ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠢᠢᠯᠠᠩ ᠬᠤᠷᠠᠯ ᠬᠤᠷᠠᠯᠳᠤᠭᠤᠯᠵᠦ ᠨᠠᠮ ᠤᠨ ᠲᠥᠪ ᠬᠤᠷᠢᠶᠠᠨ ᠤ ᠤᠯᠤᠰ ᠲᠥᠷᠦ ᠶᠢᠨ ᠲᠣᠪᠴᠢᠶᠠᠨ ᠤ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ ᠪᠦ᠋ ᠰᠢᠶᠣᠤ ᠯᠢᠨ ᠬᠤᠷᠠᠯ ᠢ ᠡᠷᠬᠢᠯᠡᠵᠠᠢ
ᠨᠡᠶᠢᠲᠡᠯᠡᠭᠰᠡᠨ ᠴᠠᠭ᠄
2020/1/13
     1 ᠰᠠᠷ᠎ᠠ ᠶᠢᠨ 10᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠢᠢᠯᠠᠩ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠦ ᠶᠢᠨ ᠲᠣᠪᠴᠢᠶᠠᠨ ᠤ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠦ ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ ᠪᠦ᠋ ᠰᠢᠶᠣᠤ ᠯᠢᠨ ᠬᠤᠷᠠᠯ ᠢ ᠡᠷᠬᠢᠯᠡᠵᠦ ᠶᠠᠷᠢᠶ᠎ᠠ ᠲᠠᠯᠪᠢᠪᠠ᠃      ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠢᠢᠯᠠᠩ ᠵᠢᠴᠢ ᠡᠯ᠎ᠡ ᠪᠦᠷᠢᠯᠳᠦᠬᠦᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭᠠᠨ ᠤ ᠮᠦᠨ ᠴᠢᠨᠠᠷ ᠪᠣᠯᠤᠨ ᠡᠯᠪᠡᠭ ᠪᠠᠶᠠᠯᠢᠭ ᠳᠤᠳᠤᠭᠠᠳᠦ ᠠᠭᠤᠯᠬᠤᠨ ᠢ ᠬᠦᠨᠵᠡᠭᠡᠢ ᠤᠢᠢᠯᠠᠭᠠᠨ ᠡᠵᠡᠮᠰᠢᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠦᠨᠡᠨ ᠬᠦ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ︽ᠳᠥᠷᠪᠡᠨ ᠤᠬᠠᠮᠰᠠᠷ︾᠂ ︽ᠳᠥᠷᠪᠡᠨ ᠢᠲᠡᠭᠡᠯ︾ ᠪᠣᠯᠤᠨ ︽ᠬᠤᠶᠠᠷ ᠢ ᠬᠠᠮᠠᠭᠠᠯᠠᠬᠤ︾᠎ ᠶᠢ ᠠᠵᠢᠯᠯᠠᠭ᠎ᠠ ᠳᠤᠮᠳᠠ ᠪᠠᠨ ᠨᠠᠶᠢᠳᠠᠪᠤᠷᠢᠵᠢᠭᠤᠯᠵᠦ᠂ ᠠᠵᠢᠯ ᠤᠨ ᠦᠷ᠎ᠡ ᠪᠦᠲᠦᠮᠵᠢ ᠳᠡᠭᠡᠷ᠎ᠡ ᠪᠠᠨ ᠢᠯᠡᠷᠡᠭᠦᠯᠬᠦ ᠬᠡᠷᠡᠭᠲᠡᠶ᠃ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠵᠦ᠂ ᠤᠭ ᠰᠠᠨᠠᠭ᠎ᠠ ᠪᠠᠨ ᠦᠯᠦ ᠮᠠᠷᠲᠠᠵᠦ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠶᠢ ᠵᠠᠪᠠᠯ ᠰᠤᠷᠬᠤ ᠬᠢᠴᠢᠶᠡᠯ᠂ ᠦᠷᠭᠦᠯᠵᠢ ᠰᠤᠷᠬᠤ ᠬᠢᠴᠢᠶᠡᠯ ᠪᠣᠯᠭᠠᠵᠤ᠂ ᠮᠠᠨ ᠤ ᠨᠠᠮ ᠤᠨ ᠰᠢᠨᠵᠢ ᠴᠢᠨᠠᠷ᠂ ᠮᠠᠨ ᠤ ᠨᠠᠮ ᠤᠨ ᠠᠭᠤᠤ ᠶᠡᠭᠡ ᠲᠡᠮᠡᠴᠡᠯ ᠤᠨ ᠥᠩᠭᠡᠷᠡᠯᠲᠡ ᠶᠢ ᠢᠮᠠᠭᠲᠠ ᠪᠠᠲᠤ ᠴᠡᠭᠡᠵᠢᠯᠡᠵᠦ᠂ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠤᠯ ᠮᠠᠨ ᠤ ᠨᠠᠮ ᠎ ᠤᠨ ᠲᠡᠮᠡᠴᠡᠯ ᠦᠷᠨᠢᠬᠦᠯᠵᠦ᠂ ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠣᠯᠤᠭᠰᠠᠨ ᠦᠨᠳᠦᠰᠦᠨ ᠰᠢᠯᠳᠠᠭᠠᠨ ᠮᠦᠨ ᠭᠡᠳᠡᠭ ᠢ ᠢᠮᠠᠬᠳᠠ ᠳᠤᠳᠤᠷᠬᠠᠢ ᠲᠠᠨᠢᠵᠦ᠂ ᠡᠪ ᠬᠠᠮᠲᠤᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠣᠯ ᠬᠦᠰᠡᠯᠡᠩ ᠢᠶᠠᠷ ᠲᠤᠯᠭᠠᠭᠤᠷᠢᠯᠠᠵᠤ᠂ ᠢᠲᠡᠭᠡᠯ ᠪᠢᠰᠢᠷᠡᠯ ᠢᠶᠠᠨ ᠪᠠᠲᠤ ᠰᠠᠬᠢᠳᠠᠭ ᠭᠡᠳᠡᠭ ᠎ ᠢ ᠢᠮᠠᠬᠳᠠ ᠳᠤᠳᠤᠷᠬᠠᠢ ᠲᠠᠨᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠬᠤ ᠰᠡᠳᠬᠢᠬᠦ ᠦᠢᠯᠡᠳᠦᠯᠭᠡᠵᠢᠬᠦᠯᠬᠦ ᠤᠬᠠᠬᠤ᠂ ᠪᠠᠷᠢᠮᠵᠢᠶᠠᠯᠠᠨ ᠬᠠᠷᠭᠤᠭᠤᠯᠬᠤ ᠳᠤᠮᠳᠠ᠂ ᠡᠪ ᠬᠠᠮᠲᠤᠴᠤᠳ ᠤᠨ ᠣᠶᠤᠨ ᠰᠠᠨᠠᠭᠠᠨ ᠎ ᠤ ᠭᠡᠷ ᠣᠷᠣᠨ ᠢᠶᠠᠨ ᠰᠠᠶᠢᠲᠤᠷ ᠪᠠᠲᠤ ᠰᠠᠬᠢᠬᠤ ᠭᠡᠷᠡᠭᠲᠡᠢ᠃ ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ︽ᠭᠡᠨ ᠤ ᠲᠦᠯᠦᠭᠡ᠂ ᠭᠡᠨ ᠳᠤ ᠲᠦᠰᠢᠭᠯᠡᠬᠦ︾ ᠭᠡᠳᠡᠭ ᠠᠰᠠᠭᠤᠳᠠᠯ ᠢ ᠦᠨᠡᠨ ᠬᠦ ᠰᠠᠶᠢᠲᠤᠷ ᠰᠢᠢᠳᠪᠤᠷᠢᠯᠡᠬᠦ ᠬᠡᠷᠡᠭᠲᠡᠶ᠃ ᠥᠷᠢᠰᠥᠯᠳᠦᠭᠡᠨ ᠣᠯᠠᠨ ᠪᠣᠯᠬᠤ ᠳᠣᠳᠥᠮ᠂ ᠡᠭᠦᠷᠭᠡ ᠬᠦᠨᠳᠦ ᠵᠠᠮ ᠬᠤᠯᠠ ᠪᠣᠯᠬᠤ ᠳᠣᠳᠥᠮ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠶ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠳᠡᠭᠡᠷ᠎ᠡ ᠢᠯᠡᠷᠡᠭᠦᠯᠬᠦ ᠬᠡᠷᠡᠭᠲᠡᠶ᠃ ᠳᠦᠷᠢᠮ ᠤᠨ ᠤᠬᠠᠮᠰᠠᠷ  ᠢᠶᠠᠨ ᠴᠢᠩᠭᠠᠳᠬᠠᠵᠤ᠂ ᠳᠦᠷᠢᠮ ᠢ ᠬᠡᠷᠡᠭᠵᠢᠭᠦᠯᠬᠦ ᠦᠯᠢᠭᠡᠷ ᠳᠠᠭᠤᠷᠢᠶᠠᠯ ᠪᠣᠯᠬᠤ ᠬᠡᠷᠡᠭᠲᠡᠶ᠃ ᠵᠠᠰᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠲᠣᠳᠣᠷᠬᠠᠢ᠂ ᠬᠠᠤᠯᠢ ᠶᠣᠰᠣᠭᠠᠷ ᠵᠠᠰᠠᠭ ᠶᠠᠪᠤᠭᠤᠯᠬᠤ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ ᠭᠡᠷᠡᠭᠲᠡᠢ᠃ ᠠᠰᠠᠭᠤᠳᠠᠯ ᠳᠤ ᠰᠢᠭᠤᠳ ᠬᠠᠨᠳᠤᠬᠤ ᠤᠬᠠᠮᠰᠠᠷ ᠪᠣᠯᠤᠨ ᠬᠢᠲᠤᠭᠠᠨ ᠤ ᠢᠷ ᠢ ᠳᠣᠲᠣᠭᠰᠢ ᠪᠠᠨ ᠬᠠᠨᠳᠤᠭᠤᠯᠬᠤ ᠰᠥᠰᠥ ᠵᠣᠷᠢᠭ ᠲᠠᠢ ᠪᠠᠶᠢᠵᠤ᠂ ᠴᠢᠩᠭ᠎ᠠ ᠱᠠᠭᠠᠷᠳᠠᠬᠤ᠂ ᠠᠷᠢᠭᠤᠨ ᠴᠢᠭᠡᠴᠢ ᠪᠠᠷ ᠵᠠᠰᠠᠭ ᠶᠠᠪᠤᠭᠤᠯᠬᠤ ᠲᠠᠯ᠎ᠠ ᠪᠠᠷ ᠪᠦᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠳᠤ ᠳᠠᠭᠤᠷᠢᠶᠠᠯ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠵᠠᠢ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠢᠢᠯᠠᠩ ᠤᠨ 2020 ᠣᠨ ᠤ ᠭᠤᠤᠯᠳᠠᠯᠭ᠎ᠠ ᠲᠠᠢ ᠠᠵᠢᠯ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号