ᠥᠪᠥᠷ ᠵᠠᠰᠠᠭ ᠲᠠᠷᠬᠠᠭᠠᠭᠰᠠᠨ ﹇2019﹈ 12 ᠳ᠋ᠤᠭᠠᠷ ᠲᠤᠭᠠᠳᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠥᠪᠡᠷᠲᠡᠭᠡᠨ ᠵᠠᠰᠠᠬᠤ ᠤᠷᠤᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠬᠤ ᠪᠠ ᠲᠠᠷᠢᠶᠠᠯᠠᠩ ᠤᠨ ᠮᠠᠰᠢᠨ ᠤ ᠲᠣᠨᠤᠭ | ᠲᠦᠬᠦᠭᠡᠷᠦᠮᠵᠢ ᠶᠢᠨ ᠠᠵᠤ ᠦᠢᠯᠡᠰ ᠤᠨ ᠬᠡᠯᠪᠡᠷᠢ ᠶᠢ ᠨᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠭᠡᠨ | ᠠᠬᠢᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠤᠭᠤᠳᠬᠤ ᠰᠠᠨᠠᠯ︾ ︵ᠲᠥᠷᠥ ᠲᠠᠷᠬᠠᠭᠠᠭᠰᠠᠨ | ﹇2018﹈ 42 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠣ᠂ | ᠮᠠᠨ ᠤ ᠣᠷᠤᠨ ᠤ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠬᠤ ᠪᠠ ᠲᠠᠷᠢᠶᠠᠯᠠᠩ ᠤᠨ ᠮᠠᠰᠢᠨ ᠤ ᠲᠣᠨᠤᠭ | ᠲᠦᠬᠦᠭᠡᠷᠦᠮᠵᠢ ᠶᠢᠨ ᠠᠵᠤ ᠦᠢᠯᠡᠰ ᠤᠨ ᠬᠡᠯᠪᠡᠷᠢ ᠶᠢ ᠨᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠭᠡᠨ | ᠠᠬᠢᠭᠤᠯᠬᠤ ᠶᠢᠨ ᠲᠤᠰᠠᠲᠠ᠂ ᠥᠪᠡᠷᠲᠡᠭᠡᠨ ᠵᠠᠰᠠᠬᠤ ᠤᠷᠤᠨ ᠤ ᠪᠤᠲᠠᠲᠠᠢ ᠲᠠᠢ ᠤᠶᠠᠯᠳᠤᠭᠤᠯᠤᠨ᠂ ᠡᠳᠦᠭᠡ | ᠳᠤᠤᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠬᠦᠭᠵᠢᠯᠲᠡ ᠶᠢᠨ ᠬᠠᠷᠠᠯᠲᠠ | 2020 ᠣᠨ ᠪᠣᠯᠬᠤ ᠳᠤ᠂ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ᠂ ᠰᠢᠩᠭᠡᠭᠡᠨ ᠡᠵᠡᠮᠰᠢᠬᠦ᠂ | ᠮᠡᠷᠭᠡᠵᠢᠯ ᠤᠨ ᠰᠢᠨᠡᠴᠢᠯᠡᠯᠲᠡ ᠬᠢᠬᠦ᠂ ᠪᠡᠶ᠎ᠡ ᠪᠠᠨ ᠳᠠᠭᠠᠭᠠᠨ ᠰᠢᠨ᠎ᠡ ᠶᠢ ᠡᠭᠦᠳᠬᠦ ᠪᠠ ᠠᠵᠤ ᠦᠢᠯᠡᠰ ᠢ | ᠪᠦᠭᠡᠮᠨᠡᠷᠡᠭᠦᠯᠬᠦ ᠪᠠᠷ ᠳᠠᠮᠵᠢᠨ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ | ᠢᠯᠡᠳᠲᠡ ᠳᠡᠭᠡᠭᠰᠢᠯᠡᠭᠦᠯᠦᠨ᠎ᠡ᠃ ᠪᠦᠬᠦ ᠣᠷᠤᠨ ᠤ ᠲᠠᠷᠢᠶᠠᠯᠠᠩ ᠤᠨ ᠮᠠᠰᠢᠨ ᠤ ᠶᠡᠷᠦᠩᠬᠡᠢ ᠬᠦᠳᠡᠯᠭᠡᠬᠦ ᠬᠦᠴᠦᠨ ᠢ | 4000 ᠲᠦᠮᠡᠨ ᠺᠢᠯᠤᠸᠠᠲ ᠠᠴᠠ ᠳᠠᠪᠠᠭᠤᠯᠤᠨ᠎ᠠ᠃ ᠲᠠᠷᠢᠮᠠᠯ ᠤᠨ ᠵᠦᠢᠯ ᠤᠨ ᠲᠠᠷᠢᠵᠤ ᠬᠤᠷᠢᠶᠠᠬᠤ ᠶᠡᠷᠦᠩᠬᠡᠢ | ᠮᠧᠬᠠᠨᠢᠬᠵᠢᠭᠤᠯᠤᠯᠲᠠ ᠶᠢᠨ ᠨᠤᠷᠮ᠎ᠠ ᠶᠢ 85% ᠳᠤ ᠬᠦᠷᠦᠬᠦᠯᠵᠦ᠂ ᠭᠤᠣᠯ ᠪᠣᠯᠬᠤ ᠲᠠᠷᠢᠮᠠᠯ ᠤᠨ ᠵᠦᠢᠯ ᠢ ᠲᠠᠷᠢᠵᠣ | ᠦᠢᠯᠡᠳᠪᠦᠷᠢᠯᠡᠬᠦ ᠪᠦᠬᠦ ᠶᠠᠪᠤᠴᠠ ᠶᠢᠨ ᠮᠧᠬᠠᠨᠢᠬᠵᠢᠭᠤᠯᠬᠤ ᠶᠢ ᠦᠨᠳᠦᠰᠦᠨ ᠳᠤ ᠪᠠᠨ ᠪᠡᠶᠡᠯᠡᠭᠦᠯᠣᠨ᠎ᠡ᠃ ᠮᠠᠯ ᠠᠵᠤ | ᠠᠬᠤᠢ ᠶᠢᠨ ᠮᠧᠬᠠᠨᠢᠬᠵᠢᠭᠤᠯᠤᠯᠲᠠ ᠶᠢᠨ ᠨᠤᠷᠮ᠎ᠠ ᠶᠢ 38% ᠣᠷᠴᠢᠮ ᠪᠣᠯᠭᠠᠨ᠎ᠠ᠃ ᠲᠦᠬᠦᠭᠡᠷᠦᠮᠵᠢᠲᠦ ᠲᠠᠷᠢᠶᠠᠯᠠᠩ᠂ | ᠤᠰᠤᠨ ᠭᠠᠷᠤᠯᠲᠠ ᠶᠢᠨ ᠦᠷᠡᠵᠢᠭᠦᠯᠦᠯᠲᠡ ᠪᠠ ᠲᠠᠷᠢᠶᠠᠯᠠᠩ ᠤᠨ ᠪᠦᠲᠦᠭᠡᠭᠳᠡᠭᠦᠨ ᠤ ᠠᠩᠬ᠎ᠠ ᠡᠳ᠋ᠰᠢᠭᠦᠯᠭᠡ ᠶᠢᠨ | ᠮᠧᠬᠠᠨᠢᠬᠵᠢᠭᠤᠯᠤᠯᠲᠠ ᠶᠢ ᠢᠯᠡᠳᠲᠡ ᠠᠬᠢᠴᠠ ᠲᠠᠢ ᠪᠤᠯᠭᠠᠨ᠎ᠠ᠃ | 2025 ᠣᠨ ᠪᠤᠯᠬᠤ ᠳᠤ᠂ ᠠᠵᠤ ᠠᠬᠤᠶᠢᠯᠠᠯ ᠤᠨ ᠪᠠᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ | ᠴᠢᠳᠠᠪᠤᠷᠢ ᠶᠢ ᠢᠯᠡᠷᠬᠡᠢ ᠳᠡᠭᠡᠭᠰᠢᠯᠡᠭᠦᠯᠵᠦ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢᠯᠡᠯ ᠤᠨ ᠡᠷᠬᠡ ᠲᠠᠢ | ᠨᠢᠭᠡ ᠪᠦᠯᠦᠭ ᠨᠢᠳᠤᠷᠭᠠᠨ ᠪᠦᠲᠦᠭᠡᠭᠳᠡᠬᠦᠨ ᠢ ᠪᠦᠷᠢᠯᠳᠦᠭᠦᠯᠦᠨ᠎ᠡ᠃ ᠥᠪᠡᠷᠲᠡᠭᠡᠨ ᠵᠠᠰᠠᠬᠤ ᠤᠷᠤᠨ ᠤ ᠲᠤᠳᠤᠨ᠎ᠠ | ᠭᠠᠳᠠᠨᠠᠬᠢ ᠵᠠᠬ᠎ᠠ ᠳᠡᠯᠭᠡᠭᠦᠷ ᠲᠠᠬᠢ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠭ ᠤᠨ ᠡᠵᠡᠯᠡᠬᠦ ᠬᠤᠪᠢ ᠶᠢᠨ | ᠲᠤᠭ᠎ᠠ ᠶᠢ ᠵᠢᠯ ᠳᠠᠷᠠᠭᠠᠯᠠᠨ ᠨᠡᠮᠡᠭᠳᠡᠭᠦᠯᠦᠨ᠎ᠡ᠃ ᠪᠦᠬᠦ ᠤᠷᠤᠨ ᠤ ᠲᠠᠷᠢᠶᠠᠯᠠᠩ ᠤᠨ ᠮᠠᠰᠢᠨ ᠤ ᠶᠡᠷᠦᠩᠬᠡᠢ ᠬᠦᠳᠡᠯᠭᠡᠬᠦ | ᠬᠦᠴᠦᠨ ᠢ 5000 ᠲᠦᠮᠡᠨ ᠺᠢᠯᠤᠸᠠᠲ ᠤᠷᠴᠢᠮ ᠳᠤ ᠲᠣᠭᠲᠠᠪᠤᠷᠢᠵᠢᠭᠤᠯᠤᠨ᠎ᠠ᠃ ᠲᠠᠷᠢᠮᠠᠯ ᠤᠨ ᠵᠦᠢᠯ ᠢ ᠲᠠᠷᠢᠵᠤ | ᠬᠤᠷᠢᠶᠠᠬᠤ ᠶᠡᠷᠦᠩᠬᠡᠢ ᠮᠧᠬᠠᠨᠢᠬᠵᠢᠭᠤᠯᠤᠯᠲᠠ ᠶᠢᠨ ᠨᠤᠷᠮ᠎ᠠ ᠶᠢ 88% ᠠᠴᠠ ᠳᠡᠭᠡᠭᠰᠢ ᠳᠤ ᠬᠦᠷᠦᠬᠦᠯᠵᠦ᠂ ᠠᠵᠤ | ᠠᠬᠤᠢ ᠶᠢᠨ ᠣᠨᠴᠠᠯᠢᠭᠲᠤ ᠲᠠᠷᠢᠮᠠᠯ ᠤᠨ ᠲᠠᠷᠢᠵᠤ ᠦᠢᠯᠡᠳᠪᠦᠷᠢᠯᠡᠬᠦ ᠪᠦᠬᠦ ᠶᠠᠪᠤᠴᠠ ᠶᠢᠨ ᠮᠧᠬᠠᠨᠢᠬᠵᠢᠭᠤᠯᠬᠤ ᠶᠢ | ᠦᠨᠳᠦᠰᠦᠨ ᠳᠤ ᠪᠠᠨ ᠪᠡᠶᠡᠯᠡᠭᠦᠯᠣᠨ᠎ᠡ᠃ ᠲᠦᠬᠦᠭᠡᠷᠦᠮᠵᠢᠲᠦ ᠲᠠᠷᠢᠶᠠᠯᠠᠩ᠂ ᠮᠠᠯ ᠲᠡᠵᠢᠭᠡᠪᠦᠷᠢ᠂ ᠤᠰᠤᠨ | ᠭᠠᠷᠤᠯᠲᠠ ᠶᠢᠨ ᠦᠷᠡᠵᠢᠭᠦᠯᠦᠯᠲᠡ ᠪᠠ ᠲᠠᠷᠢᠶᠠᠯᠠᠩ ᠤᠨ ᠪᠦᠲᠦᠭᠡᠭᠳᠡᠭᠦᠨ ᠤ ᠠᠩᠬ᠎ᠠ ᠡᠳ᠋ᠰᠢᠭᠦᠯᠭᠡ ᠶᠢᠨ | ᠮᠧᠬᠠᠨᠢᠬᠵᠢᠭᠤᠯᠤᠯᠲᠠ ᠶᠢᠨ ᠨᠤᠷᠮ᠎ᠠ ᠶᠢ ᠶᠡᠷᠦᠩᠬᠡᠢ ᠳᠤ ᠨᠢ 50% ᠣᠷᠴᠢᠮ ᠪᠣᠯᠭᠠᠨ᠎ᠠ᠃ | ᠬᠤᠶᠠᠷ᠂ ᠲᠠᠷᠢᠶᠠᠯᠠᠩ ᠤᠨ ᠮᠠᠰᠢᠨ ᠤ ᠲᠣᠨᠤᠭ ᠲᠦᠬᠦᠭᠡᠷᠦᠮᠵᠢ ᠶᠢᠨ ᠠᠵᠤ ᠦᠢᠯᠡᠰ ᠤᠨ ᠴᠢᠨᠠᠷ ᠰᠠᠶᠢᠲᠠᠢ | ᠬᠦᠭᠵᠢᠯᠲᠡ ᠶᠢ ᠲᠦᠷᠭᠡᠳᠭᠡᠨ ᠠᠬᠢᠭᠤᠯᠤᠨ᠎ᠠ | ︵ᠨᠢᠭᠡ︶ ᠲᠠᠷᠢᠶᠠᠯᠠᠩ ᠤᠨ ᠮᠠᠰᠢᠨ ᠤ ᠠᠵᠤ ᠦᠢᠯᠡᠰ ᠤᠨ ᠬᠡᠯᠪᠡᠷᠢ ᠶᠢ ᠨᠢ ᠬᠤᠪᠢᠷᠠᠭᠤᠯᠤᠨ ᠳᠡᠰ | ᠳᠡᠪᠰᠢᠭᠦᠯᠬᠦ ᠶᠢ ᠠᠬᠢᠭᠤᠯᠤᠨ᠎ᠠ᠃ ᠪᠡᠶ᠎ᠡ ᠪᠠᠨ ᠳᠠᠭᠠᠭᠠᠵᠤ ᠨᠡᠭᠡᠭᠡᠨ ᠬᠦᠭᠵᠢᠭᠦᠯᠬᠦ ᠶᠢ ᠣᠷᠤᠭᠤᠯᠬᠤ᠂ ᠡᠵᠡᠮᠰᠢᠬᠦ᠂ | ᠰᠢᠩᠭᠡᠭᠡᠬᠦ ᠯᠦᠭᠡ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠠᠵᠤ ᠠᠬᠤᠶᠢᠯᠠᠯ ᠢᠶᠠᠷ ᠭᠤᠣᠯ ᠴᠤᠭᠴᠠ | ᠪᠣᠯᠭᠠᠭᠰᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠭᠰᠠᠨ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ | ᠬᠠᠷᠢᠯᠴᠠᠨ ᠤᠶᠠᠯᠳᠤᠭᠤᠯᠤᠭᠰᠠᠨ ᠲᠠᠷᠢᠶᠠᠯᠠᠩ ᠤᠨ ᠮᠠᠰᠢᠨ ᠤ ᠠᠵᠤ ᠦᠢᠯᠡᠰ ᠤᠨ ᠮᠡᠷᠭᠡᠵᠢᠯ ᠤᠨ ᠲᠠᠯ᠎ᠠ ᠪᠠᠷ | ᠰᠢᠨ᠎ᠡ ᠶᠢ ᠡᠭᠦᠳᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠲᠠᠷᠢᠶᠠᠯᠠᠩ ᠤᠨ ᠮᠠᠰᠢᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠠᠵᠤ ᠦᠢᠯᠡᠰᠴᠢᠯᠡᠯᠲᠡ ᠶᠢ ᠲᠦᠷᠭᠡᠳᠭᠡᠨ ᠪᠡᠶᠡᠯᠡᠭᠦᠯᠦᠨ᠎ᠡ᠃ ᠠᠵᠤ | ᠠᠬᠤᠶᠢᠯᠠᠯ ᠤᠨ ᠮᠡᠷᠭᠡᠵᠢᠯ ᠤᠨ ᠰᠢᠨᠡᠴᠢᠯᠡᠯᠲᠡ ᠶᠢ ᠴᠢᠩᠭᠠᠳᠬᠠᠵᠤ᠂ ᠰᠤᠳᠤᠯᠤᠨ ᠨᠡᠭᠡᠭᠡᠬᠦ ᠪᠠ ᠦᠢᠯᠡᠳᠪᠦᠷᠢᠯᠡᠬᠦ | ᠨᠦᠬᠦᠴᠡᠯ ᠢ ᠳᠡᠭᠡᠭᠰᠢᠯᠡᠭᠦᠯᠦᠨ᠂ ᠦᠢᠯᠡᠳᠬᠦ ᠭᠠᠷ ᠤᠷᠠᠯᠠᠯ ᠵᠢᠴᠢ ᠴᠡᠷᠳᠡᠵᠦ ᠴᠢᠮᠡᠭᠯᠡᠬᠦ ᠬᠢᠷᠢ ᠲᠥᠪᠰᠢᠨ ᠢ | ᠳᠡᠭᠡᠭᠰᠢᠯᠡᠭᠦᠯᠵᠦ᠂ ᠲᠠᠷᠢᠶᠠᠯᠠᠩ ᠤᠨ ᠮᠠᠰᠢᠨ ᠤ ᠲᠤᠨᠤᠭ ᠲᠦᠬᠦᠭᠡᠷᠦᠮᠵᠢ ᠶᠢᠨ ᠲᠣᠭᠠᠴᠠᠯᠠᠬᠤ ᠪᠠ ᠣᠶᠤᠨᠴᠢᠯᠠᠬᠤ | ᠬᠦᠭᠵᠢᠯᠲᠡ ᠶᠢ ᠠᠬᠢᠭᠤᠯᠤᠨ᠎ᠠ᠃ ᠠᠵᠤ ᠠᠬᠤᠶᠢᠯᠠᠯ ᠤᠨ ᠬᠢᠨ ᠤ ᠪᠤᠳᠠᠰᠯᠢᠭ ᠬᠤᠯᠪᠤᠭᠠᠲᠤ ᠰᠦᠯᠵᠢᠶ᠎ᠡ᠂ ᠲᠤᠮᠤ | ᠳ᠋ᠠᠶᠢᠲ᠋ᠠ ᠵᠡᠷᠭᠡ ᠮᠡᠳᠡᠭᠡ ᠵᠠᠩᠭᠢ ᠶᠢᠨ ᠮᠡᠷᠭᠡᠵᠢᠯ ᠬᠡᠷᠡᠭᠯᠡᠬᠦ ᠶᠢ ᠵᠣᠷᠢᠬᠵᠢᠭᠤᠯᠵᠤ᠂ ᠠᠯᠤᠰ ᠡᠵᠡᠮᠰᠢᠯ ᠢᠶᠠᠷ | ᠳᠦᠷᠪᠡᠯᠲᠡ ᠶᠢ ᠣᠨᠤᠭᠠᠬᠤ᠂ ᠰᠦᠯᠵᠢᠶ᠎ᠡ ᠪᠠᠷ ᠠᠰᠠᠭᠤᠨ ᠯᠠᠪᠯᠠᠬᠤ᠂ ᠪᠣᠯᠪᠠᠰᠤᠷᠠᠭᠤᠯᠬᠤ᠂ ᠡᠯᠧᠺᠲᠷᠤᠨ | ᠬᠤᠳᠠᠯᠳᠤᠭᠠᠨ ᠤ ᠶᠠᠪᠤᠳᠠᠯ ᠵᠡᠷᠭᠡ ᠶᠢ ᠦᠷᠨᠢᠭᠦᠯᠵᠦ᠂ ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ ᠤᠨ | ᠦᠢᠯᠡᠳᠪᠦᠷᠢᠯᠡᠬᠦ ᠬᠡᠯᠪᠡᠷᠢ ᠶᠢᠨ ᠦᠢᠯᠡᠳᠬᠦ ᠦᠢᠯᠡᠰ ᠠᠴᠠ ᠦᠢᠯᠡᠴᠢᠯᠡᠬᠦ ᠬᠡᠯᠪᠡᠷᠢ ᠶᠢᠨ ᠦᠢᠯᠡᠳᠬᠦ ᠦᠢᠯᠡᠰ ᠲᠡᠶᠢᠰᠢ | ᠬᠤᠪᠢᠷᠠᠬᠤ ᠶᠢ ᠠᠬᠢᠭᠤᠯᠤᠨ᠎ᠠ᠃ ︵ᠦᠪᠡᠷᠲᠡᠭᠡᠨ ᠵᠠᠰᠠᠬᠤ ᠤᠷᠤᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠬᠥᠭᠵᠢᠭᠦᠯᠦᠯᠲᠡ ᠪᠠ | ᠦᠭᠡᠷᠡᠴᠢᠯᠡᠯᠲᠡ ᠶᠢᠨ ᠵᠦᠪᠯᠡᠯ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ ᠵᠡᠷᠭᠡ ᠬᠠᠷᠢᠭᠤᠴᠠᠨ᠎ᠠ᠃ ᠲᠡᠷᠢᠭᠦᠨ ᠳᠤ ᠵᠢᠭᠰᠠᠭᠠᠵᠤ ᠪᠠᠶᠢᠭ᠎ᠠ ᠨᠢ ᠲᠦᠷᠦᠭᠦᠯᠡᠨ ᠬᠢᠬᠦ ᠨᠢᠭᠡᠴᠢ ᠪᠤᠯᠤᠨ᠎ᠠ᠂ | ᠳᠤᠷᠤᠭᠰᠢ ᠠᠳᠠᠯᠢ︶ | ︵ᠬᠤᠶᠠᠷ︶ ᠲᠠᠷᠢᠶᠠᠯᠠᠩ ᠤᠨ ᠮᠠᠰᠢᠨ ᠤ ᠲᠤᠨᠤᠭ ᠲᠦᠬᠦᠭᠡᠷᠦᠮᠵᠢ ᠶᠢᠨ ᠠᠵᠤ ᠦᠢᠯᠡᠰ ᠤᠨ ᠪᠦᠲᠦᠴᠡ ᠶᠢᠨ | ᠪᠠᠶᠢᠷᠢᠰᠢᠯᠠᠭᠤᠯᠤᠯᠲᠠ ᠶᠢ ᠰᠢᠯᠢᠳᠡᠭᠵᠢᠭᠦᠯᠦᠨ᠎ᠡ᠃ ᠤᠷᠤᠨ ᠤ ᠭᠠᠳᠠᠨᠠᠬᠢ ᠲᠠᠷᠢᠶᠠᠯᠠᠩ ᠤᠨ ᠮᠠᠰᠢᠨ ᠦᠢᠯᠡᠳᠬᠦ ᠠᠵᠤ | ᠠᠬᠤᠶᠢᠯᠠᠯ ᠢ ᠲᠠᠲᠠᠨ ᠣᠷᠤᠭᠤᠯᠵᠤ ᠥᠪᠡᠷᠲᠡᠭᠡᠨ ᠵᠠᠰᠠᠬᠤ ᠤᠷᠤᠨ ᠳᠡᠶᠢᠰᠢ ᠴᠤᠭᠯᠠᠷᠠᠭᠤᠯᠤᠨ᠂ ᠮᠠᠨ ᠤ ᠤᠷᠤᠨ ᠤ | ᠲᠠᠷᠢᠶᠠᠯᠠᠩ ᠤᠨ ᠮᠠᠰᠢᠨ ᠤ ᠲᠤᠨᠤᠭ ᠲᠦᠬᠦᠭᠡᠷᠦᠮᠵᠢ ᠶᠢᠨ ᠠᠵᠤ ᠦᠢᠯᠡᠰ ᠤᠨ ᠬᠡᠪᠴᠢᠶ᠎ᠡ ᠶᠢ ᠦᠷᠭᠡᠳᠭᠡᠨ᠎ᠡ᠃ | ᠮᠠᠯᠵᠢᠬᠤ ᠲᠠᠷᠢᠶᠠᠯᠠᠬᠤ ᠤᠷᠤᠨ ᠤ ᠭᠡᠷ ᠪᠦᠯᠢ ᠶᠢᠨ ᠦᠢᠯᠡᠳᠪᠦᠷᠢᠯᠡᠨ ᠡᠵᠡᠩᠨᠡᠬᠦ ᠬᠡᠷᠡᠭᠴᠡᠭᠡ ᠳᠤ ᠲᠣᠬᠢᠷᠠᠭᠰᠠᠨ | ᠳᠤᠮᠳᠠ ᠵᠢᠵᠢᠭ ᠬᠡᠯᠪᠡᠷᠢ ᠶᠢᠨ ᠪᠠ ᠬᠦᠩᠭᠡᠨ ᠳᠦᠭᠦᠮᠴᠢᠯᠡᠭᠰᠡᠨ ᠲᠠᠷᠢᠶᠠᠯᠠᠩ ᠤᠨ ᠮᠠᠰᠢᠨ ᠢ ᠬᠦᠭᠵᠢᠭᠦᠯᠬᠦ ᠶᠢ | ᠳᠡᠮᠵᠢᠵᠦ᠂ ᠮᠠᠨ ᠤ ᠤᠷᠤᠨ ᠤ ᠠᠳᠠᠯᠢ ᠪᠤᠰᠤ ᠭᠠᠵᠠᠷ ᠤᠷᠤᠨ ᠤ ᠠᠵᠤ ᠠᠬᠤᠢ ᠶᠢᠨ ᠬᠢᠷᠢ ᠲᠥᠪᠰᠢᠨ ᠳᠤ | ᠲᠤᠬᠢᠷᠠᠭᠰᠠᠨ ᠳᠡᠭᠡᠳᠦ ᠳᠤᠮᠳᠠ ᠳᠤᠤᠷ᠎ᠠ ᠦᠵᠦᠭᠦᠷ ᠤᠨ ᠦᠢᠯᠡᠳᠭᠦᠨ ᠤ ᠬᠠᠮᠲᠤ ᠪᠠᠷ ᠬᠦᠭᠵᠢᠬᠦ ᠪᠠᠶᠢᠷᠢᠰᠢᠯ ᠢ ᠪᠣᠢ | ᠪᠣᠯᠭᠠᠨ᠎ᠠ᠃ ᠬᠠᠮ ᠳᠠᠪᠠᠭᠤᠯᠢᠭ ᠢᠶᠠᠷ ᠳᠤᠪᠤᠶᠢᠭᠰᠠᠨ ᠦᠷᠢᠰᠦᠯᠳᠦᠭᠡᠨ ᠤ ᠬᠦᠴᠦᠨ ᠢᠶᠠᠷ ᠨᠡᠯᠢᠶᠡᠳ ᠴᠢᠩᠭ᠎ᠠ ᠪᠣᠯᠬᠤ | ᠲᠠᠷᠢᠶᠠᠯᠠᠩ ᠤᠨ ᠮᠠᠰᠢᠨ ᠤ ᠠᠵᠤ ᠦᠢᠯᠡᠰ ᠤᠨ ᠲᠥᠪᠯᠡᠷᠡᠭᠰᠡᠨ ᠤᠷᠤᠨ ᠢ ᠪᠣᠢ ᠪᠣᠯᠭᠠᠨ᠎ᠠ᠃ ︵ᠥᠪᠡᠷᠲᠡᠭᠡᠨ ᠵᠠᠰᠠᠬᠤ | ᠤᠷᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠬᠥᠭᠵᠢᠭᠦᠯᠦᠯᠲᠡ ᠪᠠ | ᠦᠭᠡᠷᠡᠴᠢᠯᠡᠯᠲᠡ ᠶᠢᠨ ᠵᠦᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠲᠠᠷᠢᠶᠠᠯᠠᠩ ᠮᠠᠯ ᠠᠵᠤ | ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ | ᠬᠠᠷᠢᠭᠤᠴᠠᠨ᠎ᠠ︶ | ︵ᠭᠤᠷᠪᠠ︶ ᠲᠠᠷᠢᠶᠠᠯᠠᠩ ᠤᠨ ᠮᠠᠰᠢᠨ ᠤ ᠲᠤᠨᠤᠭ ᠲᠦᠬᠦᠭᠡᠷᠦᠮᠵᠢ ᠶᠢᠨ ᠶᠠᠰᠤ ᠴᠢᠨᠠᠷ ᠤᠨ ᠨᠠᠶᠢᠳᠠᠪᠤᠷᠢᠳᠦ | ᠴᠢᠨᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠪᠤᠬᠢᠷᠳᠦᠯ ᠦᠭᠡᠢ ᠪᠦᠭᠡᠳ ᠦᠨᠳᠦᠷ ᠪᠦᠲᠦᠮᠵᠢᠲᠡᠢ | ᠲᠠᠷᠢᠶᠠᠯᠠᠩ ᠤᠨ ᠮᠠᠰᠢᠨᠴᠢᠯᠠᠬᠤ ᠪᠠᠷᠢᠮᠵᠢᠶ᠎ᠠ ᠶᠢ ᠲᠤᠭᠲᠠᠭᠠᠬᠤ ᠪᠠ ᠲᠠᠷᠢᠶᠠᠯᠠᠩ ᠤᠨ ᠮᠠᠰᠢᠨ ᠤ ᠲᠤᠨᠤᠭ | ᠲᠦᠬᠦᠭᠡᠷᠦᠮᠵᠢ ᠶᠢᠨ ᠠᠵᠤ ᠦᠢᠯᠡᠰ ᠤᠨ ᠬᠡᠮᠵᠢᠨ ᠰᠢᠯᠭᠠᠬᠤ ᠮᠡᠷᠭᠡᠵᠢᠯ ᠤᠨ ᠰᠤᠳᠤᠯᠭᠠᠨ ᠢ ᠲᠦᠷᠭᠡᠳᠭᠡᠵᠦ᠂ | ᠲᠠᠷᠢᠶᠠᠯᠠᠩ ᠤᠨ ᠮᠠᠰᠢᠨ ᠤ ᠲᠤᠨᠤᠭ ᠲᠦᠬᠦᠭᠡᠷᠦᠮᠵᠢ ᠶᠢᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ | ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠲᠤᠷᠰᠢᠨ ᠰᠢᠯᠭᠠᠬᠤ ᠪᠠ ᠬᠢᠨᠠᠨ ᠲᠤᠭᠲᠠᠭᠠᠬᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠮᠠᠰᠢᠨ ᠤ ᠦᠢᠯᠡᠳᠭᠦᠨ ᠤ ᠶᠠᠰᠤ ᠴᠢᠨᠠᠷ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠶᠠᠰᠤ ᠴᠢᠨᠠᠷ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠪᠤᠲᠠᠲᠠᠶᠢᠵᠢᠭᠤᠯᠣᠨ᠂ ᠭᠤᠣᠯᠳᠠᠯᠭ᠎ᠠ ᠲᠠᠢ ᠦᠢᠯᠡᠳᠭᠦᠨ ᠤ ᠠᠵᠢᠯ ᠲᠦᠷᠦᠯ ᠤᠨ ᠬᠢᠨ ᠢ | ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠨ᠎ᠠ᠃ ᠦᠨᠡᠨᠴᠢ ᠢᠲᠡᠭᠡᠮᠵᠢᠲᠡᠢ ᠪᠡᠶ᠎ᠡ ᠪᠠᠨ ᠱᠠᠭᠠᠷᠳᠠᠬᠤ ᠪᠠ ᠶᠠᠰᠤ | ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠭᠡ ᠪᠠᠷ ᠦᠷᠨᠢᠭᠦᠯᠵᠦ᠂ ᠮᠡᠳᠡᠯᠭᠡ ᠶᠢᠨ ᠦᠮᠴᠢᠯᠡᠯ ᠤᠨ ᠡᠷᠬᠡ ᠶᠢᠨ | ᠬᠠᠮᠠᠭᠠᠯᠠᠯᠲᠠ ᠶᠢ ᠴᠢᠩᠭᠠᠳᠬᠠᠨ᠂ ᠶᠠᠰᠤ ᠴᠢᠨᠠᠷ ᠤᠨ ᠲᠠᠯ᠎ᠠ ᠳᠤ ᠬᠠᠤᠯᠢ ᠠᠴᠠ ᠵᠦᠷᠢᠴᠡᠬᠦ ᠪᠠ ᠬᠤᠳᠠᠯ ᠬᠠᠭᠤᠷᠮᠠᠭ | ᠨᠡᠷᠡᠲᠦ ᠲᠦᠷᠦᠯ ᠲᠡᠮᠳᠡᠭᠲᠦ ᠦᠢᠯᠡᠳᠬᠦ ᠠᠵᠢᠯᠯᠠᠭ᠎ᠠ ᠳᠤ ᠴᠢᠩᠭ᠎ᠠ ᠴᠤᠬᠢᠯᠲᠠ ᠦᠭᠴᠦ᠂ ᠲᠦᠷᠦᠯ ᠵᠦᠢᠯ ᠢ | ᠨᠡᠮᠡᠭᠳᠡᠬᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠨᠡᠷᠡᠲᠦ ᠲᠦᠷᠦᠯ ᠲᠡᠮᠳᠡᠭᠲᠦ ᠶᠢ ᠡᠭᠦᠳᠬᠦ ︽ᠡᠨᠡᠬᠦ ᠭᠤᠷᠪᠠ︾ | ᠶᠢᠨ ᠲᠤᠰᠬᠠᠢ ᠠᠵᠢᠯᠯᠠᠭ᠎ᠠ ᠶᠢ ᠦᠷᠨᠢᠭᠦᠯᠦᠨ᠎ᠡ᠃ ︵ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ | ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ ᠵᠡᠷᠭᠡ ᠬᠠᠷᠢᠭᠤᠴᠠᠨ᠎ᠠ︶ | ᠭᠤᠷᠪᠠ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠦᠬᠦ ᠶᠠᠪᠤᠴᠠ ᠶᠢᠨ | ᠮᠧᠬᠠᠨᠢᠬᠵᠢᠭᠤᠯᠤᠯᠲᠠ ᠶᠢ ᠶᠡᠭᠡ ᠪᠠᠷ ᠠᠬᠢᠭᠤᠯᠤᠨ᠎ᠠ | ︵ᠨᠢᠭᠡ︶ ᠲᠠᠷᠢᠮᠠᠯ ᠤᠨ ᠵᠦᠢᠯ ᠤᠨ ᠦᠢᠯᠡᠳᠪᠦᠷᠢᠯᠡᠯ ᠤᠨ ᠪᠦᠬᠦ ᠶᠠᠪᠤᠴᠠ ᠶᠢ ᠮᠧᠬᠠᠨᠢᠬᠵᠢᠭᠤᠯᠬᠤ ᠶᠢᠨ | ᠲᠤᠲᠠᠭᠤᠳᠠᠯ ᠲᠠᠯ᠎ᠠ ᠪᠠᠨ ᠲᠦᠷᠭᠡᠳᠭᠡᠨ ᠨᠦᠬᠦᠪᠦᠷᠢᠯᠡᠨ᠎ᠡ᠃ ᠦᠨᠳᠦᠷ ᠪᠦᠲᠦᠮᠵᠢᠲᠡᠢ ᠪᠠᠷ ᠤᠷᠭᠤᠮᠠᠯ ᠢ ᠬᠠᠮᠠᠭᠠᠯᠠᠬᠤ᠂ | ᠡᠷᠳᠡᠨᠢ ᠰᠢᠰᠢ ᠶᠢ ᠮᠦᠯᠢᠵᠦ ᠬᠤᠷᠢᠶᠠᠬᠤ᠂ ᠲᠠᠷᠢᠵᠦ ᠦᠢᠯᠡᠳᠪᠦᠷᠢᠯᠡᠭᠰᠡᠨ ᠭᠠᠵᠠᠷ ᠲᠤ ᠨᠢ ᠬᠠᠭᠰᠠᠭᠠᠨ ᠬᠠᠲᠠᠭᠠᠬᠤ᠂ | ᠤᠰᠤᠨ ᠳᠣᠲᠤᠷᠭ᠎ᠠ ᠶᠢᠨ ᠴᠢᠬᠢ ᠶᠢ ᠪᠠᠷᠢᠮᠵᠢᠶᠠᠵᠢᠭᠤᠯᠤᠨ ᠪᠤᠶᠢᠵᠢᠭᠤᠯᠬᠤ ᠪᠠ ᠦᠨᠳᠦᠷ ᠪᠦᠲᠦᠮᠵᠢᠲᠡᠢ ᠪᠠᠷ | ᠰᠠᠭᠤᠯᠭᠠᠬᠤ᠂ ᠲᠦᠮᠦᠰᠦ ᠶᠢ ᠬᠠᠮᠲᠤᠷᠠᠭᠤᠯᠵᠤ ᠬᠤᠷᠢᠶᠠᠬᠤ ᠪᠠ ᠬᠡᠰᠡᠭᠯᠡᠨ ᠬᠤᠷᠢᠶᠠᠬᠤ ᠵᠡᠷᠭᠡ | ᠮᠧᠬᠠᠨᠢᠬᠵᠢᠭᠤᠯᠤᠭᠰᠠᠨ ᠦᠢᠯᠡᠳᠪᠦᠷᠢᠯᠡᠯ ᠤᠨ ᠪᠠᠭᠤᠷᠠᠢ ᠭᠤᠭᠴᠣᠭᠠᠨ ᠳᠤ ᠠᠩᠬᠠᠷᠤᠯ ᠢᠶᠠᠨ ᠲᠦᠪᠯᠡᠷᠡᠭᠦᠯᠵᠦ᠂ | ᠭᠤᠣᠯ ᠪᠣᠯᠬᠤ ᠲᠠᠷᠢᠮᠠᠯ ᠤᠨ ᠵᠦᠢᠯ ᠢ ᠲᠠᠷᠢᠵᠤ ᠦᠢᠯᠡᠳᠪᠦᠷᠢᠯᠡᠬᠦ ᠪᠦᠬᠦ ᠶᠠᠪᠤᠴᠠ ᠶᠢᠨ ᠮᠧᠬᠠᠨᠢᠬᠵᠢᠭᠤᠯᠤᠯᠳᠠ ᠶᠢ | ᠠᠬᠢᠭᠤᠯᠤᠨ᠎ᠠ᠃ ᠨᠠᠷᠠᠨ ᠬᠤᠸᠠᠷ᠂ ᠰᠢᠬᠢᠷ ᠯᠤᠤᠪᠠᠩ᠂ ᠡᠮ ᠤᠨ ᠮᠠᠲ᠋ᠧᠷᠢᠶᠠᠯ ᠵᠡᠷᠭᠡ ᠣᠨᠴᠠᠯᠢᠭᠲᠤ ᠠᠵᠤ | ᠠᠬᠤᠢ ᠶᠢᠨ ᠲᠠᠷᠢᠮᠠᠯ ᠵᠢᠴᠢ ᠬᠤᠯᠢᠮᠠᠭ ᠠᠮᠤ ᠬᠤᠯᠢᠮᠠᠭ ᠪᠤᠷᠴᠠᠭ ᠤᠨ ᠮᠧᠬᠠᠨᠢᠬᠵᠢᠭᠤᠯᠤᠭᠰᠠᠨ ᠬᠤᠷᠢᠶᠠᠯᠲᠠ ᠶᠢᠨ | ᠲᠤᠲᠠᠭᠤᠳᠠᠯ ᠢ ᠲᠦᠷᠭᠡᠳᠭᠡᠨ ᠨᠦᠬᠦᠪᠦᠷᠢᠯᠡᠵᠦ᠂ ᠠᠵᠤ ᠠᠬᠤᠢ ᠶᠢᠨ ᠲᠠᠷᠢᠮᠠᠯ ᠤᠨ ᠲᠠᠷᠢᠵᠦ ᠦᠢᠯᠡᠳᠪᠦᠷᠢᠯᠡᠬᠦ ᠪᠦᠬᠦ | ᠶᠠᠪᠤᠴᠠ ᠶᠢᠨ ᠮᠧᠬᠠᠨᠢᠬᠵᠢᠭᠤᠯᠤᠯᠳᠠ ᠶᠢ ᠠᠬᠢᠭᠤᠯᠤᠨ᠎ᠠ᠃ ᠪᠠᠭ᠎ᠠ ᠬᠡᠮᠵᠢᠶ᠎ᠡ ᠪᠠᠷ ᠲᠠᠷᠢᠵᠤ ᠤᠰᠤᠯᠠᠬᠤ᠂ | ᠨᠡᠭᠦᠷᠡᠰᠦᠳᠦ᠋ᠷᠦᠭᠴᠢ ᠶᠢᠨ ᠳᠠᠪᠬᠤᠷ ᠢᠰᠤᠯ ᠢ ᠨᠡᠮᠡᠭᠳᠡᠭᠦᠯᠬᠦ᠂ ᠳᠤᠯᠠᠭᠠᠨ ᠤ ᠬᠡᠮᠵᠢᠶ᠎ᠡ ᠶᠢ ᠤᠶᠤᠨᠴᠢ ᠪᠠᠷ ᠡᠵᠡᠮᠳᠡᠬᠦ᠂ | ᠦᠷ᠎ᠡ ᠵᠢᠮᠢᠰ ᠢ ᠲᠡᠭᠦᠵᠦ ᠬᠤᠷᠢᠶᠠᠬᠤ᠂ ᠬᠦᠢᠲᠡᠨ ᠢᠶᠠᠷ ᠬᠠᠳᠠᠭᠠᠯᠠᠵᠣ ᠵᠦᠭᠡᠭᠡᠪᠦᠷᠢᠯᠡᠬᠦ ᠵᠡᠷᠭᠡ ᠮᠧᠬᠠᠨᠢᠬᠵᠢᠭᠤᠯᠤᠭᠰᠠᠨ | ᠮᠡᠷᠭᠡᠵᠢᠯ ᠢ ᠳᠡᠯᠭᠡᠷᠡᠭᠦᠯᠵᠦ᠂ ᠲᠦᠬᠦᠭᠡᠷᠦᠮᠵᠢᠲᠦ ᠲᠠᠷᠢᠶᠠᠯᠠᠩ ᠤᠨ ᠮᠧᠬᠠᠨᠢᠬᠵᠢᠭᠤᠯᠤᠯᠳᠠ ᠶᠢ ᠠᠬᠢᠭᠤᠯᠤᠨ᠎ᠠ᠃ ᠰᠢᠨ᠎ᠡ | ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠤᠭᠴᠠ ᠶᠢᠨ ᠭᠦᠨ ᠬᠠᠭᠠᠯᠪᠤᠷᠢᠯᠠᠵᠤ ᠭᠦᠨᠴᠡᠯᠡᠨ | ᠰᠤᠯᠠᠷᠠᠭᠤᠯᠬᠤ ᠪᠠ ᠮᠠᠰᠢᠨ ᠢᠶᠠᠷ ᠲᠠᠷᠢᠵᠤ ᠬᠤᠷᠢᠶᠠᠬᠤ ᠵᠡᠷᠭᠡ ᠦᠢᠯᠡᠳᠪᠦᠷᠢᠯᠡᠯ ᠤᠨ ᠦᠢᠯᠡᠴᠢᠯᠡᠭᠡᠨ ᠢ | ᠦᠷᠨᠢᠭᠦᠯᠬᠦ ᠳᠤ ᠬᠦᠴᠦᠲᠡᠢ ᠳᠡᠮᠵᠢᠯᠭᠡ ᠥᠭᠴᠦ᠂ ᠲᠠᠷᠢᠮᠠᠯ ᠤᠨ ᠲᠠᠷᠢᠵᠤ ᠦᠢᠯᠡᠳᠪᠦᠷᠢᠯᠡᠬᠦ ᠪᠦᠬᠦ ᠶᠠᠪᠤᠴᠠ ᠶᠢᠨ | ᠮᠧᠬᠠᠨᠢᠬᠵᠢᠭᠤᠯᠤᠯᠲᠠ ᠶᠢ ᠠᠬᠢᠭᠤᠯᠤᠨ᠎ᠠ᠃ ︵ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ | ᠡᠳ᠋ ᠤᠨ ᠵᠠᠰᠠᠭ ᠤᠨ ᠲᠢᠩᠬᠢᠮ ᠵᠡᠷᠭᠡ ᠬᠠᠷᠢᠭᠤᠴᠠᠨ᠎ᠠ︶ | ︵ᠬᠤᠶᠠᠷ︶ ᠮᠠᠯ ᠠᠵᠤ ᠠᠬᠤᠢ ᠶᠢᠨ ᠮᠧᠬᠠᠨᠢᠬᠵᠢᠭᠤᠯᠤᠯᠲᠠ ᠶᠢ ᠶᠡᠭᠡ ᠪᠠᠷ ᠬᠦᠭᠵᠢᠭᠦᠯᠦᠨ᠎ᠡ᠃ ᠴᠢᠨᠠᠷ | ᠰᠠᠶᠢᠲᠠᠢ ᠲᠡᠵᠢᠭᠡᠯ ᠡᠪᠡᠰᠦ ᠲᠠᠷᠢᠬᠤ᠂ ᠬᠤᠷᠢᠶᠠᠨ ᠬᠠᠳᠤᠵᠤ ᠪᠣᠭᠤᠳᠠᠯᠯᠠᠬᠤ ᠶᠢ ᠨᠢᠭᠡ ᠴᠤᠭᠴᠠᠵᠢᠭᠤᠯᠬᠤ᠂ | ᠪᠣᠭᠤᠳᠠᠯᠯᠠᠵᠤ ᠪᠠᠭᠯᠠᠬᠤ ᠶᠢ ᠨᠢᠭᠡ ᠴᠤᠭᠴᠠᠵᠢᠭᠤᠯᠬᠤ᠂ ᠡᠰᠢ ᠰᠦᠷᠡᠯ ᠢ ᠳᠡᠵᠢᠭᠡᠯ ᠪᠤᠷᠳᠤᠭ᠎ᠠ ᠪᠣᠯᠭᠠᠬᠤ ᠵᠡᠷᠭᠡ | ᠰᠢᠷᠢᠰ ᠮᠡᠷᠭᠡᠵᠢᠯ ᠢ ᠭᠤᠣᠯᠳᠠᠯᠭ᠎ᠠ ᠲᠠᠢ ᠳᠡᠯᠭᠡᠷᠡᠭᠦᠯᠵᠦ᠂ ᠡᠪᠡᠰᠦᠨ ᠤ ᠦᠢᠯᠡᠰ ᠤᠨ ᠳᠡᠭᠡᠳᠦ ᠦᠵᠦᠭᠦᠷ ᠤᠨ | ᠦᠢᠯᠡᠳᠪᠦᠷᠢᠯᠡᠯ ᠤᠨ ᠪᠦᠬᠦ ᠶᠠᠪᠤᠴᠠ ᠶᠢᠨ ᠮᠧᠬᠠᠨᠢᠬᠵᠢᠭᠤᠯᠤᠯᠲᠠ ᠶᠢ ᠠᠬᠢᠭᠤᠯᠤᠨ᠎ᠠ᠃ ᠮᠠᠯ ᠲᠡᠵᠢᠭᠡᠪᠦᠷᠢ ᠶᠢᠨ | ᠮᠧᠬᠠᠨᠢᠬᠵᠢᠭᠤᠯᠤᠯᠲᠠ ᠶᠢᠨ ᠲᠤᠲᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠵᠢᠭᠡᠯ ᠪᠤᠷᠳᠤᠭ᠎ᠠ ᠦᠢᠯᠡᠳᠴᠦ | ᠪᠡᠯᠡᠳᠭᠡᠬᠦ᠂ ᠲᠡᠵᠢᠭᠡᠨ ᠠᠷᠠᠴᠢᠯᠠᠬᠤ᠂ ᠤᠰᠤᠯᠠᠬᠤ᠂ ᠨᠤᠤᠰᠤ ᠬᠠᠶᠢᠴᠢᠯᠠᠬᠤ᠂ ᠡᠮᠲᠦ ᠤᠬᠢᠶᠠᠯ ᠬᠢᠬᠦ᠂ ᠰᠢᠭᠢᠭ | ᠰᠠᠩᠭᠠᠰᠤ ᠶᠢ ᠰᠢᠢᠳᠪᠦᠷᠢᠯᠡᠬᠦ ᠵᠢᠴᠢ ᠡᠬᠢ ᠪᠠᠶᠠᠯᠢᠬᠵᠢᠭᠤᠯᠤᠨ ᠠᠰᠢᠭᠯᠠᠬᠤ ᠵᠡᠷᠭᠡ ᠶᠢᠨ ᠮᠧᠬᠠᠨᠢᠬᠵᠢᠭᠤᠯᠬᠤ | ᠮᠡᠷᠭᠡᠵᠢᠯ ᠢ ᠶᠡᠭᠡ ᠪᠠᠷ ᠳᠡᠯᠭᠡᠷᠡᠭᠦᠯᠤᠨ᠎ᠡ᠃ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠠ | ᠰᠡᠷᠭᠦᠭᠡᠯᠲᠡ ᠶᠢᠨ ᠮᠧᠬᠠᠨᠢᠬᠵᠢᠭᠤᠯᠤᠯᠲᠠ ᠶᠢᠨ ᠪᠠᠭᠤᠷᠠᠢ ᠭᠤᠭᠴᠤᠭᠠᠨ ᠳᠤ ᠠᠩᠬᠠᠷᠤᠯ ᠢᠶᠠᠨ ᠲᠦᠪᠯᠡᠷᠡᠭᠦᠯᠵᠦ᠂ | ᠪᠡᠯᠴᠢᠭᠡᠷ ᠡᠪᠡᠰᠦ ᠶᠢ ᠨᠦᠬᠦᠵᠦ ᠲᠠᠷᠢᠬᠤ᠂ ᠦᠨᠳᠦᠰᠦ ᠪᠠᠷ ᠨᠢ ᠬᠠᠳᠤᠵᠤ ᠡᠭᠦᠯᠳᠡᠷ ᠢ ᠰᠠᠶᠢᠵᠢᠷᠠᠭᠤᠯᠬᠤ᠂ | ᠬᠡᠭᠡᠷ᠎ᠡ ᠶᠢᠨ ᠡᠪᠡᠰᠦᠨ ᠤ ᠦᠷ᠎ᠡ ᠶᠢ ᠲᠡᠭᠦᠵᠦ ᠴᠤᠭᠯᠠᠭᠤᠯᠬᠤ᠂ ᠪᠡᠯᠴᠢᠭᠡᠷ ᠡᠪᠡᠰᠦᠨ ᠤ ᠦᠷ᠎ᠡ ᠶᠢ ᠴᠡᠪᠡᠷᠯᠡᠨ | ᠰᠢᠯᠢᠵᠦ ᠪᠣᠯᠪᠠᠰᠤᠷᠠᠭᠤᠯᠬᠤ᠂ ᠨᠤᠲᠤᠭ ᠪᠡᠯᠴᠢᠭᠡᠷ ᠤᠨ ᠠᠮᠢᠳᠤ ᠪᠤᠳᠠᠰ ᠤᠨ ᠭᠠᠢ ᠭᠠᠮᠰᠢᠭ ᠢ ᠰᠡᠷᠭᠡᠶᠢᠯᠡᠵᠦ | ᠵᠠᠰᠠᠬᠤ ᠳᠤ ᠤᠨᠤᠪᠴᠢᠲᠠᠢ ᠪᠠᠷ ᠡᠮ ᠤᠨ ᠥᠭᠯᠢᠭᠡ ᠥᠭᠬᠦ ᠪᠠ ᠪᠤᠬᠢᠷᠳᠤᠯ ᠦᠭᠡᠢ ᠪᠠᠷ ᠰᠡᠷᠭᠡᠶᠢᠯᠡᠨ ᠡᠵᠡᠮᠳᠡᠬᠦ ᠵᠡᠷᠭᠡ | ᠮᠧᠬᠠᠨᠢᠬᠵᠢᠭᠤᠯᠬᠤ ᠮᠡᠷᠭᠡᠵᠢᠯ ᠢ ᠳᠡᠯᠭᠡᠷᠡᠭᠦᠯᠤᠨ᠎ᠡ᠃ ᠴᠠᠬᠢᠯᠭᠠᠨ ᠨᠡᠪᠲᠡᠷᠡᠭᠡ ᠦᠭᠡᠢ ᠮᠠᠯᠵᠢᠬᠤ ᠤᠷᠤᠨ ᠳᠤ ᠰᠠᠯᠬᠢᠨ ᠤ | ᠡᠨᠧᠷᠬᠢ ᠨᠠᠷᠠᠨ ᠤ ᠡᠨᠧᠷᠬᠢ ᠵᠡᠷᠭᠡ ᠴᠡᠪᠡᠷ ᠡᠨᠧᠷᠬᠢ ᠶᠢᠨ ᠰᠣᠷᠪᠤᠯᠵᠢ ᠶᠢᠨ ᠲᠤᠨᠤᠭ ᠲᠦᠭᠦᠬᠡᠷᠦᠮᠵᠢ ᠪᠣᠯᠤᠨ ᠮᠡᠷᠭᠡᠵᠢᠯ | ᠳᠡᠯᠭᠡᠷᠡᠭᠦᠯᠬᠦ ᠶᠢ ᠰᠠᠶᠢᠲᠤᠷ ᠬᠢᠵᠦ᠂ ᠪᠤᠬᠢᠷᠳᠦᠯ ᠦᠭᠡᠢ ᠮᠠᠯ ᠠᠵᠤ ᠠᠬᠤᠢ ᠶᠢᠨ ᠵᠠᠮ ᠢᠶᠠᠷ ᠵᠠᠮᠨᠠᠭᠤᠯᠤᠨ᠎ᠠ᠃ ᠴᠠᠭᠠᠨ | ᠬᠠᠷᠭᠠᠨ᠎ᠠ᠂ ᠵᠠᠭ ᠮᠤᠲᠤ ᠵᠡᠷᠭᠡ ᠶᠢ ᠲᠠᠷᠢᠬᠤ ᠬᠤᠷᠢᠶᠠᠬᠤ ᠵᠢᠴᠢ ᠲᠡᠵᠢᠭᠡᠯ ᠤᠨ ᠮᠧᠬᠠᠨᠢᠬᠵᠢᠭᠤᠯᠬᠤ ᠶᠢ ᠠᠬᠢᠭᠤᠯᠵᠤ᠂ | ᠡᠬᠢ ᠪᠠᠶᠠᠯᠢᠭ ᠤᠨ ᠠᠰᠢᠭᠯᠠᠯᠲᠠ ᠬᠢᠭᠡᠳ ᠠᠮᠢ ᠠᠬᠤᠢ ᠶᠢᠨ ᠬᠠᠮᠠᠭᠠᠯᠠᠯᠲᠠ ᠶᠢ ᠬᠠᠷᠢᠯᠴᠠᠨ ᠠᠭᠤᠰᠤᠯᠴᠠᠭᠤᠯᠤᠨ᠎ᠠ᠃ | ᠭᠠᠭ᠋ᠠᠢ ᠵᠢᠭᠦᠷᠲᠡᠨ ᠤ ᠲᠡᠵᠢᠭᠡᠪᠦᠷᠢ ᠶᠢᠨ ᠮᠧᠬᠠᠨᠢᠬᠵᠢᠭᠤᠯᠤᠯᠲᠠ ᠶᠢ ᠬᠦᠭᠵᠢᠭᠦᠯᠦᠨ᠎ᠡ᠃ ︵ᠦᠪᠡᠷᠲᠡᠭᠡᠨ ᠵᠠᠰᠠᠬᠤ | ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ | ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠣᠢ ᠰᠢᠭᠤᠢ ᠪᠠ ᠨᠤᠲᠤᠭ | ᠪᠡᠯᠴᠢᠭᠡᠷ ᠤᠨ ᠲᠣᠪᠴᠢᠶ᠎ᠠ ᠵᠡᠷᠭᠡ ᠬᠠᠷᠢᠭᠤᠴᠠᠨ᠎ᠠ︶ | ︵ᠭᠤᠷᠪᠠ︶ ᠦᠨᠳᠦᠷ ᠪᠦᠲᠦᠮᠵᠢᠲᠡᠢ ᠮᠧᠬᠠᠨᠢᠬᠵᠢᠭᠤᠯᠤᠭᠰᠠᠨ ᠦᠢᠯᠡᠳᠪᠦᠷᠢᠯᠡᠯ ᠤᠨ ᠰᠢᠰᠲ᠋ᠧᠮᠵᠢ ᠶᠢ | ᠬᠠᠮᠲᠤᠷᠠᠨ ᠪᠠᠶᠢᠭᠤᠯᠤᠨ᠎ᠠ᠃ ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠮᠡᠷᠭᠡᠵᠢᠯ ᠤᠨ ᠰᠢᠰᠲ᠋ᠧᠮᠵᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠤᠭ᠎ᠠ᠂ ᠬᠠᠮᠲᠤᠷᠠᠨ | ᠰᠢᠨ᠎ᠡ ᠶᠢ ᠡᠭᠦᠳᠬᠦ ᠲᠥᠪ ᠵᠡᠷᠭᠡ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠨ ᠠᠬᠢᠭᠤᠯᠵᠤ᠂ | ︽ᠦᠢᠯᠡᠳᠪᠦᠷᠢᠯᠡᠬᠦ ᠵᠢᠭᠠᠬᠤ ᠰᠤᠳᠤᠯᠬᠤ ᠳᠡᠯᠭᠡᠷᠡᠭᠦᠯᠬᠦ ᠬᠡᠷᠡᠭᠯᠡᠬᠦ︾ ᠬᠤᠯᠪᠤᠭ᠎ᠠ ᠶᠢᠨ ᠬᠤᠯᠪᠤᠭᠠᠯᠠᠨ ᠪᠣᠭᠤᠮᠲᠠ | ᠰᠢᠪᠲᠤᠯᠬᠤ ᠶᠢ ᠴᠢᠩᠭᠠᠳᠬᠠᠵᠤ᠂ ᠦᠷ᠎ᠡ ᠡᠭᠦᠯᠳᠡᠷ ᠢ ᠠᠷᠠᠴᠢᠯᠠᠨ ᠪᠤᠶᠢᠵᠢᠭᠤᠯᠬᠤ᠂ ᠲᠤᠨᠤᠭ ᠲᠦᠬᠦᠭᠡᠷᠦᠮᠵᠢ ᠵᠡᠷᠭᠡ | ᠣᠯᠠᠨ ᠰᠢᠨᠵᠢᠯᠡᠭᠡᠨ ᠤ ᠪᠣᠯᠤᠨ ᠦᠢᠯᠡᠳᠪᠦᠷᠢᠯᠡᠬᠦ ᠠᠴᠠ ᠡᠮᠦᠨ᠎ᠡ ᠦᠢᠯᠡᠳᠪᠦᠷᠢᠯᠡᠬᠦ ᠳᠤᠮᠳᠠ ᠪᠤᠯᠤᠨ | ᠦᠢᠯᠡᠳᠪᠦᠷᠢᠯᠡᠭᠰᠡᠨ ᠤ ᠳᠠᠷᠠᠭᠠᠬᠢ ᠡᠯ᠎ᠡ ᠭᠤᠭᠴᠤᠭᠠᠨ ᠳᠤ ᠬᠠᠮᠵᠢᠯᠴᠠᠨ ᠬᠤᠯᠪᠤᠭᠠᠯᠠᠨ ᠬᠦᠳᠡᠯᠦᠯᠴᠡᠬᠦ ᠶᠢ | ᠠᠬᠢᠭᠤᠯᠤᠨ᠂ ᠰᠠᠶᠢᠨ ᠦᠷ᠎ᠡ᠂ ᠳᠡᠮ ᠲᠠᠢ ᠠᠷᠭ᠎ᠠ᠂ ᠰᠢᠮᠡᠯᠢᠭ ᠭᠠᠵᠠᠷ᠂ ᠣᠬᠢ ᠮᠠᠰᠢᠨ ᠢ ᠢᠵᠢ ᠪᠦᠷᠢᠳᠦᠭᠦᠯᠵᠦ᠂ | ᠪᠦᠬᠦ ᠶᠠᠪᠤᠴᠠ ᠶᠢᠨ ᠮᠧᠬᠠᠨᠢᠬᠵᠢᠭᠤᠯᠬᠤ ᠮᠡᠷᠭᠡᠵᠢᠯ ᠢ ᠡᠮᠬᠢᠳᠭᠡᠨ ᠪᠦᠷᠢᠳᠦᠭᠦᠯᠬᠦ ᠪᠠ ᠵᠢᠱᠢᠶ᠎ᠡ ᠦᠵᠡᠭᠦᠯᠬᠦ ᠶᠢ | ᠲᠦᠷᠭᠡᠳᠭᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠦᠬᠦ ᠶᠠᠪᠤᠴᠠ ᠶᠢᠨ | ᠮᠧᠬᠠᠨᠢᠬᠵᠢᠭᠤᠯᠤᠯᠲᠠ ᠶᠢ ᠠᠬᠢᠭᠤᠯᠬᠤ ᠠᠵᠢᠯᠯᠠᠭᠠᠨ ᠢ ᠬᠡᠷᠡᠭᠵᠢᠭᠦᠯᠵᠦ᠂ ᠨᠦᠬᠦᠴᠡᠯ ᠳᠤ ᠨᠡᠶᠢᠴᠡᠭᠰᠡᠨ ᠠᠶᠢᠮᠠᠭ | ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶ ᠪᠠ ᠠᠲᠠᠷ ᠬᠠᠭᠠᠯᠪᠤᠷᠢᠯᠠᠯᠲᠠ ᠶᠢᠨ ᠣᠷᠤᠨ ᠤ ᠪᠦᠬᠦ᠋ᠢᠯᠡ | ᠪᠠᠶᠢᠭᠤᠯᠤᠮᠵᠢᠲᠦ ᠳᠥᠷᠢᠮ ᠤᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠪᠦᠬᠦ ᠶᠠᠪᠤᠴᠠ ᠶᠢᠨ | ᠮᠧᠬᠠᠨᠢᠬᠵᠢᠭᠤᠯᠤᠯᠲᠠ ᠶᠢ ᠡᠩ ᠲᠡᠷᠢᠭᠦᠨ ᠳᠤ ᠦᠨᠳᠦᠰᠦᠨ ᠳᠤ ᠪᠠᠨ ᠪᠡᠶᠡᠯᠡᠭᠦᠯᠬᠦ ᠶᠢ ᠬᠦᠲᠦᠯᠦᠨ ᠵᠢᠯᠤᠭᠤᠳᠬᠤ ᠪᠠ | ᠳᠡᠮᠵᠢᠯᠭᠡ ᠦᠵᠡᠭᠦᠯᠦᠨ᠎ᠡ᠃ ︵ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ | ᠬᠠᠷᠢᠭᠤᠴᠠᠨ᠎ᠠ︶ | ᠳᠦᠷᠪᠡ᠂ ᠬᠡᠷᠡᠭᠯᠡᠬᠦ ᠳᠤ ᠲᠤᠬᠢᠷᠠᠮᠵᠢᠲᠠᠢ ᠲᠡᠷᠢᠭᠦᠨ ᠤ ᠲᠠᠷᠢᠶᠠᠯᠠᠩ ᠤᠨ ᠮᠠᠰᠢᠨ ᠤ ᠲᠤᠨᠤᠭ ᠲᠦᠭᠦᠭᠡᠷᠦᠮᠵᠢ | ᠬᠢᠭᠡᠳ ᠮᠧᠬᠠᠨᠢᠬᠵᠢᠭᠤᠯᠬᠤ ᠮᠡᠷᠭᠡᠵᠢᠯ ᠢ ᠬᠦᠴᠦᠯᠡᠨ ᠳᠡᠯᠭᠡᠷᠡᠭᠦᠯᠦᠨ᠎ᠡ | ︵ᠨᠢᠭᠡ︶ ᠪᠤᠬᠢᠷᠳᠦᠯ ᠦᠭᠡᠢ ᠦᠨᠳᠦᠷ ᠪᠦᠲᠦᠮᠵᠢᠲᠡᠢ ᠰᠢᠨ᠎ᠡ ᠮᠠᠰᠢᠨ ᠬᠡᠷᠡᠭᠰᠡᠯ ᠰᠢᠨ᠎ᠡ ᠮᠡᠷᠭᠡᠵᠢᠯ ᠢ ᠵᠢᠱᠢᠶ᠎ᠡ | ᠦᠵᠡᠭᠦᠯᠦᠨ ᠳᠡᠯᠭᠡᠷᠡᠭᠦᠯᠬᠦ ᠶᠢ ᠴᠢᠩᠭᠠᠳᠬᠠᠨ᠎ᠠ᠃ ᠬᠠᠮᠠᠭᠠᠯᠠᠯᠲᠠ ᠶᠢᠨ ᠴᠢᠨᠠᠷᠲᠠᠢ ᠪᠠᠷ ᠲᠠᠷᠢᠶᠠᠯᠠᠬᠤ᠂ ᠡᠰᠢ ᠰᠦᠷᠡᠯ ᠢ | ᠶᠡᠷᠦᠩᠬᠡᠶᠢᠯᠡᠨ ᠠᠰᠢᠭᠯᠠᠬᠤ᠂ ᠮᠠᠯ ᠵᠢᠭᠦᠷᠲᠡᠨ ᠤ ᠰᠢᠭᠢᠭ ᠰᠠᠩᠭᠠᠰᠤ ᠶᠢ ᠡᠬᠢ ᠪᠠᠶᠠᠯᠢᠬᠵᠢᠭᠤᠯᠣᠨ ᠠᠰᠢᠭᠯᠠᠬᠤ ᠵᠢᠴᠢ | ᠲᠠᠷᠢᠶᠠᠨ ᠦᠷ᠎ᠡ ᠶᠢ ᠠᠷᠪᠢᠯᠠᠬᠤ᠂ ᠪᠤᠷᠳᠤᠭᠤᠷ ᠠᠷᠪᠢᠯᠠᠬᠤ᠂ ᠲᠠᠷᠢᠶᠠᠨ ᠡᠮ ᠠᠷᠪᠢᠯᠠᠬᠤ᠂ ᠤᠰᠤ ᠠᠷᠪᠢᠯᠠᠬᠤ ᠵᠡᠷᠭᠡ | ᠡᠨᠧᠷᠬᠢ ᠠᠷᠪᠢᠯᠠᠵᠤ ᠤᠷᠴᠢᠨ ᠲᠣᠭᠤᠷᠢᠨ ᠢ ᠬᠠᠮᠠᠭᠠᠯᠠᠬᠤ ᠪᠠ ᠪᠤᠬᠢᠷᠳᠤᠯ ᠦᠭᠡᠢ ᠦᠨᠳᠦᠷ ᠪᠦᠲᠦᠮᠵᠢᠲᠡᠢ | ᠮᠧᠬᠠᠨᠢᠬᠵᠢᠭᠤᠯᠬᠤ ᠮᠡᠷᠭᠡᠵᠢᠯ ᠢ ᠶᠡᠭᠡ ᠪᠠᠷ ᠳᠡᠯᠭᠡᠷᠡᠭᠦᠯᠣᠨᠡ᠃ ᠳᠠᠪᠠᠭᠤᠯᠢᠭᠲᠤ ᠠᠵᠤ ᠠᠬᠤᠶᠢᠯᠠᠯ ᠤᠳ ᠤᠨ | ᠭᠤᠣᠯᠳᠠᠯᠭ᠎ᠠ ᠲᠠᠢ ᠬᠡᠷᠡᠭᠯᠡᠭᠴᠢ ᠯᠦᠭᠡ ᠵᠠᠯᠭᠠᠯᠳᠤᠬᠤ ᠶᠢ ᠳᠡᠮᠵᠢᠵᠦ᠂ ᠰᠤᠳᠤᠯᠤᠨ ᠨᠡᠭᠡᠭᠡᠵᠦ ᠦᠢᠯᠡᠳᠪᠦᠷᠢᠯᠡᠬᠦ ᠪᠠ | ᠳᠡᠯᠭᠡᠷᠡᠭᠦᠯᠦᠨ ᠬᠡᠷᠡᠭᠯᠡᠬᠦ ᠶᠢ ᠬᠠᠷᠢᠯᠴᠠᠨ ᠠᠬᠢᠭᠤᠯᠬᠤ ᠲᠤᠭᠲᠠᠴᠠ ᠶᠢ ᠪᠣᠢ ᠪᠣᠯᠭᠠᠨ᠎ᠠ᠃ ᠮᠡᠳᠡᠭᠡ ᠵᠠᠩᠭᠢᠴᠢᠯᠠᠯᠲᠠ᠂ | ᠤᠶᠤᠨᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠤᠶᠤᠨᠴᠢ ᠲᠠᠷᠢᠶᠠᠯᠠᠩ ᠤᠨ ᠮᠠᠰᠢᠨ ᠬᠢᠭᠡᠳ | ᠤᠬᠠᠭᠠᠯᠢᠭ ᠮᠠᠯ ᠠᠵᠤ ᠠᠬᠤᠢ᠂ ᠡᠭᠦᠯᠡᠨᠴᠡᠷ ᠲᠠᠷᠢᠶᠠᠯᠠᠩ ᠮᠠᠯᠵᠢᠯ ᠤᠨ ᠲᠠᠯᠠᠪᠠᠢ ᠵᠡᠷᠭᠡ ᠠᠭᠤᠰᠤᠯᠴᠠᠨ ᠬᠦᠭᠵᠢᠬᠦ ᠶᠢ | ᠠᠬᠢᠭᠤᠯᠤᠨ᠎ᠡ᠃ ︽ᠢᠨᠲ᠋ᠧᠷ ᠰᠦᠯᠵᠢᠶ᠎ᠡ + ᠲᠠᠷᠢᠶᠠᠯᠠᠩ ᠤᠨ ᠮᠠᠰᠢᠨ ᠢᠶᠠᠷ ᠠᠵᠢᠯᠯᠠᠭᠤᠯᠬᠤ︾ ᠢ ᠠᠬᠢᠭᠤᠯᠵᠤ᠂ | ᠲᠠᠷᠢᠶᠠᠯᠠᠩ ᠤᠨ ᠮᠠᠰᠢᠨ ᠢᠶᠠᠷ ᠠᠵᠢᠯᠯᠠᠭᠤᠯᠬᠤ ᠶᠢ ᠬᠢᠨᠠᠨ ᠰᠢᠨᠵᠢᠬᠦ᠂ ᠠᠯᠤᠰ ᠡᠵᠡᠮᠰᠢᠯ ᠢᠶᠠᠷ ᠲᠤᠬᠢᠷᠠᠭᠤᠯᠬᠤ ᠵᠡᠷᠭᠡ | ᠮᠡᠳᠡᠭᠡ ᠵᠠᠩᠭᠢᠴᠢᠯᠠᠭᠰᠠᠨ ᠦᠢᠯᠡᠴᠢᠯᠡᠭᠡᠨ ᠤ ᠲᠠᠪᠴᠠᠩ ᠢ ᠳᠡᠯᠭᠡᠷᠡᠭᠦᠯᠦᠨ ᠬᠡᠷᠡᠭᠯᠡᠨ᠎ᠡ᠃ ᠤᠷᠭᠤᠮᠠᠯ ᠢ ᠬᠠᠮᠠᠭᠠᠯᠠᠬᠤ | ᠬᠦᠮᠦᠨ ᠦᠭᠡᠢ ᠨᠢᠰᠭᠡᠯ ᠢ ᠳᠡᠯᠭᠡᠷᠡᠭᠦᠯᠦᠨ ᠬᠡᠷᠡᠭᠯᠡᠬᠦ ᠶᠢ ᠵᠢᠷᠤᠮᠵᠢᠭᠤᠯᠵᠤ ᠠᠬᠢᠭᠤᠯᠤᠨ᠎ᠠ᠃ ᠮᠦᠩᠭᠦᠨ ᠭᠦᠢᠯᠭᠡᠭᠡᠨ ᠤ | ᠪᠠᠶᠢᠭᠤᠯᠤᠮᠵᠢ ᠠᠴᠠ ᠡᠷᠬᠡ ᠬᠠᠷᠢᠶᠠᠯᠠᠯ ᠨᠢ ᠢᠯᠡ ᠳᠤᠳᠤᠷᠬᠠᠢ ᠪᠠᠶᠢᠬᠤ ᠲᠤᠮᠤ ᠬᠡᠯᠪᠡᠷᠢ ᠶᠢᠨ ᠲᠠᠷᠢᠶᠠᠯᠠᠩ ᠤᠨ | ᠮᠠᠰᠢᠨ ᠤ ᠲᠤᠨᠤᠭ ᠲᠦᠬᠦᠭᠡᠷᠦᠮᠵᠢ ᠳᠤ ᠪᠠᠷᠢᠴᠠᠭᠠᠳᠤ ᠵᠢᠭᠡᠯᠡᠯᠭᠡ ᠲᠠᠯᠪᠢᠬᠤ ᠵᠢᠴᠢ ᠨᠦᠬᠦᠴᠡᠯ ᠲᠠᠢ ᠭᠠᠵᠠᠷ ᠤᠷᠤᠨ ᠤ | ᠲᠤᠮᠤ ᠬᠡᠯᠪᠡᠷᠢ ᠶᠢᠨ ᠲᠠᠷᠢᠶᠠᠯᠠᠩ ᠤᠨ ᠮᠠᠰᠢᠨ ᠤ ᠲᠤᠨᠤᠭ ᠲᠦᠬᠦᠭᠡᠷᠦᠮᠵᠢ ᠬᠤᠳᠠᠯᠳᠤᠨ ᠠᠪᠬᠤ ᠳᠤ ᠳᠠᠮ ᠬᠦᠦ ᠲᠠᠢ | ᠵᠢᠭᠡᠯᠡᠯᠭᠡ ᠥᠭᠬᠦ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠬᠢᠬᠦ ᠶᠢ ᠵᠣᠷᠢᠬᠵᠢᠭᠤᠯᠤᠨ᠎ᠠ᠃ ᠲᠠᠷᠢᠶᠠᠯᠠᠩ ᠤᠨ | ᠮᠠᠰᠢᠨ ᠢ ᠪᠦᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠳᠤ ᠲᠤᠭᠲᠠᠭᠠᠯ ᠶᠤᠰᠤᠭᠠᠷ ᠦᠷᠳᠡᠭ | ᠨᠡᠮᠡᠭᠳᠡᠯ ᠤᠨ ᠭᠠᠶᠢᠯᠢ ᠠᠴᠠ ᠬᠡᠯᠲᠦᠷᠢᠭᠦᠯᠬᠦ ᠲᠥᠷᠥ ᠶᠢᠨ ᠪᠣᠳᠤᠯᠭ᠎ᠠ ᠶᠢ ᠲᠤᠬᠢᠷᠠᠭᠤᠯᠤᠨ ᠬᠡᠷᠡᠭᠯᠡᠨ᠎ᠡ᠃ | ᠬᠡᠷᠡᠭᠯᠡᠭᠡᠨ ᠠᠴᠠ ᠭᠠᠷᠤᠭᠰᠠᠨ ᠲᠠᠷᠢᠶᠠᠯᠠᠩ ᠤᠨ ᠮᠠᠰᠢᠨ ᠢ ᠰᠢᠨᠡᠴᠢᠯᠡᠬᠦ ᠶᠢ ᠢᠳᠡᠪᠬᠢᠲᠡᠢ ᠠᠬᠢᠭᠤᠯᠵᠤ᠂ ᠣᠨ ᠤᠳᠠᠵᠤ | ᠬᠠᠭᠤᠴᠢᠷᠠᠭᠰᠠᠨ ᠲᠠᠷᠢᠶᠠᠯᠠᠩ ᠤᠨ ᠮᠠᠰᠢᠨ ᠤ ᠲᠤᠨᠤᠭ ᠲᠦᠭᠦᠭᠡᠷᠦᠮᠵᠢ ᠶᠢᠨ ᠰᠢᠭᠰᠢᠭᠳᠡᠭᠦᠯᠬᠦ ᠶᠢ ᠲᠦᠷᠭᠡᠳᠭᠡᠵᠦ᠂ | ᠰᠢᠨ᠎ᠡ ᠮᠠᠰᠢᠨ ᠬᠡᠷᠡᠭᠰᠡᠯ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠭᠦᠯᠬᠦ ᠶᠢ ᠠᠬᠢᠭᠤᠯᠤᠨ᠎ᠠ᠃ ︵ᠥᠪᠡᠷᠲᠡᠭᠡᠨ | ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠷᠠᠳ ᠤᠨ ᠪᠠᠩᠬᠢ ᠶᠢᠨ | ᠭᠦᠬᠡᠬᠤᠳᠠ ᠲᠦᠪ ᠰᠠᠯᠪᠤᠷᠢ ᠪᠠᠩᠬᠢ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠥᠪᠥᠷ | ᠮᠤᠩᠭᠤᠯ ᠤᠨ ᠪᠠᠩᠬᠢ ᠪᠠ ᠳᠠᠭᠠᠳᠬᠠᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠠᠷᠠᠳ ᠤᠨ ᠠᠭᠠᠷ ᠤᠨ | ᠲᠡᠬᠡᠬᠡᠪᠦᠷᠢ ᠶᠢᠨ ᠥᠪᠥᠷ ᠮᠤᠩᠭᠤᠯ ᠤᠨ ᠠᠶᠤᠯ ᠦᠭᠡᠢ ᠶᠢᠨ ᠬᠢᠨᠠᠯᠳᠠ ᠬᠠᠮᠢᠶᠠᠷᠤᠯᠳᠠ ᠶᠢᠨ ᠲᠣᠪᠴᠢᠶ᠎ᠠ ᠵᠡᠷᠭᠡ | ᠬᠠᠷᠢᠭᠤᠴᠠᠨ᠎ᠠ︶ | ︵ᠬᠤᠶᠠᠷ︶ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠬᠤ ᠮᠡᠷᠭᠡᠵᠢᠯ ᠢ ᠳᠡᠯᠭᠡᠷᠡᠭᠦᠯᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠬᠤ ᠮᠡᠷᠭᠡᠵᠢᠯ ᠢ | ᠳᠡᠯᠭᠡᠷᠡᠭᠦᠯᠬᠦ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠤᠷᠰᠢᠯᠲᠠ ᠬᠢᠵᠦ ᠵᠢᠱᠢᠶ᠎ᠡ | ᠦᠵᠡᠭᠦᠯᠬᠦ ᠰᠠᠭᠤᠷᠢᠨ ᠢ ᠪᠠᠶᠢᠭᠤᠯᠵᠤ᠂ ᠰᠢᠨ᠎ᠡ ᠮᠡᠷᠭᠡᠵᠢᠯ ᠢ ᠲᠤᠷᠰᠢᠵᠤ ᠰᠢᠯᠭᠠᠨ ᠪᠠᠲᠤᠯᠠᠬᠤ ᠪᠠ ᠵᠢᠱᠢᠶ᠎ᠡ | ᠦᠵᠡᠭᠦᠯᠦᠨ ᠳᠡᠯᠭᠡᠷᠡᠭᠦᠯᠬᠦ ᠴᠢᠳᠠᠮᠵᠢ ᠶᠢ ᠴᠢᠩᠭᠠᠷᠠᠭᠤᠯᠤᠨ᠎ᠠ᠃ ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ᠂ | ᠡᠷᠳᠡᠮ ᠰᠢᠨᠵᠢᠯᠡᠭᠡᠨ ᠤ ᠵᠢᠭᠠᠨ ᠰᠤᠷᠭᠠᠬᠤ ᠨᠢᠭᠡᠴᠢ ᠵᠢᠴᠢ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠵᠤᠬᠢᠶᠠᠨ | ᠪᠠᠶᠢᠭᠤᠯᠤᠯᠲᠠ ᠵᠡᠷᠭᠡ ᠶᠢᠨ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠬᠤ ᠮᠡᠷᠭᠡᠵᠢᠯ ᠤᠨ ᠳᠡᠯᠭᠡᠷᠡᠭᠦᠯᠬᠦ | ᠠᠵᠢᠯ ᠳᠤ ᠦᠷᠭᠡᠨ ᠢᠶᠠᠷ ᠣᠷᠤᠯᠴᠠᠬᠤ ᠶᠢ ᠵᠣᠷᠢᠬᠵᠢᠭᠤᠯᠤᠨ᠎ᠠ᠃ ᠵᠠᠰᠠᠭ ᠤᠨ ᠤᠷᠳᠤᠨ ᠦᠢᠯᠡᠴᠢᠯᠡᠭᠡ ᠬᠤᠳᠠᠯᠳᠤᠨ | ᠠᠪᠬᠤ ᠶᠢ ᠶᠠᠪᠤᠭᠳᠠᠭᠤᠯᠵᠤ᠂ ᠲᠠᠷᠢᠶᠠᠯᠠᠩ ᠤᠨ ᠮᠠᠰᠢᠨ ᠤ ᠰᠢᠨᠵᠢᠯᠡᠬᠦ ᠤᠬᠠᠭᠠᠨ ᠤ ᠰᠤᠳᠤᠯᠤᠯ ᠤᠨ | ᠳᠡᠯᠭᠡᠷᠡᠭᠦᠯᠦᠭᠴᠢ ᠶᠢᠨ ᠲᠠᠷᠢᠶᠠᠯᠠᠩ ᠤᠨ ᠮᠠᠰᠢᠨ ᠢ ᠦᠢᠯᠡᠳᠪᠦᠷᠢᠯᠡᠬᠦ ᠠᠵᠤ ᠠᠬᠤᠶᠢᠯᠠᠯ᠂ ᠰᠢᠨ᠎ᠡ ᠬᠡᠯᠪᠡᠷᠢ ᠶᠢᠨ | ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠤᠭᠴᠠ ᠯᠤᠭ᠎ᠠ ᠮᠡᠷᠭᠡᠵᠢᠯ ᠤᠨ ᠬᠠᠮᠲᠤᠷᠠᠯᠴᠠᠭ᠎ᠠ | ᠦᠷᠨᠢᠭᠦᠯᠬᠦ ᠶᠢ ᠵᠤᠷᠢᠬᠵᠢᠭᠤᠯᠤᠨ᠎ᠠ᠃ ᠣᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠬᠡᠷᠡᠭᠯᠡᠵᠦ᠂ | ᠲᠠᠷᠢᠶᠠᠯᠠᠩ ᠤᠨ ᠮᠠᠰᠢᠨ ᠢ ᠳᠡᠯᠭᠡᠨ ᠦᠵᠡᠭᠦᠯᠬᠦ ᠪᠠ ᠠᠵᠢᠯᠯᠠᠭᠤᠯᠵᠤ ᠦᠵᠡᠭᠦᠯᠬᠦ᠂ ︽ᠲᠠᠷᠢᠶᠠᠨ ᠤ ᠡᠳᠦᠷᠯᠢᠭ︾ ᠤᠨ | ᠠᠵᠢᠯᠯᠠᠭᠠᠨ ᠵᠡᠷᠭᠡ ᠬᠡᠯᠪᠡᠷᠢ ᠮᠠᠶ᠋ᠢᠭ ᠢ ᠰᠢᠨ᠎ᠡ ᠪᠠᠷ ᠡᠭᠦᠳᠴᠦ᠂ ᠲᠠᠷᠢᠶᠠᠯᠠᠩ ᠮᠠᠯ ᠠᠵᠤ ᠠᠬᠤᠢ ᠶᠢᠨ | ᠮᠧᠬᠠᠨᠢᠬᠵᠢᠭᠤᠯᠬᠤ ᠮᠡᠷᠭᠡᠵᠢᠯ ᠢ ᠳᠡᠯᠭᠡᠷᠡᠭᠦᠯᠬᠦ ᠦᠷ᠎ᠡ ᠪᠦᠲᠦᠭᠡᠯ ᠢ ᠦᠨᠡᠨ ᠬᠦ ᠳᠡᠭᠡᠭᠰᠢᠯᠡᠭᠦᠯᠦᠨ᠎ᠡ᠃ ︵ᠦᠪᠡᠷᠲᠡᠭᠡᠨ | ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠬᠠᠷᠢᠭᠤᠴᠠᠨ᠎ᠠ︶ | ᠲᠠᠪᠤ᠂ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠢᠯᠡᠴᠢᠯᠡᠭᠡ ᠶᠢ ᠢᠳᠡᠪᠬᠢᠲᠡᠢ ᠬᠦᠭᠵᠢᠭᠦᠯᠦᠨ᠎ᠡ | ︵ᠨᠢᠭᠡ︶ ᠲᠠᠷᠢᠶᠠᠯᠠᠩ ᠤᠨ ᠮᠠᠰᠢᠨ ᠤ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ | ᠬᠦᠭᠵᠢᠭᠦᠯᠦᠨ᠎ᠡ᠃ ᠲᠠᠷᠢᠶᠠᠯᠠᠩ ᠤᠨ ᠮᠠᠰᠢᠨ ᠤ ᠬᠤᠷᠰᠢᠶᠠᠯᠠᠯ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠤᠨ ᠮᠠᠰᠢᠨ ᠤ | ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠳᠤᠬᠢᠷᠠᠮᠵᠢᠲᠠᠢ | ᠬᠡᠪᠴᠢᠶᠡᠵᠢᠯᠲᠦ ᠡᠵᠡᠩᠨᠡᠯᠲᠡ ᠶᠢᠨ ᠦᠢᠯᠡᠴᠢᠯᠡᠭᠡ ᠦᠷᠨᠢᠭᠦᠯᠬᠦ ᠶᠢ ᠳᠡᠮᠵᠢᠨ᠎ᠡ᠃ ᠲᠠᠷᠢᠶᠠᠯᠠᠩ ᠤᠨ ᠮᠠᠰᠢᠨ ᠤ | ᠦᠢᠯᠡᠴᠢᠯᠡᠭᠡᠨ ᠤ ᠮᠦᠩᠭᠦᠨ ᠭᠦᠢᠯᠭᠡᠭᠡᠨ ᠤ ᠳᠡᠮᠵᠢᠯᠭᠡ ᠶᠢᠨ ᠲᠥᠷᠥ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠵᠤ᠂ | ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠢᠯᠤᠭᠤᠳᠴᠦ ᠪᠠᠶᠢᠭᠠᠳ ᠲᠠᠷᠢᠶᠠᠯᠠᠩ ᠤᠨ ᠮᠠᠰᠢᠨ ᠤ ᠠᠵᠤ ᠠᠬᠤᠶᠢᠯᠠᠯ | ᠪᠣᠯᠤᠨ ᠰᠢᠨ᠎ᠡ ᠬᠡᠯᠪᠡᠷᠢ ᠶᠢᠨ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠣᠯᠭᠤᠬᠤ | ᠢᠲᠡᠭᠡᠮᠵᠢᠳᠦ ᠵᠢᠭᠡᠯᠡᠯᠭᠡ ᠲᠠᠯᠪᠢᠬᠤ ᠶᠢ ᠨᠡᠮᠡᠭᠳᠡᠭᠦᠯᠵᠦ᠂ ᠡᠯ᠎ᠡ ᠲᠥᠷᠥᠯ ᠤᠨ ᠢᠲᠡᠭᠡᠮᠵᠢᠳᠦ ᠵᠢᠭᠡᠯᠡᠯᠭᠡ ᠶᠢᠨ | ᠨᠡᠷᠡᠳᠭᠦᠨ ᠢ ᠠᠮᠢᠳᠤᠯᠢᠭ ᠢᠶᠠᠷ ᠨᠡᠭᠡᠭᠡᠨ ᠬᠦᠭᠵᠢᠭᠦᠯᠬᠦ ᠪᠠ ᠪᠤᠳᠠᠭᠠᠯᠢᠴᠢᠯᠠᠭᠰᠠᠨ ᠪᠡᠯᠡ ᠲᠣᠬᠢᠷᠠᠭᠤᠯᠭ᠎ᠠ ᠶᠢᠨ ᠲᠦᠰᠦᠯ | ᠬᠠᠩᠭᠠᠨ᠎ᠠ︔ ᠵᠠᠬ᠎ᠠ ᠳᠡᠯᠭᠡᠭᠦᠷᠴᠢᠯᠡᠬᠦ ᠵᠠᠷᠴᠢᠮ ᠶᠤᠰᠤᠭᠠᠷ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠳᠠᠯᠠᠪᠠᠢ᠂ | ᠲᠠᠷᠢᠶᠠᠯᠠᠩ ᠤᠨ ᠮᠠᠰᠢᠨ ᠤ ᠬᠤᠷᠰᠢᠶᠠᠯᠠᠯ᠂ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠵᠡᠷᠭᠡ ᠰᠢᠨ᠎ᠡ | ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠤᠭᠴᠠ ᠳᠤ ᠬᠠᠨᠳᠤᠭᠤᠯᠤᠭᠰᠠᠨ | ᠲᠠᠷᠢᠶᠠᠯᠠᠩ ᠤᠨ ᠮᠠᠰᠢᠨ ᠤ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠯ ᠤᠨ ᠲᠤᠬᠠᠶᠢᠯᠠᠭᠰᠠᠨ ᠠᠵᠢᠯ ᠪᠠ | ᠢᠲᠡᠭᠡᠮᠵᠢᠳᠦ ᠵᠢᠭᠡᠯᠡᠯᠭᠡ ᠶᠢᠨ ᠳᠠᠭᠠᠭᠠᠯᠲᠠ ᠬᠢᠬᠦ ᠦᠢᠯᠡᠴᠢᠯᠡᠭᠡ ᠶᠢ ᠦᠷᠨᠢᠭᠦᠯᠵᠣ᠂ ᠪᠠᠷᠢᠴᠠᠭᠠᠯᠠᠵᠤ ᠳᠡᠨᠵᠢᠯᠡᠬᠦ ᠡᠳ᠋ | ᠪᠤᠳᠠᠰ ᠤᠨ ᠬᠦᠷᠢᠶ᠎ᠡ ᠬᠡᠪᠴᠢᠶ᠎ᠡ ᠶᠢ ᠦᠷᠭᠡᠳᠭᠡᠨ᠎ᠡ᠃ ᠲᠠᠷᠢᠶᠠᠯᠠᠩ ᠤᠨ ᠮᠠᠰᠢᠨ ᠤ ᠳᠠᠭᠠᠳᠬᠠᠯ ᠤᠨ ᠲᠥᠷᠥ ᠶᠢᠨ | ᠪᠣᠳᠤᠯᠭ᠎ᠠ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠲᠠᠷᠢᠶᠠᠯᠠᠩ ᠤᠨ ᠮᠠᠰᠢᠨ ᠤ ᠳᠠᠭᠠᠳᠬᠠᠯ ᠤᠨ ᠲᠤᠷᠰᠢᠯᠲᠠ ᠶᠢᠨ | ᠴᠡᠭ ᠢ ᠠᠬᠢᠭᠤᠯᠤᠨ᠎ᠠ᠃ ᠲᠠᠷᠢᠶᠠᠯᠠᠩ ᠤᠨ ᠮᠠᠰᠢᠨ ᠤ ᠪᠡᠯᠡ ᠲᠣᠬᠢᠷᠠᠭᠤᠯᠭ᠎ᠠ ᠶᠢᠨ ᠲᠦᠷᠢᠶᠡᠰᠦᠯᠡᠯ ᠤᠨ | ᠦᠢᠯᠡᠴᠢᠯᠡᠭᠡ ᠳᠤ ᠦᠷᠲᠡᠭ ᠨᠡᠮᠡᠭᠳᠡᠯ ᠤᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠤᠯᠭ᠎ᠠ ᠶᠢ ᠲᠤᠭᠲᠠᠭᠠᠯ | ᠶᠤᠰᠤᠭᠠᠷ ᠲᠤᠬᠢᠷᠠᠭᠤᠯᠤᠨ ᠬᠡᠷᠡᠭᠯᠡᠨ᠎ᠡ᠃ ᠲᠠᠷᠢᠶᠠᠯᠠᠩ ᠤᠨ ᠮᠠᠰᠢᠨ ᠢᠶᠠᠷ ᠲᠠᠷᠢᠶᠠᠯᠠᠬᠤ ᠦᠢᠯᠡᠴᠢᠯᠡᠭᠡ ᠳᠤ ᠦᠷᠲᠡᠭ | ᠨᠡᠮᠡᠭᠳᠡᠯ ᠤᠨ ᠭᠠᠶᠢᠯᠢ ᠠᠴᠠ ᠬᠡᠯᠲᠦᠷᠢᠭᠦᠯᠬᠦ ᠲᠥᠷᠥ ᠶᠢᠨ ᠪᠣᠳᠤᠯᠭ᠎ᠠ ᠶᠢ ᠲᠤᠭᠲᠠᠭᠠᠯ ᠶᠤᠰᠤᠭᠠᠷ ᠲᠤᠬᠢᠷᠠᠭᠤᠯᠤᠨ | ᠬᠡᠷᠡᠭᠯᠡᠨ᠎ᠡ᠃ ︵ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ | ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠠᠷᠠᠳ ᠤᠨ ᠪᠠᠩᠬᠢ ᠶᠢᠨ ᠭᠦᠬᠡᠬᠤᠳᠠ ᠲᠦᠪ ᠰᠠᠯᠪᠤᠷᠢ | ᠪᠠᠩᠬᠢ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠥᠪᠥᠷ ᠮᠤᠩᠭᠤᠯ ᠤᠨ ᠪᠠᠩᠬᠢ ᠪᠠ | ᠳᠠᠭᠠᠳᠬᠠᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠵᠡᠷᠭᠡ ᠬᠠᠷᠢᠭᠤᠴᠠᠨ᠎ᠠ︶ | ︵ᠬᠤᠶᠠᠷ︶ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠲᠤᠭᠲᠠᠴᠠ ᠳᠤ ᠰᠢᠨ᠎ᠡ ᠶᠢ ᠡᠭᠦᠳᠬᠦ ᠶᠢ | ᠠᠬᠢᠭᠤᠯᠤᠨ᠎ᠠ᠃ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠭᠤᠣᠯ ᠴᠤᠭᠴᠠ ᠶᠢᠨ ᠦᠨᠳᠦᠷ ᠪᠦᠲᠦᠮᠵᠢᠲᠡᠢ | ᠪᠦᠬᠡᠳ ᠳᠥᠭᠦᠮ ᠳᠥᠲᠡ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠦᠢᠯᠡᠴᠢᠯᠡᠭᠡᠨ ᠦᠷᠨᠢᠭᠦᠯᠬᠦ ᠶᠢ | ᠵᠤᠷᠢᠬᠵᠢᠭᠤᠯᠵᠤ᠂ ᠵᠢᠵᠢᠭ ᠲᠠᠷᠢᠶᠠᠯᠠᠬᠤ ᠡᠷᠦᠬᠡ ᠮᠠᠯᠵᠢᠬᠤ ᠡᠷᠦᠬᠡ ᠤᠳ ᠢ ᠤᠳᠤ ᠦᠶ᠎ᠡ ᠶᠢᠨ ᠲᠠᠷᠢᠶᠠᠯᠠᠩ ᠮᠠᠯ | ᠠᠵᠤ ᠠᠬᠤᠢ ᠶᠢᠨ ᠬᠦᠭᠵᠢᠯᠲᠡ ᠯᠦᠭᠡ ᠤᠷᠭᠠᠨᠢᠭ ᠢᠶᠠᠷ ᠵᠣᠯᠭᠠᠭᠤᠯᠬᠤ ᠶᠢ ᠠᠬᠢᠭᠤᠯᠤᠨ᠎ᠠ᠃ ᠲᠠᠷᠢᠶᠠᠯᠠᠩ ᠤᠨ | ᠮᠠᠰᠢᠨ ᠤ ᠦᠢᠯᠡᠴᠢᠯᠡᠭᠡᠨ ᠤ ᠭᠤᠣᠯ ᠴᠤᠭᠴᠠ ᠨᠤᠭᠤᠳ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ | ᠲᠠᠷᠢᠵᠤ ᠠᠷᠠᠴᠢᠯᠠᠬᠤ ᠲᠤᠮᠤ ᠡᠷᠦᠬᠡ᠂ ᠡᠩ ᠤᠨ ᠲᠠᠷᠢᠶᠠᠯᠠᠬᠤ ᠮᠠᠯᠵᠢᠬᠤ ᠡᠷᠦᠬᠡ ᠵᠢᠴᠢ ᠲᠠᠷᠢᠶᠠᠯᠠᠩ ᠮᠠᠯ ᠠᠵᠤ | ᠠᠬᠤᠢ ᠶᠢᠨ ᠠᠵᠤ ᠠᠬᠤᠶᠢᠯᠠᠯ ᠯᠤᠭ᠎ᠠ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠬᠤᠯᠪᠤᠭᠠᠲᠤ | ᠴᠤᠭᠴᠠ ᠪᠠᠶᠢᠭᠤᠯᠬᠤ ᠶᠢ ᠵᠣᠷᠢᠬᠵᠢᠭᠤᠯᠵᠤ᠂ ᠮᠠᠰᠢᠨ ᠬᠡᠷᠡᠭᠰᠡᠯ ᠢ ᠬᠠᠮᠲᠤ ᠳᠤ ᠪᠠᠨ ᠡᠳ᠋ᠯᠡᠬᠦ᠂ ᠳᠠᠪᠠᠭᠤᠯᠢᠭ ᠢᠶᠠᠨ | ᠬᠠᠷᠢᠯᠴᠠᠨ ᠨᠦᠬᠦᠪᠦᠷᠢᠯᠡᠬᠦ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠣᠯᠵᠠ ᠬᠦᠷᠲᠡᠬᠦ ᠶᠢ ᠪᠡᠶᠡᠯᠡᠭᠦᠯᠦᠨ᠎ᠡ᠃ | ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠬᠡᠯᠪᠡᠷᠢ ᠪᠠᠶᠢᠳᠠᠯ ᠳᠤ ᠰᠢᠨ᠎ᠡ ᠶᠢ ᠡᠭᠦᠳᠬᠦ ᠶᠢ ᠠᠬᠢᠭᠤᠯᠵᠤ᠂ ᠨᠢᠭᠡ | ᠪᠦᠯᠦᠭ ︽ᠪᠦᠬᠦ ᠶᠠᠪᠤᠴᠠ ᠶᠢ ᠮᠧᠬᠠᠨᠢᠬᠵᠢᠭᠤᠯᠬᠤ + ᠶᠡᠷᠦᠩᠬᠡᠶᠢᠯᠡᠭᠰᠡᠨ ᠲᠠᠷᠢᠶᠠᠯᠠᠩ ᠤᠨ ᠶᠠᠪᠤᠳᠠᠯ︾ ᠤᠨ | ᠦᠢᠯᠡᠴᠢᠯᠡᠭᠡᠨ ᠤ ᠲᠥᠪ ᠢ ᠪᠠᠶᠢᠭᠤᠯᠵᠤ᠂ ᠲᠠᠷᠢᠶᠠᠯᠠᠬᠤ ᠮᠠᠯᠵᠢᠬᠤ ᠡᠷᠦᠬᠡ ᠳᠤ ᠪᠦᠬᠦ ᠶᠠᠪᠤᠴᠠ ᠪᠠᠷ | ᠮᠧᠬᠠᠨᠢᠬᠵᠢᠭᠤᠯᠤᠨ ᠠᠵᠢᠯᠯᠠᠬᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠢᠭᠡᠲᠦᠯᠲᠡᠢ ᠬᠤᠳᠠᠯᠳᠤᠨ | ᠠᠪᠬᠤ᠂ ᠮᠡᠷᠭᠡᠵᠢᠯ ᠤᠨ ᠪᠣᠯᠪᠠᠰᠤᠷᠠᠭᠤᠯᠤᠯ ᠬᠢᠬᠦ᠂ ᠮᠡᠳᠡᠭᠡ ᠵᠠᠩᠭᠢ ᠶᠢᠨ ᠯᠠᠪᠯᠠᠯᠭ᠎ᠠ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠭᠦᠨ ᠪᠤᠷᠤᠯᠠᠭᠤᠯᠤᠨ ᠬᠤᠳᠠᠯᠳᠤᠬᠤ ᠶᠢ ᠵᠠᠯᠭᠠᠯᠳᠤᠭᠤᠯᠬᠤ ᠵᠡᠷᠭᠡ ︽ᠨᠢᠭᠡ ᠦᠷᠲᠡᠭᠡ ᠮᠠᠶ᠋ᠢᠭ︾ | ᠤᠨ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠨ᠎ᠠ᠃ ᠮᠤᠵᠢ ᠤᠷᠤᠨ ᠠᠯᠤᠰᠯᠠᠨ ᠠᠵᠢᠯᠯᠠᠬᠤ ᠬᠠᠳᠤᠬᠤ ᠬᠤᠷᠢᠶᠠᠬᠤ | ᠬᠠᠮ ᠮᠠᠰᠢᠨ᠂ ᠲᠡᠭᠡᠭᠡᠪᠦᠷᠢ ᠶᠢᠨ ᠬᠠᠳᠤᠵᠤ ᠬᠤᠷᠢᠶᠠᠬᠤ ᠬᠠᠮ ᠮᠠᠰᠢᠨ ᠪᠤᠯᠤᠨ ᠴᠢᠬᠢ ᠰᠠᠭᠤᠯᠭᠠᠬᠤ ᠮᠠᠰᠢᠨ ᠤ ᠲᠡᠷᠭᠡ | ᠬᠦᠰᠭᠡ ᠨᠡᠪᠲᠡᠷᠡᠬᠦ ᠵᠠᠷᠤᠳᠠᠯ ᠢ ᠦᠷᠭᠦᠯᠵᠢᠯᠡᠨ ᠬᠡᠯᠲᠦᠷᠢᠭᠦᠯᠦᠨ᠎ᠡ᠃ ︵ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ | ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠵᠡᠷᠭᠡ ᠬᠠᠷᠢᠭᠤᠴᠠᠨ᠎ᠠ︶ | ᠵᠢᠷᠭᠤᠭ᠎ᠠ᠂ ᠲᠠᠷᠢᠶᠠᠯᠠᠩ ᠤᠨ ᠮᠠᠰᠢᠨ ᠤ ᠠᠵᠢᠯᠯᠠᠬᠤ ᠰᠠᠭᠤᠷᠢ ᠨᠦᠬᠦᠴᠡᠯ ᠢ ᠦᠷᠭᠦᠯᠵᠢᠯᠡᠨ | ᠰᠠᠶᠢᠵᠢᠷᠠᠭᠤᠯᠤᠨ᠎ᠠ | ᠲᠠᠷᠢᠶᠠᠯᠠᠩ ᠤᠨ ᠮᠠᠰᠢᠨ ᠤ ᠠᠵᠢᠯᠯᠠᠬᠤ ᠳᠤ ᠳᠥᠭᠦᠮ ᠦᠵᠡᠭᠦᠯᠬᠦ ᠬᠡᠮᠵᠢᠶ᠎ᠡ ᠪᠠ ᠲᠦᠭᠦᠷ ᠪᠡᠯᠡᠳᠭᠡᠮᠵᠢ ᠶᠢᠨ | ᠨᠦᠬᠦᠴᠡᠯ ᠢ ᠰᠠᠶᠢᠵᠢᠷᠠᠭᠤᠯᠤᠨ᠎ᠠ᠃ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ | ᠬᠦᠳᠡᠭᠡ ᠲᠤᠰᠬᠤᠨ ᠤ ᠭᠠᠵᠠᠷ ᠰᠢᠷᠤᠢ ᠶᠢᠨ ᠶᠡᠷᠦᠩᠬᠡᠶᠢᠯᠡᠭᠰᠡᠨ ᠵᠠᠰᠠᠯᠲᠠ ᠲᠠᠢ ᠤᠶᠠᠯᠳᠤᠭᠤᠯᠵᠤ᠂ ᠲᠠᠷᠢᠶᠠᠨ ᠵᠠᠮ᠂ | ᠭᠠᠵᠠᠷ ᠲᠠᠷᠢᠶᠠᠨ ᠤ ᠶᠡᠭᠡ ᠪᠠᠭ᠎ᠠ ᠬᠢᠭᠡᠳ ᠳᠡᠭᠰᠢᠬᠡᠨ ᠪᠠᠶᠢᠬᠤ ᠬᠡᠮᠵᠢᠶ᠎ᠡ ᠵᠡᠷᠭᠡ ︽ᠮᠧᠬᠠᠨᠢᠬᠵᠢᠭᠤᠯᠬᠤ ᠳᠤ ᠲᠥᠭᠦᠮ | ᠪᠣᠯᠭᠠᠬᠤ︾ ᠱᠠᠭᠠᠷᠳᠠᠯᠭ᠎ᠠ ᠶᠢ ᠲᠤᠳᠤᠷᠬᠠᠶᠢᠯᠠᠨ᠎ᠠ᠃ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠭᠡᠵᠦ᠂ ᠵᠠᠮ ᠲᠣᠣᠷ ᠤᠨ ᠪᠦᠲᠦᠴᠡ ᠶᠢ ᠤᠯᠠᠮ ᠨᠢᠭᠡ ᠠᠯᠬᠤᠮ ᠳᠡᠭᠦᠯᠳᠡᠷᠵᠢᠭᠦᠯᠵᠣ᠂ | ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠭ ᠤᠨ ᠨᠡᠪᠲᠡᠷᠡᠬᠦ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠤᠨ᠎ᠡ᠃ | ᠲᠦᠬᠦᠭᠡᠷᠦᠮᠵᠢᠲᠦ ᠲᠠᠷᠢᠶᠠᠯᠠᠩ ᠳᠤ ᠬᠡᠷᠡᠭᠯᠡᠬᠦ ᠭᠠᠵᠠᠷ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ | ᠡᠵᠡᠩᠨᠡᠯᠲᠡ ᠶᠢᠨ ᠭᠤᠤᠯ ᠴᠤᠭᠴᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠲᠠᠷᠢᠶᠠᠯᠠᠩ ᠮᠠᠯ ᠠᠵᠤ | ᠠᠬᠤᠢ ᠶᠢᠨ ᠦᠢᠯᠡᠳᠪᠦᠷᠢᠯᠡᠯ ᠳᠤ ᠬᠡᠷᠡᠭᠯᠡᠬᠦ ᠴᠠᠬᠢᠯᠭᠠᠨ ᠵᠡᠷᠭᠡ ᠶᠢᠨ ᠬᠠᠮᠢᠶ᠎ᠠ ᠪᠦᠬᠦᠢ ᠲᠥᠷᠥ ᠶᠢᠨ ᠪᠣᠳᠤᠯᠭ᠎ᠠ ᠶᠢ | ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠮᠠᠰᠢᠨ ᠤ ᠬᠤᠷᠰᠢᠶᠠᠯᠠᠯ ᠵᠡᠷᠭᠡ ᠲᠠᠷᠢᠶᠠᠯᠠᠩ ᠤᠨ ᠮᠠᠰᠢᠨ ᠤ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠦᠢᠯᠡᠳᠪᠦᠷᠢᠯᠡᠯ ᠤᠨ ᠨᠦᠬᠦᠴᠡᠯ ᠤᠨ ᠪᠦᠲᠦᠭᠡᠨ ᠪᠠᠶᠢᠭᠤᠯᠤᠯᠲᠠ ᠶᠢ | ᠳᠡᠮᠵᠢᠨ᠎ᠡ᠃ ᠬᠤᠰᠢᠭᠤ ᠰᠢᠶᠠᠨ ᠤ ᠱᠠᠲᠤᠨ ᠤ ᠨᠢᠭᠡᠲᠦᠯᠲᠡᠢ ᠲᠦᠯᠦᠪᠵᠢᠭᠦᠯᠭᠡ ᠶᠢ ᠴᠢᠩᠭᠠᠳᠬᠠᠵᠤ᠂ ᠲᠠᠷᠢᠶᠠᠯᠠᠩ ᠤᠨ | ᠮᠠᠰᠢᠨ ᠬᠡᠷᠡᠭᠰᠡᠯ ᠤᠨ ᠬᠠᠳᠠᠭᠠᠯᠠᠨ ᠲᠠᠯᠪᠢᠬᠤ ᠪᠠ ᠰᠡᠯᠪᠢᠨ ᠵᠠᠰᠠᠬᠤ᠂ ᠲᠠᠷᠢᠮᠠᠯ ᠤᠨ ᠴᠢᠬᠢ ᠪᠤᠶᠢᠵᠢᠭᠤᠯᠬᠤ ᠵᠢᠴᠢ | ᠲᠠᠷᠢᠶᠠᠯᠠᠩ ᠤᠨ ᠪᠦᠳᠦᠬᠡᠭᠳᠡᠬᠦᠨ ᠢ ᠭᠠᠷᠤᠯᠲᠠ ᠶᠢᠨ ᠭᠠᠵᠠᠷ ᠲᠤ ᠨᠢ ᠬᠠᠭᠰᠠᠭᠠᠵᠤ ᠬᠠᠲᠠᠭᠠᠬᠤ ᠪᠠ ᠠᠩᠬ᠎ᠠ | ᠡᠳ᠋ᠰᠢᠭᠦᠯᠬᠦ ᠵᠡᠷᠭᠡ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠦᠢᠯᠡᠴᠢᠯᠡᠭᠡᠨ ᠤ ᠲᠦᠭᠦᠷ ᠪᠡᠯᠡᠳᠭᠡᠮᠵᠢ ᠶᠢ ᠵᠦᠢ | ᠵᠤᠬᠢᠰᠲᠠᠢ ᠪᠠᠶᠢᠷᠢᠰᠢᠭᠤᠯᠤᠨ᠎ᠠ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠣᠨ ᠤ ᠭᠦᠢᠴᠡᠳᠭᠡᠯ | ᠲᠣᠭᠠᠨ ᠳᠤ ᠲᠠᠷᠢᠶᠠᠯᠠᠩ ᠤᠨ ᠮᠠᠰᠢᠨ ᠤ ᠬᠤᠷᠰᠢᠶᠠᠯᠠᠯ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ | ᠠᠬᠤᠢ ᠶᠢᠨ ᠡᠵᠡᠩᠨᠡᠯᠲᠡ ᠶᠢᠨ ᠭᠤᠣᠯ ᠴᠤᠭᠴᠠ ᠶᠢᠨ ᠬᠡᠷᠡᠭᠯᠡᠬᠦ ᠭᠠᠵᠠᠷ ᠢ ᠡᠩ ᠲᠡᠷᠢᠭᠦᠨ ᠳᠤ ᠲᠣᠬᠢᠷᠠᠭᠤᠯᠬᠤ ᠶᠢᠨ | ᠬᠠᠮᠲᠤ ᠬᠠᠮᠢᠶ᠎ᠠ ᠪᠦᠬᠦᠢ ᠭᠠᠶᠢᠯᠢ ᠵᠠᠷᠤᠳᠠᠯ ᠢ ᠨᠢ ᠲᠤᠭᠲᠠᠭᠠᠯ ᠶᠤᠰᠤᠭᠠᠷ ᠬᠠᠰᠤᠵᠤ ᠬᠡᠯᠲᠦᠷᠢᠭᠦᠯᠦᠨ᠎ᠡ᠃ | ᠨᠦᠬᠦᠴᠡᠯ ᠲᠠᠢ ᠭᠠᠵᠠᠷ ᠤᠷᠤᠨ ᠨᠢ ᠳᠡᠯᠭᠡᠨ ᠬᠠᠲᠠᠭᠠᠬᠤ ᠲᠠᠯᠠᠪᠠᠢ᠂ ᠬᠠᠭᠰᠠᠭᠠᠵᠤ ᠬᠠᠲᠠᠭᠠᠬᠤ ᠲᠦᠭᠦᠬᠡᠷᠦᠮᠵᠢ᠂ | ᠮᠠᠰᠢᠨ ᠬᠡᠷᠡᠭᠰᠡᠯ ᠤᠨ ᠫᠧᠩ ᠬᠦᠮᠦᠷᠭᠡ ᠵᠡᠷᠭᠡ ᠲᠦᠭᠦᠷ ᠪᠡᠯᠡᠳᠭᠡᠮᠵᠢ ᠶᠢ ᠦᠨᠳᠦᠷ ᠪᠠᠷᠢᠮᠵᠢᠶᠠᠳᠤ ᠲᠠᠷᠢᠶᠠᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠤ ᠣᠷᠤᠭᠤᠯᠵᠤ ᠪᠣᠯᠤᠨ᠎ᠠ᠃ ᠲᠠᠷᠢᠶᠠᠯᠠᠩ ᠤᠨ ᠮᠠᠰᠢᠨ ᠤ | ᠠᠶᠤᠯ ᠦᠭᠡᠢ ᠶᠢᠨ ᠬᠢᠨᠠᠨ ᠬᠠᠮᠢᠶᠠᠷᠬᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠲᠠᠷᠢᠶᠠᠯᠠᠩ ᠤᠨ ᠮᠠᠰᠢᠨ ᠤ ᠠᠶᠤᠯ ᠦᠭᠡᠢ ᠶᠢᠨ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ | ᠶᠠᠪᠤᠳᠠᠯ ᠤᠨ ᠲᠤᠪᠴᠢᠶ᠎ᠠ ᠵᠡᠷᠭᠡ ᠬᠠᠷᠢᠭᠤᠴᠠᠨ᠎ᠠ︶ | ᠳᠤᠯᠤᠭ᠎ᠠ᠂ ᠲᠠᠷᠢᠶᠠᠯᠠᠩ ᠤᠨ ᠮᠠᠰᠢᠨ ᠤ ᠴᠢᠳᠠᠪᠤᠷᠢᠲᠠᠨ ᠢ ᠬᠦᠮᠦᠵᠢᠭᠦᠯᠬᠦ ᠶᠢ ᠦᠨᠡᠨ ᠬᠦ ᠴᠢᠩᠭᠠᠳᠬᠠᠨ᠎ᠠ | ︵ᠨᠢᠭᠡ︶ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠢ ᠶᠢᠨ ᠢᠨᠵᠧᠨᠧᠷᠢᠩ ᠤᠨ ᠴᠢᠳᠠᠪᠤᠷᠢᠲᠠᠨ | ᠬᠦᠮᠦᠵᠢᠭᠦᠯᠬᠦ ᠰᠢᠰᠲ᠋ᠧᠮᠵᠢ ᠶᠢ ᠪᠦᠷᠢᠨᠰᠢᠭᠦᠯᠦᠨ᠎ᠡ᠃ ᠥᠪᠡᠷᠲᠡᠭᠡᠨ ᠵᠠᠰᠠᠬᠤ ᠣᠷᠤᠨ ᠤ ᠳᠡᠭᠡᠳᠦ ᠰᠤᠷᠭᠠᠭᠤᠯᠢ ᠶᠡᠭᠡ | ᠰᠤᠷᠭᠠᠭᠤᠯᠢ ᠶᠢ ᠬᠦᠲᠦᠯᠦᠨ ᠵᠢᠯᠤᠭᠤᠳᠴᠦ ᠪᠠᠶᠢᠭᠠᠳ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠬᠢᠴᠢᠶᠡᠯ ᠢ | ᠢᠳᠡᠪᠬᠢᠲᠡᠢ ᠲᠣᠬᠢᠷᠠᠭᠤᠯᠵᠤ᠂ ᠰᠢᠨ᠎ᠡ ᠶᠢ ᠡᠭᠦᠳᠬᠦ ᠬᠡᠯᠪᠡᠷᠢ ᠶᠢᠨ ᠬᠡᠷᠡᠭᠯᠡᠭᠡᠨ ᠤ ᠬᠡᠯᠪᠡᠷᠢ ᠶᠢᠨ ᠬᠠᠮ ᠬᠡᠯᠪᠡᠷᠢ ᠶᠢᠨ | ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠤᠯᠲᠠ ᠶᠢᠨ ᠴᠢᠳᠠᠪᠤᠷᠢᠲᠠᠨ ᠢ ᠬᠦᠮᠦᠵᠢᠭᠦᠯᠤᠨᠡ᠃ ᠳᠡᠭᠡᠳᠦ | ᠰᠤᠷᠭᠠᠭᠤᠯᠢ ᠶᠡᠭᠡ ᠰᠤᠷᠭᠠᠭᠤᠯᠢ ᠶᠢᠨ ᠬᠢᠨ ᠤ ᠲᠠᠷᠢᠶᠠᠯᠠᠩ ᠮᠠᠯ ᠠᠵᠤ ᠠᠬᠤᠢ ᠶᠢᠨ ᠢᠨᠵᠧᠨᠧᠷᠢᠩ ᠤᠨ ᠲᠥᠷᠥᠯ ᠤᠨ | ᠳᠤᠰᠬᠠᠢ ᠮᠡᠷᠭᠡᠵᠢᠯ ᠤᠨ ᠰᠤᠷᠤᠭᠴᠢ ᠡᠯᠰᠡᠬᠦ ᠶᠢ ᠳᠡᠮᠵᠢᠵᠦ᠂ ᠠᠰᠫᠢᠷᠠᠨᠲ᠂ ᠳ᠋ᠣᠺᠲ᠋ᠣᠷᠠᠨᠲ ᠬᠦᠮᠦᠵᠢᠭᠦᠯᠬᠦ | ᠬᠡᠪᠴᠢᠶ᠎ᠡ ᠶᠢ ᠦᠷᠭᠡᠳᠭᠡᠵᠦ᠂ ᠬᠦᠮᠦᠵᠢᠭᠦᠯᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠲᠠᠷᠢᠶᠠᠯᠠᠩ ᠣᠢ | ᠰᠢᠭᠤᠢ ᠶᠢᠨ ᠭᠠᠷᠮᠠᠭᠠᠢ ᠴᠢᠳᠠᠪᠤᠷᠢᠲᠠᠨ᠂ ᠭᠠᠷᠮᠠᠭᠠᠢ ᠢᠨᠵᠧᠨᠧᠷ ᠢ ᠬᠦᠮᠦᠵᠢᠭᠦᠯᠦᠨ ᠪᠤᠶᠢᠵᠢᠭᠤᠯᠬᠤ | ᠲᠦᠯᠦᠪᠵᠢᠭᠦᠯᠭᠡ ᠶᠢᠨ ᠲᠠᠷᠢᠶᠠᠯᠠᠩ ᠤᠨ ᠮᠠᠰᠢᠨ ᠤ ᠴᠢᠳᠠᠪᠤᠷᠢᠲᠠᠨ ᠳᠤ ᠦᠵᠡᠭᠦᠯᠬᠦ ᠳᠡᠮᠵᠢᠯᠭᠡ ᠶᠢᠨ ᠡᠷᠴᠢᠮ ᠢ | ᠴᠢᠩᠭᠠᠷᠠᠭᠤᠯᠵᠤ᠂ ᠲᠠᠷᠢᠶᠠᠯᠠᠩ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠤᠨ ᠨᠢᠭᠡ ᠴᠣᠭᠴᠠᠵᠢᠭᠤᠯᠤᠭᠰᠠᠨ | ᠬᠦᠭᠵᠢᠯᠲᠡ ᠶᠢ ᠠᠬᠢᠭᠤᠯᠤᠨ᠎ᠠ᠃ ᠠᠵᠤ ᠦᠢᠯᠡᠰ ᠬᠢᠭᠡᠳ ᠵᠢᠭᠠᠨ ᠰᠤᠷᠭᠠᠯᠲᠠ ᠶᠢᠨ ᠠᠭᠤᠰᠤᠯᠴᠠᠯ᠂ ᠰᠤᠷᠭᠠᠭᠤᠯᠢ | ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠵᠤ᠂ ᠲᠠᠷᠢᠶᠠᠯᠠᠩ ᠤᠨ ᠮᠠᠰᠢᠨ ᠤ | ᠳᠠᠪᠠᠭᠤᠯᠢᠭ ᠠᠵᠤ ᠠᠬᠤᠶᠢᠯᠠᠯ ᠤᠳ ᠤᠨ ᠰᠤᠷᠭᠠᠭᠤᠯᠢ ᠯᠤᠭ᠎ᠠ ᠢᠨᠵᠧᠨᠧᠷᠢᠩ ᠤᠨ ᠰᠢᠨ᠎ᠡ ᠶᠢ ᠡᠭᠦᠳᠬᠦ ᠰᠠᠭᠤᠷᠢᠨ | ᠭᠠᠵᠠᠷ᠂ ᠦᠢᠯᠡᠳᠦᠯᠭᠡ ᠶᠢᠨ ᠰᠠᠭᠤᠷᠢᠨ ᠭᠠᠵᠠᠷ᠂ ᠪᠤᠲᠠᠲᠠᠢ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠢ ᠬᠠᠮᠲᠤ ᠪᠠᠷ | ᠪᠠᠶᠢᠭᠤᠯᠵᠤ ᠬᠠᠮᠲᠤ ᠪᠠᠷ ᠬᠦᠷᠳᠡᠯᠴᠡᠬᠦ ᠶᠢ ᠳᠡᠮᠵᠢᠨ᠎ᠡ᠃ ᠲᠠᠷᠢᠶᠠᠯᠠᠩ ᠤᠨ ᠮᠠᠰᠢᠨ ᠤ ᠴᠢᠳᠠᠪᠤᠷᠢᠲᠠᠨ ᠤ ᠣᠯᠠᠨ | ᠤᠯᠤᠰ ᠤᠨ ᠰᠤᠯᠢᠯᠴᠠᠭ᠎ᠠ ᠬᠠᠮᠲᠤᠷᠠᠯᠴᠠᠭ᠎ᠠ ᠬᠢᠬᠦ ᠶᠢ ᠵᠣᠷᠢᠬᠵᠢᠭᠤᠯᠤᠨ᠎ᠠ᠃ ︵ᠦᠪᠡᠷᠲᠡᠭᠡᠨ ᠵᠠᠰᠠᠬᠤ ᠤᠷᠤᠨ ᠤ | ᠰᠤᠷᠭᠠᠨ ᠬᠦᠮᠦᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ | ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠵᠡᠷᠭᠡ ᠬᠠᠷᠢᠭᠤᠴᠠᠨ᠎ᠠ︶ | ︵ᠬᠤᠶᠠᠷ︶ ᠲᠠᠷᠢᠶᠠᠯᠠᠩ ᠤᠨ ᠮᠠᠰᠢᠨ ᠤ ᠪᠣᠳᠠᠳᠤ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠢ | ᠬᠦᠮᠦᠵᠢᠭᠦᠯᠬᠦ ᠶᠢ ᠴᠢᠬᠤᠯᠠᠴᠢᠯᠠᠨ᠎ᠠ᠃ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ | ᠬᠦᠮᠦᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠠᠷᠢᠶᠠᠯᠠᠩ ᠤᠨ ᠮᠠᠰᠢᠨ ᠤ ᠲᠣᠮᠣ ᠡᠷᠦᠬᠡ᠂ ᠲᠠᠷᠢᠶᠠᠯᠠᠩ ᠤᠨ | ᠮᠠᠰᠢᠨ ᠤ ᠬᠤᠷᠰᠢᠶᠠᠯᠠᠯ ᠤᠨ ᠳᠠᠭᠠᠭᠤᠯᠤᠭᠴᠢ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠡ᠃ ᠲᠠᠷᠢᠶᠠᠯᠠᠩ ᠤᠨ | ᠮᠠᠰᠢᠨ ᠤ ᠠᠵᠢᠯ ᠮᠡᠷᠭᠡᠵᠢᠯ ᠤᠷ᠎ᠠ ᠴᠢᠳᠠᠪᠤᠷᠢ ᠶᠢ ᠨᠡᠭᠡᠭᠡᠨ ᠬᠦᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ | ᠲᠠᠷᠢᠶᠠᠯᠠᠩ ᠤᠨ ᠮᠠᠰᠢᠨ ᠢ ᠦᠢᠯᠡᠳᠪᠦᠷᠢᠯᠡᠬᠦ᠂ ᠰᠡᠯᠪᠢᠨ ᠵᠠᠰᠠᠬᠤ ᠵᠢᠴᠢ ᠬᠡᠷᠡᠭᠯᠡᠬᠦ ᠡᠮᠦᠨ᠎ᠡ ᠹᠷᠤᠨᠲ ᠲᠤ ᠠᠵᠢᠯᠯᠠᠵᠤ | ᠪᠠᠶᠢᠭ᠎ᠠ ᠨᠢᠭᠡ ᠪᠦᠯᠦᠭ ᠮᠡᠷᠭᠡᠵᠢᠯ ᠤᠨ ᠴᠢᠳᠠᠪᠤᠷᠢᠲᠠᠨ ᠢ ᠰᠢᠯᠢᠨ ᠰᠤᠩᠭᠤᠬᠤ ᠪᠠ ᠬᠦᠮᠦᠵᠢᠭᠦᠯᠦᠨ᠎ᠡ᠃ ᠦᠢᠯᠡᠴᠢᠯᠡᠭᠡ | ᠬᠤᠳᠠᠯᠳᠤᠨ ᠠᠪᠬᠤ᠂ ᠲᠦᠷᠦᠯ ᠵᠦᠢᠯ ᠢ ᠳᠡᠮᠵᠢᠬᠦ ᠵᠡᠷᠭᠡ ᠬᠡᠯᠪᠡᠷᠢ ᠮᠠᠶ᠋ᠢᠭ ᠢᠶᠠᠷ ᠳᠠᠮᠵᠢᠵᠦ᠂ ᠲᠠᠷᠢᠶᠠᠯᠠᠩ ᠤᠨ ᠮᠠᠰᠢᠨ | ᠦᠢᠯᠡᠳᠪᠦᠷᠢᠯᠡᠬᠦ ᠠᠵᠤ ᠠᠬᠤᠶᠢᠯᠠᠯ᠂ ᠲᠠᠷᠢᠶᠠᠯᠠᠩ ᠤᠨ ᠮᠠᠰᠢᠨ ᠤ ᠬᠤᠷᠰᠢᠶᠠᠯᠠᠯ ᠤᠨ ᠲᠠᠷᠢᠶᠠᠯᠠᠩ ᠤᠨ ᠮᠠᠰᠢᠨ ᠤ | ᠪᠤᠳᠠᠳᠤ ᠬᠡᠷᠡᠭᠯᠡᠭᠡᠨ ᠤ ᠤᠷ᠎ᠠ ᠴᠢᠳᠠᠪᠤᠷᠢᠲᠤ ᠴᠢᠳᠠᠪᠤᠷᠢᠲᠠᠨ ᠬᠦᠮᠦᠵᠢᠭᠦᠯᠬᠦ ᠶᠢ ᠳᠡᠮᠵᠢᠨ᠎ᠡ᠃ ᠦᠨᠳᠦᠰᠦᠨ ᠱᠠᠲᠤᠨ ᠤ | ᠲᠠᠷᠢᠶᠠᠯᠠᠩ ᠤᠨ ᠮᠠᠰᠢᠨ ᠢ ᠳᠡᠯᠭᠡᠷᠡᠭᠦᠯᠦᠭᠴᠢ ᠶᠢᠨ ᠠᠵᠢᠯ ᠤᠨ ᠪᠠᠶᠢᠷᠢ ᠶᠢᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ | ᠪᠠ ᠮᠡᠳᠡᠯᠭᠡ ᠶᠢᠨ ᠰᠢᠨᠡᠴᠢᠯᠡᠯ ᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢ ᠣᠶᠢᠯᠠᠭᠠᠬᠤ᠂ ᠮᠠᠯᠵᠢᠬᠤ | ᠲᠠᠷᠢᠶᠠᠯᠠᠬᠤ ᠤᠷᠤᠨ ᠳᠤ ᠬᠠᠶᠢᠷᠠᠲᠠᠢ ᠪᠦᠭᠡᠳ ᠮᠠᠯᠴᠢᠨ ᠲᠠᠷᠢᠶᠠᠴᠢᠳ ᠢ ᠲᠤᠳᠤᠨᠤᠴᠢᠯᠠᠨ ᠰᠠᠨᠠᠬᠤ ᠨᠢᠭᠡᠨ ᠰᠠᠯᠠᠭ᠎ᠠ | ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ᠎ᠠ᠃ ︵ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ | ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠢᠩᠬᠢᠮ ᠵᠡᠷᠭᠡ ᠬᠠᠷᠢᠭᠤᠴᠠᠨ᠎ᠠ︶ | ᠨᠠᠢᠮᠠ᠂ ᠵᠤᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ | ︵ᠨᠢᠭᠡ︶ ᠵᠤᠬᠢᠶᠠᠨ ᠪᠠᠶᠢᠭᠤᠯᠵᠤ ᠬᠡᠷᠡᠭᠵᠢᠭᠦᠯᠬᠦ ᠲᠤᠭᠲᠠᠴᠠ ᠶᠢ ᠪᠦᠷᠢᠨᠰᠢᠭᠦᠯᠦᠨ᠎ᠡ᠃ ᠦᠪᠡᠷᠲᠡᠭᠡᠨ ᠵᠠᠰᠠᠬᠤ | ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠢᠶᠠᠷ ᠲᠦᠷᠦᠭᠦᠯᠡᠭᠰᠡᠨ᠂ ᠬᠤᠯᠪᠤᠭᠳᠠᠯ ᠪᠦᠬᠦᠢ ᠰᠠᠯᠠᠭ᠎ᠠ | ᠮᠦᠴᠢᠷ ᠤᠳ ᠣᠷᠤᠯᠴᠠᠭᠰᠠᠨ ᠥᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ | ᠮᠧᠬᠠᠨᠢᠬᠵᠢᠭᠤᠯᠤᠯᠲᠠ ᠶᠢᠨ ᠬᠦᠭᠵᠢᠯᠲᠡ ᠶᠢ ᠵᠣᠬᠢᠴᠠᠭᠤᠯᠤᠨ ᠠᠬᠢᠭᠤᠯᠬᠤ ᠲᠤᠭᠲᠠᠴᠠ ᠶᠢ ᠪᠠᠶᠢᠭᠤᠯᠵᠤ᠂ ᠲᠠᠷᠢᠶᠠᠯᠠᠩ | ᠮᠠᠯ ᠠᠵᠤ ᠠᠬᠤᠢ ᠶᠢᠨ ᠮᠧᠬᠠᠨᠢᠬᠵᠢᠭᠤᠯᠤᠯᠳᠠ ᠪᠠ ᠲᠠᠷᠢᠶᠠᠯᠠᠩ ᠤᠨ ᠮᠠᠰᠢᠨ ᠤ ᠲᠤᠨᠤᠭ ᠲᠦᠬᠦᠭᠡᠷᠦᠮᠵᠢ ᠶᠢᠨ ᠠᠵᠤ | ᠦᠢᠯᠡᠰ ᠤᠨ ᠬᠦᠭᠵᠢᠯᠲᠡ ᠶᠢᠨ ᠠᠵᠢᠯ ᠢ ᠨᠢᠭᠡᠳᠦᠯᠲᠡᠢ ᠵᠣᠬᠢᠴᠠᠭᠤᠯᠵᠤ᠂ ᠳᠤᠪᠤᠶᠢᠮ᠎ᠠ ᠠᠰᠠᠭᠤᠳᠠᠯ ᠢ ᠰᠢᠯᠤᠭᠤᠳᠬᠠᠨ | ᠰᠢᠢᠳᠪᠦᠷᠢᠯᠡᠵᠣ᠂ ᠪᠠᠶᠢᠯᠳᠤᠬᠤ ᠪᠣᠳᠤᠯᠭ᠎ᠠ ᠶᠢᠨ ᠤᠬᠠᠭᠠᠯᠠᠨ ᠲᠦᠯᠦᠪᠯᠡᠬᠦ ᠪᠠ ᠠᠵᠢᠯ ᠤᠨ ᠵᠢᠯᠤᠭᠤᠳᠤᠯᠭ᠎ᠠ ᠶᠢ | ᠴᠢᠩᠭᠠᠳᠬᠠᠵᠤ᠂ ᠬᠦᠭᠵᠢᠯᠲᠡ ᠶᠢᠨ ᠶᠠᠪᠤᠴᠠ ᠳᠠᠬᠢ ᠬᠠᠷᠰᠢ ᠰᠠᠭᠠᠳ ᠢ ᠠᠷᠢᠯᠭᠠᠨ᠎ᠠ᠃ ᠴᠢᠬᠤᠯᠠ ᠶᠡᠭᠡ | ᠠᠰᠠᠭᠤᠳᠠᠯ ᠢ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠳᠤ ᠴᠠᠭ ᠲᠤᠬᠠᠢ ᠳᠤ ᠨᠢ | ᠮᠡᠳᠡᠭᠦᠯᠬᠦ ᠬᠡᠷᠡᠭᠲᠡᠢ᠃ ︵ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ | ᠮᠠᠯᠵᠢᠬᠤ ᠣᠷᠣᠨ ᠤ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠠᠴᠠ | ᠲᠦᠷᠦᠭᠦᠯᠡᠨ ᠬᠢᠵᠦ ᠬᠠᠷᠢᠭᠤᠴᠠᠨ᠎ᠠ︶ | ︵ᠬᠤᠶᠠᠷ︶ ᠤᠷᠤᠨ ᠨᠤᠲᠤᠭ ᠤᠨ ᠵᠠᠰᠠᠭ ᠤᠨ ᠣᠷᠳᠤᠨ ᠤ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ ᠨᠢ ᠲᠠᠷᠢᠶᠠᠯᠠᠩ ᠮᠠᠯ ᠠᠵᠤ ᠠᠬᠤᠢ ᠶᠢᠨ | ᠮᠧᠬᠠᠨᠢᠬᠵᠢᠭᠤᠯᠬᠤ ᠪᠠ ᠲᠠᠷᠢᠶᠠᠯᠠᠩ ᠤᠨ ᠮᠠᠰᠢᠨ ᠤ ᠲᠣᠨᠤᠭ ᠲᠦᠬᠦᠭᠡᠷᠦᠮᠵᠢ ᠶᠢᠨ ᠠᠵᠤ ᠦᠢᠯᠡᠰ ᠤᠨ | ᠬᠡᠯᠪᠡᠷᠢ ᠶᠢ ᠨᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠬᠤ ᠶᠢᠨ ᠴᠢᠬᠤᠯᠠ ᠠᠴᠢ ᠬᠤᠯᠪᠤᠭᠳᠠᠯ ᠢ ᠭᠦᠢᠴᠡᠳ | ᠲᠠᠨᠢᠵᠤ᠂ ᠲᠡᠭᠦᠨ ᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠤᠯᠭ᠎ᠠ ᠶᠢ ᠬᠡᠷᠡᠭᠵᠢᠭᠦᠯᠬᠦ | ᠪᠠ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠤᠨ ᠤ ᠤᠳᠤᠬᠢᠴᠢᠯᠠᠯᠲᠠ ᠶᠢ ᠠᠬᠢᠭᠤᠯᠬᠤ ᠶᠢᠨ | ᠴᠢᠬᠤᠯᠠ ᠠᠭᠤᠯᠭ᠎ᠠ ᠪᠣᠯᠭᠠᠵᠤ᠂ ᠲᠤᠰ ᠭᠠᠵᠠᠷ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ | ᠲᠦᠯᠦᠪᠵᠢᠭᠦᠯᠭᠡ ᠪᠠ ᠡᠳᠦᠷ ᠲᠤᠳᠤᠮ ᠤᠨ ᠵᠦᠪᠯᠡᠬᠦ ᠵᠦᠢᠯ ᠳᠤ ᠤᠷᠤᠭᠤᠯᠵᠤ᠂ ᠪᠤᠲᠠᠲᠠᠢ ᠲᠠᠢ ᠪᠠᠨ | ᠤᠶᠠᠯᠳᠤᠭᠤᠯᠵᠤ ᠪᠠᠶᠢᠭᠠᠳ ᠦᠨᠡᠨ ᠬᠦ ᠶᠠᠪᠤᠭᠳᠠᠭᠤᠰᠢᠲᠠᠢ ᠠᠵᠢᠯ ᠤᠨ ᠠᠷᠭ᠎ᠠ ᠬᠡᠮᠵᠢᠶ᠎ᠡ ᠶᠢ ᠲᠤᠭᠲᠠᠭᠠᠨ᠎ᠠ᠃ | ᠬᠠᠮᠵᠢᠯᠴᠠᠨ ᠠᠬᠢᠭᠤᠯᠬᠤ ᠲᠤᠭᠲᠠᠴᠠ ᠶᠢ ᠪᠠᠶᠢᠭᠤᠯᠵᠤ᠂ ᠰᠠᠯᠠᠭ᠎ᠠ ᠮᠦᠴᠢᠷ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠵᠠᠷᠤᠳᠠᠯ ᠤᠨ ᠪᠠᠳᠤᠯᠠᠭ᠎ᠠ ᠶᠢ ᠴᠢᠩᠭᠠᠳᠬᠠᠨ᠂ ᠠᠵᠢᠯ ᠤᠨ ᠬᠠᠮᠲᠤᠷᠠᠯ ᠤᠨ ᠬᠦᠴᠦᠨ ᠢ | ᠪᠦᠷᠢᠯᠳᠦᠭᠦᠯᠦᠨ᠎ᠡ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ | ᠬᠠᠷᠢᠭᠤᠴᠠᠨ᠎ᠠ︶ | ︵ᠭᠤᠷᠪᠠ︶ ᠵᠠᠰᠠᠭ ᠤᠨ ᠤᠷᠳᠤᠨ ᠪᠤᠯᠤᠨ ᠵᠠᠬ᠎ᠠ ᠳᠡᠯᠭᠡᠭᠦᠷ ᠤᠨ ᠰᠠᠶᠢᠨ ᠦᠢᠯᠡᠳᠦᠯᠴᠡᠯ ᠢ ᠠᠬᠢᠭᠤᠯᠤᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠤᠯᠳᠠ ᠶᠢ ᠠᠬᠢᠭᠤᠯᠬᠤ ᠶᠠᠪᠤᠴᠠ ᠳᠠᠬᠢ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠤᠨ ᠤ ᠬᠦᠲᠦᠯᠦᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠭᠤᠣᠯᠳᠠᠭᠤ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠲᠠᠯ᠎ᠠ ᠪᠠᠷ ᠳᠡᠮᠵᠢᠯᠭᠡ ᠦᠵᠡᠭᠦᠯᠵᠦ᠂ ᠵᠠᠬ᠎ᠠ ᠳᠡᠯᠭᠡᠭᠦᠷ ᠲᠤ | ᠨᠡᠩ ᠣᠯᠠᠨ ᠬᠦᠭᠵᠢᠯᠲᠡ ᠶᠢᠨ ᠣᠷᠤᠨ ᠵᠠᠢ ᠶᠢ ᠪᠦᠷᠢᠯᠳᠦᠭᠦᠯᠵᠦ ᠥᠭᠭᠦᠨ᠎ᠡ᠃ ᠲᠠᠷᠢᠶᠠᠯᠠᠩ ᠤᠨ ᠮᠠᠰᠢᠨ ᠤ ᠲᠣᠨᠤᠭ | ᠲᠦᠬᠦᠭᠡᠷᠦᠮᠵᠢ ᠶᠢᠨ ᠠᠵᠤ ᠦᠢᠯᠡᠰ ᠪᠠ ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠤᠯᠲᠠ ᠶᠢᠨ | ᠬᠠᠮᠢᠶᠠᠷᠤᠯᠲᠠ ᠶᠢᠨ ᠬᠦᠷᠢᠶ᠎ᠡ ᠴᠠᠷᠠᠭᠠᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ | ᠭᠦᠨᠵᠡᠭᠡᠢ ᠠᠬᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠤᠭᠴᠠ ᠶᠢᠨ ᠢᠳᠡᠪᠬᠢ ᠴᠢᠨᠠᠷ᠂ | ᠰᠠᠨᠠᠭᠠᠴᠢᠯᠠᠭᠠᠲᠤ ᠴᠢᠨᠠᠷ ᠪᠠ ᠡᠭᠦᠳᠦᠨ ᠪᠦᠲᠦᠭᠡᠬᠦ ᠴᠢᠨᠠᠷ ᠢ ᠳᠠᠶᠢᠴᠢᠯᠠᠨ᠎ᠠ᠃ ᠠᠵᠢᠯ ᠲᠥᠷᠥᠯ ᠤᠨ ᠪᠡᠶ᠎ᠡ ᠪᠠᠨ | ᠱᠠᠭᠠᠷᠳᠠᠬᠤ᠂ ᠮᠡᠳᠡᠭᠡ ᠵᠠᠩᠭᠢ ᠰᠤᠯᠢᠯᠴᠠᠬᠤ ᠵᠡᠷᠭᠡ ᠲᠠᠯ᠎ᠠ ᠪᠠᠷ ᠬᠢ ᠠᠵᠢᠯ ᠲᠥᠷᠥᠯ ᠤᠨ ᠨᠡᠶᠢᠭᠡᠮᠯᠢᠭ ᠤᠨ | ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ | ᠦᠢᠯᠡᠴᠢᠯᠡᠬᠦ ᠶᠢᠨ ᠬᠠᠮᠲᠤ ᠬᠦᠲᠦᠯᠦᠨ ᠵᠢᠯᠤᠭᠤᠳᠤᠨ᠎ᠠ᠃ ᠶᠠᠷᠢᠶ᠎ᠠ ᠬᠡᠯᠡᠯᠴᠡᠭᠡ ᠶᠢ ᠬᠦᠲᠦᠯᠦᠨ ᠴᠢᠩᠭᠠᠳᠬᠠᠵᠤ᠂ | ᠲᠠᠷᠢᠶᠠᠯᠠᠩ ᠮᠠᠯ ᠠᠵᠤ ᠠᠬᠤᠢ ᠶᠢᠨ ᠮᠧᠬᠠᠨᠢᠬᠵᠢᠭᠤᠯᠬᠤ ᠪᠠ ᠲᠠᠷᠢᠶᠠᠯᠠᠩ ᠤᠨ ᠮᠠᠰᠢᠨ ᠤ ᠲᠣᠨᠤᠭ | ᠲᠦᠬᠦᠭᠡᠷᠦᠮᠵᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦᠯᠬᠦ ᠶᠢ ᠲᠦᠷᠭᠡᠳᠭᠡᠨ | ᠠᠬᠢᠭᠤᠯᠬᠤ ᠰᠠᠶᠢᠨ ᠰᠠᠶᠢᠬᠠᠨ ᠣᠷᠴᠢᠨ ᠠᠬᠤᠢ ᠶᠢ ᠴᠢᠷᠮᠠᠶᠢᠨ ᠪᠣᠢ ᠪᠣᠯᠭᠠᠨ᠎ᠠ᠃ ︵ᠦᠪᠡᠷᠲᠡᠭᠡᠨ ᠵᠠᠰᠠᠬᠤ ᠤᠷᠤᠨ ᠤ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ ᠶᠢᠨ ᠲᠢᠩᠬᠢᠮ ᠵᠡᠷᠭᠡ ᠬᠠᠷᠢᠭᠤᠴᠠᠨ᠎ᠠ︶ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |