ᠥᠪᠥᠷ ᠵᠠᠰᠠᠭ ᠠᠯᠪᠠᠨ ᠥᠰᠥᠭ ﹇2019﹈ 47 ᠳ᠋ᠤᠭᠠᠷ ᠲᠤᠭᠠᠳᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠰᠠᠭ | ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠠᠵᠢᠯ ᠤᠨ ᠳᠤᠭᠲᠠᠭᠠᠯ︾ | ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠ | ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠶ᠃ | | | ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ | ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ | ᠠᠵᠢᠯ ᠤᠨ ᠳᠤᠭᠲᠠᠭᠠᠯ | | | ᠨᠢᠭᠡᠳᠦᠭᠡᠷ ᠵᠦᠢᠯ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠰᠠᠭ | ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠠᠵᠢᠯ ᠢ ᠤᠯᠠᠮ ᠨᠢᠭᠡ | ᠠᠯᠬᠤᠮ ᠵᠢᠷᠤᠮᠵᠢᠭᠤᠯᠬᠤ ᠶᠢᠨ ᠲᠤᠰᠠᠲᠠ᠂ ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠲᠣᠭᠲᠠᠴᠠ ᠶᠢ ᠪᠦᠬᠦ ᠲᠠᠯ᠎ᠠ ᠪᠠᠷ ᠬᠡᠷᠡᠭᠵᠢᠭᠦᠯᠬᠦ | ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠥᠷᠥ ᠠᠯᠪᠠᠨ | ᠲᠠᠷᠬᠠᠭᠠᠭᠰᠠᠨ ﹇2018﹈ 115 ᠳ᠋ᠤᠭᠠᠷ ᠲᠤᠭᠠᠲᠤ︶ ᠢ ᠦᠨᠳᠦᠰᠦᠯᠡᠨ᠂ ᠠᠵᠢᠯ ᠤᠨ ᠪᠤᠲᠠᠲᠠᠢ ᠲᠠᠢ ᠪᠠᠨ | ᠤᠶᠠᠯᠳᠤᠭᠤᠯᠵᠣ᠂ ᠲᠤᠰ ᠲᠤᠭᠲᠠᠭᠠᠯ ᠢ ᠳᠤᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠵᠢᠴᠢ ᠠᠯᠪᠠᠨ | ᠲᠢᠩᠬᠢᠮ ᠤᠨ ᠲᠤᠭᠤᠷᠪᠢᠨ ᠲᠤᠭᠲᠠᠭᠠᠵᠤ ᠨᠡᠶᠢᠳᠡᠯᠡᠭᠰᠡᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠪᠤᠯᠤᠨ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠳᠦ ᠪᠣᠳᠤᠯᠭ᠎ᠠ ᠶᠢᠨ ᠲᠥᠷᠥᠯ ᠤᠨ ᠪᠢᠴᠢᠭ | ᠮᠠᠲ᠋ᠧᠷᠢᠶᠠᠯ ︵ᠳᠤᠷᠤᠭᠰᠢ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ | ᠮᠠᠲ᠋ᠧᠷᠢᠶᠠᠯ ᠭᠡᠵᠦ ᠲᠤᠪᠴᠢᠯᠠᠨ᠎ᠠ︶ ᠪᠤᠯᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ | ᠲᠤᠬᠢᠷᠠᠯᠴᠬᠠᠰᠠᠨ ᠭᠡᠷ᠎ᠡ᠂ ᠵᠥᠪᠯᠡᠯᠴᠡᠭᠡᠷ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠳᠤ ᠲᠤᠰ | ᠲᠣᠭᠲᠠᠭᠠᠯ ᠢ ᠲᠣᠬᠢᠷᠠᠭᠤᠯᠤᠨ ᠬᠡᠷᠡᠭᠯᠡᠨ᠎ᠡ᠃ | ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ | ᠲᠤᠲᠤᠭᠠᠳᠤ ᠳᠤ ᠬᠡᠷᠡᠭᠵᠢᠭᠦᠯᠵᠦ ᠪᠠᠶᠢᠭ᠎ᠠ ᠬᠠᠮᠢᠶᠠᠷᠤᠯᠲᠠ ᠶᠢᠨ ᠵᠢᠷᠤᠮᠵᠢᠯ᠂ ᠠᠵᠢᠯ ᠤᠨ ᠳᠥᠷᠢᠮ᠂ | ᠪᠠᠶᠢᠭᠤᠯᠤᠮᠵᠢ ᠶᠢᠨ ᠤᠷᠤᠨ ᠲᠤᠭ᠎ᠠ᠂ ᠬᠤᠷᠠᠯ ᠤᠨ ᠲᠣᠪᠴᠢ᠂ ᠠᠵᠢᠯ ᠤᠨ ᠲᠥᠰᠥᠪ᠂ ᠳ᠋ᠦᠩᠨᠡᠯᠲᠡ ᠶᠢᠨ | ᠮᠡᠳᠡᠭᠦᠯᠦᠯᠲᠡ᠂ ᠮᠠᠭᠲᠠᠨ ᠰᠠᠶᠢᠰᠢᠶᠠᠵᠤ ᠱᠠᠩᠨᠠᠨ ᠬᠥᠬᠢᠭᠦᠯᠬᠦ ᠪᠠ ᠠᠵᠢᠯᠲᠠᠨ ᠤ ᠶᠠᠪᠤᠳᠠᠯ ᠤᠨ ᠲᠣᠮᠢᠯᠠᠵᠤ | ᠤᠨᠨᠴᠠᠷᠠᠭᠤᠯᠬᠤ ᠵᠡᠷᠭᠡ ᠪᠢᠴᠢᠭ ᠮᠠᠲ᠋ᠧᠷᠢᠶᠠᠯ ᠨᠢ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠬᠡᠪᠴᠢᠶᠡᠨ ᠳᠤ | ᠪᠠᠭᠲᠠᠬᠤ ᠦᠭᠡᠢ᠃ | ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ | ᠮᠠᠲ᠋ᠧᠷᠢᠶᠠᠯ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠠᠵᠢᠯ ᠨᠢ ᠳᠤᠤᠷᠠᠬᠢ ᠵᠠᠷᠴᠢᠮ ᠤᠳ ᠢ | ᠵᠢᠷᠤᠮᠯᠠᠬᠤ ᠬᠡᠷᠡᠭᠲᠡᠢ᠄ | ︵ᠨᠢᠭᠡ︶ ᠨᠡᠶᠢᠭᠡᠮ ᠵᠢᠷᠦᠮ ᠤᠨ ᠬᠠᠤᠯᠢ ᠳᠥᠷᠢᠮ ᠤᠨ ᠨᠢᠭᠡᠳᠦᠯ ᠢ ᠬᠠᠮᠠᠭᠠᠯᠠᠬᠤ ᠬᠡᠷᠡᠭᠲᠡᠢ︔ | ︵ᠬᠤᠶᠠᠷ︶ ᠡᠷᠭᠡᠲᠦ ᠠᠷᠠᠳ᠂ ᠬᠠᠤᠯᠢ ᠶᠢᠨ ᠡᠷᠬᠡᠲᠡᠨ ᠪᠤᠯᠤᠨ ᠪᠤᠰᠤᠳ ᠵᠣᠬᠢᠶᠠᠨ ᠪᠠᠶᠢᠭᠤᠯᠤᠯᠲᠠ ᠶᠢᠨ | ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ︔ | ︵ᠭᠤᠷᠪᠠ︶ ᠳᠡᠰ ᠳᠠᠷᠠᠭᠠᠯᠠᠯ ᠬᠢᠭᠡᠳ ᠪᠤᠲᠠᠲᠠᠢ ᠬᠢᠨᠠᠨ ᠬᠠᠷᠭᠤᠭᠤᠯᠤᠯᠳᠠ ᠶᠢ ᠵᠡᠷᠭᠡ ᠳᠤ ᠨᠢ | ᠴᠢᠬᠤᠯᠠᠴᠢᠯᠠᠬᠤ ᠶᠢ ᠪᠠᠷᠢᠮᠲᠠᠯᠠᠬᠤ ᠬᠡᠷᠡᠭᠲᠡᠢ︔ | ︵ᠳᠥᠷᠪᠡ︶ ᠬᠠᠤᠯᠢ ᠶᠤᠰᠤᠴᠢ ᠴᠢᠨᠠᠷ ᠬᠢᠭᠡᠳ ᠵᠦᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠶᠢ | ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠲᠡᠢ︔ | ︵ᠲᠠᠪᠤ︶ ᠥᠨᠳᠦᠷ ᠪᠦᠲᠦᠮᠵᠢ ᠲᠠᠢ ᠳᠥᠭᠦᠮ ᠠᠪᠰᠠᠷᠬᠠᠨ ᠪᠠᠶᠢᠬᠤ ᠪᠠ ᠡᠷᠬᠡ ᠡᠭᠦᠷᠭᠡ ᠶᠢᠨ ᠨᠢᠭᠡᠳᠦᠯ ᠢ | ᠪᠠᠷᠢᠮᠲᠠᠯᠠᠬᠤ ᠬᠡᠷᠡᠭᠲᠡᠢ᠃ | ᠳᠠᠪᠤᠳᠤᠭᠠᠷ ᠵᠦᠢᠯ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ | ᠮᠠᠲ᠋ᠧᠷᠢᠶᠠᠯ ᠢ ᠲᠤᠭᠲᠠᠭᠠᠬᠤ ᠪᠠᠶᠢᠭᠤᠯᠭ᠎ᠠ ᠵᠤᠬᠢᠶᠠᠨ ᠪᠠᠶᠢᠭᠤᠯᠵᠤ ᠨᠤᠤᠷᠬᠠᠯᠠᠨᠠ᠃ | ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ | ᠲᠣᠭᠲᠠᠭᠠᠬᠤ ᠳᠤ ᠨᠢᠭᠡ ᠪᠤᠶᠤ ᠬᠡᠳᠦᠨ ᠠᠵᠢᠯ ᠤᠨ ᠰᠠᠯᠠᠭ᠎ᠠ ᠮᠦᠴᠢᠷ ᠢᠶᠠᠷ ᠬᠠᠷᠢᠭᠤᠴᠠᠭᠤᠯᠤᠨ | ᠨᠤᠤᠷᠬᠠᠯᠠᠭᠤᠯᠬᠤ ᠪᠠᠷ ᠲᠣᠭᠲᠠᠭᠠᠵᠤ ᠪᠤᠯᠤᠨ᠎ᠠ᠃ ᠬᠤᠶᠠᠷ ᠪᠤᠶᠤ ᠬᠤᠶᠠᠷ ᠠᠴᠠ ᠳᠡᠭᠡᠭᠰᠢ ᠠᠵᠢᠯ ᠤᠨ ᠰᠠᠯᠠᠭ᠎ᠠ | ᠮᠦᠴᠢᠷ ᠤᠨ ᠡᠭᠦᠷᠭᠡ ᠴᠢᠳᠠᠪᠬᠢ ᠲᠠᠢ ᠬᠤᠯᠪᠤᠭᠳᠠᠪᠠᠯ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠬᠤᠯᠪᠤᠭᠠᠯᠠᠨ | ᠨᠤᠤᠷᠬᠠᠯᠠᠬᠤ ᠶᠢᠨ ᠬᠠᠮᠲᠤ ᠲᠦᠷᠦᠭᠦᠯᠡᠨ ᠨᠤᠤᠷᠬᠠᠯᠠᠬᠤ ᠰᠠᠯᠠᠭ᠎ᠠ ᠮᠦᠴᠢᠷ ᠢ ᠲᠤᠳᠤᠷᠬᠠᠶᠢᠯᠠᠬᠤ ᠬᠡᠷᠡᠭᠲᠡᠢ᠃ | ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ | ᠮᠠᠲ᠋ᠧᠷᠢᠶᠠᠯ ᠢ ᠨᠤᠤᠷᠬᠠᠯᠠᠬᠤ ᠳᠤ᠂ ᠬᠠᠤᠯᠢ ᠶᠤᠰᠤᠭᠠᠷ ᠢᠯᠡ ᠪᠤᠯᠭᠠᠵᠦ ᠪᠣᠯᠬᠤ ᠦᠭᠡᠢ ᠠᠴᠠ ᠪᠤᠰᠤᠳ ᠢ ᠨᠢ᠂ | ᠨᠤᠤᠷᠬᠠᠯᠠᠬᠤ ᠰᠠᠯᠠᠭ᠎ᠠ ᠮᠦᠴᠢᠷ ᠨᠢ ᠨᠡᠶᠢᠭᠡᠮ ᠨᠡᠶᠢᠲᠡ ᠶᠢᠨ ᠤᠷᠤᠯᠴᠠᠬᠤ ᠳᠤ ᠳᠦᠭᠦᠮ ᠬᠡᠯᠪᠡᠷᠢ ᠪᠠᠷ ᠰᠠᠨᠠᠯ | ᠰᠤᠨᠤᠰᠬᠤ ᠬᠡᠷᠡᠭᠲᠡᠢ᠃ | ᠪᠢᠴᠢᠭᠯᠡᠭᠰᠡᠨ ᠰᠠᠨᠠᠯ ᠢ ᠬᠤᠷᠢᠶᠠᠬᠤ᠂ ᠰᠠᠭᠤᠳᠠᠯ ᠤᠨ ᠬᠤᠷᠠᠯ ᠬᠤᠷᠠᠯᠳᠤᠭᠤᠯᠬᠤ᠂ ᠭᠡᠷᠡᠴᠢᠯᠡᠭᠡ ᠰᠣᠨᠣᠰᠬᠤ | ᠬᠤᠷᠠᠯ ᠬᠤᠷᠠᠯᠳᠤᠭᠤᠯᠬᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠵᠡᠷᠭᠡ ᠤᠯᠠᠨ ᠬᠡᠯᠪᠡᠷᠢ ᠪᠠᠷ ᠰᠠᠨᠠᠯ | ᠰᠤᠨᠤᠰᠴᠦ ᠪᠣᠯᠤᠨ᠎ᠠ᠃ ᠣᠨᠴᠠᠭᠠᠢ ᠭᠦᠮᠦᠰ ᠤᠨ ᠡᠷᠬᠡ ᠠᠰᠢᠭ ᠲᠠᠢ ᠬᠤᠯᠪᠤᠭᠳᠠᠬᠤ ᠦᠶᠡᠰ ᠬᠠᠮᠢᠶ᠎ᠠ ᠪᠦᠬᠦᠢ | ᠠᠷᠠᠳ ᠤᠨ ᠪᠦᠯᠬᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠣᠯᠠᠨ ᠲᠦᠮᠡᠨ ᠤ ᠲᠦᠯᠦᠭᠡᠯᠡᠭᠴᠢ ᠲᠠᠢ | ᠣᠶᠢᠯᠠᠭᠠᠯᠴᠠᠨ ᠵᠦᠪᠳᠡᠯᠴᠡᠵᠦ᠂ ᠬᠠᠮᠢᠶ᠎ᠠ ᠪᠦᠬᠦᠢ ᠭᠦᠮᠦᠰ ᠤᠨ ᠰᠠᠨᠠᠯ ᠢ ᠰᠠᠶᠢᠲᠤᠷ ᠬᠤᠷᠢᠶᠠᠬᠤ ᠬᠡᠷᠡᠭᠲᠡᠢ᠃ | ᠣᠯᠠᠨ ᠰᠠᠯᠠᠭ᠎ᠠ ᠮᠦᠴᠢᠷ ᠤᠨ ᠡᠭᠦᠷᠭᠡ ᠴᠢᠳᠠᠪᠬᠢ ᠲᠠᠢ ᠬᠤᠯᠪᠤᠭᠳᠠᠪᠠᠯ᠂ ᠬᠤᠯᠪᠤᠭᠳᠠᠯ ᠪᠦᠬᠦᠢ ᠰᠠᠯᠠᠭ᠎ᠠ | ᠮᠦᠴᠢᠷ ᠤᠨ ᠰᠠᠨᠠᠯ ᠢ ᠬᠤᠷᠢᠶᠠᠬᠤ ᠬᠡᠷᠡᠭᠲᠡᠢ᠃ | ᠳᠤᠯᠤᠳᠤᠭᠠᠷ ᠵᠦᠢᠯ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ | ᠮᠠᠲ᠋ᠧᠷᠢᠶᠠᠯ ᠢ ᠨᠤᠤᠷᠬᠠᠯᠠᠬᠤ ᠳᠤ᠂ ᠨᠤᠤᠷᠬᠠᠯᠠᠬᠤ ᠰᠠᠯᠠᠭ᠎ᠠ ᠮᠦᠴᠢᠷ ᠤᠨ ᠬᠠᠤᠯᠢ ᠶᠤᠰᠤᠴᠢ ᠴᠢᠨᠠᠷ ᠬᠢᠨᠠᠨ | ᠬᠠᠷᠭᠤᠭᠤᠯᠬᠤ ᠪᠠᠶᠢᠭᠤᠯᠤᠮᠵᠢ ᠨᠢ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠬᠡᠷᠡᠭᠲᠡᠢ᠃ | ᠡᠳ᠋ ᠤᠨ ᠵᠠᠰᠠᠭ ᠤᠨ ᠪᠡᠯᠡ ᠮᠦᠩᠭᠦ ᠶᠢ ᠬᠡᠷᠡᠭᠯᠡᠬᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ᠂ ᠭᠠᠵᠠᠷ ᠰᠢᠷᠤᠢ | ᠬᠡᠷᠡᠭᠯᠡᠬᠦ᠂ ᠠᠭᠤᠷᠬᠠᠢ ᠶᠢᠨ ᠡᠷᠬᠡ ᠪᠠᠨ ᠰᠢᠯᠵᠢᠭᠦᠯᠦᠨ ᠬᠤᠳᠠᠯᠳᠤᠬᠤ ᠵᠡᠷᠭᠡ ᠲᠤᠰᠬᠠᠢ ᠮᠡᠷᠭᠡᠵᠢᠯ ᠤᠨ ᠴᠢᠨᠠᠷ ᠢᠶᠠᠷ | ᠨᠡᠯᠢᠶᠡᠳ ᠴᠢᠩᠭ᠎ᠠ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ ᠪᠣᠯ ᠨᠤᠤᠷᠬᠠᠯᠠᠬᠤ ᠰᠠᠯᠠᠭ᠎ᠠ ᠮᠦᠴᠢᠷ ᠤᠨ ᠬᠠᠮᠢᠶ᠎ᠠ | ᠪᠦᠬᠦᠢ ᠲᠤᠬᠠᠶᠢᠯᠬᠠᠰᠠᠨ ᠠᠵᠢᠯ ᠤᠨ ᠭᠠᠵᠠᠷ ᠲᠠᠰᠤᠭ ᠠᠴᠠ ᠬᠠᠤᠯᠢ ᠶᠤᠰᠤᠴᠢ ᠴᠢᠨᠠᠷ ᠤᠨ ᠲᠤᠳᠤᠷᠬᠠᠶᠢᠯᠠᠯᠲᠠ | ᠭᠠᠷᠭᠠᠵᠤ᠂ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠰᠠᠨᠠᠯ ᠠᠰᠳᠠᠭᠠᠨ ᠭᠠᠷᠭᠠᠬᠤ ᠴᠢᠬᠤᠯᠠ ᠦᠭᠡᠢ᠃ | ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ | ᠮᠠᠲ᠋ᠧᠷᠢᠶᠠᠯ ᠤᠨ ᠨᠤᠤᠷᠬᠠᠯᠠᠬᠤ ᠠᠭᠤᠯᠭ᠎ᠠ ᠨᠢ ᠵᠠᠬ᠎ᠠ ᠳᠡᠯᠭᠡᠭᠦᠷ ᠲᠤ ᠵᠦᠪᠰᠢᠶᠡᠷᠡᠨ ᠤᠷᠤᠭᠤᠯᠬᠤ᠂ ᠠᠵᠤ ᠦᠢᠯᠡᠰ ᠢ | ᠬᠦᠭᠵᠢᠭᠦᠯᠬᠦ᠂ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ᠂ ᠳᠠᠭᠠᠭᠠᠴᠢᠯᠠᠯᠲᠠ ᠵᠠᠷᠯᠠᠬᠤ ᠪᠠ ᠬᠦᠯᠢᠶᠡᠬᠦ᠂ | ᠵᠠᠰᠠᠭ ᠤᠨ ᠤᠷᠳᠤᠨ ᠤ ᠬᠤᠳᠠᠯᠳᠤᠨ ᠠᠪᠬᠤ᠂ ᠡᠵᠡᠩᠨᠡᠯᠲᠡ ᠶᠢᠨ ᠠᠵᠢᠯᠯᠠᠭᠠᠨ ᠤ ᠵᠢᠷᠤᠮᠵᠢᠯ᠂ ᠬᠢᠷᠢ ᠴᠢᠳᠠᠮᠵᠢ ᠶᠢᠨ | ᠪᠠᠷᠢᠮᠵᠢᠶ᠎ᠠ ᠵᠡᠷᠭᠡ ᠵᠠᠬ᠎ᠠ ᠳᠡᠯᠭᠡᠭᠦᠷ ᠤᠨ ᠪᠡᠶᠡᠴᠢ ᠴᠤᠭᠴᠠ ᠶᠢᠨ ᠠᠵᠤ ᠠᠬᠤᠢ ᠶᠢᠨ ᠠᠵᠢᠯᠯᠠᠭ᠎ᠠ ᠲᠠᠢ ᠬᠤᠯᠪᠤᠭᠳᠠᠪᠠᠯ᠂ | ᠨᠤᠤᠷᠬᠠᠯᠬᠠᠰᠠᠨ ᠰᠠᠯᠠᠭ᠎ᠠ ᠮᠦᠴᠢᠷ ᠨᠢ ᠡᠷᠬᠡ ᠲᠡᠭᠰᠢ ᠦᠷᠢᠰᠦᠯᠳᠦᠭᠡᠨ ᠤ ᠬᠢᠨᠠᠨ ᠪᠠᠶᠢᠴᠠᠭᠠᠯᠲᠠ ᠬᠢᠬᠦ ᠬᠡᠷᠡᠭᠲᠡᠢ᠃ | ᠶᠢᠰᠦᠳᠦᠭᠡᠷ ᠵᠦᠢᠯ ᠨᠤᠤᠷᠬᠠᠯᠠᠬᠤ ᠰᠠᠯᠠᠭ᠎ᠠ ᠮᠦᠴᠢᠷ ᠠᠴᠠ ᠥᠪᠡᠷᠲᠡᠭᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠳᠤ ᠮᠡᠳᠡᠭᠦᠯᠦᠨ ᠬᠦᠷᠭᠡᠬᠦ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ | ᠵᠠᠬᠢᠷᠭᠠᠨ ᠤ ᠪᠢᠴᠢᠭ ᠮᠠᠲ᠋ᠧᠷᠢᠶᠠᠯ ᠨᠢ ᠳᠤᠤᠷᠠᠬᠢ ᠮᠠᠲ᠋ᠧᠷᠢᠶᠠᠯ ᠤᠳ ᠢ ᠪᠠᠭᠲᠠᠭᠠᠬᠤ ᠬᠡᠷᠡᠭᠲᠡᠢ᠄ | ︵ᠨᠢᠭᠡ︶ ᠬᠦᠷᠭᠡᠵᠦ ᠬᠢᠨᠠᠭᠤᠯᠬᠤ ᠨᠤᠤᠷᠠᠭ᠂ ᠨᠤᠤᠷᠬᠠᠯᠠᠬᠤ ᠲᠤᠳᠤᠷᠬᠠᠶᠢᠯᠠᠯᠲᠠ ᠪᠤᠯᠤᠨ ᠲᠤᠨᠨᠳᠠᠭᠠᠬᠤ | ᠦᠨᠳᠦᠰᠦᠯᠡᠯ︔ | ︵ᠬᠤᠶᠠᠷ︶ ᠬᠤᠷᠢᠶᠠᠭᠰᠠᠨ ᠰᠠᠨᠠᠯ ᠪᠤᠯᠤᠨ ᠰᠠᠨᠠᠯ ᠢ ᠬᠦᠯᠢᠶᠡᠨ ᠠᠪᠤᠭᠰᠠᠨ ᠪᠠᠶᠢᠳᠠᠯ︔ | ︵ᠭᠤᠷᠪᠠ︶ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠰᠠᠨᠠᠯ ᠪᠤᠶᠤ ᠬᠠᠤᠯᠢ ᠶᠤᠰᠤᠴᠢ ᠴᠢᠨᠠᠷ ᠤᠨ | ᠲᠤᠳᠤᠷᠬᠠᠶᠢᠯᠠᠯᠲᠠ᠃ | ᠡᠷᠬᠡ ᠲᠡᠭᠰᠢ ᠦᠷᠢᠰᠦᠯᠳᠦᠭᠡᠨ ᠤ ᠬᠢᠨᠠᠨ ᠪᠠᠶᠢᠴᠠᠭᠠᠯᠳᠠ ᠬᠢᠬᠦ ᠴᠢᠬᠤᠯᠠ ᠲᠠᠢ ᠨᠢ ᠡᠷᠬᠡ ᠲᠡᠭᠰᠢ | ᠦᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠳᠤᠲᠤᠷᠬᠠᠶᠢᠯᠠᠯᠲᠠ ᠪᠠᠨ ᠵᠡᠷᠭᠡ ᠳᠤ ᠨᠢ ᠮᠡᠳᠡᠭᠦᠯᠦᠨ ᠬᠦᠷᠭᠡᠬᠦ | ᠬᠡᠷᠡᠭᠲᠡᠢ᠃ | ᠠᠷᠪᠠᠳᠤᠭᠠᠷ ᠵᠦᠢᠯ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠳᠦ ᠪᠣᠳᠤᠯᠭ᠎ᠠ ᠶᠢᠨ ᠲᠦᠷᠥᠯ ᠤᠨ | ᠪᠢᠴᠢᠭ ᠮᠠᠲ᠋ᠧᠷᠢᠶᠠᠯ ᠢ ᠨᠤᠤᠷᠬᠠᠯᠠᠬᠤ ᠳᠤ᠂ ᠨᠡᠶᠢᠳᠡ ᠤᠯᠠᠨ ᠤᠷᠤᠯᠴᠠᠬᠤ᠂ ᠲᠤᠰᠬᠠᠢ ᠮᠡᠷᠭᠡᠵᠢᠯᠲᠡᠨ ᠢᠶᠠᠷ | ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠳᠡᠰ ᠳᠠᠷᠠᠭᠠᠯᠠᠯ ᠢ ᠭᠦᠢᠴᠡᠳᠬᠡᠬᠦ ᠴᠢᠬᠤᠯᠠ ᠲᠠᠢ ᠪᠣᠯ | ᠨᠤᠤᠷᠬᠠᠯᠠᠬᠤ ᠰᠠᠯᠠᠭ᠎ᠠ ᠮᠦᠴᠢᠷ ᠨᠢ ᠬᠤᠯᠪᠤᠭᠳᠠᠯ ᠪᠦᠬᠦᠢ ᠮᠠᠲ᠋ᠧᠷᠢᠶᠠᠯ ᠢ ᠪᠠᠨ ᠮᠡᠳᠡᠭᠦᠯᠦᠨ ᠬᠦᠷᠭᠡᠬᠦ ᠬᠡᠷᠡᠭᠲᠡᠢ᠃ | ᠠᠷᠪᠠᠨ ᠨᠢᠭᠡᠳᠦᠭᠡᠷ ᠵᠦᠢᠯ ᠨᠤᠤᠷᠬᠠᠯᠠᠬᠤ ᠰᠠᠯᠠᠭ᠎ᠠ ᠮᠦᠴᠢᠷ ᠨᠢ ᠥᠪᠡᠷᠲᠡᠭᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠤ ᠨᠡᠷ᠎ᠡ ᠪᠠᠷ ᠲᠤᠭᠲᠠᠬᠤ ᠪᠠᠷ ᠪᠠᠶᠢᠭ᠎ᠠ ᠭᠡᠷ᠎ᠡ᠂ ᠵᠦᠪᠯᠡᠯᠴᠡᠭᠡᠷ ᠢᠶᠠᠨ ᠥᠪᠡᠷᠲᠡᠭᠡᠨ ᠵᠠᠰᠠᠬᠤ | ᠤᠷᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠬᠦᠷᠭᠡᠬᠦ ᠳᠤ᠂ ᠰᠠᠯᠠᠭ᠎ᠠ ᠮᠦᠴᠢᠷ ᠤᠨ ᠬᠠᠤᠯᠢ | ᠶᠤᠰᠤᠴᠢ ᠴᠢᠨᠠᠷ ᠢ ᠬᠢᠨᠠᠨ ᠬᠠᠷᠭᠤᠭᠤᠯᠬᠤ ᠰᠠᠨᠠᠯ ᠪᠤᠶᠤ ᠰᠠᠯᠠᠭ᠎ᠠ ᠮᠦᠴᠢᠷ ᠤᠨ ᠬᠠᠤᠯᠢ ᠵᠦᠪᠯᠡᠭᠴᠢ ᠶᠢᠨ ᠭᠠᠷᠭᠠᠭᠰᠠᠨ | ᠬᠠᠤᠯᠢ ᠴᠠᠭᠠᠵᠠ ᠶᠢᠨ ᠰᠠᠨᠠᠯ ᠢ ᠬᠠᠮᠲᠤ ᠳᠤ ᠨᠢ ᠮᠡᠳᠡᠭᠦᠯᠦᠨ ᠬᠦᠷᠭᠡᠬᠦ ᠬᠡᠷᠡᠭᠲᠡᠢ᠃ | ᠠᠷᠪᠠᠨ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ | ᠲᠢᠩᠬᠢᠮ ︵ᠳᠤᠷᠤᠭᠰᠢ ᠵᠠᠰᠠᠭ ᠤᠨ ᠤᠷᠳᠤᠨ ᠤ ᠠᠯᠪᠠᠨ ᠲᠢᠩᠬᠢᠮ ᠭᠡᠵᠦ ᠲᠤᠪᠴᠢᠯᠠᠨ᠎ᠠ︶ ᠨᠢ ᠨᠤᠤᠷᠬᠠᠯᠠᠬᠤ | ᠰᠠᠯᠠᠭ᠎ᠠ ᠮᠦᠴᠢᠷ ᠤᠨ ᠮᠡᠳᠡᠭᠦᠯᠦᠨ ᠬᠦᠷᠭᠡᠭᠰᠡᠨ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ | ᠵᠠᠬᠢᠷᠭᠠᠨ ᠤ ᠪᠢᠴᠢᠭ ᠮᠠᠲ᠋ᠧᠷᠢᠶᠠᠯ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ ᠭᠠᠷᠳ᠋ᠬᠠᠰᠠᠨ ᠤ ᠳᠠᠷᠠᠭ᠎ᠠ᠂ ᠮᠠᠲ᠋ᠧᠷᠢᠶᠠᠯ ᠤᠨ | ᠭᠦᠢᠴᠡᠳ ᠴᠢᠨᠠᠷ᠂ ᠵᠢᠷᠤᠮᠵᠢᠯᠳᠦ ᠴᠢᠨᠠᠷ ᠢ ᠬᠢᠨᠠᠨ ᠬᠠᠷᠭᠤᠭᠤᠯᠬᠤ ᠬᠡᠷᠡᠭᠲᠡᠢ᠃ ᠮᠠᠲ᠋ᠧᠷᠢᠶᠠᠯ ᠨᠢ ᠭᠦᠢᠴᠡᠳ ᠦᠭᠡᠢ | ᠪᠣᠯ ᠪᠤᠴᠠᠭᠠᠬᠤ ᠪᠤᠶᠤ ᠨᠤᠤᠷᠬᠠᠯᠠᠬᠰᠠᠨ ᠰᠠᠯᠠᠭ᠎ᠠ ᠮᠦᠴᠢᠷ ᠢ ᠱᠠᠭᠠᠷᠳᠠᠵᠤ ᠪᠠᠶᠢᠭᠠᠳ ᠲᠤᠭᠲᠠᠭᠰᠠᠨ | ᠬᠤᠭᠤᠴᠠᠭᠠᠨ ᠳᠤ ᠮᠠᠲ᠋ᠧᠷᠢᠶᠠᠯ ᠢ ᠨᠢ ᠨᠦᠬᠦᠪᠦᠷᠢᠯᠡᠭᠦᠯᠬᠦ ᠪᠤᠶᠤ ᠪᠠᠶᠢᠳᠠᠯ ᠢ ᠨᠢ ᠲᠣᠳᠤᠷᠬᠠᠶᠢᠯᠠᠭᠤᠯᠬᠤ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠬᠠᠤᠯᠢ ᠶᠤᠰᠤᠴᠢ ᠴᠢᠨᠠᠷ ᠢ | ᠬᠢᠨᠠᠨ ᠬᠠᠷᠭᠤᠭᠤᠯᠬᠤ ᠪᠠᠶᠢᠭᠤᠯᠤᠮᠵᠢ ᠠᠴᠠ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠳᠤ ᠶᠡᠷᠦ ᠳᠤ ᠪᠠᠨ | ᠪᠢᠴᠢᠭᠯᠡᠭᠰᠡᠨ ᠬᠡᠯᠪᠡᠷᠢ ᠶᠢᠨ ᠬᠢᠨᠠᠨ ᠬᠠᠷᠭᠤᠭᠤᠯᠬᠤ ᠬᠡᠯᠪᠡᠷᠢ ᠶᠢ ᠬᠡᠷᠡᠭᠯᠡᠵᠦ᠂ ᠪᠠᠰᠠ ᠰᠠᠭᠤᠳᠠᠯ ᠤᠨ ᠬᠤᠷᠠᠯ ᠪᠠ | ᠨᠤᠲᠠᠯᠠᠬᠤ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ ᠬᠤᠯᠪᠤᠭᠳᠠᠯ ᠪᠦᠬᠦᠢ ᠲᠠᠯ᠎ᠠ ᠶᠢᠨ ᠰᠠᠨᠠᠯ ᠢ | ᠰᠤᠨᠤᠰᠴᠦ ᠪᠤᠯᠤᠨ᠎ᠠ᠃ | ᠠᠷᠪᠠᠨ ᠳᠦᠷᠪᠡᠳᠦᠭᠡᠷ ᠵᠦᠢᠯ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠬᠠᠤᠯᠢ ᠶᠤᠰᠤᠴᠢ ᠴᠢᠨᠠᠷ ᠢ | ᠬᠢᠨᠠᠨ ᠬᠠᠷᠭᠤᠭᠤᠯᠬᠤ ᠪᠠᠶᠢᠭᠤᠯᠤᠮᠵᠢ ᠠᠴᠠ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠳᠤ᠂ ᠯᠣᠭᠢᠭ ᠢᠶᠠᠷ | ᠴᠢᠩᠭ᠎ᠠ ᠪᠢᠰᠢ᠂ ᠪᠦᠲᠦᠴᠡ ᠨᠢ ᠠᠪᠴᠠᠯᠳᠤᠩᠭᠤᠢ ᠪᠤᠰᠤ᠂ ᠪᠤᠲᠠᠲᠠᠢ ᠠᠭᠤᠯᠭ᠎ᠠ ᠦᠭᠡᠢ᠂ ᠦᠰᠦᠭ ᠪᠢᠴᠢᠭ ᠤᠨ | ᠢᠯᠡᠳᠭᠡᠮᠵᠢ ᠨᠢ ᠵᠢᠷᠦᠮᠵᠢᠯ ᠢᠶᠠᠷ ᠠᠨᠠᠢ᠂ ᠲᠤᠨᠨᠳᠠᠭᠠᠵᠦ ᠨᠡᠶᠢᠳᠡᠯᠡᠬᠦ ᠨᠦᠬᠦᠴᠡᠯ ᠳᠤ ᠨᠡᠶᠢᠴᠡᠬᠦ ᠦᠭᠡᠢ ᠪᠢᠴᠢᠭ | ᠮᠠᠲ᠋ᠧᠷᠢᠶᠠᠯ ᠢ᠂ ᠨᠤᠤᠷᠬᠠᠯᠬᠠᠰᠠᠨ ᠰᠠᠯᠠᠭ᠎ᠠ ᠮᠦᠴᠢᠷ ᠲᠤ ᠪᠤᠴᠠᠭᠠᠬᠤ ᠰᠠᠨᠠᠯ ᠳᠤᠷᠠᠳᠴᠦ᠂ ᠨᠤᠤᠷᠬᠠᠯᠬᠠᠰᠠᠨ ᠰᠠᠯᠠᠭ᠎ᠠ | ᠮᠦᠴᠢᠷ ᠢ ᠪᠢᠴᠢᠭ ᠮᠠᠲ᠋ᠧᠷᠢᠶᠠᠯ ᠢᠶᠠᠨ ᠪᠦᠷᠢᠨ ᠪᠣᠯᠭᠠᠭᠰᠠᠨ ᠤ ᠳᠠᠷᠠᠭ᠎ᠠ ᠳᠠᠬᠢᠨ ᠮᠡᠳᠡᠭᠦᠯᠦᠨ ᠬᠦᠷᠭᠡᠬᠦ ᠪᠠᠷ | ᠱᠠᠭᠠᠷᠳᠠᠬᠤ ᠬᠡᠷᠡᠭᠲᠡᠢ᠃ | ᠠᠷᠪᠠᠨ ᠲᠠᠪᠤᠳᠤᠭᠠᠷ ᠵᠦᠢᠯ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠬᠠᠤᠯᠢ ᠶᠤᠰᠤᠴᠢ ᠴᠢᠨᠠᠷ ᠢ | ᠬᠢᠨᠠᠨ ᠬᠠᠷᠭᠤᠭᠤᠯᠬᠤ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ | ᠵᠠᠬᠢᠷᠭᠠᠨ ᠤ ᠪᠢᠴᠢᠭ ᠮᠠᠲ᠋ᠧᠷᠢᠶᠠᠯ ᠤᠨ ᠳᠤᠤᠷᠠᠬᠢ ᠮᠡᠲᠦ ᠬᠡᠳᠦᠨ ᠵᠦᠢᠯᠡᠰ ᠢ ᠬᠢᠨᠠᠨ ᠬᠠᠷᠭᠤᠭᠤᠯᠬᠤ ᠬᠡᠷᠡᠭᠲᠡᠢ᠄ | ︵ᠨᠢᠭᠡ︶ ᠲᠤᠭᠲᠠᠭᠠᠭᠰᠠᠨ ᠭᠤᠣᠯ ᠴᠤᠭᠴᠨ ᠨᠢ ᠬᠠᠤᠯᠢ ᠳᠤ ᠨᠡᠶᠢᠴᠡᠬᠦ ᠡᠰᠡᠬᠦ︔ | ︵ᠬᠤᠶᠠᠷ︶ ᠬᠠᠤᠯᠢ ᠪᠠᠷ ᠲᠤᠭᠲᠠᠭᠰᠠᠨ ᠡᠭᠦᠷᠭᠡ ᠲᠤᠰᠢᠶᠠᠯ ᠳᠤ ᠨᠡᠶᠢᠴᠡᠬᠦ ᠡᠰᠡᠬᠦ︔ | ︵ᠭᠤᠷᠪᠠ︶ ᠦᠨᠳᠦᠰᠦᠨ ᠬᠠᠤᠯᠢ᠂ ᠬᠠᠤᠯᠢ ᠴᠠᠭᠠᠵᠠ᠂ ᠬᠠᠤᠯᠢ ᠲᠤᠭᠲᠠᠭᠠᠯ᠂ ᠲᠤᠭᠲᠠᠭᠠᠯ ᠳᠥᠷᠢᠮ | ᠪᠤᠯᠤᠨ ᠤᠯᠤᠰ ᠤᠨ ᠪᠢᠴᠢᠭ ᠮᠠᠲ᠋ᠧᠷᠢᠶᠠᠯ ᠤᠨ ᠲᠤᠭᠲᠠᠭᠠᠯ ᠳᠤ ᠨᠡᠶᠢᠴᠡᠬᠦ ᠡᠰᠡᠭᠦ︔ | ︵ᠳᠥᠷᠪᠡ︶ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠳᠬᠡᠯ ᠲᠤᠷᠭᠠᠭᠤᠯᠢ᠂ ᠵᠠᠰᠠᠭ | ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ ᠲᠠᠲᠠᠪᠤᠷᠢ᠂ ᠵᠠᠰᠠᠭ ᠵᠠᠬᠢᠷᠭᠠᠨ ᠤ ᠰᠦᠢᠳᠭᠡᠯ ᠬᠤᠷᠢᠶᠠᠯᠳᠠ ᠵᠡᠷᠭᠡ | ᠵᠦᠢᠯᠡᠰ ᠢ ᠬᠠᠤᠯᠢ ᠠᠴᠠ ᠵᠦᠷᠢᠴᠡᠵᠦ ᠲᠤᠬᠢᠷᠠᠭᠤᠯᠤᠨᠨᠰᠠᠨ ᠡᠰᠡᠭᠦ︔ | ︵ᠲᠠᠪᠤ︶ ᠬᠠᠤᠯᠢ ᠴᠠᠭᠠᠵᠠ᠂ ᠬᠠᠤᠯᠢ ᠲᠤᠭᠲᠠᠭᠠᠯ ᠤᠨ ᠦᠨᠳᠦᠰᠦᠯᠡᠯ ᠦᠭᠡᠢ ᠪᠠᠷ ᠡᠷᠬᠡᠳᠦ ᠠᠷᠠᠳ᠂ | ᠬᠠᠤᠯᠢ ᠶᠢᠨ ᠡᠷᠬᠡᠲᠡᠨ ᠪᠤᠯᠤᠨ ᠪᠤᠰᠤᠳ ᠵᠤᠬᠢᠶᠠᠨ ᠪᠠᠶᠢᠭᠤᠯᠤᠯᠲᠠ ᠶᠢᠨ ᠬᠠᠤᠯᠢ ᠶᠤᠰᠤᠨ ᠤ ᠡᠷᠬᠡ ᠠᠰᠢᠭ ᠢ | ᠬᠤᠬᠢᠷᠠᠭᠤᠯᠤᠭᠰᠠᠨ ᠪᠤᠶᠤ ᠡᠭᠦᠷᠭᠡ ᠶᠢ ᠨᠢ ᠬᠦᠨᠳᠦᠷᠡᠭᠦᠯᠦᠭᠰᠡᠨ ᠪᠠᠶᠢᠳᠠᠯ ᠤᠷᠤᠰᠢᠵᠤ ᠪᠠᠶᠢᠬᠤ ᠡᠰᠡᠬᠦ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠤᠭᠲᠠᠭᠠᠯ ᠤᠨ ᠦᠨᠳᠦᠰᠦᠯᠡᠯ ᠦᠭᠡᠢ ᠪᠠᠷ ᠲᠤᠨᠨᠳᠠᠭᠠᠬᠤ | ᠪᠠᠶᠢᠭᠤᠯᠭ᠎ᠠ ᠶᠢᠨ ᠡᠷᠬᠡ ᠶᠢ ᠨᠢ ᠨᠡᠮᠡᠭᠳᠡᠭᠦᠯᠦᠭᠰᠡᠨ ᠪᠤᠶᠤ ᠬᠠᠤᠯᠢ ᠪᠠᠷ ᠲᠤᠭᠲᠠᠭᠰᠠᠨ ᠡᠭᠦᠷᠭᠡ ᠬᠠᠷᠢᠭᠤᠴᠠᠯᠭ᠎ᠠ ᠶᠢ ᠨᠢ | ᠪᠠᠭᠠᠰᠬᠠᠨᠨᠰᠠᠨ ᠪᠠᠶᠢᠳᠠᠯ ᠤᠷᠤᠰᠢᠵᠤ ᠪᠠᠶᠢᠬᠤ ᠡᠰᠡᠬᠦ︔ | ︵ᠳᠣᠯᠤᠭ᠎ᠠ︶ ᠲᠤᠭᠲᠠᠭᠠᠬᠤ ᠳᠡᠰ ᠳᠠᠷᠠᠭᠠᠯᠠᠯ ᠳᠤ ᠨᠡᠶᠢᠴᠡᠵᠦ ᠪᠠᠶᠢᠬᠤ ᠡᠰᠡᠬᠦ︔ | ︵ᠨᠠᠢᠮᠠ︶ ᠲᠤᠬᠢᠷᠠᠮᠵᠢᠲᠠᠢ ᠪᠠᠶᠢᠬᠤ ᠡᠰᠡᠬᠦ︔ | ︵ᠶᠢᠰᠦ︶ ᠬᠢᠨᠠᠨ ᠬᠠᠷᠭᠤᠭᠤᠯᠬᠤ ᠴᠢᠬᠤᠯᠠ ᠲᠠᠢ ᠪᠤᠰᠤᠳ ᠵᠦᠢᠯᠡᠰ᠃ | ᠠᠷᠪᠠᠨ ᠵᠢᠷᠭᠤᠳᠤᠭᠠᠷ ᠵᠦᠢᠯ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠬᠠᠤᠯᠢ ᠶᠤᠰᠤᠴᠢ ᠴᠢᠨᠠᠷ ᠢ | ᠬᠢᠨᠠᠨ ᠬᠠᠷᠭᠤᠭᠤᠯᠬᠤ ᠪᠠᠶᠢᠭᠤᠯᠤᠮᠵᠢ ᠠᠴᠠ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠳᠤ᠂ ᠬᠠᠤᠯᠢ | ᠶᠤᠰᠤᠴᠢ ᠴᠢᠨᠠᠷ ᠢ ᠬᠢᠨᠠᠨ ᠬᠠᠷᠭᠤᠭᠤᠯᠬᠤ ᠲᠤᠬᠠᠢ ᠪᠢᠴᠢᠭᠯᠡᠭᠰᠡᠨ ᠰᠠᠨᠠᠯ ᠤᠨ ᠪᠢᠴᠢᠭ ᠭᠠᠷᠭᠠᠬᠤ ᠶᠢᠨ ᠬᠠᠮᠲᠤ | ᠳᠤᠤᠷᠠᠬᠢ ᠳᠤᠭᠲᠠᠭᠠᠯ ᠶᠤᠰᠤᠭᠠᠷ ᠰᠠᠨᠠᠯ ᠳᠤᠷᠠᠳᠬᠤ ᠬᠡᠷᠡᠭᠲᠡᠢ᠄ | ︵ᠨᠢᠭᠡ︶ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠠᠭᠤᠯᠭ᠎ᠠ ᠨᠢ ᠬᠠᠤᠯᠢ ᠳᠤ ᠨᠡᠶᠢᠴᠡᠵᠦ ᠪᠠᠶᠢᠪᠠᠯ᠂ | ᠬᠠᠤᠯᠢ ᠴᠠᠭᠠᠵᠠ᠂ ᠬᠠᠤᠯᠢ ᠲᠤᠭᠲᠠᠭᠠᠯ᠂ ᠲᠤᠭᠲᠠᠭᠠᠯ ᠳᠥᠷᠢᠮ ᠵᠢᠴᠢ ᠤᠯᠤᠰ ᠤᠨ ᠪᠢᠴᠢᠭ ᠮᠠᠲ᠋ᠧᠷᠢᠶᠠᠯ ᠤᠨ | ᠲᠤᠭᠲᠠᠭᠠᠯ ᠳᠤ ᠨᠡᠶᠢᠴᠡᠬᠦ ᠰᠠᠨᠠᠯ ᠢ ᠳᠤᠷᠠᠳᠬᠤ ᠬᠡᠷᠡᠭᠲᠡᠢ︔ | ︵ᠬᠤᠶᠠᠷ︶ ᠡᠷᠬᠡ ᠶᠢᠨ ᠬᠡᠪᠴᠢᠶ᠎ᠡ ᠠᠴᠠ ᠪᠠᠨ ᠳᠠᠪᠠᠵᠣ᠂ ᠭᠤᠣᠯ ᠠᠭᠤᠯᠭ᠎ᠠ ᠨᠢ ᠬᠠᠤᠯᠢ ᠶᠢ ᠵᠦᠷᠢᠴᠡᠭᠰᠡᠨ | ᠪᠤᠶᠤ ᠲᠤᠨᠨᠳᠠᠵᠦ ᠪᠠᠶᠢᠭ᠎ᠠ ᠭᠤᠣᠯ ᠪᠣᠯᠬᠤ ᠳᠥᠷᠢᠮ ᠪᠤᠯᠤᠨ ᠠᠷᠭ᠎ᠠ ᠬᠡᠮᠵᠢᠶ᠎ᠡ ᠨᠢ ᠢᠯᠡᠳᠲᠡ ᠵᠦᠢ ᠵᠣᠬᠢᠰ ᠦᠭᠡᠢ | ᠪᠠᠶᠢᠪᠠᠯ᠂ ᠲᠤᠰ ᠪᠢᠴᠢᠭ ᠮᠠᠲ᠋ᠧᠷᠢᠶᠠᠯ ᠢ ᠲᠤᠨᠨᠳᠠᠭᠠᠵᠦ ᠨᠡᠶᠢᠳᠡᠯᠡᠬᠦ ᠦᠭᠡᠢ ᠰᠠᠨᠠᠭᠤᠯᠭ᠎ᠠ ᠭᠠᠷᠭᠠᠬᠤ ᠬᠡᠷᠡᠭᠲᠡᠢ︔ | ︵ᠭᠤᠷᠪᠠ︶ ᠤᠯᠤᠰ ᠤᠨ ᠪᠢᠴᠢᠭ ᠮᠠᠲ᠋ᠧᠷᠢᠶᠠᠯ ᠢ ᠲᠡᠷᠡ ᠬᠡᠪ ᠢᠶᠠᠷ ᠨᠢ ᠬᠠᠭᠤᠯᠵᠤ ᠰᠢᠯᠵᠢᠭᠦᠯᠦᠭᠰᠡᠨ ᠪᠠᠶᠢᠪᠠᠯ᠂ | ᠲᠤᠰ ᠪᠢᠴᠢᠭ ᠮᠠᠲ᠋ᠧᠷᠢᠶᠠᠯ ᠢ ᠲᠤᠨᠨᠳᠠᠭᠠᠵᠦ ᠨᠡᠶᠢᠳᠡᠯᠡᠬᠦ ᠦᠭᠡᠢ ᠰᠠᠨᠠᠭᠤᠯᠭ᠎ᠠ ᠭᠠᠷᠭᠠᠬᠤ ᠬᠡᠷᠡᠭᠲᠡᠢ︔ | ︵ᠳᠥᠷᠪᠡ︶ ᠨᠡᠶᠢᠳᠡ ᠤᠯᠠᠨ ᠤᠷᠤᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ | ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ᠂ ᠬᠠᠮᠲᠤ ᠪᠠᠷ ᠶᠠᠷᠢᠯᠴᠠᠬᠤ | ᠪᠤᠶᠤ ᠡᠷᠬᠡ ᠲᠡᠭᠰᠢ ᠦᠷᠢᠰᠦᠯᠳᠦᠭᠡᠨ ᠢ ᠬᠢᠨᠠᠨ ᠪᠠᠶᠢᠴᠠᠭᠠᠬᠤ ᠵᠡᠷᠭᠡ ᠳᠡᠰ ᠳᠠᠷᠠᠭᠠᠯᠠᠯ ᠢ ᠭᠦᠢᠴᠡᠳᠭᠡᠬᠦ ᠴᠢᠬᠤᠯᠠ ᠲᠠᠢ | ᠪᠣᠯᠪᠠᠴᠦ ᠭᠦᠢᠴᠡᠳᠭᠡᠭᠰᠡᠨ ᠦᠭᠡᠢ ᠪᠣᠯ᠂ ᠨᠤᠤᠷᠬᠠᠯᠬᠠᠰᠠᠨ ᠰᠠᠯᠠᠭ᠎ᠠ ᠮᠦᠴᠢᠷ ᠲᠤ ᠪᠤᠴᠠᠭᠠᠵᠤ ᠳᠡᠰ ᠳᠠᠷᠠᠭᠠᠯᠠᠯ ᠢ ᠨᠢ | ᠨᠦᠭᠦᠪᠦᠷᠢᠯᠡᠵᠦ ᠵᠠᠯᠠᠷᠠᠭᠤᠯᠬᠤ ᠰᠠᠨᠠᠭᠤᠯᠭ᠎ᠠ ᠭᠠᠷᠭᠠᠬᠤ ᠬᠡᠷᠡᠭᠲᠡᠢ︔ | ︵ᠲᠠᠪᠤ︶ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠭᠤᠣᠯ ᠠᠭᠤᠯᠭ᠎ᠠ ᠳᠤ ᠮᠠᠷᠭᠤᠭᠠᠨ ᠶᠡᠬᠡᠲᠡᠢ ᠪᠠᠶᠢᠵᠤ᠂ | ᠵᠦᠪᠯᠡᠯᠴᠡᠵᠣ ᠰᠠᠨᠠᠯ ᠨᠢᠭᠡᠲᠦᠭᠡᠳᠦᠢ ᠪᠣᠯ᠂ ᠨᠤᠤᠷᠬᠠᠯᠬᠠᠰᠠᠨ ᠰᠠᠯᠠᠭ᠎ᠠ ᠮᠦᠴᠢᠷ ᠲᠤ ᠪᠤᠴᠠᠭᠠᠵᠤ ᠵᠦᠪᠳᠡᠯᠴᠡᠨ | ᠰᠠᠨᠠᠯ ᠢᠶᠠᠨ ᠨᠢᠭᠡᠳᠭᠡᠬᠦ ᠰᠠᠨᠠᠭᠤᠯᠭ᠎ᠠ ᠭᠠᠷᠭᠠᠬᠤ ᠬᠡᠷᠡᠭᠲᠡᠢ︔ | ︵ᠵᠢᠷᠭᠤᠭ᠎ᠠ︶ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠪᠤᠲᠠᠲᠠᠢ ᠠᠭᠤᠯᠭ᠎ᠠ ᠨᠢ ᠬᠠᠤᠯᠢ ᠳᠤ ᠨᠡᠶᠢᠴᠡᠬᠦ | ᠦᠭᠡᠢ ᠪᠣᠯ᠂ ᠪᠤᠲᠠᠲᠠᠢ ᠵᠠᠰᠠᠪᠤᠷᠢ ᠤᠷᠤᠭᠤᠯᠬᠤ ᠰᠠᠨᠠᠯ ᠳᠤᠷᠠᠳᠬᠤ ᠬᠡᠷᠡᠭᠲᠡᠢ︔ | ᠠᠷᠪᠠᠨ ᠳᠤᠯᠤᠳᠤᠭᠠᠷ ᠵᠦᠢᠯ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠬᠠᠤᠯᠢ ᠶᠤᠰᠤᠴᠢ ᠴᠢᠨᠠᠷ ᠢ | ᠬᠢᠨᠠᠨ ᠬᠠᠷᠭᠤᠭᠤᠯᠬᠤ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠢ ᠬᠢᠨᠠᠨ ᠬᠠᠷᠭᠤᠭᠤᠯᠬᠤ ᠳᠤ ᠡᠩ ᠤᠨ ᠪᠠᠶᠢᠳᠠᠯ ᠳᠣᠣᠷ᠎ᠠ 5 ᠠᠵᠢᠯᠯᠠᠬᠤ ᠡᠳᠦᠷ ᠠᠴᠠ | ᠣᠬᠤᠷ ᠪᠠᠶᠢᠯᠭᠠᠵᠦ ᠪᠤᠯᠬᠤ ᠦᠭᠡᠢ︔ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠤᠯᠭ᠎ᠠ ᠶᠢᠨ | ᠲᠦᠷᠥᠯ ᠤᠨ ᠪᠢᠴᠢᠭ ᠮᠠᠲ᠋ᠧᠷᠢᠶᠠᠯ ᠪᠤᠯᠤᠨ ᠭᠡᠷ᠎ᠡ᠂ ᠵᠦᠪᠯᠡᠯᠴᠡᠭᠡᠷ ᠢ ᠬᠢᠨᠠᠨ ᠬᠠᠷᠭᠤᠭᠤᠯᠬᠤ ᠳᠤ ᠡᠩ ᠤᠨ ᠪᠠᠶᠢᠳᠠᠯ | ᠳᠣᠣᠷ᠎ᠠ 7 ᠠᠵᠢᠯᠯᠠᠬᠤ ᠡᠳᠦᠷ ᠠᠴᠠ ᠣᠬᠤᠷ ᠪᠠᠶᠢᠯᠭᠠᠵᠦ ᠪᠤᠯᠬᠤ ᠦᠭᠡᠢ︔ ᠳᠤᠰᠬᠠᠢ ᠮᠡᠷᠭᠡᠵᠢᠯ ᠤᠨ ᠴᠢᠨᠠᠷ ᠢᠶᠠᠷ | ᠴᠢᠩᠭ᠎ᠠ᠂ ᠬᠠᠤᠯᠢ ᠴᠠᠭᠠᠵᠠ ᠶᠢᠨ ᠬᠠᠷᠢᠴᠠᠭ᠎ᠠ ᠨᠢ ᠪᠤᠳᠤᠯᠢᠶᠠᠨ ᠲᠠᠢ ᠲᠦᠪᠡᠭ ᠭᠦᠴᠢᠷ ᠪᠢᠴᠢᠭ ᠮᠠᠲ᠋ᠧᠷᠢᠶᠠᠯ ᠢ 15 | ᠠᠵᠢᠯᠯᠠᠬᠤ ᠡᠳᠦᠷ ᠲᠤ ᠬᠢᠨᠠᠨ ᠬᠠᠷᠭᠤᠭᠤᠯᠵᠤ ᠳᠠᠭᠤᠰᠬᠠᠬᠤ ᠬᠡᠷᠡᠭᠲᠡᠢ︔ | ᠭᠡᠨᠡᠳᠲᠡ ᠶᠢᠨ ᠬᠡᠷᠡᠭ ᠢ ᠰᠡᠷᠭᠡᠶᠢᠯᠡᠬᠦ᠂ ᠠᠷᠭᠠᠴᠠᠭᠠᠬᠤ ᠪᠠ ᠰᠢᠢᠳᠪᠦᠷᠢᠯᠡᠬᠦ ᠶᠢᠨ ᠲᠤᠰᠠᠲᠠ᠂ ᠡᠰᠡᠬᠦᠯ᠎ᠡ | ᠳᠡᠭᠡᠳᠦ ᠱᠠᠲᠤᠨ ᠤ ᠪᠠᠶᠢᠭᠤᠯᠭ᠎ᠠ ᠶᠢᠨ ᠪᠠᠴᠢᠮ ᠵᠠᠷᠯᠢᠭ ᠪᠤᠯᠤᠨ ᠲᠣᠭᠲᠠᠭᠠᠯ ᠢ ᠭᠦᠢᠴᠡᠳᠬᠡᠬᠦ ᠵᠡᠷᠭᠡ ᠳᠠᠷᠦ᠋ᠢᠬᠠᠨ | ᠲᠤᠭᠲᠠᠭᠠᠵᠤ ᠬᠡᠷᠡᠭᠵᠢᠭᠦᠯᠬᠦ ᠴᠢᠬᠤᠯᠠ ᠲᠠᠢ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠢᠴᠢᠭ | ᠮᠠᠲ᠋ᠧᠷᠢᠶᠠᠯ ᠢ ᠪᠣᠯ᠂ ᠱᠠᠭᠠᠷᠳᠠᠵᠤ ᠪᠠᠶᠢᠭ᠎ᠠ ᠬᠤᠭᠤᠴᠠᠭ᠎ᠠ ᠶᠤᠰᠤᠭᠠᠷ ᠪᠡᠶᠡᠯᠡᠭᠦᠯᠬᠦ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠨᠤᠤᠷᠬᠠᠯᠠᠬᠤ ᠰᠠᠯᠠᠭ᠎ᠠ ᠮᠦᠴᠢᠷ ᠤᠨ ᠮᠠᠲ᠋ᠧᠷᠢᠶᠠᠯ ᠢᠶᠠᠨ ᠨᠦᠬᠦᠪᠦᠷᠢᠯᠡᠬᠦ | ᠬᠤᠭᠤᠴᠠᠭ᠎ᠠ ᠶᠢ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠬᠤᠭᠤᠴᠠᠭᠠᠨ ᠳᠤ ᠪᠤᠳᠤᠵᠦ ᠤᠷᠤᠭᠤᠯᠬᠤ | ᠦᠭᠡᠢ᠃ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠣᠷᠳᠤᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ | ᠨᠤᠤᠷᠬᠠᠯᠬᠠᠰᠠᠨ ᠰᠠᠯᠠᠭ᠎ᠠ ᠮᠦᠴᠢᠷ ᠲᠤ ᠨᠢ ᠪᠤᠴᠠᠭᠠᠵᠤ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠪᠠᠷ | ᠳᠠᠬᠢᠵᠤ ᠲᠤᠰᠢᠶᠠᠭᠰᠠᠨ ᠪᠠᠶᠢᠪᠠᠯ᠂ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠬᠤᠭᠤᠴᠠᠭ᠎ᠠ ᠶᠢ ᠠᠬᠢᠵᠤ | ᠪᠤᠳᠤᠨ᠎ᠠ᠃ | ᠠᠷᠪᠠ ᠶᠢᠰᠦᠳᠦᠭᠡᠷ ᠵᠦᠢᠯ ᠨᠤᠤᠷᠬᠠᠯᠠᠬᠤ ᠰᠠᠯᠠᠭ᠎ᠠ ᠮᠦᠴᠢᠷ ᠨᠢ ᠬᠠᠤᠯᠢ ᠶᠤᠰᠤᠴᠢ ᠴᠢᠨᠠᠷ ᠢ ᠬᠢᠨᠠᠨ | ᠬᠠᠷᠭᠤᠭᠤᠯᠤᠭᠰᠠᠨ ᠰᠠᠨᠠᠯ ᠢ ᠦᠨᠳᠦᠰᠦᠯᠡᠵᠦ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ | ᠵᠠᠬᠢᠷᠭᠠᠨ ᠤ ᠪᠢᠴᠢᠭ ᠮᠠᠲ᠋ᠧᠷᠢᠶᠠᠯ ᠤᠨ ᠤᠷᠤᠯᠠᠨ ᠲᠤᠭᠤᠷᠪᠢᠨᠨᠰᠠᠨ ᠨᠤᠤᠷᠠᠭ ᠲᠤ ᠵᠠᠰᠠᠪᠤᠷᠢ ᠤᠷᠤᠭᠤᠯᠬᠤ ᠬᠡᠷᠡᠭᠲᠡᠢ︔ | ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ ᠢ ᠬᠦᠯᠢᠶᠡᠨ ᠠᠪᠤᠭᠰᠠᠨ ᠦᠭᠡᠢ ᠪᠤᠶᠤ ᠪᠦᠷᠢᠮᠦᠰᠦᠨ | ᠬᠦᠯᠢᠶᠡᠨ ᠠᠪᠤᠭᠰᠠᠨ ᠦᠭᠡᠢ ᠪᠠᠶᠢᠪᠠᠯ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ | ᠳᠡᠪᠰᠢᠭᠦᠯᠦᠨ ᠬᠠᠮᠲᠤ ᠪᠠᠷ ᠶᠠᠷᠢᠯᠴᠠᠬᠤ ᠦᠶ᠎ᠡ ᠳᠤ ᠰᠢᠯᠲᠠᠭᠠᠨ ᠢ ᠪᠠᠨ ᠲᠤᠳᠤᠷᠬᠠᠶᠢᠯᠠᠬᠤ ᠬᠡᠷᠡᠭᠲᠡᠢ᠃ | ᠬᠤᠷᠢᠳᠤᠭᠠᠷ ᠵᠦᠢᠯ ᠲᠤᠰᠬᠠᠢ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠥᠪᠡᠷᠲᠡᠭᠡᠨ ᠵᠠᠰᠠᠬᠤ | ᠤᠷᠤᠨ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠵᠢᠴᠢ ᠭᠡᠷ᠎ᠡ᠂ ᠵᠥᠪᠯᠡᠯᠴᠡᠭᠡᠷ ᠢ ︽ | ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠬᠠᠤᠯᠢ ᠵᠦᠪᠯᠡᠭᠴᠢ ᠶᠢᠨ | ᠠᠵᠢᠯ ᠤᠨ ᠳᠤᠭᠲᠠᠭᠠᠯ︾ ᠶᠤᠰᠤᠭᠠᠷ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ | ᠬᠠᠤᠯᠢ ᠵᠦᠪᠯᠡᠭᠴᠢ ᠠᠴᠠ ᠬᠠᠤᠯᠢ ᠴᠠᠭᠠᠵᠠ ᠶᠢᠨ ᠰᠠᠨᠠᠯ ᠭᠠᠷᠭᠠᠵᠤ ᠪᠤᠯᠤᠨ᠎ᠠ᠃ | ᠬᠤᠷᠢᠨ ᠨᠢᠭᠡᠳᠦᠭᠡᠷ ᠵᠦᠢᠯ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ | ᠪᠢᠴᠢᠭ ᠮᠠᠲ᠋ᠧᠷᠢᠶᠠᠯ ᠢ ᠲᠤᠭᠲᠠᠭᠠᠬᠤ ᠪᠠ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠶᠠᠪᠤᠴᠠ ᠳᠤ᠂ | ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠲᠠᠢ ᠬᠤᠯᠪᠤᠭᠳᠠᠭᠰᠠᠨ ᠪᠠᠶᠢᠪᠠᠯ᠂ ᠬᠠᠮᠢᠶ᠎ᠠ ᠪᠦᠬᠦᠢ ᠬᠠᠤᠯᠢ | ᠴᠠᠭᠠᠵᠠ ᠶᠢᠨ ᠲᠤᠭᠲᠠᠭᠠᠯ ᠢ ᠵᠢᠷᠤᠮᠯᠠᠬᠤ ᠬᠡᠷᠡᠭᠲᠡᠢ᠃ | ᠬᠤᠷᠢᠨ ᠬᠤᠶᠠᠳᠤᠭᠠᠷ ᠵᠦᠢᠯ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠪᠠᠶᠢᠭᠤᠯᠤᠮᠵᠢ ᠨᠢ ᠬᠢᠨᠠᠨ | ᠬᠠᠷᠭᠤᠭᠤᠯᠬᠤ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠭᠡᠭᠰᠡᠨ ᠦᠭᠡᠢ ᠠᠴᠠ ᠪᠣᠯᠵᠤ ᠥᠪᠡᠷᠲᠡᠭᠡᠨ ᠵᠠᠰᠠᠬᠤ | ᠤᠷᠤᠨ ᠤ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ ᠬᠠᠤᠯᠢ ᠠᠴᠠ ᠵᠦᠷᠢᠴᠡᠭᠰᠡᠨ | ᠠᠭᠤᠯᠭ᠎ᠠ ᠲᠠᠢ ᠪᠤᠯᠭᠠᠵᠦ᠂ ᠬᠦᠨᠳᠦ ᠨᠤᠴᠢᠲᠠᠢ ᠦᠷ᠎ᠡ ᠨᠦᠯᠦᠭᠡ ᠭᠠᠷᠭᠠᠭᠰᠠᠨ ᠪᠠᠶᠢᠪᠠᠯ᠂ ᠬᠤᠯᠪᠤᠭᠳᠠᠯ ᠪᠦᠬᠦᠢ | ᠬᠠᠷᠢᠭᠤᠴᠠᠯᠭᠠᠲᠠᠨ ᠠᠴᠠ ᠰᠠᠬᠢᠯᠭ᠎ᠠ ᠪᠠᠲᠤ ᠬᠠᠤᠯᠢ ᠴᠠᠭᠠᠵᠠ ᠶᠤᠰᠤᠭᠠᠷ ᠬᠠᠷᠢᠭᠤᠴᠠᠯᠭ᠎ᠠ ᠨᠡᠬᠡᠮᠵᠢᠯᠡᠨ᠎ᠡ᠃ ᠬᠠᠤᠯᠢ | ᠶᠤᠰᠤᠴᠢ ᠴᠢᠨᠠᠷ ᠢ ᠬᠢᠨᠠᠨ ᠬᠠᠷᠭᠤᠭᠤᠯᠤᠭᠰᠠᠨ ᠦᠭᠡᠢ ᠪᠤᠶᠤ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠤᠭᠰᠠᠨ | ᠰᠠᠨᠠᠯ ᠢ ᠬᠦᠯᠢᠶᠡᠨ ᠠᠪᠤᠭᠰᠠᠨ ᠦᠭᠡᠢ ᠠᠴᠠ ᠪᠤᠯᠵᠤ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ | ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠢ ᠬᠠᠤᠯᠢ ᠠᠴᠠ ᠵᠦᠷᠢᠴᠡᠭᠰᠡᠨ ᠠᠭᠤᠯᠭ᠎ᠠ ᠲᠠᠢ ᠪᠤᠯᠭᠠᠵᠦ᠂ ᠬᠦᠨᠳᠦ | ᠨᠤᠴᠢᠲᠠᠢ ᠦᠷ᠎ᠡ ᠨᠦᠯᠦᠭᠡ ᠭᠠᠷᠭᠠᠭᠰᠠᠨ ᠪᠠᠶᠢᠪᠠᠯ᠂ ᠬᠤᠯᠪᠤᠭᠳᠠᠯ ᠪᠦᠬᠦᠢ ᠬᠠᠷᠢᠭᠤᠴᠠᠯᠭᠠᠲᠠᠨ ᠠᠴᠠ ᠰᠠᠬᠢᠯᠭ᠎ᠠ ᠪᠠᠲᠤ | ᠬᠠᠤᠯᠢ ᠴᠠᠭᠠᠵᠠ ᠶᠤᠰᠤᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ᠬᠤᠷᠢᠨ ᠭᠤᠷᠪᠠᠳᠤᠭᠠᠷ ᠵᠦᠢᠯ ᠲᠤᠰ ᠲᠤᠭᠲᠠᠭᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ︽ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠣᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠤᠨ | ᠵᠢᠷᠣᠮᠯᠠᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠦᠪᠦᠷ ᠵᠠᠰᠠᠭ ᠠᠯᠪᠠᠨ ᠲᠠᠷᠬᠠᠭᠠᠭᠰᠠᠨ ﹇2018﹈ | 57 ᠳ᠋ᠤᠭᠠᠷ ᠲᠤᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃ | ᠳᠠᠭᠠᠯᠳᠤᠭᠤᠯᠤᠯ᠄ | 1. ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ ︵ᠬᠠᠤᠯᠢ ᠶᠤᠰᠤᠴᠢ ᠴᠢᠨᠠᠷ ᠤᠨ | ᠳᠤᠳᠤᠷᠬᠠᠶᠢᠯᠠᠯᠲᠠ︶ ᠤᠨ ᠯᠠᠪᠯᠠᠬᠤ ᠬᠡᠪ ᠶᠠᠩᠵᠤ | 2. ᠡᠷᠬᠡ ᠲᠡᠭᠰᠢ ᠦᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠬᠦᠰᠦᠨᠦᠭᠲᠦ | 3. ᠬᠤᠷᠢᠶᠠᠭᠰᠠᠨ ᠰᠠᠨᠠᠯ ᠤᠨ ᠬᠠᠷᠢᠭᠤ ᠳᠤᠰᠬᠠᠭᠰᠠᠨ ᠪᠠᠶᠢᠳᠠᠯ ᠢ ᠬᠤᠷᠢᠶᠠᠩᠭᠤᠶᠢᠯᠠᠭᠰᠠᠨ ᠬᠦᠰᠦᠨᠦᠭᠲᠦ ᠶᠢᠨ | ᠯᠠᠪᠯᠠᠬᠤ ᠬᠡᠪ ᠶᠠᠩᠵᠤ | ᠳᠠᠭᠠᠯᠳᠤᠭᠤᠯᠤᠯ1 | ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ ︵ᠬᠠᠤᠯᠢ ᠶᠤᠰᠤᠴᠢ ᠴᠢᠨᠠᠷ ᠤᠨ | ᠳᠤᠳᠤᠷᠬᠠᠶᠢᠯᠠᠯᠲᠠ︶ ᠤᠨ ᠯᠠᠪᠯᠠᠬᠤ ᠬᠡᠪ ᠶᠠᠩᠵᠤ | ︽ ︾ ᠶᠢᠨ ︵ ᠤᠨ︶ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ | | ︵ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ᠂ ᠵᠠᠰᠠᠭ ᠵᠠᠬᠢᠷᠭᠠᠨ ᠤ ᠴᠢᠬᠤᠯᠠ ᠶᠡᠭᠡ | ᠰᠢᠢᠳᠪᠦᠷᠢᠳᠦ ᠪᠤᠳᠤᠯᠭ᠎ᠠ ᠶᠢᠨ ᠲᠦᠷᠦᠯ ᠤᠨ ᠪᠢᠴᠢᠭ ᠮᠠᠲ᠋ᠧᠷᠢᠶᠠᠯ ᠤᠨ ᠬᠠᠤᠯᠢ ᠶᠤᠰᠤᠴᠢ ᠴᠢᠨᠠᠷ ᠢ ᠬᠢᠨᠠᠨ | ᠬᠠᠷᠭᠤᠭᠤᠯᠬᠤ ᠳᠤ ᠲᠣᠬᠢᠷᠠᠭᠤᠯᠤᠨ ᠬᠡᠷᠡᠭᠯᠡᠨ᠎ᠡ︶ | | ︵ ︶ ᠣᠨ ᠤ ︵ ︶ ᠳ᠋ᠤᠭᠠᠷ ︵ᠳ᠋ᠤᠭᠡᠷ︶ ᠰᠠᠷ᠎ᠠ ᠶᠢᠨ ︵ ︶ ᠤ ︵ ᠤᠨ︶ ᠡᠳᠦᠷ᠂ | ︽ ︾ ᠶᠢ ︵ ᠢ︶ ᠤᠯᠠᠮᠵᠢᠯᠠᠵᠤ ᠢᠷᠡᠪᠡ᠂ ᠨᠠᠷᠢᠨ ᠬᠢᠨᠠᠮᠠᠭᠠᠢ ᠰᠤᠳᠤᠯᠬᠤ ︵ᠬᠡᠷᠪᠡ ᠰᠠᠭᠤᠳᠠᠯ ᠤᠨ ᠬᠤᠷᠠᠯ᠂ | ᠨᠤᠲᠠᠯᠠᠭᠤᠯᠬᠤ ᠬᠤᠷᠠᠯ ᠬᠤᠷᠠᠯᠳᠤᠭᠤᠯᠬᠤ ᠵᠡᠷᠭᠡ ᠬᠡᠯᠪᠡᠷᠢ ᠪᠠᠷ ᠬᠠᠤᠯᠢ ᠶᠤᠰᠤᠴᠢ ᠴᠢᠨᠠᠷ ᠢ ᠬᠢᠨᠠᠨ | ᠬᠠᠷᠭᠤᠭᠤᠯᠤᠭᠰᠠᠨ ᠪᠠᠶᠢᠪᠠᠯ ᠳᠠᠶᠢᠯᠪᠤᠷᠢ ᠬᠠᠳᠠᠵᠤ ᠪᠤᠯᠤᠨ᠎ᠠ︶ ᠪᠠᠷ ᠳᠠᠮᠵᠢᠨ ᠳᠤᠤᠷᠠᠬᠢ ᠮᠡᠲᠦ ᠬᠠᠤᠯᠢ ᠶᠤᠰᠤᠴᠢ | ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ ᠢ ᠳᠤᠷᠠᠳᠪᠠ᠄ | | ᠨᠢᠭᠡ᠂ ᠪᠢᠴᠢᠭ ᠮᠠᠲ᠋ᠧᠷᠢᠶᠠᠯ ᠢ ᠲᠤᠭᠲᠠᠭᠠᠬᠤ ᠳᠡᠰ ᠳᠠᠷᠠᠭᠠᠯᠠᠯ ᠤᠨ ᠬᠠᠤᠯᠢ ᠶᠤᠰᠤᠴᠢ ᠴᠢᠨᠠᠷ ᠢ ᠬᠢᠨᠠᠨ | ᠬᠠᠷᠭᠤᠭᠤᠯᠤᠭᠰᠠᠨ ᠰᠠᠨᠠᠯ | ︵ᠨᠢᠭᠡ︶ ᠪᠢᠴᠢᠭ ᠮᠠᠲ᠋ᠧᠷᠢᠶᠠᠯ ᠢ ᠲᠤᠭᠲᠠᠭᠠᠬᠤ ᠳᠡᠰ ᠳᠠᠷᠠᠭᠠᠯᠠᠯ ᠨᠢ ᠬᠠᠤᠯᠢ ᠳᠤ ᠨᠡᠶᠢᠴᠡᠬᠦ ᠶᠢ ᠬᠢᠨᠠᠨ | ᠬᠠᠷᠭᠤᠭᠤᠯᠤᠭᠰᠠᠨ ᠰᠠᠨᠠᠯ | ᠲᠤᠰ ᠪᠢᠴᠢᠭ ᠮᠠᠲ᠋ᠧᠷᠢᠶᠠᠯ ᠢ ︵ ︶ ᠠᠴᠠ ᠨᠤᠤᠷᠬᠠᠯᠠᠵᠦ᠂ ᠨᠢᠭᠡᠨᠲᠡ ︵ ︶ ᠶᠢ ︵ ᠢ︶ | ᠭᠦᠢᠴᠡᠳᠭᠡᠪᠡ᠂ ᠳᠡᠰ ᠳᠠᠷᠠᠭᠠᠯᠠᠯ ᠨᠢ ᠬᠠᠤᠯᠢ ᠳᠤ ᠨᠡᠶᠢᠴᠡᠵᠦ ᠪᠤᠢ᠃ ︵ᠦᠷᠬᠡᠨ ᠢᠶᠠᠷ ᠰᠠᠨᠠᠯ ᠬᠤᠷᠢᠶᠠᠬᠤ᠂ ᠨᠡᠶᠢᠳᠡ | ᠤᠯᠠᠨ ᠤᠷᠤᠯᠴᠠᠬᠤ᠂ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ᠂ ᠲᠤᠰᠬᠠᠢ ᠮᠡᠷᠭᠡᠵᠢᠯᠲᠡᠨ ᠢᠶᠠᠷ | ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠳᠡᠰ ᠳᠠᠷᠠᠭᠠᠯᠠᠯ ᠢ ᠭᠦᠢᠴᠡᠳᠭᠡᠬᠦ ᠴᠢᠬᠤᠯᠠ ᠲᠠᠢ ᠪᠠᠶᠢᠵᠤ᠂ | ᠲᠤᠭᠲᠠᠭᠰᠠᠨ ᠳᠡᠰ ᠳᠠᠷᠠᠭᠠᠯᠠᠯ ᠢ ᠨᠢᠭᠡᠨᠲᠡ ᠭᠦᠢᠴᠡᠳᠭᠡᠭᠰᠡᠨ ᠪᠠᠶᠢᠬᠤ︔ ᠵᠠᠬ᠎ᠠ ᠳᠡᠯᠭᠡᠭᠦᠷ ᠤᠨ ᠪᠡᠶᠡᠴᠢ | ᠴᠤᠭᠴᠠ ᠶᠢᠨ ᠠᠵᠤ ᠠᠬᠤᠢ ᠶᠢᠨ ᠠᠵᠢᠯᠯᠠᠭᠠᠨ ᠲᠠᠢ ᠬᠤᠯᠪᠤᠭᠳᠠᠵᠤ᠂ ᠡᠷᠬᠡ ᠲᠡᠭᠰᠢ ᠦᠷᠢᠰᠦᠯᠳᠦᠭᠡᠨ ᠤ ᠬᠢᠨᠠᠨ | ᠪᠠᠶᠢᠴᠠᠭᠠᠯᠲᠠ ᠶᠢᠨ ᠳᠡᠰ ᠳᠠᠷᠠᠭᠠᠯᠠᠯ ᠢ ᠨᠢᠭᠡᠨᠲᠡ ᠭᠦᠢᠴᠡᠳᠭᠡᠭᠰᠡᠨ ᠪᠠᠶᠢᠬᠤ︶ | ︵ᠬᠤᠶᠠᠷ︶ ᠪᠢᠴᠢᠭ ᠮᠠᠲ᠋ᠧᠷᠢᠶᠠᠯ ᠢ ᠲᠤᠭᠲᠠᠭᠠᠬᠤ ᠳᠡᠰ ᠳᠠᠷᠠᠭᠠᠯᠠᠯ ᠤᠨ ᠬᠠᠤᠯᠢ ᠳᠤ ᠦᠯᠦ ᠨᠡᠶᠢᠴᠡᠬᠦ ᠶᠢ | ᠬᠢᠨᠠᠨ ᠬᠠᠷᠭᠤᠭᠤᠯᠤᠭᠰᠠᠨ ᠰᠠᠨᠠᠯ | ᠲᠤᠰ ᠪᠢᠴᠢᠭ ᠮᠠᠲ᠋ᠧᠷᠢᠶᠠᠯ ᠢ ︵ ︶ ᠠᠴᠠ ᠨᠤᠤᠷᠬᠠᠯᠠᠵᠦ᠂ ︵ ︶ ᠶᠢ ︵ ᠢ︶ ᠭᠦᠢᠴᠡᠳᠭᠡᠭᠰᠡᠨ | ᠦᠭᠡᠢ᠂ ᠳᠡᠰ ᠳᠠᠷᠠᠭᠠᠯᠠᠯ ᠢ ᠨᠦᠬᠦᠪᠦᠷᠢᠯᠡᠵᠣ ᠵᠠᠯᠠᠷᠠᠭᠤᠯᠬᠤ ᠪᠤᠶᠤ ᠲᠤᠭᠲᠠᠭᠰᠠᠨ ᠬᠤᠭᠤᠴᠠᠭᠠᠨ ᠳᠤ | ᠮᠠᠲ᠋ᠧᠷᠢᠶᠠᠯ ᠢᠶᠠᠨ ᠨᠦᠬᠦᠪᠦᠷᠢᠯᠡᠬᠦ ᠪᠤᠶᠤ ᠪᠠᠶᠢᠳᠠᠯ ᠢᠶᠠᠨ ᠲᠤᠳᠤᠷᠬᠠᠶᠢᠯᠠᠬᠤ ᠬᠡᠷᠡᠭᠲᠡᠢ᠃ ︵ᠦᠷᠬᠡᠨ ᠢᠶᠠᠷ ᠰᠠᠨᠠᠯ | ᠬᠤᠷᠢᠶᠠᠬᠤ᠂ ᠨᠡᠶᠢᠳᠡ ᠤᠯᠠᠨ ᠤᠷᠤᠯᠴᠠᠬᠤ᠂ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ᠂ ᠲᠤᠰᠬᠠᠢ | ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠳᠡᠰ ᠳᠠᠷᠠᠭᠠᠯᠠᠯ ᠢ ᠭᠦᠢᠴᠡᠳᠭᠡᠬᠦ | ᠴᠢᠬᠤᠯᠠ ᠲᠠᠢ ᠪᠠᠶᠢᠨᠨᠰᠠᠨ ᠴᠤ᠂ ᠲᠤᠭᠲᠠᠭᠰᠠᠨ ᠳᠡᠰ ᠳᠠᠷᠠᠭᠠᠯᠠᠯ ᠢ ᠭᠦᠢᠴᠡᠳᠭᠡᠭᠰᠡᠨ ᠦᠭᠡᠢ ᠪᠠᠶᠢᠬᠤ︔ ᠵᠠᠬ᠎ᠠ | ᠳᠡᠯᠭᠡᠭᠦᠷ ᠤᠨ ᠪᠡᠶᠡᠴᠢ ᠴᠤᠭᠴᠠ ᠶᠢᠨ ᠠᠵᠤ ᠠᠬᠤᠢ ᠶᠢᠨ ᠠᠵᠢᠯᠯᠠᠭᠠᠨ ᠲᠠᠢ ᠬᠤᠯᠪᠤᠨᠨᠳᠠᠬᠤ ᠤᠳ ᠨᠢ᠂ ᠡᠷᠬᠡ ᠲᠡᠭᠰᠢ | ᠦᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠳᠡᠰ ᠳᠠᠷᠠᠭᠠᠯᠠᠯ ᠢ ᠭᠦᠢᠴᠡᠳᠭᠡᠭᠰᠡᠨ ᠦᠭᠡᠢ ᠪᠠᠶᠢᠬᠤ᠃ ᠰᠠᠨᠠᠯ | ᠬᠤᠷᠢᠶᠠᠬᠤ ᠳᠡᠰ ᠳᠠᠷᠠᠭᠠᠯᠠᠯ ᠢ ᠪᠡᠶᠡᠯᠡᠭᠦᠯᠦᠭᠰᠡᠨ ᠪᠣᠯᠪᠠᠴᠤ᠂ ᠰᠠᠨᠠᠯ ᠨᠢᠭᠡᠳᠴᠦ ᠳᠡᠶᠢᠯᠦᠭᠰᠡᠨ ᠦᠭᠡᠢ ᠪᠠᠶᠢᠳᠠᠯ ᠳᠤ | ᠤᠴᠢᠷ ᠰᠢᠯᠲᠠᠭᠠᠨ ᠢᠶᠠᠨ ᠳᠤᠳᠤᠷᠬᠠᠶᠢᠯᠠᠭᠰᠠᠨ ᠦᠭᠡᠢ ᠪᠠᠶᠢᠬᠤ᠃ ᠬᠠᠤᠯᠢ ᠶᠤᠰᠤᠴᠢ ᠴᠢᠨᠠᠷ ᠢ ᠬᠢᠨᠠᠨ | ᠬᠠᠷᠭᠤᠭᠤᠯᠤᠭᠰᠠᠨ ᠪᠤᠶᠤ ᠬᠠᠤᠯᠢ ᠶᠤᠰᠤᠴᠢ ᠴᠢᠨᠠᠷ ᠤᠨ ᠳᠤᠳᠤᠷᠬᠠᠶᠢᠯᠠᠯᠲᠠ ᠬᠢᠭᠰᠡᠨ ᠪᠣᠯᠪᠠᠴᠤ᠂ ᠬᠠᠤᠯᠢ ᠳᠤ | ᠬᠤᠯᠪᠤᠨᠨᠳᠠᠬᠤ ᠭᠤᠤᠯ ᠠᠭᠤᠯᠭ᠎ᠠ ᠳᠤ ᠳᠤᠳᠤᠷᠬᠠᠶᠢᠯᠠᠯᠲᠠ ᠬᠢᠭᠰᠡᠨ ᠦᠭᠡᠢ ᠪᠠᠶᠢᠬᠤ︶ | ᠬᠤᠶᠠᠷ᠂ ᠪᠢᠴᠢᠭ ᠮᠠᠲ᠋ᠧᠷᠢᠶᠠᠯ ᠤᠨ ᠠᠭᠤᠯᠭ᠎ᠠ ᠶᠢᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠤᠭᠰᠠᠨ | ᠰᠠᠨᠠᠯ | ︵ᠨᠢᠭᠡ︶ ᠪᠢᠴᠢᠭ ᠮᠠᠲ᠋ᠧᠷᠢᠶᠠᠯ ᠨᠢ ᠳᠡᠭᠡᠳᠦ ᠪᠠᠶᠢᠷᠢ ᠶᠢᠨ ᠬᠠᠤᠯᠢ ᠲᠠᠢ ᠪᠦᠷᠢᠮᠦᠰᠦᠨ ᠨᠢᠭᠡᠳᠦᠯ ᠲᠠᠢ | ᠪᠠᠶᠢᠬᠤ ᠶᠢ ᠰᠢᠢᠳᠪᠦᠷᠢᠯᠡᠭᠰᠡᠨ ᠰᠠᠨᠠᠯ ᠲᠤᠰ ᠪᠢᠴᠢᠭ ᠮᠠᠲ᠋ᠧᠷᠢᠶᠠᠯ ᠢ ᠳᠤᠭᠲᠠᠭᠠᠭᠰᠠᠨ ᠦᠨᠳᠦᠰᠦᠯᠡᠯ ᠪᠣᠯ ︽ ︾ | ︵ᠬᠠᠤᠯᠢ ᠴᠠᠭᠠᠵᠠ᠂ ᠬᠠᠤᠯᠢ ᠲᠤᠭᠲᠠᠭᠠᠯ᠂ ᠲᠤᠭᠲᠠᠭᠠᠯ ᠳᠥᠷᠢᠮ︶ ᠪᠣᠯᠤᠨ ︽ ︾ ︵ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠤᠯᠤᠰ ᠤᠨ ᠶᠠᠮᠤᠨ ᠵᠥᠪᠯᠡᠯ᠂ ᠥᠪᠡᠷᠲᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ︶ ᠪᠠᠶᠢᠵᠤ᠂ ᠲᠤᠰ ᠪᠢᠴᠢᠭ ᠮᠠᠲ᠋ᠧᠷᠢᠶᠠᠯ ᠤᠨ | ᠭᠤᠣᠯ ᠠᠭᠤᠯᠭ᠎ᠠ ᠨᠢ ᠳᠡᠭᠡᠷ᠎ᠡ ᠳᠤᠷᠠᠳᠤᠭᠰᠠᠨ ︵ᠬᠠᠤᠯᠢ ᠴᠠᠭᠠᠵᠠ᠂ ᠬᠠᠤᠯᠢ ᠲᠤᠭᠲᠠᠭᠠᠯ᠂ ᠲᠤᠭᠲᠠᠭᠠᠯ ᠳᠥᠷᠢᠮ | ᠪᠤᠶᠤ ᠪᠢᠴᠢᠭ ᠮᠠᠲ᠋ᠧᠷᠢᠶᠠᠯ︶ ︵ ︶ ᠶᠢᠨ ︵ ᠤᠨ︶ ᠲᠤᠭᠲᠠᠭᠠᠯ ᠲᠠᠢ ᠨᠢᠭᠡᠳᠦᠯ ᠲᠠᠢ ᠪᠠᠶᠢᠨ᠎ᠠ᠃ ︵ᠬᠠᠤᠯᠢ | ᠶᠤᠰᠤᠴᠢ ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ ᠳᠤ ᠬᠠᠤᠯᠢ ᠳᠤ ᠬᠤᠯᠪᠤᠭᠳᠠᠭᠰᠠᠨ ᠭᠤᠣᠯ ᠠᠭᠤᠯᠭ᠎ᠠ ᠶᠢᠨ | ᠲᠤᠬᠠᠢ ᠬᠠᠤᠯᠢ ᠴᠠᠭᠠᠵᠠ᠂ ᠬᠠᠤᠯᠢ ᠳᠤᠭᠲᠠᠭᠠᠯ᠂ ᠲᠤᠭᠲᠠᠭᠠᠯ ᠳᠥᠷᠢᠮ᠂ ᠲᠥᠷᠥ ᠶᠢᠨ ᠪᠣᠳᠤᠯᠭ᠎ᠠ ᠶᠢᠨ ᠲᠤᠳᠤᠷᠬᠠᠢ | ᠦᠨᠳᠦᠰᠦᠯᠡᠯ ᠪᠤᠯᠤᠨ ᠪᠤᠲᠠᠲᠠᠢ ᠰᠠᠨᠠᠯ ᠢ ᠳᠤᠷᠠᠳᠬᠤ ᠬᠡᠷᠡᠭᠲᠡᠢ᠂ ᠪᠤᠲᠠᠲᠠᠢ ᠵᠦᠢᠯ ᠵᠤᠷᠪᠤᠰ ᠤᠨ ᠦᠨᠳᠦᠰᠦᠯᠡᠯ | ᠪᠠᠶᠢᠪᠠᠯ ᠡᠰᠢᠯᠡᠬᠦ ᠬᠡᠷᠡᠭᠲᠡᠢ︶ | ︵ᠬᠤᠶᠠᠷ︶ ᠪᠢᠴᠢᠭ ᠮᠠᠲ᠋ᠧᠷᠢᠶᠠᠯ ᠤᠨ ᠠᠭᠤᠯᠭ᠎ᠠ ᠨᠢ ᠬᠠᠤᠯᠢ ᠠᠴᠠ ᠵᠦᠷᠢᠴᠡᠬᠦ ᠪᠤᠶᠤ ᠵᠣᠬᠢᠰ ᠦᠭᠡᠢ | ᠪᠠᠶᠢᠬᠤ ᠶᠢ ᠰᠢᠢᠳᠪᠦᠷᠢᠯᠡᠭᠰᠡᠨ ᠰᠠᠨᠠᠯ | ᠲᠤᠰ ᠪᠢᠴᠢᠭ ᠮᠠᠲ᠋ᠧᠷᠢᠶᠠᠯ ᠬᠠᠤᠯᠢ ᠳᠤ ᠲᠤᠭᠲᠠᠭᠰᠠᠨ ᠡᠷᠬᠡ ᠶᠢᠨ ᠬᠡᠪᠴᠢᠶᠡᠨ ᠠᠴᠠ ᠳᠠᠪᠠᠵᠣ᠂ ᠭᠤᠣᠯ | ᠠᠭᠤᠯᠭ᠎ᠠ ᠨᠢ ᠬᠠᠤᠯᠢ ᠠᠴᠠ ᠵᠦᠷᠢᠴᠡᠭᠰᠡᠨ ᠪᠤᠶᠤ ᠲᠤᠨᠨᠳᠠᠵᠦ ᠪᠠᠶᠢᠭ᠎ᠠ ᠭᠤᠣᠯ ᠪᠣᠯᠬᠤ ᠳᠥᠷᠢᠮ ᠪᠠ ᠠᠷᠭ᠎ᠠ | ᠬᠡᠮᠵᠢᠶ᠎ᠡ ᠨᠢ ᠢᠯᠡᠳᠲᠡ ᠵᠣᠬᠢᠰ ᠦᠭᠡᠢ ᠪᠣᠯᠪᠠ︔ ᠤᠯᠤᠰ ᠤᠨ ᠪᠢᠴᠢᠭ ᠮᠠᠲ᠋ᠧᠷᠢᠶᠠᠯ ᠢ ᠲᠡᠷᠡ ᠬᠡᠪ ᠢᠶᠠᠷ ᠨᠢ | ᠬᠠᠭᠤᠯᠪᠤᠷᠢᠯᠠᠵᠤ ᠪᠠᠭᠤᠯᠭᠠᠭᠰᠠᠨ ᠳᠤ ᠨᠢ᠂ ᠲᠤᠰ ᠪᠢᠴᠢᠭ ᠮᠠᠲ᠋ᠧᠷᠢᠶᠠᠯ ᠢ ᠲᠤᠭᠲᠠᠭᠠᠬᠤ ᠦᠭᠡᠢ ᠰᠠᠨᠠᠭᠤᠯᠭ᠎ᠠ | ᠭᠠᠷᠭᠠᠪᠠ᠃ | ︵ᠭᠤᠷᠪᠠ︶ ᠪᠢᠴᠢᠭ ᠮᠠᠲ᠋ᠧᠷᠢᠶᠠᠯ ᠤᠨ ᠬᠡᠰᠡᠭ ᠠᠭᠤᠯᠭ᠎ᠠ ᠨᠢ ᠬᠠᠤᠯᠢ ᠠᠴᠠ ᠵᠦᠷᠢᠴᠡᠬᠦ ᠪᠤᠶᠤ ᠵᠣᠬᠢᠰ ᠦᠭᠡᠢ | ᠪᠠᠶᠢᠬᠤ ᠶᠢ ᠰᠢᠢᠳᠪᠦᠷᠢᠯᠡᠭᠰᠡᠨ ᠰᠠᠨᠠᠯ | ᠲᠤᠰ ᠪᠢᠴᠢᠭ ᠮᠠᠲ᠋ᠧᠷᠢᠶᠠᠯ ᠢ ᠳᠤᠭᠲᠠᠭᠠᠭᠰᠠᠨ ᠦᠨᠳᠦᠰᠦᠯᠡᠯ ᠪᠣᠯ ︽ ︾ ︵ᠬᠠᠤᠯᠢ ᠴᠠᠭᠠᠵᠠ᠂ ᠬᠠᠤᠯᠢ | ᠲᠤᠭᠲᠠᠭᠠᠯ᠂ ᠲᠤᠭᠲᠠᠭᠠᠯ ᠳᠥᠷᠢᠮ︶ ᠪᠣᠯᠤᠨ ︽ ︾ ︵ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ᠂ ᠤᠯᠤᠰ ᠤᠨ ᠶᠠᠮᠤᠨ ᠵᠥᠪᠯᠡᠯ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ | ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ︶ ᠪᠠᠶᠢᠵᠤ᠂ ᠡᠳᠦᠭᠡ ᠪᠢᠴᠢᠭ ᠮᠠᠲ᠋ᠧᠷᠢᠶᠠᠯ ᠤᠨ ᠬᠡᠰᠡᠭ ᠠᠭᠤᠯᠭ᠎ᠠ ᠳᠤ | ᠳᠤᠤᠷᠠᠬᠢ ᠮᠡᠳᠦ ᠵᠠᠰᠠᠪᠤᠷᠢ ᠤᠷᠤᠭᠤᠯᠬᠤ ᠰᠠᠨᠠᠭᠤᠯᠭ᠎ᠠ ᠭᠠᠷᠭᠠᠪᠠ᠄ | 1. ︵ ︶ ᠰᠢᠯᠲᠠᠭᠠᠨ ᠠᠴᠠ ᠪᠣᠯᠵᠤ᠂ ︵ ︶ ᠠᠭᠤᠯᠭ᠎ᠠ ᠶᠢ ᠬᠠᠰᠤᠬᠤ ᠰᠠᠨᠠᠭᠤᠯᠭ᠎ᠠ | ᠭᠠᠷᠭᠠᠪᠠ᠃ | 2. ︵ ︶ ᠰᠢᠯᠲᠠᠭᠠᠨ ᠠᠴᠠ ᠪᠣᠯᠵᠤ᠂ ︵ ︶ ᠠᠭᠤᠯᠭ᠎ᠠ ᠳᠤ ᠵᠠᠰᠠᠪᠤᠷᠢ ᠤᠷᠤᠭᠤᠯᠬᠤ | ᠰᠠᠨᠠᠭᠤᠯᠭ᠎ᠠ ᠭᠠᠷᠭᠠᠪᠠ᠃ | ︵ᠳᠥᠷᠪᠡ︶ ᠪᠢᠴᠢᠭ ᠮᠠᠲ᠋ᠧᠷᠢᠶᠠᠯ ᠤᠨ ᠠᠭᠤᠯᠭ᠎ᠠ ᠨᠢ ᠴᠢᠨᠠᠷᠵᠢᠭᠤᠨ ᠪᠤᠰᠤ ᠪᠠᠶᠢᠬᠤ ᠶᠢ ᠰᠢᠢᠳᠪᠦᠷᠢᠯᠡᠭᠰᠡᠨ | ᠰᠠᠨᠠᠯ | ᠲᠤᠰ ᠪᠢᠴᠢᠭ ᠮᠠᠲ᠋ᠧᠷᠢᠶᠠᠯ ᠯᠣᠭᠢᠭ ᠴᠢᠨᠠᠷ ᠢᠶᠠᠷ ᠴᠢᠩᠭ᠎ᠠ ᠪᠢᠰᠢ᠂ ᠪᠦᠲᠦᠴᠡ ᠨᠢ ᠠᠪᠴᠠᠯᠳᠤᠩᠭᠤᠢ ᠪᠤᠰᠤ᠂ | ᠪᠤᠳᠠᠲᠠᠢ ᠠᠭᠤᠯᠭ᠎ᠠ ᠦᠭᠡᠢ᠂ ᠦᠰᠦᠭ ᠪᠢᠴᠢᠭ ᠤᠨ ᠢᠯᠡᠳᠭᠡᠮᠵᠢ ᠨᠢ ᠵᠢᠷᠦᠮᠵᠢᠯ ᠢᠶᠠᠷ ᠠᠨᠠᠢ᠂ ᠡᠬᠡ ᠨᠤᠤᠷᠠᠭ ᠤᠨ | ᠴᠢᠨᠠᠷ ᠨᠢ ᠪᠠᠷᠤᠨᠨᠳᠠᠢ ᠪᠠᠶᠢᠵᠤ᠂ ᠲᠣᠭᠲᠠᠭᠠᠵᠤ ᠶᠠᠪᠤᠭᠤᠯᠬᠤ ᠨᠦᠬᠦᠴᠡᠯ ᠳᠤ ᠨᠡᠶᠢᠴᠡᠬᠦ ᠦᠭᠡᠢ ᠲᠤᠯᠠ᠂ | ᠨᠤᠤᠷᠬᠠᠯᠬᠠᠰᠠᠨ ᠰᠠᠯᠠᠭ᠎ᠠ ᠮᠦᠴᠢᠷ ᠨᠢ ᠲᠤᠭᠲᠠᠭᠰᠠᠨ ᠬᠤᠭᠤᠴᠠᠭᠠᠨ ᠳᠤ ᠵᠠᠰᠠᠪᠤᠷᠢᠯᠠᠭᠰᠠᠨ ᠤ ᠳᠠᠷᠠᠭ᠎ᠠ ᠳᠠᠬᠢᠨ | ᠮᠡᠳᠡᠭᠦᠯᠬᠦ ᠰᠠᠨᠠᠭᠤᠯᠭ᠎ᠠ ᠭᠠᠷᠭᠠᠪᠠ᠃ | ︵ ︶ ᠣᠨ ᠤ ︵ ︶ ᠳ᠋ᠤᠭᠠᠷ ︵ᠳ᠋ᠤᠭᠡᠷ︶ ᠰᠠᠷ᠎ᠠ ᠶᠢᠨ ︵ ︶ ᠤ ︵ ᠤᠨ︶ ᠡᠳᠦᠷ | ︵ᠬᠠᠷᠢᠯᠴᠠᠬᠤ ᠬᠦᠮᠦᠨ᠄ ᠬᠠᠷᠢᠯᠴᠠᠬᠤ ᠤᠳᠠᠰᠤ᠄ ︶ | | ︽ ︾ ᠶᠢᠨ ︵ ᠤᠨ︶ ᠬᠠᠤᠯᠢ ᠶᠤᠰᠤᠴᠢ ᠴᠢᠨᠠᠷ ᠤᠨ ᠲᠤᠳᠤᠷᠬᠠᠶᠢᠯᠠᠯᠲᠠ | | | ︵ᠵᠢᠭᠠᠪᠤᠷᠢ ᠠᠪᠬᠤ᠂ ᠰᠠᠨᠠᠭᠤᠯᠭ᠎ᠠ ᠶᠢᠨ ᠲᠥᠷᠥᠯ ᠤᠨ ᠪᠢᠴᠢᠭ ᠮᠠᠲ᠋ᠧᠷᠢᠶᠠᠯ ᠤᠨ ᠬᠠᠤᠯᠢ ᠶᠤᠰᠤᠴᠢ | ᠴᠢᠨᠠᠷ ᠤᠨ ᠳᠤᠳᠤᠷᠬᠠᠶᠢᠯᠠᠯᠲᠠ ᠳᠤ ᠲᠣᠬᠢᠷᠠᠭᠤᠯᠤᠨ ᠬᠡᠷᠡᠭᠯᠡᠨ᠎ᠡ︶ | | ᠨᠢᠭᠡ᠂ ᠰᠢᠢᠳᠪᠦᠷᠢᠳᠦ ᠪᠤᠳᠤᠯᠭ᠎ᠠ ᠲᠣᠭᠲᠠᠭᠠᠬᠤ ᠪᠠᠶᠢᠭᠤᠯᠭ᠎ᠠ ᠳᠤ ᠰᠢᠢᠳᠪᠦᠷᠢᠲᠦ ᠪᠣᠳᠤᠯᠭ᠎ᠠ ᠲᠤᠭᠲᠠᠭᠠᠬᠤ | ᠦᠨᠳᠦᠰᠦᠯᠡᠯ ᠳᠡᠪᠰᠢᠭᠦᠯᠬᠦ | ︽ ︾ ︵ᠬᠠᠤᠯᠢ ᠴᠠᠭᠠᠵᠠ᠂ ᠬᠠᠤᠯᠢ ᠲᠤᠭᠲᠠᠭᠠᠯ᠂ ᠲᠤᠭᠲᠠᠭᠠᠯ ᠳᠥᠷᠢᠮ︶ ᠶᠢᠨ ︵ ︶ | ︵ ᠤᠨ︶ ᠳ᠋ᠤᠭᠠᠷ ︵ᠳ᠋ᠤᠭᠡᠷ︶ ᠵᠤᠷᠪᠤᠰ ᠤᠨ ︽ ︾ ᠲᠣᠭᠲᠠᠭᠠᠯ ᠪᠤᠶᠤ ︽ ︾ ︵ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠤᠯᠤᠰ ᠤᠨ ᠶᠠᠮᠤᠨ ᠵᠥᠪᠯᠡᠯ᠂ ᠥᠪᠡᠷᠲᠡᠭᠡᠨ ᠵᠠᠰᠠᠬᠤ ᠤᠷᠤᠨ ᠤ | ᠨᠠᠮ ᠤᠨ ᠬᠤᠷᠢᠶ᠎ᠠ ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ︶ ᠶᠢᠨ ︵ ᠤᠨ︶ ︽ ︾ ᠲᠤᠭᠲᠠᠭᠠᠯ ᠢ | ᠦᠨᠳᠦᠰᠦᠯᠡᠵᠦ᠂ ︵ ︶ ︵ᠵᠢᠭᠠᠪᠤᠷᠢ ᠠᠪᠬᠤ᠂ ᠰᠠᠨᠠᠭᠤᠯᠭ᠎ᠠ᠂ ᠰᠢᠢᠳᠪᠦᠷᠢᠳᠦ ᠪᠣᠳᠤᠯᠭ᠎ᠠ ᠶᠢᠨ ᠲᠥᠷᠥᠯ ᠤᠨ | ᠵᠦᠢᠯᠡᠰ︶ ᠶᠢ ︵ ᠢ︶ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠪᠠᠷ | ᠴᠤᠬᠤᠯᠠᠪᠤᠷᠢᠯᠠᠭᠤᠯᠤᠨ ᠬᠢᠨᠠᠭᠤᠯᠵᠦ ᠵᠦᠪᠰᠢᠶᠡᠷᠡᠭᠦᠯᠦᠭᠰᠡᠨ ᠤ ᠳᠠᠷᠠᠭ᠎ᠠ᠂ ᠰᠠᠯᠠᠭ᠎ᠠ ᠮᠦᠴᠢᠷ ᠠᠴᠠ ᠬᠡᠷᠡᠭᠵᠢᠭᠦᠯᠦᠨ᠎ᠡ᠃ | | ᠬᠤᠶᠠᠷ᠂ ᠬᠠᠤᠯᠢ ᠶᠤᠰᠤᠴᠢ ᠴᠢᠨᠠᠷ ᠤᠨ ᠳᠤᠳᠤᠷᠬᠠᠶᠢᠯᠠᠯᠲᠠ | ︵ᠨᠢᠭᠡ︶ ᠲᠤᠰ ᠪᠢᠴᠢᠭ ᠮᠠᠲ᠋ᠧᠷᠢᠶᠠᠯ ᠤᠨ ᠦᠨᠳᠦᠰᠦᠯᠡᠯ ᠪᠣᠯ ︽ ︾ ︵ᠬᠠᠤᠯᠢ ᠴᠠᠭᠠᠵᠠ᠂ ᠬᠠᠤᠯᠢ | ᠲᠤᠭᠲᠠᠭᠠᠯ᠂ ᠲᠤᠭᠲᠠᠭᠠᠯ ᠳᠥᠷᠢᠮ︶ ᠶᠢᠨ ︵ ᠤᠨ︶ ᠳ᠋ᠤᠭᠠᠷ ︵ᠳ᠋ᠤᠭᠡᠷ︶ ᠵᠤᠷᠪᠤᠰ ᠤᠨ ︽ ︾ ᠲᠣᠭᠲᠠᠭᠠᠯ | ᠪᠤᠶᠤ ︽ ︾ ︵ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠤᠯᠤᠰ ᠤᠨ ᠶᠠᠮᠤᠨ | ᠵᠥᠪᠯᠡᠯ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ︶ ᠶᠢᠨ | ︵ ᠤᠨ︶ ︵ ︶ ᠪᠤᠯᠤᠨ᠎ᠠ᠃ ︵ᠬᠠᠤᠯᠢ ᠴᠠᠭᠠᠵᠠ᠂ ᠬᠠᠤᠯᠢ ᠲᠤᠭᠲᠠᠭᠠᠯ᠂ ᠲᠤᠭᠲᠠᠭᠠᠯ ᠳᠥᠷᠢᠮ ᠪᠤᠶᠤ | ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ ᠤᠨ ᠦᠨᠳᠦᠰᠦᠯᠡᠯ | ᠪᠠᠶᠢᠬᠤ ᠦᠭᠡᠢ ᠪᠣᠯ᠂ ᠪᠢᠴᠢᠭ ᠮᠠᠲ᠋ᠧᠷᠢᠶᠠᠯ ᠤᠨ ᠲᠡᠤᠬᠡᠨ ᠤᠷᠴᠢᠨ᠂ ᠴᠢᠬᠤᠯᠠ ᠴᠢᠨᠠᠷ᠂ ᠬᠡᠷᠡᠭᠵᠢᠭᠦᠯᠦᠭᠦᠰᠢᠲᠠᠢ | ᠴᠢᠨᠠᠷ ᠢ ᠳᠤᠳᠤᠷᠬᠠᠶᠢᠯᠠᠬᠤ ᠬᠡᠷᠡᠭᠲᠡᠢ᠂ ᠬᠡᠷᠪᠡ ᠦᠭᠡᠷᠡᠴᠢᠯᠡᠯᠲᠡ ᠬᠢᠬᠦ᠂ ᠰᠢᠨ᠎ᠠ ᠶᠢ ᠡᠭᠦᠳᠬᠦ᠂ ᠲᠤᠷᠰᠢᠯᠲᠠ ᠶᠢᠨ | ᠴᠡᠭ ᠭᠠᠷᠭᠠᠬᠤ ᠵᠡᠷᠭᠡ ᠪᠠᠶᠢᠳᠠᠯ ᠲᠠᠢ ᠪᠣᠯ ᠤᠯᠠᠮ ᠴᠢᠨᠠᠭᠰᠢᠲᠠ ᠳᠤᠳᠤᠷᠬᠠᠶᠢᠯᠠᠬᠤ ᠬᠡᠷᠡᠭᠲᠡᠢ︶ | ︵ᠬᠤᠶᠠᠷ︶ ᠬᠠᠤᠯᠢ ᠴᠠᠭᠠᠵᠠ ᠲᠠᠢ ᠬᠤᠯᠪᠤᠭᠳᠠᠭᠰᠠᠨ ᠭᠤᠣᠯ ᠠᠭᠤᠯᠭ᠎ᠠ ᠳᠤ ᠬᠠᠤᠯᠢ ᠴᠠᠭᠠᠵᠠ᠂ ᠬᠠᠤᠯᠢ | ᠲᠤᠭᠲᠠᠭᠠᠯ᠂ ᠲᠤᠭᠲᠠᠭᠠᠯ ᠳᠥᠷᠢᠮ᠂ ᠲᠥᠷᠥ ᠶᠢᠨ ᠪᠣᠳᠤᠯᠭ᠎ᠠ ᠶᠢᠨ ᠲᠣᠳᠤᠷᠬᠠᠢ ᠦᠨᠳᠦᠰᠦᠯᠡᠯ ᠪᠤᠯᠤᠨ ᠪᠤᠲᠠᠲᠠᠢ | ᠰᠠᠨᠠᠯ ᠢ ᠨᠢᠭᠡᠳ ᠨᠢᠭᠡ ᠪᠠᠷ ᠳᠤᠷᠠᠳᠬᠤ ᠬᠡᠷᠡᠭᠲᠡᠢ᠃ | ︵ ︶ ᠣᠨ ᠤ ︵ ︶ ᠳ᠋ᠤᠭᠠᠷ ︵ᠳ᠋ᠤᠭᠡᠷ︶ ᠰᠠᠷ᠎ᠠ ᠶᠢᠨ ︵ ︶ ᠤ ︵ ᠤᠨ︶ ᠡᠳᠦᠷ | ︵ᠬᠠᠷᠢᠯᠴᠠᠬᠤ ᠬᠦᠮᠦᠨ᠄ ᠬᠠᠷᠢᠯᠴᠠᠬᠤ ᠤᠳᠠᠰᠤ᠄ ︶ | | ︽ ︾ ᠶᠢᠨ ︵ ᠤᠨ︶ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ | | ︵ᠭᠡᠷ᠎ᠡ᠂ ᠵᠦᠪᠯᠡᠯᠴᠡᠭᠡᠷ ᠤᠨ ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠬᠤ ᠳᠤ ᠲᠤᠬᠢᠷᠠᠭᠤᠯᠤᠨ | ᠬᠡᠷᠡᠭᠯᠡᠨ᠎ᠠ᠂ ᠵᠠᠰᠠᠭ ᠤᠨ ᠤᠷᠳᠤᠨ ᠤ ᠬᠠᠤᠯᠢ ᠵᠦᠪᠯᠡᠭᠴᠢ ᠶᠢᠨ ᠭᠠᠷᠭᠠᠭᠰᠠᠨ ᠨᠢ ᠡᠭᠦᠨ ᠳᠤ ᠪᠠᠭᠳᠠᠬᠤ ᠦᠬᠡᠢ︶ | | ︵ ︶ ᠣᠨ ᠤ ︵ ︶ ᠳ᠋ᠤᠭᠠᠷ ︵ᠳ᠋ᠤᠭᠡᠷ︶ ᠰᠠᠷ᠎ᠠ ᠶᠢᠨ ︵ ︶ ᠤ ︵ ᠤᠨ︶ ᠡᠳᠦᠷ᠂ | ︽ ︾ ᠶᠢ ︵ ᠢ︶ ᠤᠯᠠᠮᠵᠢᠯᠠᠵᠤ ᠢᠷᠡᠪᠡ᠂ ᠨᠠᠷᠢᠨ ᠬᠢᠨᠠᠮᠠᠭᠠᠢ ᠰᠤᠳᠤᠯᠬᠤ ᠪᠠᠷ ᠳᠠᠮᠵᠢᠨ ᠳᠤᠤᠷᠠᠬᠢ ᠮᠡᠲᠦ | ᠬᠠᠤᠯᠢ ᠶᠤᠰᠤᠴᠢ ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ ᠢ ᠳᠤᠷᠠᠳᠪᠠ᠄ | ᠨᠢᠭᠡ᠂ ᠭᠡᠷ᠎ᠡ ︵ᠵᠦᠪᠯᠡᠯᠴᠡᠭᠡᠷ︶ ᠤᠨ ᠬᠠᠤᠯᠢ ᠳᠤ ᠨᠡᠶᠢᠴᠡᠬᠦ ᠶᠢ ᠰᠢᠢᠳᠪᠦᠷᠢᠯᠡᠬᠦ ᠰᠠᠨᠠᠯ | ᠲᠤᠰ ᠭᠡᠷ᠎ᠡ ︵ᠵᠦᠪᠯᠡᠯᠴᠡᠭᠡᠷ︶ ᠶᠢᠨ ᠭᠤᠣᠯ ᠠᠭᠤᠯᠭ᠎ᠠ ᠨᠢ ︽ ︾ ︵︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠭᠡᠷ᠎ᠡ ᠶᠢᠨ ᠬᠠᠤᠯᠢ︾ ᠵᠢᠴᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ | ᠲᠤᠭᠲᠠᠭᠠᠯ᠂ ᠲᠤᠭᠲᠠᠭᠠᠯ ᠳᠥᠷᠢᠮ︶ ᠪᠤᠯᠤᠨ ︽ ︾ ︵ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ᠂ ᠤᠯᠤᠰ ᠤᠨ ᠶᠠᠮᠤᠨ ᠵᠥᠪᠯᠡᠯ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ | ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ︶ ᠶᠢᠨ ︵ ᠤᠨ︶ ᠳᠤᠭᠲᠠᠭᠠᠯ ᠲᠠᠢ ᠨᠡᠶᠢᠴᠡᠵᠦ ᠪᠤᠢ᠃ | ᠬᠤᠶᠠᠷ᠂ ᠵᠠᠰᠠᠪᠤᠷᠢ ᠤᠷᠤᠭᠤᠯᠬᠤ ᠴᠢᠬᠤᠯᠠ ᠲᠠᠢ ᠭᠡᠷ᠎ᠡ ︵ᠵᠦᠪᠯᠡᠯᠴᠡᠭᠡᠷ︶ ᠳᠤ ᠬᠢ ᠰᠢᠢᠳᠪᠦᠷᠢᠯᠡᠬᠦ ᠰᠠᠨᠠᠯ | ᠲᠤᠰ ᠭᠡᠷ᠎ᠡ ︵ᠵᠦᠪᠯᠡᠯᠴᠡᠭᠡᠷ︶ ᠶᠢᠨ ᠭᠤᠣᠯ ᠠᠭᠤᠯᠭ᠎ᠠ ᠨᠢ ︽ ︾ ︵︽ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠭᠡᠷ᠎ᠡ ᠶᠢᠨ ᠬᠠᠤᠯᠢ︾ ᠵᠢᠴᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ | ᠲᠤᠭᠲᠠᠭᠠᠯ᠂ ᠲᠤᠭᠲᠠᠭᠠᠯ ᠳᠥᠷᠢᠮ︶ ᠪᠤᠯᠤᠨ ︽ ︾ ︵ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ᠂ ᠤᠯᠤᠰ ᠤᠨ ᠶᠠᠮᠤᠨ ᠵᠥᠪᠯᠡᠯ᠂ ᠥᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ | ᠲᠦᠷᠦ ᠶᠢᠨ ᠪᠤᠳᠤᠯᠭ᠎ᠠ ᠶᠢᠨ ᠴᠢᠨᠠᠷᠳᠠᠢ ᠪᠢᠴᠢᠭ ᠮᠠᠲ᠋ᠧᠷᠢᠶᠠᠯ︶ ᠶᠢᠨ ︵ ᠤᠨ︶ ᠳᠤᠭᠲᠠᠭᠠᠯ ᠲᠠᠢ ᠨᠡᠶᠢᠴᠡᠵᠦ ᠪᠤᠢ᠃ | ᠡᠳᠦᠭᠡ ᠭᠡᠷ᠎ᠡ ︵ᠵᠦᠪᠯᠡᠯᠴᠡᠭᠡᠷ︶ ᠶᠢᠨ ᠬᠡᠰᠡᠭ ᠠᠭᠤᠯᠭ᠎ᠠ ᠳᠤ ᠳᠤᠤᠷᠠᠬᠢ ᠮᠡᠲᠦ ᠵᠠᠰᠠᠪᠤᠷᠢ ᠤᠷᠤᠭᠤᠯᠬᠤ | ᠰᠠᠨᠠᠭᠤᠯᠭ᠎ᠠ ᠭᠠᠷᠭᠠᠪᠠ᠄ | 1. ︵ ︶ ᠰᠢᠯᠲᠠᠭᠠᠨ ᠠᠴᠠ ᠪᠣᠯᠵᠤ᠂ ︵ ︶ ᠠᠭᠤᠯᠭ᠎ᠠ ᠶᠢ ᠬᠠᠰᠤᠬᠤ ᠰᠠᠨᠠᠭᠤᠯᠭ᠎ᠠ | ᠭᠠᠷᠭᠠᠪᠠ᠃ | 2. ︵ ︶ ᠰᠢᠯᠲᠠᠭᠠᠨ ᠠᠴᠠ ᠪᠣᠯᠵᠤ᠂ ︵ ︶ ᠠᠭᠤᠯᠭ᠎ᠠ ᠳᠤ ᠵᠠᠰᠠᠪᠤᠷᠢ ᠤᠷᠤᠭᠤᠯᠬᠤ | ᠰᠠᠨᠠᠭᠤᠯᠭ᠎ᠠ ᠭᠠᠷᠭᠠᠪᠠ᠃ | ︵ ︶ ᠣᠨ ᠤ ︵ ︶ ᠳ᠋ᠤᠭᠠᠷ ︵ᠳ᠋ᠤᠭᠡᠷ︶ ᠰᠠᠷ᠎ᠠ ᠶᠢᠨ ︵ ︶ ᠤ ︵ ᠤᠨ︶ ᠡᠳᠦᠷ | ︵ᠬᠠᠷᠢᠯᠴᠠᠬᠤ ᠬᠦᠮᠦᠨ᠄ ᠬᠠᠷᠢᠯᠴᠠᠬᠤ ᠤᠳᠠᠰᠤ᠄ ︶ | | ᠳᠠᠭᠠᠯᠳᠤᠭᠤᠯᠤᠯ 2 | ᠡᠷᠬᠡ ᠲᠡᠭᠰᠢ ᠦᠷᠢᠰᠦᠯᠳᠦᠭᠡᠨ ᠤ ᠬᠢᠨᠠᠨ ᠪᠠᠶᠢᠴᠠᠭᠠᠯᠲᠠ ᠶᠢᠨ ᠬᠦᠰᠦᠨᠦᠭᠲᠦ ︵ᠲᠣᠣᠷᠠᠬᠢ ᠲᠤᠭ᠎ᠠ ᠶᠢ | ᠲᠣᠪᠴᠢᠳᠠᠪᠠᠯ ᠬᠦᠰᠦᠨᠦᠭᠲᠦ ᠢᠯᠡᠷᠡᠨ᠎ᠡ︶ | ᠨᠢᠭᠡ | ᠬᠤᠶᠠᠷ | ᠭᠤᠷᠪᠠ | ᠳᠥᠷᠪᠡ | ᠳᠠᠭᠠᠯᠳᠤᠭᠤᠯᠤᠯ 3 | ᠬᠤᠷᠢᠶᠠᠭᠰᠠᠨ ᠰᠠᠨᠠᠯ ᠤᠨ ᠬᠠᠷᠢᠭᠤ ᠳᠤᠰᠬᠠᠭᠰᠠᠨ ᠪᠠᠶᠢᠳᠠᠯ ᠢ ᠬᠤᠷᠢᠶᠠᠩᠭᠤᠶᠢᠯᠠᠭᠰᠠᠨ ᠬᠦᠰᠦᠨᠦᠭᠲᠦ ᠶᠢᠨ | ᠯᠠᠪᠯᠠᠬᠤ ᠬᠡᠪ ᠶᠠᠩᠵᠤ | ᠲᠠᠪᠤ | |