 ᠰᠠᠷ᠎ᠠ ᠶᠢᠨ | 11 ᠠᠴᠠ 15 ᠤ ᠡᠳᠦᠷ ᠪᠤᠯᠲᠠᠯ᠎ᠠ ᠬᠦᠬᠡᠬᠤᠲᠠ ᠳᠤ ᠬᠤᠷᠠᠯᠳᠤᠵᠦ᠂ ᠬᠤᠷᠠᠯ ᠤᠨ ᠬᠤᠭᠤᠴᠠᠭ᠎ᠠ ᠨᠢ 4 ᠡᠳᠦᠷ | ᠬᠠᠭᠠᠰ ᠪᠤᠯᠤᠨ᠎ᠠ᠃ | ᠬᠤᠷᠠᠯ ᠠᠴᠠ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ | ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠤᠨ ᠪᠡᠯᠡᠳᠭᠡᠯ ᠪᠠᠶᠢᠳᠠᠯ ᠪᠤᠯᠤᠨ ᠦᠪᠡᠷᠲᠡᠭᠡᠨ ᠵᠠᠰᠠᠬᠤ | ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ | ᠬᠤᠷᠠᠯ ᠠᠴᠠ ᠨᠠᠭᠠᠰᠢᠬᠢ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠢ ᠮᠡᠳᠡᠭᠳᠡᠵᠡᠢ᠃ ᠦᠪᠡᠷᠲᠡᠭᠡᠨ | ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠤᠯᠪᠤᠬᠳᠠᠯ ᠪᠦᠬᠦᠢ | ᠬᠠᠷᠢᠭᠤᠴᠠᠯᠭᠠᠲᠠᠨ ᠠᠴᠠ ᠤᠬᠠᠭᠤᠯᠵᠦ ᠮᠡᠳᠡᠭᠡᠯᠡᠬᠦ ᠠᠵᠢᠯ ᠤᠨ ᠲᠤᠭᠤᠷᠢᠨ ᠳᠤ ᠪᠤᠲᠠᠲᠠᠢ ᠱᠠᠭᠠᠷᠳᠠᠯᠭ᠎ᠠ ᠳᠤᠷᠠᠳᠪᠠ᠃ | ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ | ᠬᠤᠷᠢᠶᠠᠨ ᠤ ᠭᠤᠷᠪᠠᠳᠤᠭᠠᠷ ᠬᠤᠷᠠᠯ ᠤᠨ ᠬᠤᠭᠤᠴᠠᠭᠠᠨ ᠳᠤ ᠨᠡᠶᠢᠲᠡ 4 ᠤᠳᠠᠭ᠎ᠠ ᠶᠢᠨ ᠪᠦᠬᠦᠳᠡ ᠬᠤᠷᠠᠯ ᠪᠤᠯᠤᠨ | 5 ᠤᠳᠠᠭ᠎ᠠ ᠶᠢᠨ ᠳᠤᠭᠤᠢᠢᠯᠠᠩ ᠤᠨ ᠶᠠᠷᠢᠯᠴᠠᠬᠤ ᠬᠤᠷᠠᠯ ᠢ ᠲᠤᠬᠢᠷᠠᠭᠤᠯᠵᠦ᠂ ᠦᠪᠡᠷᠲᠡᠭᠡᠨ ᠵᠠᠰᠠᠬᠤ ᠤᠷᠤᠨ ᠤ ᠨᠠᠮ | ᠵᠠᠰᠠᠭ ᠤᠨ ᠤᠳᠤᠷᠢᠳᠤᠯᠭ᠎ᠠ 2 ᠤᠳᠠᠭ᠎ᠠ ᠲᠤᠭᠤᠢᠢᠯᠠᠩ ᠬᠠᠮᠲᠤᠷᠠᠬᠰᠠᠨ ᠶᠠᠷᠢᠯᠴᠠᠭ᠎ᠠ ᠳᠤ ᠤᠷᠤᠯᠴᠠᠬᠤ ᠪᠤᠯᠤᠨ᠎ᠠ᠃ | ᠡᠬᠦᠨ ᠠᠴᠠ ᠭᠠᠳᠠᠨ᠎ᠠ᠂ ᠲᠤᠰ ᠤᠳᠠᠭ᠎ᠠ ᠶᠢᠨ ᠶᠡᠭᠡ ᠬᠤᠷᠠᠯ ᠤᠨ ᠬᠤᠭᠤᠴᠠᠭᠠᠨ ᠳᠤ᠂ ᠦᠪᠡᠷᠲᠡᠭᠡᠨ ᠵᠠᠰᠠᠬᠤ | ᠤᠷᠤᠨ ᠤ ᠤᠯᠤᠰ ᠲᠦᠷᠦ ᠶᠢᠨ ᠵᠦᠪᠯᠡᠯᠬᠡᠨ ᠦᠷᠬᠦᠯᠵᠢᠯᠡᠨ ᠬᠡᠰᠢᠬᠦᠳ ᠤᠨ ᠰᠤᠷᠪᠤᠯᠵᠢᠯᠠᠭ᠎ᠠ ᠬᠦᠯᠢᠶᠡᠬᠦ ᠵᠠᠮ ᠢ | ᠨᠡᠪᠲᠡᠷᠡᠬᠦᠯᠵᠦ᠂ ᠨᠡᠶᠢᠲᠡ 12 ᠬᠡᠰᠢᠬᠦᠨ ᠰᠤᠷᠪᠤᠯᠵᠢᠯᠠᠬᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠪᠤᠯᠤᠨ᠎ᠠ᠃ | 2019 ᠣᠨ ᠪᠤᠯ ᠰᠢᠨ᠎ᠡ ᠳᠤᠮᠳᠠᠳᠦ ᠤᠯᠤᠰ ᠪᠠᠶᠢᠭᠤᠯᠤᠬᠳᠠᠬᠰᠠᠨ 70 ᠵᠢᠯ ᠤᠨ ᠤᠢ ᠪᠤᠯᠬᠤ ᠪᠦᠭᠡᠳ | ᠠᠷᠠᠳ ᠤᠨ ᠤᠯᠤᠰ ᠲᠦᠷᠦ ᠶᠢᠨ ᠵᠦᠪᠯᠡᠯᠬᠡᠨ ᠪᠠᠶᠢᠭᠤᠯᠤᠬᠳᠠᠬᠰᠠᠨ 70 ᠵᠢᠯ ᠤᠨ ᠤᠢ ᠪᠤᠯᠤᠨ᠎ᠠ᠂ ᠦᠪᠡᠷᠲᠡᠭᠡᠨ | ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠬᠢᠨ ᠦᠪᠦᠷ ᠮᠤᠩᠭᠤᠯ ᠤᠨ ᠠᠵᠦ ᠠᠬᠤᠢ ᠨᠡᠶᠢᠭᠡᠮ ᠤᠨ | ᠬᠦᠭᠵᠢᠯᠲᠡ ᠪᠤᠯᠤᠨ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠶᠢ ᠠᠬᠢᠭᠤᠯᠬᠤ ᠲᠠᠯ᠎ᠠ ᠪᠠᠷ | ᠦᠵᠡᠬᠦᠯᠪᠡᠰᠦ ᠵᠤᠬᠢᠬᠤ ᠬᠤᠪᠢ ᠨᠡᠮᠡᠷᠢ ᠪᠠᠨ ᠦᠵᠡᠬᠦᠯᠦᠭᠰᠡᠨ ᠪᠠᠶᠢᠨ᠎ᠠ᠃ 2019 ᠣᠨ ᠳᠤ ᠨᠡᠶᠢᠲᠡ 718 | ᠬᠤᠪᠢ ᠰᠠᠨᠠᠯ ᠳᠤᠷᠠᠳᠤᠯᠭ᠎ᠠ ᠶᠢ ᠳᠠᠩᠰᠠᠯᠠᠵᠦ᠂ ᠡᠬᠦᠨ ᠳᠤ ᠠᠷᠠᠳ ᠤᠨ ᠠᠮᠢᠳᠤᠷᠠᠯ ᠤᠨ ᠬᠦᠷᠢᠶ᠎ᠡ ᠴᠠᠷᠠᠭ᠎ᠠ ᠳᠤ | ᠬᠤᠯᠪᠤᠬᠳᠠᠬᠰᠠᠨ ᠨᠢ 466 ᠬᠤᠪᠢ ᠪᠠᠶᠢᠵᠦ᠂ 65% ᠶᠢ ᠡᠵᠡᠯᠡᠨ᠂ ᠨᠢᠭᠡ ᠪᠦᠯᠦᠭ ᠠᠷᠠᠳ ᠤᠨ ᠠᠮᠢᠳᠤᠷᠠᠯ ᠤᠨ | ᠬᠠᠯᠠᠮᠰᠢᠯ ᠠᠰᠠᠭᠤᠳᠠᠯ ᠬᠦᠴᠢᠷᠳᠡᠯ ᠲᠠᠢ ᠠᠰᠠᠭᠤᠳᠠᠯ ᠢ ᠰᠢᠢᠳᠪᠦᠷᠢᠯᠡᠬᠦ ᠳᠤ ᠠᠬᠢᠭᠤᠯᠬᠤ ᠦᠢᠯᠡᠳᠤᠯ ᠦᠵᠡᠬᠦᠯᠪᠠ᠃ | ᠨᠡᠶᠢᠬᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠤᠢᠢᠯᠠᠭᠠᠬᠤ ᠲᠠᠯ᠎ᠠ ᠪᠠᠷ᠂ ᠪᠦᠬᠦ ᠵᠢᠯ ᠳᠤ ᠨᠡᠶᠢᠲᠡ 2502 ᠬᠤᠪᠢ | ᠮᠡᠳᠡᠭᠡ ᠵᠠᠩᠬᠢ ᠶᠢ ᠬᠤᠷᠢᠶᠠᠮᠵᠢᠯᠠᠵᠤ᠂ ︽ᠦᠪᠦᠷ ᠮᠤᠩᠭᠤᠯ ᠤᠨ ᠤᠯᠤᠰ ᠲᠦᠷᠦ ᠶᠢᠨ ᠵᠦᠪᠯᠡᠯᠬᠡᠨ ᠤ ᠮᠡᠳᠡᠭᠡ | ᠵᠠᠩᠬᠢ︾ ᠶᠢ 261 ᠬᠤᠭᠤᠴᠠᠭ᠎ᠠ ᠨᠠᠶᠢᠷᠠᠭᠤᠯᠤᠨ ᠮᠡᠳᠡᠭᠡᠯᠡᠵᠦ᠂ ᠡᠬᠦᠨ ᠳᠤ ᠪᠦᠬᠦ ᠤᠯᠤᠰ ᠤᠨ ᠤᠯᠤᠰ ᠲᠦᠷᠦ | ᠶᠢᠨ ᠵᠦᠪᠯᠡᠯᠬᠡᠨ ᠪᠤᠯᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠠᠴᠠ 74 ᠬᠤᠭᠤᠴᠠᠭ᠎ᠠ ᠶᠢ ᠨᠢ | ᠬᠡᠷᠡᠭᠯᠡᠵᠦ᠂ ᠦᠪᠡᠷᠲᠡᠭᠡᠨ ᠵᠠᠰᠠᠬᠤ ᠤᠷᠤᠨ ᠤ ᠨᠠᠮ ᠵᠠᠰᠠᠭ ᠤᠨ ᠤᠳᠤᠷᠢᠳᠤᠯᠭ᠎ᠠ ᠠᠴᠠ 27 ᠬᠤᠭᠤᠴᠠᠭ᠎ᠠ ᠳᠤ | ᠴᠤᠬᠤᠯᠠᠪᠤᠷᠢ ᠬᠢᠵᠤ᠂ ᠦᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ 79 ᠬᠤᠭᠤᠴᠠᠭ᠎ᠠ ᠳᠤ | ᠬᠠᠷᠢᠭᠤ ᠲᠤᠰᠬᠠᠯ ᠦᠭᠴᠦ᠂ ᠨᠢᠭᠡ ᠪᠦᠯᠦᠭ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠬᠦ ᠳᠤ | ᠠᠬᠢᠭᠤᠯᠬᠤ ᠦᠢᠯᠡᠳᠤᠯ ᠦᠵᠡᠬᠦᠯᠦᠭᠰᠡᠨ ᠪᠠᠶᠢᠨ᠎ᠠ᠃ |