ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ 1 ᠰᠠᠷ᠎ᠠ ᠶᠢᠨ 12᠎ ᠠᠴᠠ 16᠎ ᠤ ᠡᠳᠦᠷ ᠪᠤᠯᠳᠠᠯ᠎ᠠ ᠬᠦᠭᠡᠬᠤᠳᠠ ᠳᠤ ᠬᠤᠷᠠᠯᠳᠤᠨ᠎ᠠ
ᠨᠡᠶᠢᠲᠡᠯᠡᠭᠰᠡᠨ ᠴᠠᠭ᠄
2020/1/13
     1 ᠰᠠᠷ᠎ᠠ ᠶᠢᠨ 11᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠰᠤᠨᠢᠨ ᠮᠡᠳᠡᠭᠡ ᠨᠡᠶᠢᠳᠡᠯᠡᠭᠦ ᠬᠤᠷᠠᠯ ᠬᠢᠵᠦ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠪᠡᠯᠡᠳᠭᠡᠯ ᠠᠵᠢᠯ ᠨᠢᠭᠡᠨᠳᠡ ᠵᠦᠭᠰᠢᠷᠡᠵᠦ᠂ 1 ᠰᠠᠷ᠎ᠠ ᠶᠢᠨ 12 ᠎ ᠤᠨ ᠡᠳᠦᠷ ᠠᠴᠠ 16᠎ ᠤ ᠡᠳᠦᠷ ᠪᠤᠯᠳᠠᠯ᠎ᠠ ᠬᠦᠭᠡᠬᠤᠳᠠ ᠳᠤ ᠬᠤᠷᠠᠯᠳᠤᠵᠦ᠂ 4 ᠡᠳᠦᠷ ᠬᠠᠭᠠᠰ ᠶᠠᠪᠤᠬᠳᠠᠬᠤ ᠪᠠᠷ ᠪᠠᠶᠢᠭ᠎ᠠ ᠶᠢ ᠨᠡᠶᠢᠳᠡᠯᠡᠪᠡ᠃      ᠰᠣᠨᠢᠨ ᠮᠡᠳᠡᠭᠡ ᠨᠡᠶᠢᠳᠡᠯᠡᠬᠦ ᠬᠤᠷᠠᠯ ᠠᠴᠠ ᠶᠡᠭᠡ ᠬᠤᠷᠠᠯ ᠤᠨ ᠴᠢᠬᠤᠯᠠ ᠠᠴᠢ ᠬᠤᠯᠪᠣᠭᠳᠠᠯ ᠪᠠ ᠵᠢᠯᠣᠭᠤᠳᠬᠤ ᠦᠵᠡᠯ ᠰᠠᠨᠠᠭ᠎ᠠ ᠶᠢ ᠵᠠᠷᠯᠠᠨ ᠮᠡᠳᠡᠭᠳᠡᠵᠦ᠂ ᠶᠡᠭᠡ ᠬᠤᠷᠠᠯ ᠤᠨ ᠪᠡᠯᠡᠳᠭᠡᠯ ᠠᠵᠢᠯ ᠤᠨ ᠪᠠᠶᠢᠳᠠᠯ ᠪᠠ ᠵᠦᠪᠯᠡᠬᠦ ᠵᠦᠢᠯ ᠡᠳᠦᠷ ᠤᠨ ᠳᠠᠷᠠᠭᠠᠯᠠᠯ ᠵᠡᠷᠭᠡ ᠶᠢ ᠳᠠᠨᠢᠯᠴᠠᠭᠤᠯᠵᠣ᠂ ᠬᠤᠷᠠᠯ ᠤᠨ ᠰᠣᠷᠳᠠᠯ ᠬᠤᠷᠠᠯ ᠤᠨ ᠰᠠᠬᠢᠯᠭ᠎ᠠ ᠪᠠᠳᠣ ᠪᠠ ᠣᠬᠠᠭᠤᠯᠣᠨ ᠮᠡᠳᠡᠭᠡᠯᠡᠬᠦ ᠠᠵᠢᠯ ᠢ ᠪᠠᠶᠢᠷᠢᠯᠠᠭᠤᠯᠪᠠ᠃ ᠳᠠᠨᠢᠯᠴᠠᠭᠤᠯᠣᠭᠰᠠᠨ ᠢᠶᠠᠷ᠂ ᠶᠡᠭᠡ ᠬᠤᠷᠠᠯ ᠳᠤ ᠨᠡᠶᠢᠳᠡ 4 ᠤᠳᠠᠭ᠎ᠠ ᠶᠢᠨ ᠪᠦᠭᠦᠳᠡ ᠬᠤᠷᠠᠯ᠂ 3 ᠤᠳᠠᠭ᠎ᠠ ᠶᠢᠨ ᠲᠡᠷᠢᠭᠦᠯᠡᠭᠴᠢᠳ ᠤᠨ ᠪᠦᠯᠭᠦᠮ ᠤᠨ ᠬᠤᠷᠠᠯ ᠲᠤᠬᠢᠷᠠᠭᠤᠯᠪᠠ᠃ ᠬᠤᠷᠠᠯ ᠤᠨ ᠬᠤᠭᠤᠴᠠᠭᠠᠨ ᠳᠤ ᠵᠠᠰᠠᠬ ᠤᠨ ᠤᠷᠳᠤᠨ ᠤ ᠠᠵᠢᠯ ᠤᠨ ᠢᠯᠡᠳᠭᠡᠯ᠂ ᠲᠦᠯᠦᠪᠯᠡᠭᠡ ᠶᠢᠨ ᠮᠡᠳᠡᠭᠦᠯᠦᠯᠳᠡ᠂ ᠲᠦᠰᠦᠪ ᠤᠨ ᠮᠡᠳᠡᠭᠦᠯᠦᠯᠳᠡ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠪᠠ ︽ᠬᠤᠶᠠᠷ ᠬᠤᠷᠢᠶ᠎ᠠ︾᠎ ᠶᠢᠨ ᠮᠡᠳᠡᠭᠦᠯᠦᠯᠳᠡ ᠵᠡᠷᠭᠡ 6 ᠢᠯᠡᠳᠭᠡᠯ ᠮᠡᠳᠡᠭᠦᠯᠦᠯᠳᠡ ᠶᠢ ᠬᠢᠨᠠᠨ ᠪᠠᠶᠢᠴᠠᠭᠠᠬᠤ ᠪᠠ ᠵᠦᠪᠰᠢᠶᠡᠷᠡᠨ᠎ᠠ︔ ᠵᠠᠰᠠᠬ ᠤᠨ ᠤᠷᠳᠤᠨ ᠤ ᠠᠵᠢᠯ ᠤᠨ ᠢᠯᠡᠳᠭᠡᠯ᠂ ᠲᠦᠯᠦᠪᠯᠡᠭᠡ᠂ ᠲᠦᠰᠤᠪ ᠤᠨ ᠮᠡᠳᠡᠭᠦᠯᠦᠯᠳᠡ ᠪᠠ ᠰᠤᠩᠭᠤᠭᠤᠯᠢ ᠶᠢᠨ ᠠᠷᠭ᠎ᠠ ᠶᠢᠨ ᠲᠦᠰᠦᠯ ᠢ ᠬᠢᠨᠠᠨ ᠵᠦᠪᠯᠡᠨ᠎ᠠ︔ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ᠂ ᠰᠢᠭᠦᠭᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠳᠡ ᠶᠢ ᠰᠤᠨᠤᠰᠤᠨ ᠬᠢᠨᠠᠨ ᠵᠦᠪᠯᠡᠵᠦ᠂ ᠵᠢᠱᠢᠭᠳᠡᠭᠰᠡᠳ ᠤᠨ ᠨᠡᠷᠡᠰ ᠢ ᠵᠦᠪᠳᠡᠨ ᠶᠠᠷᠢᠯᠴᠠᠬᠤ ᠪᠠ ᠪᠢᠯᠧᠲ ᠬᠢᠨᠠᠬᠴᠢ ᠶᠢ ᠰᠤᠩᠭᠤᠨ ᠲᠡᠪᠰᠢᠭᠦᠯᠦᠨ᠎ᠠ︔ ᠪᠢᠯᠧᠲ ᠬᠢᠨᠠᠬᠴᠢ ᠶᠢᠨ ᠨᠡᠷᠡᠰ ᠢ ᠪᠠᠳᠤᠯᠠᠵᠦ᠂ ᠰᠤᠩᠭᠤᠭᠤᠯᠢ ᠬᠢᠬᠦ ᠪᠠ ᠦᠨᠳᠤᠰᠦᠨ ᠬᠠᠤᠯᠢ ᠳᠤ ᠲᠠᠩᠭᠠᠷᠢᠬᠯᠠᠬᠤ ᠶᠣᠰᠣᠯᠠᠯ ᠶᠠᠪᠣᠭᠤᠯᠵᠣ᠂ ᠶᠡᠭᠡ ᠬᠤᠷᠠᠯ ᠤᠨ ᠰᠤᠩᠭᠤᠭᠤᠯᠢ ᠶᠢᠨ ᠵᠦᠢᠯᠡᠰ ᠢ ᠪᠡᠶᠡᠯᠡᠭᠦᠯᠦᠨ᠎ᠠ᠃      ᠶᠡᠭᠡ ᠬᠤᠷᠠᠯ ᠤᠨ ᠬᠤᠭᠤᠴᠠᠭᠠᠨ ᠳᠤ ᠲᠦᠪ ᠤᠨ ᠨᠠᠢᠮᠠᠨ ᠲᠤᠬᠳᠠᠭᠠᠯ ᠵᠢᠴᠢ ᠬᠡᠷᠡᠭᠵᠢᠭᠦᠯᠭᠦ ᠨᠠᠷᠢᠨ ᠲᠦᠷᠢᠮ ᠎ ᠤᠨ ᠵᠤᠷᠢᠭ ᠰᠠᠨᠠᠭ᠎ᠠ ᠪᠠ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠭᠦᠢ ᠲᠤᠬᠳᠠᠭᠠᠯ ᠢ ᠴᠢᠩᠭ᠎ᠠ ᠨᠠᠶᠢᠳᠠᠪᠤᠷᠢᠵᠢᠭᠤᠯᠵᠦ᠂ ᠬᠤᠷᠠᠯ ᠤᠨ ᠰᠤᠷᠳᠠᠯ ᠬᠤᠷᠠᠯ ᠤᠨ ᠰᠠᠭᠢᠯᠭ᠎ᠠ ᠪᠠᠳᠣ ᠶᠢᠨ ᠬᠢᠨᠠᠯᠳᠠ ᠶᠢ ᠴᠢᠩᠭᠠᠳᠬᠠᠵᠦ᠂ ᠬᠤᠷᠠᠯ ᠤᠨ ᠵᠠᠷᠤᠳᠠᠯ ᠢ ᠪᠠᠭᠠᠰᠬᠠᠵᠦ᠂ ᠬᠤᠷᠠᠯ ᠤᠨ ᠰᠠᠭᠢᠯᠭ᠎ᠠ ᠪᠠᠳᠤ ᠶᠢ ᠴᠢᠩᠳᠠᠯᠠᠬᠤ ᠪᠤᠯᠤᠨ᠎ᠠ᠃ ᠶᠡᠭᠡ ᠬᠤᠷᠠᠯ ᠎ ᠤᠨ ᠤᠬᠠᠭᠤᠯᠭ᠎ᠠ ᠮᠡᠳᠡᠭᠡᠯᠡᠯ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠭᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠰᠢᠢᠳᠪᠤᠷᠢᠳᠤ ᠢᠯᠡᠯᠳᠡ ᠶᠢ ᠤᠯᠬᠤ᠂ ᠠᠮᠢ ᠠᠬᠤᠢ ᠶᠢ ᠣᠷᠢᠳ ᠢᠶᠠᠷ ᠪᠣᠳᠣᠯᠬᠢᠯᠠᠭᠰᠠᠨ ᠪᠤᠬᠢᠷᠳᠤᠯ ᠦᠭᠡᠢ ᠬᠦᠭᠵᠢᠯᠳᠠ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢᠶᠠᠷ ᠭᠤᠶᠢᠪᠢᠰᠢ ᠦᠭᠡᠢ ᠵᠠᠮᠨᠠᠬᠤ ᠳᠤ ᠠᠩᠬᠠᠷᠣᠯ ᠢᠶᠠᠨ ᠲᠦᠪᠯᠡᠷᠡᠭᠦᠯᠵᠦ᠂ ᠠᠷᠠᠳ ᠤᠨ ᠰᠡᠳᠭᠢᠯ ᠢ ᠭᠦᠢᠴᠡᠳ ᠨᠢᠬᠳᠠᠷᠠᠭᠤᠯᠵᠦ᠂ ᠬᠦᠮᠦᠰ ᠤᠨ ᠰᠡᠳᠭᠢᠯ ᠢ ᠲᠤᠯᠠᠭᠠᠴᠠᠭᠤᠯᠵᠦ᠂ ᠢᠳᠡᠭᠡᠯ ᠵᠤᠷᠢᠭ ᠢ ᠨᠢ ᠬᠦᠪᠴᠢᠯᠡᠵᠦ᠂ ᠡᠷᠴᠢ ᠵᠤᠷᠢᠭ ᠢ ᠨᠢ ᠪᠠᠳᠤᠳᠬᠠᠵᠦ᠂ ᠡᠯ᠎ᠠ ᠵᠦᠢᠯ ᠤᠨ ᠠᠵᠢᠯ ᠢ ᠰᠠᠶᠢᠬᠠᠨ ᠡᠭᠢᠯᠡᠭᠦᠯᠬᠦ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠦᠷᠢᠯᠳᠣᠬᠦᠯᠦᠨ ᠦᠭᠬᠦ ᠪᠤᠯᠤᠨ᠎ᠠ᠃      ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠭᠤᠤᠯ ᠵᠠᠭᠤᠴᠢᠯᠠᠭᠤᠷ ᠤᠨ ᠬᠢᠨ ᠰᠤᠨᠢᠨ ᠮᠡᠳᠡᠭᠡ ᠨᠡᠶᠢᠳᠡᠯᠡᠭᠦ ᠬᠤᠷᠠᠯ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号