ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠤᠷᠤᠯᠴᠠᠬᠤ ᠲᠦᠯᠦᠭᠡᠯᠡᠭᠴᠢᠳ ᠬᠦᠭᠡᠬᠤᠳᠠ ᠳᠤ ᠬᠦᠷᠴᠤ ᠢᠷᠡᠪᠡ
ᠨᠡᠶᠢᠲᠡᠯᠡᠭᠰᠡᠨ ᠴᠠᠭ᠄
2020/1/11
     1 ᠰᠠᠷ᠎ᠠ ᠶᠢᠨ 10᠎ ᠤ ᠡᠳᠦᠷ ᠤᠨ 20 ᠴᠠᠭ ᠪᠣᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠤᠷᠤᠯᠴᠠᠬᠤ ᠡᠯ᠎ᠠ ᠠᠶᠢᠮᠠᠬ ᠬᠤᠳᠠ ᠶᠢᠨ ᠲᠦᠯᠦᠭᠡᠯᠡᠭᠴᠢᠳ ᠪᠦᠬᠦᠨ ᠢᠶᠠᠷ ᠢᠶᠠᠨ ᠬᠦᠭᠡᠬᠤᠳᠠ ᠳᠤ ᠬᠦᠷᠤᠯᠴᠠᠨ ᠢᠷᠡᠵᠦ᠂ ᠰᠠᠭᠤᠭ᠎ᠠ ᠭᠠᠵᠠᠷ ᠲᠠᠭᠠᠨ ᠨᠡᠷ᠎ᠠ ᠮᠡᠳᠡᠭᠦᠯᠪᠡ᠃      ᠦᠨᠳᠦᠰᠦᠨ ᠱᠠᠳᠤᠨ ᠳᠤ ᠠᠩᠬᠠᠷᠤᠯ ᠢᠶᠠᠨ ᠬᠠᠨᠳᠤᠭᠤᠯᠵᠦ᠂ ᠠᠷᠠᠳ ᠤᠨ ᠠᠮᠢᠳᠤᠷᠠᠯ ᠢ ᠬᠠᠯᠠᠮᠵᠢᠯᠠᠬᠤ ᠨᠢ ᠲᠦᠯᠦᠭᠡᠯᠡᠭᠴᠢᠳ ᠤᠨ ᠬᠠᠮᠤᠭ ᠠᠴᠠ ᠤᠷᠮᠠᠳᠠᠢ ᠶᠠᠷᠢᠯᠴᠠᠬᠤ ᠰᠡᠳᠦᠪ ᠪᠤᠯᠤᠨ᠎ᠠ᠃ ᠬᠢᠨᠭ᠍ᠭᠠᠨ ᠠᠶᠢᠮᠠᠬ ᠤᠨ ᠬᠤᠷᠴᠢᠨ ᠪᠠᠷᠠᠭᠤᠨ ᠭᠠᠷᠤᠨ ᠡᠮᠦᠨᠡᠳᠤ ᠬᠤᠰᠢᠭᠤᠨ ᠠᠴᠠ ᠢᠷᠡᠭᠰᠡᠨ ᠭᠦᠸᠧ ᠯᠢ ᠯᠢ ᠲᠦᠯᠦᠭᠡᠯᠡᠭᠴᠢ ᠨᠢᠳᠣᠨᠣᠨ 51 ᠶᠠᠳᠠᠭᠤ ᠬᠦᠴᠢᠷᠳᠠᠯᠳᠠᠢ ᠡᠷᠦᠭᠡ᠂ 37 ᠬᠠᠮᠤᠭ ᠤᠨ ᠰᠠᠶᠢᠬᠠᠨ ᠭᠡᠷ ᠪᠦᠯᠢ ᠶᠢ ᠲᠠᠶᠢᠴᠢᠯᠠᠵᠦ ᠬᠦᠷᠢᠶ᠎ᠡ ᠬᠠᠰᠢᠶᠠᠨ ᠤ ᠠᠵᠦ ᠠᠬᠤᠢ ᠡᠷᠬᠢᠯᠡᠵᠦ ᠡᠷᠳᠡᠨᠢ ᠰᠢᠰᠢ ᠲᠠᠷᠢᠭᠤᠯᠣᠭᠰᠠᠨ ᠪᠦᠭᠡᠳ ᠬᠤᠷᠢᠶᠠᠭᠰᠠᠨ ᠡᠷᠳᠡᠨᠢ ᠰᠢᠰᠢ ᠶᠢ ᠡᠭᠡᠭᠦᠯᠦᠨ ᠬᠤᠳᠠᠯᠳᠤᠨ ᠠᠪᠤᠬᠰᠠᠨ ᠤ ᠲᠠᠷᠠᠭ᠎ᠠ ᠡᠳ᠋ᠰᠢᠭᠦᠯᠵᠦ ᠡᠯᠧᠺᠲᠷᠣᠨ ᠬᠤᠳᠠᠯᠳᠤᠭᠠᠨ ᠤ ᠲᠠᠪᠴᠠᠩ ᠢᠶᠠᠷ ᠢᠶᠠᠨ ᠪᠤᠷᠤᠯᠠᠭᠤᠯᠵᠣ᠂ ᠡᠳᠡᠭᠡᠷ ᠲᠠᠷᠢᠶᠠᠴᠢᠨ ᠡᠷᠦᠬᠡ ᠶᠢᠨ ᠤᠷᠤᠯᠭ᠎ᠠ ᠶᠢ ᠡᠷᠦᠭᠡ ᠪᠦᠷᠢ ᠳᠣᠮᠳᠠᠴᠢ ᠪᠠᠷ 2500 ᠲᠦᠭᠦᠷᠢᠭ ᠠᠴᠠ ᠲᠡᠭᠡᠭᠰᠢ ᠨᠡᠮᠡᠭᠳᠡᠭᠦᠯᠪᠡ᠃ ᠭᠦᠸᠧ ᠯᠢ ᠯᠢ ᠮᠦᠨ ᠯᠡ ᠦᠪᠡᠷᠳᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠦᠢᠯᠡᠰ ᠪᠤᠰᠬᠠᠬᠤ ᠵᠢᠴᠢ ᠠᠷᠠᠳ ᠤᠨ ᠠᠮᠢᠳᠤᠷᠠᠯ ᠤᠨ ᠲᠠᠯ᠎ᠠ ᠶᠢᠨ ᠲᠦᠷᠦ ᠶᠢᠨ ᠪᠤᠳᠤᠯᠭ᠎ᠠ ᠶᠢ ᠬᠠᠮᠤᠭ ᠠᠴᠠ ᠠᠩᠬᠠᠷᠤᠨ ᠬᠠᠯᠠᠮᠵᠢᠯᠠᠵᠦ ᠪᠠᠶᠢᠨ᠎ᠠ᠃ ︽ᠦᠢᠯᠡᠰ ᠪᠤᠰᠬᠠᠬᠤ ᠳᠤ ᠰᠠᠶᠢᠨ ᠲᠦᠷᠦ ᠶᠢᠨ ᠪᠤᠳᠤᠯᠭ᠎ᠠ᠂ ᠰᠠᠶᠢᠨ ᠬᠤᠳᠠᠯᠳᠤᠭ᠎ᠠ ᠡᠵᠡᠩᠨᠡᠭᠦ ᠤᠷᠴᠢᠨ ᠲᠤᠭᠤᠷᠢᠨ ᠪᠠᠶᠢᠬᠤ ᠬᠡᠷᠡᠭᠳᠡᠢ᠃ ᠡᠶᠢᠮᠦ ᠠᠴᠠ ᠪᠢ ᠦᠪᠡᠷᠳᠡᠭᠡᠨ ᠵᠠᠰᠠᠬᠤ ᠤᠷᠤᠨ ᠠᠴᠠ ᠶᠡᠭᠡ ᠬᠤᠷᠠᠯ ᠲᠡᠭᠡᠷ᠎ᠠ ᠶᠠᠮᠠᠷ ᠶᠠᠮᠠᠷ ᠰᠠᠶᠢᠨ ᠲᠦᠷᠦ ᠶᠢᠨ ᠪᠤᠳᠤᠯᠭ᠎ᠠ ᠭᠠᠷᠭᠠᠬᠤ ᠶᠢ ᠣᠨᠴᠠᠭᠠᠢ ᠠᠩᠬᠠᠷᠴᠣ ᠪᠠᠶᠢᠨ᠎ᠠ᠃ ᠪᠢ ᠪᠠᠰᠠ ᠭᠡᠷ ᠪᠦᠯᠢ ᠶᠢᠨ ᠠᠮᠤᠷ ᠲᠦᠪᠰᠢᠨ ᠤ ᠬᠦᠮᠦᠵᠢᠯ ᠢ ᠴᠢᠩᠭᠠᠳᠬᠠᠬᠤ ᠲᠤᠬᠠᠢ ᠰᠠᠨᠠᠭᠤᠯᠭ᠎ᠠ ᠪᠠᠨ ᠶᠡᠭᠡ ᠬᠤᠷᠠᠯ ᠳᠤ ᠲᠡᠪᠰᠢᠭᠦᠯᠭᠦ ᠪᠠᠷ ᠪᠠᠶᠢᠨ᠎ᠠ︾ ᠭᠡᠵᠦ ᠲᠡᠷᠡ ᠬᠡᠯᠡᠨ᠎ᠡ᠃      ᠶᠡᠭᠡ ᠬᠤᠷᠠᠯ ᠳᠤ ᠴᠢᠨᠠᠷᠯᠢᠭ ᠰᠠᠨᠠᠯ ᠰᠠᠨᠠᠭᠤᠯᠭ᠎ᠠ ᠲᠡᠪᠰᠢᠭᠦᠯᠭᠦ ᠶᠢᠨ ᠲᠦᠯᠦᠭᠡ᠂ ᠲᠦᠡᠭᠯᠢᠶᠤᠤ ᠬᠤᠳᠠ ᠶᠢᠨ ᠬᠤᠷᠴᠢᠨ ᠲᠤᠭᠤᠷᠢᠭ ᠠᠴᠠ ᠢᠷᠡᠭᠰᠡᠨ ᠬᠠᠰᠪᠦ᠋ᠭᠡ ᠲᠦᠯᠦᠭᠡᠯᠡᠭᠴᠢ ᠦᠪᠡᠷ ᠤᠨ ᠠᠩᠬᠠᠷᠤᠨ ᠬᠠᠯᠠᠮᠵᠢᠯᠠᠵᠦ ᠪᠠᠶᠢᠭ᠎ᠠ ᠠᠰᠠᠭᠤᠳᠠᠯ ᠤᠨ ᠢᠶᠠᠨ ᠲᠤᠭᠤᠷᠢᠨ ᠳᠤ ᠮᠠᠰᠢ ᠤᠯᠠᠨ ᠪᠤᠳᠠᠳᠠᠢ ᠵᠢᠱᠢᠶ᠎ᠠ ᠡᠷᠢᠵᠦ᠂ ᠮᠠᠲ᠋ᠧᠷᠢᠶᠠᠯ ᠬᠤᠷᠠᠮᠳᠤᠭᠤᠯᠤᠬᠰᠠᠨ ᠪᠠᠶᠢᠯ᠎ᠠ᠃ ᠲᠡᠷᠡ ᠮᠦᠨ ᠠᠷᠠᠳ ᠤᠨ ᠠᠮᠢᠳᠤᠷᠠᠯ ᠢ ᠬᠠᠯᠠᠮᠵᠢᠯᠠᠵᠦ᠂ ᠤᠯᠠᠨ ᠲᠦᠮᠡᠨ ᠢ ᠬᠡᠷᠭᠢᠨ ᠬᠦᠳᠦᠯᠦᠨ ᠵᠢᠯᠤᠭᠤᠳᠴᠤ ᠢᠳᠡᠪᠭᠢᠳᠡᠢ ᠪᠠᠷ ᠤᠶᠤᠨ ᠤ ᠠᠮᠢᠳᠤᠷᠠᠯ ᠢ ᠨᠢ ᠪᠠᠶᠠᠯᠢᠬᠵᠢᠭᠤᠯᠬᠤ ᠵᠢᠴᠢ ᠪᠠᠭᠠᠴᠤᠳ ᠬᠡᠤᠭᠡᠳ ᠤᠨ ᠪᠡᠶ᠎ᠠ ᠰᠡᠳᠭᠢᠴᠡ ᠶᠢᠨ ᠡᠷᠡᠭᠦᠯ ᠢᠶᠠᠷ ᠦᠰᠦᠨ ᠪᠤᠶᠢᠵᠢᠬᠤ ᠶᠢ ᠰᠠᠶᠢᠳᠤᠷ ᠠᠳᠬᠤᠵᠦ ᠬᠤᠵᠢᠮ ᠨᠡᠶᠢᠭᠡᠮ ᠨᠡᠶᠢᠳᠡ ᠳᠤ ᠨᠡᠩ ᠲᠤᠰᠠᠳᠠᠢ ᠬᠦᠮᠦᠨ ᠪᠤᠯᠭᠠᠬᠤ ᠲᠠᠯ᠎ᠠ ᠠᠴᠠ ᠶᠡᠭᠡ ᠬᠤᠷᠠᠯ ᠳᠤ ᠰᠠᠨᠠᠯ ᠰᠠᠨᠠᠭᠤᠯᠭ᠎ᠠ ᠲᠡᠪᠰᠢᠭᠦᠯᠭᠦ ᠪᠠᠷ ᠢᠳᠡᠭᠡᠯ ᠲᠦᠭᠦᠷᠡᠩ ᠢᠷᠡᠭᠰᠨᠨ ᠪᠢᠯᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号