ᠪᠦ᠋ ᠰᠢᠶᠤᠤ ᠯᠢᠨ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠤᠨ ᠲᠤᠭᠤᠢᠢᠯᠠᠩ ᠬᠠᠮᠳᠤᠷᠠᠭᠰᠠᠨ ᠶᠠᠷᠢᠯᠴᠠᠬᠤ ᠬᠤᠷᠠᠯ ᠳᠤ ᠤᠷᠤᠯᠴᠠᠬᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠳᠠ ᠡᠬᠦᠷᠭᠡ ᠶᠢ ᠴᠢᠩᠭ᠎ᠠ ᠡᠵᠡᠮᠳᠡᠵᠦ ᠰᠡᠳᠬᠢᠯ ᠨᠢᠭᠡᠳᠤᠨ ᠬᠦᠴᠦ ᠪᠠᠨ ᠬᠠᠮᠳᠤᠳᠬᠠᠵᠤ ᠬᠦᠴᠦᠨ ᠢᠶᠠᠨ ᠲᠦᠪᠯᠡᠷᠡᠭᠦᠯᠦᠨ ᠪᠡᠷᠬᠡ ᠶᠢ ᠳᠠᠪᠠᠨ ᠬᠦᠴᠢᠷ ᠢ ᠲᠤᠭᠤᠯᠬᠤ ᠭᠡᠷᠡᠭᠲᠡᠢ ᠬᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2020/1/13
     1 ᠰᠠᠷ᠎ᠠ ᠶᠢᠨ 12᠎ ᠤᠨ ᠦᠳᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠡᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠭᠤᠷᠪᠠᠳᠤᠭᠠᠷ ᠬᠤᠷᠠᠯ ᠤᠨ ᠰᠤᠷᠭᠠᠨ ᠬᠦᠮᠦᠵᠢᠯ ᠤᠨ ᠡᠳᠡᠭᠡᠳ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠳᠡᠭᠡᠳ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠰᠤᠶᠤᠯ ᠤᠷᠠᠯᠢᠭ ᠤᠨ ᠡᠳᠡᠭᠡᠳ᠂ ᠰᠤᠨᠢᠨ ᠮᠡᠳᠡᠭᠡ ᠭᠡᠪᠯᠡᠯ ᠤᠨ ᠡᠳᠡᠭᠡᠳ᠂ ᠪᠡᠶ᠎ᠠ ᠶᠢᠨ ᠲᠠᠮᠢᠷ ᠤᠨ ᠡᠳᠡᠭᠡᠳ ᠤᠨ ᠭᠡᠰᠢᠬᠦᠳ ᠤᠨ ᠲᠤᠭᠤᠢᠢᠯᠠᠩ ᠬᠠᠮᠳᠤᠷᠠᠭᠰᠠᠨ ᠶᠠᠷᠢᠯᠴᠠᠬᠤ ᠬᠤᠷᠠᠯ ᠳᠤ ᠤᠷᠤᠯᠴᠠᠵᠦ᠂ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠤᠨ ᠲᠤᠬᠠᠢ ᠭᠡᠰᠢᠬᠦᠳ ᠤᠨ ᠰᠠᠨᠠᠯ ᠰᠠᠨᠠᠭᠤᠯᠭ᠎ᠠ ᠶᠢ ᠰᠤᠨᠤᠰᠪᠠ᠃
     ᠲᠤᠭᠤᠢᠢᠯᠠᠩ ᠬᠠᠮᠳᠤᠷᠠᠭᠰᠠᠨ ᠶᠠᠷᠢᠯᠴᠠᠬᠤ ᠬᠤᠷᠠᠯ ᠳᠡᠭᠡᠷ᠎ᠠ᠂ ᠠᠯᠳᠠᠢ᠂ ᠮᠠᠶᠢᠯᠠᠰᠤ᠂ ᠵᠢᠷᠤᠮᠳᠦ᠂ ᠵᠠᠩ ᠾᠧ ᠫᠢᠩ᠂ ᠶᠤᠤ ᠶᠦᠨ ᠹᠧᠩ᠂ ᠡᠷᠬᠢᠮᠪᠠᠶᠠᠷ᠂ ᠯᠢᠦ ᠵᠢᠶᠠᠨ ᠺᠦᠢ᠂ ᠠᠭᠤᠯᠠᠳᠠᠢ᠂ ᠵᠤᠤ ᠵᠢᠶᠦ᠋ᠨ ᠴᠢᠩ᠂ ᠶᠠᠩ ᠵᠠᠨ ᠹᠧᠩ ᠵᠡᠷᠭᠡ ᠭᠡᠰᠢᠬᠦᠳ ᠤᠷᠢᠳ ᠬᠤᠵᠢᠳ ᠦᠭᠡ ᠭᠡᠯᠡᠵᠦ᠂ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠢᠶᠠᠷ ᠭᠤᠤᠯᠳᠠᠭᠤᠯᠵᠤ᠂ ᠲᠤᠰ ᠲᠤᠰ ᠤᠨ ᠢᠶᠠᠨ ᠠᠵᠢᠯ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠪᠤᠳᠤᠯ ᠰᠠᠨᠠᠭ᠎ᠠ ᠪᠠᠨ ᠴᠢᠯᠦᠭᠡᠳᠠᠢ ᠶᠠᠷᠢᠵᠤ᠂ ᠲᠠᠯ᠎ᠠ ᠨᠤᠳᠤᠭ ᠤᠨ ᠰᠤᠶᠤᠯ ᠢ ᠤᠯᠠᠮᠵᠢᠯᠠᠨ ᠳᠡᠯᠭᠡᠷᠡᠭᠦᠯᠬᠦ᠂ ᠭᠡᠰᠡᠷ ᠤᠨ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠨ ᠤᠯᠠᠮᠵᠢᠯᠠᠬᠤ ᠪᠠ ᠡᠷᠳᠡᠮ ᠰᠢᠨᠵᠢᠯᠡᠭᠡᠨ ᠤ ᠬᠤᠭᠤᠴᠠᠭᠠᠳᠦ ᠰᠡᠳᠬᠦᠯ ᠤᠨ ᠪᠦᠳᠦᠭᠡᠨ ᠪᠠᠶᠢᠭᠤᠯᠤᠯᠳᠠ ᠶᠢᠨ ᠠᠵᠢᠯ ᠢ ᠰᠠᠶᠢᠳᠤᠷ ᠬᠢᠬᠦ᠂ ︽ᠬᠤᠤᠰ ᠲᠡᠷᠢᠬᠦᠨ︾᠎ ᠢ ᠡᠭᠦᠳᠤᠨ ᠪᠠᠶᠢᠭᠤᠯᠬᠤ᠂ ᠠᠯᠪᠡᠨ ᠵᠢᠷᠤᠮ ᠤᠨ ᠰᠤᠷᠭᠠᠨ ᠬᠦᠮᠦᠵᠢᠯ ᠤᠨ ᠴᠢᠨᠠᠷ ᠰᠠᠶᠢᠳᠠᠢ ᠬᠦᠭᠵᠢᠯᠳᠠ᠂ ᠰᠦᠨ ᠤ ᠦᠢᠯᠡᠰ ᠢ ᠬᠦᠭᠵᠢᠬᠦᠯᠦᠨ ᠮᠠᠨᠳᠤᠭᠤᠯᠬᠤ᠂ ᠬᠤᠪᠤᠷ ᠰᠢᠷᠤᠢ ᠶᠢᠨ ᠠᠵᠤ ᠦᠢᠯᠡᠰ ᠤᠨ ᠬᠦᠭᠵᠢᠯᠳᠠ ᠵᠡᠷᠭᠡ ᠶᠢᠨ ᠲᠤᠬᠠᠢ ᠲᠤᠰ ᠲᠤᠰ ᠰᠠᠨᠠᠯ ᠰᠠᠨᠠᠭᠤᠯᠭ᠎ᠠ ᠪᠠᠨ ᠳᠤᠷᠠᠳᠴᠠᠢ᠃      ᠤᠯᠠᠨ ᠤ ᠭᠡᠯᠡᠬᠦ ᠶᠢ ᠨᠠᠷᠢᠨ ᠬᠢᠨᠠᠮᠠᠭᠠᠢ ᠰᠤᠨᠤᠰᠤᠭᠰᠠᠠ ᠤ ᠲᠠᠷᠠᠭ᠎ᠠ᠂ ᠪᠦ᠋ ᠰᠢᠶᠤᠤ ᠯᠢᠨ᠂ ᠦᠪᠡᠷᠳᠡᠬᠡᠨ ᠵᠠᠰᠠᠬᠤ ᠤᠷᠤᠨ ᠤ ᠦᠩᠬᠡᠷᠡᠭᠰᠡᠡ ᠨᠢᠬᠡ ᠵᠢᠯ ᠤᠨ ᠠᠮᠵᠢᠯᠳᠠ ᠬᠢᠯᠪᠠᠷᠬᠠᠨ ᠢᠷᠡᠭᠰᠡᠡ ᠪᠢᠰᠢ᠂ ᠡᠬᠦᠨ ᠳᠤ ᠲᠠ ᠤᠯᠠᠨ ᠤ ᠬᠤᠪᠢ ᠨᠡᠮᠡᠷᠢ ᠪᠠᠶᠢᠨ᠎ᠠ᠃ ᠡᠨᠡ ᠵᠢᠯ ᠪᠤᠯ ᠴᠢᠨᠡᠭᠡᠯᠢᠭ ᠨᠡᠶᠢᠬᠡᠮ ᠢ ᠪᠦᠬᠦ ᠲᠡᠯ᠎ᠡ ᠪᠠᠷ ᠪᠡᠶᠡᠯᠡᠬᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠥᠪᠵᠢᠬᠦᠯᠬᠡ ᠶᠢᠨ ᠰᠡᠬᠦᠯ ᠬᠤᠷᠢᠶᠠᠬᠤ ᠵᠢᠯ ᠪᠤᠯᠤᠨ᠎ᠡ᠂ ᠪᠦᠬᠦ ᠤᠷᠤᠨ ᠲᠠᠶᠠᠭᠠᠷ ᠢᠶᠠᠨ ᠰᠡᠳᠬᠢᠯ ᠨᠢᠬᠡᠳᠤᠨ ᠬᠦᠴᠦ ᠪᠠᠨ ᠬᠠᠮᠳᠤᠳᠬᠠᠵᠥ᠂ ᠬᠦᠴᠦᠨ ᠢᠶᠠᠨ ᠲᠦᠪᠯᠡᠷᠡᠬᠦᠯᠤᠨ ᠪᠡᠷᠭᠡ ᠶᠢ ᠲᠠᠪᠠᠨ ᠬᠦᠴᠢᠷ ᠢ ᠲᠤᠭᠤᠯᠬᠤ ᠶᠢ ᠱᠠᠭᠠᠷᠳᠠᠵᠤ ᠪᠤᠢ ᠬᠡᠵᠥ ᠬᠡᠯᠡᠪᠡ᠃      ᠪᠦ᠋ ᠰᠢᠶᠤᠤ ᠯᠢᠨ᠂ ᠰᠤᠷᠭᠠᠨ ᠬᠦᠮᠥᠵᠢᠯ ᠢ ᠤᠷᠢᠳ ᠢᠶᠠᠷ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠬᠦᠨᠵᠡᠬᠡᠢ ᠨᠠᠶᠢᠳᠠᠪᠤᠷᠢᠵᠢᠭᠤᠯᠵᠥ᠂ ᠶᠤᠰᠤ ᠰᠤᠷᠳᠠᠬᠤᠨ ᠢᠶᠠᠷ ᠬᠦᠮᠥᠨ ᠢ ᠬᠦᠮᠥᠵᠢᠬᠦᠯᠬᠦ ᠡᠨᠡ ᠬᠦ ᠦᠨᠳᠦᠰᠦᠨ ᠡᠬᠦᠷᠬᠡ ᠶᠢ ᠪᠡᠳᠤ ᠡᠵᠡᠮᠳᠡᠵᠦ᠂ ᠰᠤᠷᠤᠭᠴᠢᠳ ᠤᠨ ᠶᠤᠰᠤ ᠰᠤᠷᠳᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠦᠳᠡᠯᠮᠤᠷᠢ ᠶᠢ ᠪᠦᠬᠦ ᠲᠡᠯ᠎ᠡ ᠪᠠᠷ ᠬᠦᠭᠵᠢᠬᠦᠯᠬᠦ ᠬᠡᠷᠡᠭᠳᠡᠢ᠃ ︽ᠬᠤᠤᠰ ᠲᠡᠷᠢᠬᠦᠨ︾᠎ ᠢ ᠡᠭᠦᠳᠦᠨ ᠪᠠᠶᠢᠭᠤᠯᠬᠤ ᠪᠠᠨ ᠴᠢᠩᠭᠠᠳᠬᠠᠵᠥ᠂ ᠲᠡᠬᠡᠳᠤ ᠵᠡᠷᠬᠡ ᠶᠢᠨ ᠰᠤᠷᠭᠠᠨ ᠬᠦᠮᠥᠵᠢᠯ ᠤᠨ ᠴᠢᠨᠠᠷ ᠴᠢᠨᠰᠠᠭ᠎ᠠ ᠶᠢ ᠪᠦᠬᠦ ᠲᠡᠯ᠎ᠡ ᠪᠠᠷ ᠲᠡᠭᠡᠭᠰᠢᠯᠡᠬᠦᠯᠬᠦ ᠬᠡᠷᠡᠭᠳᠡᠢ᠃ ᠴᠢᠳᠠᠪᠤᠷᠢᠳᠡᠨ ᠤ ᠤᠷᠴᠢᠨ ᠲᠤᠭᠤᠷᠢᠨ ᠪᠤᠯᠤᠨ ᠰᠢᠨ᠎ᠡ ᠶᠢ ᠡᠬᠦᠳᠬᠦ ᠤᠷᠴᠢᠨ ᠲᠤᠭᠤᠷᠢᠨ ᠢ ᠪᠦᠬᠦ ᠲᠡᠯ᠎ᠡ ᠪᠠᠷ ᠰᠢᠯᠢᠳᠡᠭᠵᠢᠬᠦᠯᠵᠥ᠂ ᠦᠢᠯᠡᠳᠪᠤᠷᠢᠯᠡᠯ ᠵᠢᠭᠠᠨ ᠰᠤᠷᠭᠠᠯᠳᠠ ᠰᠤᠳᠤᠯᠭᠠᠨ ᠢ ᠬᠦᠨᠵᠡᠬᠡᠢ ᠠᠭᠤᠰᠤᠯᠴᠠᠭᠤᠯᠤᠬᠰᠠᠠ ᠮᠡᠷᠬᠡᠵᠢᠯ ᠤᠨ ᠰᠢᠨ᠎ᠡ ᠶᠢ ᠡᠬᠦᠳᠬᠦ ᠰᠢᠰᠲ᠋ᠧᠮ ᠢ ᠱᠠᠯᠠᠪᠳᠠᠨ ᠪᠠᠶᠢᠭᠤᠯᠬᠤ ᠬᠡᠷᠡᠭᠳᠡᠢ ᠬᠡᠵᠥ ᠬᠡᠯᠡᠪᠡ᠃      ᠪᠦ᠋ ᠰᠢᠶᠤᠤ ᠯᠢᠨ᠂ ᠦᠪᠡᠷᠳᠡᠭᠡᠨ ᠵᠠᠰᠠᠬᠤ ᠤᠷᠤᠨ ᠬᠦ᠋ᠨ ᠵᠤᠵᠠᠭᠠᠨ ᠰᠤᠶᠤᠯ ᠲᠠᠢ᠂ ᠮᠠᠨ ᠤ ᠰᠤᠶᠤᠯ ᠤᠨ ᠲᠠᠪᠠᠭᠤᠯᠢᠭ ᠢᠶᠠᠨ ᠪᠠᠳᠠᠷᠠᠭᠤᠯᠵᠥ᠂ ᠦᠪᠤᠷ ᠮᠤᠩᠭᠤᠯ ᠤᠨ ᠰᠤᠶᠤᠯ ᠤᠨ ᠵᠦᠬᠡᠯᠡᠨ ᠪᠤᠳᠠᠳᠤ ᠬᠦᠴᠦᠨ ᠢ ᠲᠡᠭᠡᠭᠰᠢᠯᠡᠬᠦᠯᠬᠦ ᠬᠡᠷᠡᠭᠳᠡᠢ᠃ ᠠᠷᠪᠠᠨ ᠲᠦᠷᠪᠡᠳᠤᠭᠡᠷ ᠬᠤᠭᠤᠴᠠᠭᠠᠨ ᠤ ᠪᠦᠬᠦ ᠤᠯᠤᠰ ᠤᠨ ᠡᠪᠤᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠮᠠᠨ ᠤ ᠤᠷᠤᠨ ᠳᠤ ᠡᠷᠬᠢᠯᠡᠨ ᠶᠠᠪᠤᠭᠳᠠᠭᠤᠯᠬᠤ ᠪᠠᠷ ᠪᠠᠶᠢᠭ᠎ᠠ ᠠᠵᠠ ᠲᠤᠬᠢᠶᠠᠯ ᠢᠶᠠᠷ᠂ ᠦᠪᠤᠷ ᠮᠤᠩᠭᠤᠯ ᠤᠨ ᠮᠦᠰᠦ ᠴᠠᠰᠤᠨ ᠤ ᠲᠠᠮᠢᠷ ᠤᠨ ᠬᠦᠳᠡᠯᠬᠡᠬᠡᠨ ᠪᠤᠯᠤᠨ ᠪᠡᠶ᠎ᠡ ᠶᠢᠨ ᠲᠠᠮᠢᠷ ᠤᠨ ᠦᠢᠯᠡᠰ ᠢ ᠰᠢᠨ᠎ᠡ ᠲᠦᠪᠰᠢᠨ ᠳᠤ ᠬᠦᠷᠬᠡᠬᠦ ᠬᠡᠷᠡᠭᠳᠡᠢ᠃ ᠤᠯᠠᠨ ᠢᠶᠠᠷ ᠢᠶᠠᠨ ᠲᠠᠪᠠᠭᠤᠯᠢᠭ ᠢᠶᠠᠨ ᠪᠠᠳᠠᠷᠠᠭᠤᠯᠵᠥ᠂ ᠵᠠᠰᠠᠭ ᠤᠨ ᠤᠷᠳᠤᠨ ᠤ ᠠᠵᠢᠯ ᠤᠨ ᠢᠯᠡᠳᠬᠡᠯ ᠳᠤ ᠨᠠᠨᠳᠢᠨ ᠰᠠᠨᠠᠯ ᠲᠤᠷᠠᠳᠬᠤ ᠶᠢ ᠬᠦᠰᠡᠵᠥ ᠪᠠᠶᠢᠨ᠎ᠠ ᠬᠡᠵᠥ ᠬᠡᠯᠡᠪᠡ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠵᠧᠩ ᠬᠤᠩ ᠹᠠᠨ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠸᠠᠩ ᠵᠦᠩ ᠡᡁᠧ᠂ ᠵᠧᠩ ᠹᠦ᠋ ᠲᠢᠶᠠᠨ ᠶᠠᠷᠢᠯᠴᠠᠬᠤ ᠬᠤᠷᠠᠯ ᠳᠤ ᠤᠷᠤᠯᠴᠠᠪᠠ᠃  
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号