1 ᠰᠠᠷ᠎ᠠ ᠶᠢᠨ 9 ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠦᠪᠦᠷ | ᠮᠤᠩᠭᠤᠯ ᠤᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠭᠰᠡᠨ | ᠲᠤᠬᠠᠢ ᠰᠤᠨᠢᠨ ᠮᠡᠳᠡᠭᠡ ᠨᠡᠶᠢᠳᠡᠯᠡᠬᠦ ᠬᠤᠷᠠᠯ ᠬᠢᠪᠠ᠃ | ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠯᠢ ᠪᠢᠩ ᠷᠦᠩ ᠮᠠᠨ ᠤ ᠤᠷᠤᠨ ᠤ ᠬᠦᠳᠡᠭᠡ | ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠭᠰᠡᠨ ᠤ ᠲᠠᠷᠠᠭᠠᠬᠢ ᠠᠵᠢᠯ ᠤᠨ | ᠪᠠᠶᠢᠳᠠᠯ ᠢ ᠮᠡᠳᠡᠭᠳᠡᠵᠡᠢ᠃ | ᠮᠠᠨ ᠤ ᠤᠷᠤᠨ ᠤ ᠠᠵᠤ ᠦᠢᠯᠡᠰ ᠴᠡᠴᠡᠭᠯᠡᠨ ᠬᠦᠭᠵᠢᠵᠦ᠂ ᠤᠳᠤ ᠦᠶ᠎ᠠ ᠶᠢᠨ ᠮᠠᠯ ᠠᠵᠤ ᠠᠬᠤᠢ | ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ᠂ ᠦᠢᠯᠡᠳᠪᠦᠷᠢᠯᠡᠯ ᠤᠨ ᠰᠢᠰᠲ᠋ᠧᠮ᠂ ᠡᠵᠡᠩᠨᠡᠯᠳᠡ ᠶᠢᠨ ᠰᠢᠰᠲ᠋ᠧᠮ ᠢ | ᠲᠦᠷᠭᠡᠳᠭᠡᠨ ᠪᠠᠶᠢᠭᠤᠯᠵᠤ᠂ ᠪᠤᠬᠢᠷᠳᠤᠯ ᠦᠭᠡᠢ ᠴᠢᠨᠠᠷ ᠰᠠᠶᠢᠳᠠᠢ ᠬᠦᠭᠵᠢᠯᠳᠡ ᠶᠢᠨ ᠠᠬᠢᠴᠠ ᠲᠦᠷᠭᠡᠳᠴᠤ᠂ | ᠪᠤᠬᠢᠷᠳᠤᠯ ᠦᠭᠡᠢ᠂ ᠤᠷᠭᠠᠨᠢᠭ᠂ ᠭᠠᠵᠠᠷ ᠵᠦᠢ ᠶᠢᠨ ᠢᠯᠡᠷᠭᠡᠶᠢᠯᠡᠯᠳᠤ ᠮᠠᠯ ᠤᠨ ᠠᠰᠢᠭ ᠰᠢᠮ᠎ᠠ ᠲᠠᠷᠢᠶᠠᠯᠠᠩ ᠤᠨ | ᠪᠦᠳᠦᠭᠡᠭᠳᠡᠭᠦᠨ ᠤ ᠭᠠᠷᠤᠯᠳᠠ 1600 ᠭᠠᠷᠤᠢ ᠲᠦᠮᠡᠨ ᠲᠤᠨ ᠳᠤ ᠬᠦᠷᠴᠦ᠂ ᠪᠦᠬᠦ ᠤᠯᠤᠰ ᠲᠤ ᠤᠷᠦ᠋ᠢᠯᠠᠵᠠᠢ︔ | ᠤᠷᠤᠰᠢᠨ ᠰᠠᠭᠤᠷᠢᠰᠢᠬᠤ ᠳᠤ ᠲᠤᠬᠢᠷᠠᠮᠵᠢᠳᠠᠢ ᠪᠤᠯᠵᠤ᠂ ᠪᠦᠬᠦ ᠤᠷᠤᠨ ᠤ ᠤᠢ ᠰᠢᠭᠤᠢ᠂ ᠲᠠᠯ᠎ᠠ ᠨᠤᠳᠤᠭ ᠤᠨ ᠠᠮᠢ | ᠠᠬᠤᠢ ᠶᠢᠨ ᠪᠠᠶᠢᠳᠠᠯ ᠦᠷᠭᠦᠯᠵᠢᠯᠡᠨ ᠰᠠᠶᠢᠵᠢᠷᠠᠵᠤ᠂ ᠭᠤᠤᠯ ᠮᠦᠷᠡᠨ ᠤ ᠲᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠪᠠ᠂ ᠲᠤᠰᠬᠤᠨ ᠪᠤᠯᠭᠠᠨ ᠳᠤ ᠱᠦᠢᠨᠢ ᠵᠠᠮ ᠨᠡᠪᠳᠡᠷᠡᠭᠦᠯᠦᠨ᠂ ᠮᠠᠯᠵᠢᠬᠤ ᠲᠠᠷᠢᠶᠠᠯᠠᠬᠤ ᠤᠷᠤᠨ ᠤ | 130.4 ᠲᠦᠮᠡᠨ ᠡᠷᠦᠭᠡ ᠶᠢᠨ ᠨᠤᠷᠠᠬᠤ ᠠᠶᠤᠯᠳᠠᠢ ᠭᠡᠷ ᠪᠠᠶᠢᠰᠢᠩ ᠢ ᠰᠢᠨᠡᠳᠭᠡᠨ ᠵᠠᠰᠠᠵᠤ᠂ 12 ᠲᠦᠮᠡᠨ | ᠺᠢᠯᠤᠮᠧᠲᠷ ᠵᠡᠭᠡᠯᠢ ᠭᠤᠳᠤᠮᠵᠢ ᠶᠢᠨ ᠵᠠᠮ ᠢ ᠬᠠᠳᠠᠭᠤᠷᠠᠭᠤᠯᠤᠨ᠂ 76.3 ᠲᠦᠮᠡᠨ ᠡᠷᠦᠭᠡ ᠶᠢᠨ ᠡᠷᠡᠭᠦᠯ ᠬᠠᠮᠠᠭᠠᠯᠠᠯ | ᠤᠨ ᠵᠤᠷᠯᠤᠩ ᠢ ᠦᠭᠡᠷᠡᠴᠢᠯᠡᠨ ᠲᠡᠰ ᠲᠡᠪᠰᠢᠭᠦᠯᠵᠡᠢ᠃ ᠬᠦᠳᠡᠭᠡ ᠲᠤᠰᠬᠤᠨ ᠤ ᠠᠮᠢᠳᠤᠷᠠᠯ ᠤᠨ ᠬᠤᠭ ᠨᠤᠪᠰᠢ᠂ | ᠪᠤᠬᠢᠷ ᠤᠰᠤ ᠪᠦᠳᠦᠮᠵᠢᠳᠡᠢ ᠰᠢᠢᠳᠪᠦᠷᠢᠯᠡᠭᠳᠡᠵᠦ᠂ ᠲᠤᠰᠬᠤᠨ ᠤ ᠲᠦᠷᠬᠦ ᠴᠤ᠋ ᠰᠢᠨ᠎ᠠ ᠪᠤᠯᠵᠠᠢ︔ ᠨᠤᠳᠤᠭ ᠤᠨ | ᠰᠤᠷᠳᠠᠯ ᠪᠤᠯᠪᠠᠰᠤᠨ ᠪᠤᠯᠵᠤ᠂ 12 ᠬᠤᠰᠢᠭᠤ ᠰᠢᠶᠠᠨ ᠤᠯᠤᠰ ᠤᠨ ᠲᠡᠰ ᠤᠨ ᠰᠢᠨ᠎ᠠ ᠴᠠᠭ ᠦᠶ᠎ᠠ ᠶᠢᠨ ᠪᠤᠯᠪᠠᠰᠤᠨ | ᠤ ᠦᠢᠯᠡᠳᠦᠯᠭᠡ ᠶᠢᠨ ᠲᠦᠪ ᠤᠨ ᠲᠤᠷᠰᠢᠯᠳᠠ ᠶᠢᠨ ᠴᠡᠭ ᠪᠤᠯᠵᠠᠢ︔ ᠵᠠᠰᠠᠯᠳᠠ ᠪᠦᠳᠦᠮᠵᠢᠳᠡᠢ ᠪᠤᠯᠵᠤ᠂ 9306 | ᠨᠡᠷᠡᠰ ᠨᠢᠭᠡᠳᠦᠭᠡᠷ ᠱᠦᠵᠢ ᠮᠠᠯᠵᠢᠬᠤ ᠲᠠᠷᠢᠶᠠᠯᠠᠬᠤ ᠤᠷᠤᠨ ᠳᠤ ᠬᠦᠷᠴᠦ ᠠᠵᠢᠯᠯᠠᠨ᠂ ᠭᠠᠴᠠᠭ᠎ᠠ ᠲᠤᠰᠬᠤᠨ ᠤ | ᠶᠠᠪᠤᠳᠠᠯ ᠢ ᠢᠯᠡ ᠪᠤᠯᠭᠠᠬᠤ ᠠᠵᠢᠯ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠭᠳᠠᠵᠤ᠂ ᠰᠤᠮᠤ ᠰᠢᠶᠠᠩ ᠪᠠᠯᠭᠠᠰᠤ᠂ | ᠭᠠᠴᠠᠭ᠎ᠠ ᠲᠤᠰᠬᠤᠨ ᠳᠤ ᠠᠷᠠᠳ ᠤᠨ ᠲᠤᠮᠳᠠᠬᠢ ᠡᠶᠡᠳᠡᠭᠦᠯᠬᠦ ᠵᠤᠬᠢᠶᠠᠨ ᠪᠠᠶᠢᠭᠤᠯᠤᠯᠳᠠ ᠪᠤᠯᠤᠨ ᠬᠠᠤᠯᠢ | ᠴᠠᠭᠠᠵᠠ ᠶᠢᠨ ᠵᠦᠪᠯᠡᠭᠴᠢ ᠪᠦᠬᠦᠨ ᠢ ᠪᠦᠷᠬᠦᠵᠡᠢ︔ ᠠᠷᠠᠳ ᠤᠨ ᠠᠮᠢᠳᠤᠷᠠᠯ ᠴᠢᠨᠡᠭᠡᠯᠢᠭᠵᠢᠵᠦ᠂ ᠮᠠᠯᠵᠢᠬᠤ | ᠲᠠᠷᠢᠶᠠᠯᠠᠬᠤ ᠤᠷᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠲᠤᠮᠳᠠᠴᠢ ᠡᠵᠡᠮᠳᠡᠵᠦ ᠪᠤᠯᠬᠤ | ᠤᠷᠤᠯᠭ᠎ᠠ ᠨᠢ 13803 ᠲᠦᠭᠦᠷᠢᠭ ᠲᠤ ᠬᠦᠷᠴᠡᠢ᠃ |