ᠪᠥ᠋ ᠰᠢᠶᠤᠤ ᠯᠢᠨ ᠪᠤᠭᠤᠳᠤ ᠬᠤᠳᠠ ᠶᠢᠨ ᠲᠦᠯᠦᠭᠡᠯᠡᠭᠴᠢᠳ ᠤᠨ ᠪᠦᠯᠬᠦᠮ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠢ ᠬᠢᠨᠡᠨ ᠵᠦᠪᠯᠡᠬᠦ ᠳᠤ ᠤᠷᠤᠯᠴᠠᠬᠤ ᠳᠠᠭᠠᠨ ᠴᠢᠬᠤᠯᠠᠴᠢᠯᠠᠬᠰᠠᠨ ᠨᠢ ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠦ ᠪᠤᠬᠢᠷᠳᠤᠯ ᠦᠭᠡᠢ ᠥᠪᠦᠷ ᠮᠤᠩᠭᠤᠯ ᠢ ᠪᠦᠳᠦᠭᠡᠨ ᠪᠠᠶᠢᠭᠤᠯᠬᠤ ᠳᠤ ᠬᠦᠳᠦᠯᠤᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠭᠡᠷᠡᠭᠲᠡᠢ
ᠨᠡᠶᠢᠲᠡᠯᠡᠭᠰᠡᠨ ᠴᠠᠭ᠄
2020/1/13
     1 ᠰᠠᠷ᠎ᠠ ᠶᠢᠨ 12᠎ ᠤᠨ ᠦᠳᠡ ᠶᠢᠨ ᠬᠤᠶᠢᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠲᠡᠬᠦᠨ ᠤ ᠪᠠᠶᠢᠭ᠎ᠠ ᠦᠪᠡᠷᠲᠡᠭᠡᠨ ᠵᠠᠰᠠᠬᠤ ᠤᠷᠤᠨ ᠤ ᠠᠷᠪᠡᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠪᠤᠭᠤᠳᠤ ᠬᠤᠳᠠ ᠶᠢᠨ ᠲᠦᠯᠦᠭᠡᠯᠡᠭᠴᠢᠳ ᠤᠨ ᠪᠦᠯᠬᠦᠮ ᠳᠤ᠂ ᠲᠦᠯᠦᠭᠡᠯᠡᠭᠴᠢᠳ ᠲᠠᠢ ᠬᠠᠮᠳᠤ ᠪᠠᠷ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠢ ᠬᠢᠨᠡᠨ ᠵᠦᠪᠯᠡᠪᠡ᠃      ᠬᠤᠷᠠᠯ ᠤᠨ ᠲᠠᠯᠠᠪᠠᠢ ᠳᠤ ᠬᠦᠷ ᠬᠦᠭᠵᠢᠶᠡᠨ ᠢᠶᠠᠷ ᠪᠢᠯᠬᠠᠵᠦ᠂ ᠵᠠᠩ ᠶᠤᠸᠠᠨ ᠵᠦᠩ᠂ ᠵᠤᠤ ᠵᠢᠶᠠᠩ ᠲᠤᠤ᠂ ᠸᠧᠢ ᠱᠤᠸᠠᠨ ᠱᠢ᠂ ᠶᠠᠩ ᠡᠯ ᠰᠢ᠂ ᠯᠢ ᠼᠦᠢ ᠯᠠᠨ ᠵᠡᠷᠭᠡ ᠲᠦᠯᠦᠭᠡᠯᠡᠭᠴᠢᠳ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠤᠨ ᠲᠤᠭᠤᠷᠢᠨ ᠳᠤ ᠢᠳᠡᠪᠬᠢᠳᠠᠢ ᠪᠠᠷ ᠦᠭᠡ ᠭᠡᠯᠡᠵᠦ᠂ ᠤᠯᠤᠯᠳᠠ ᠪᠠᠨ ᠶᠠᠷᠢᠨ᠂ ᠰᠠᠨᠠᠭᠤᠯᠭ᠎ᠠ ᠳᠤᠷᠠᠳᠴᠦ᠂ ᠬᠦᠭᠵᠢᠯᠳᠠ ᠶᠢ ᠬᠦᠦᠷᠨᠢᠨ᠎ᠠ᠃ ᠤᠯᠠᠨ ᠢᠶᠠᠷ ᠢᠶᠠᠨ᠂ ᠢᠯᠡᠳᠭᠡᠯ ᠨᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠦ᠂ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠤᠨ᠂ ᠦᠩᠭᠡᠷᠡᠭᠰᠡᠨ ᠨᠢᠭᠡ ᠵᠢᠯ ᠤᠨ ᠠᠵᠢᠯ ᠢ ᠪᠦᠬᠦ ᠲᠠᠯ᠎ᠠ ᠪᠠᠷ ᠪᠤᠰᠤᠳᠴᠢ ᠪᠠᠷ ᠳ᠋ᠦᠩᠨᠡᠵᠦ᠂ ᠡᠨᠡ ᠵᠢᠯ ᠤᠨ ᠡᠯ᠎ᠠ ᠵᠦᠢᠯ ᠤᠨ ᠠᠵᠢᠯ ᠢ ᠰᠢᠨᠵᠢᠯᠡᠬᠦ ᠤᠬᠠᠭᠠᠨᠴᠢ ᠪᠠᠷ ᠪᠤᠳᠠᠳᠠᠢ ᠶᠢ ᠡᠷᠬᠢᠮᠯᠡᠨ ᠪᠠᠶᠢᠷᠢᠯᠠᠭᠤᠯᠪᠠ᠂ ᠡᠨᠡ ᠪᠤᠯ ᠤᠯᠠᠨ ᠲᠦᠮᠡᠨ ᠳᠤ ᠤᠢᠢᠷᠠᠳᠤᠭᠰᠠᠨ᠂ ᠬᠦᠮᠦᠰ ᠤᠨ ᠰᠡᠳᠬᠢᠯ ᠎ ᠢ ᠨᠢᠬᠳᠠᠷᠠᠭᠤᠯᠤᠭᠰᠠᠨ᠂ ᠡᠷᠴᠢ ᠵᠤᠷᠢᠬ ᠢ ᠬᠦᠪᠴᠢᠯᠡᠭᠰᠡᠨ ᠰᠠᠶᠢᠨ ᠢᠯᠡᠳᠭᠡᠯ ᠪᠤᠯᠤᠨ᠎ᠠ ᠭᠡᠵᠦ ᠦᠵᠡᠵᠡᠭᠡᠪᠡ᠃      ᠪᠦ᠋ ᠰᠢᠶᠤᠤ ᠯᠢᠨ ᠤᠯᠠᠨ ᠤ ᠭᠡᠯᠡᠬᠦ ᠶᠢ ᠨᠠᠷᠢᠨ ᠬᠢᠨᠠᠮᠠᠭᠠᠢ ᠰᠤᠨᠤᠰᠬᠤ ᠶᠢᠨ ᠬᠠᠮᠳᠦ ᠬᠤᠯᠪᠤᠭᠳᠠᠯ ᠪᠦᠬᠦᠢ ᠪᠠᠶᠢᠳᠠᠯ ᠢ ᠪᠠᠶᠢᠨ ᠪᠠᠶᠢᠨ ᠠᠰᠠᠭᠤᠨ ᠯᠠᠪᠯᠠᠵᠤ ᠪᠠᠶᠢᠯ᠎ᠠ᠃ ᠲᠡᠷᠡ᠂ ᠦᠩᠭᠡᠷᠡᠭᠰᠡᠨ ᠨᠢᠭᠡ ᠵᠢᠯ ᠳᠤ᠂ ᠦᠪᠡᠷᠲᠡᠭᠡᠨ ᠵᠠᠰᠠᠬᠤ ᠤᠷᠤᠨ ᠬᠦᠴᠢᠷ ᠢ ᠲᠤᠭᠤᠯᠤᠨ ᠪᠡᠷᠭᠡ ᠶᠢ ᠳᠠᠪᠠᠵᠤ᠂ ᠲᠤᠭᠳᠠᠭᠤᠨ ᠤ ᠳᠤᠮᠳᠠ ᠤᠷᠤᠬᠰᠢᠯᠠᠨ ᠲᠠᠪᠰᠢᠬᠤ ᠪᠠᠶᠢᠳᠠᠯ ᠢᠶᠠᠨ ᠦᠷᠬᠦᠯᠵᠢᠯᠡᠨ ᠪᠠᠳᠤᠯᠠᠭᠰᠠᠨ ᠢᠶᠠᠷ ᠪᠠᠷᠠᠬᠤ ᠦᠭᠡᠢ ᠪᠠᠰᠠ ᠵᠠᠷᠢᠮ ᠲᠠᠯ᠎ᠠ ᠪᠠᠷ ᠵᠢᠱᠢᠯᠲᠡ ᠠᠴᠠ ᠲᠠᠪᠠᠵᠦ᠂ ᠺᠠᠳ᠋ᠷ ᠤᠯᠠᠨ ᠲᠦᠮᠡᠨ ᠤ ᠢᠳᠡᠭᠡᠯ ᠢ ᠤᠯᠠᠮ ᠪᠠᠳᠤᠳᠬᠠᠵᠠᠢ᠃ ᠪᠢᠳᠠ ᠲᠦᠪ ᠤᠨ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠯᠡ ᠬᠦᠷᠪᠡᠯ᠂ ᠶᠠᠮᠠᠷᠪᠠ ᠬᠦᠴᠢᠷ ᠪᠡᠷᠬᠡᠰᠢᠶᠡᠯ ᠢ ᠴᠦ ᠭᠡᠳ ᠴᠦᠮ ᠢᠯᠠᠨ ᠲᠠᠪᠠᠵᠦ ᠴᠢᠳᠠᠨ᠎ᠠ ᠭᠡᠳᠡᠭ ᠢ ᠪᠤᠳᠠᠳᠤ ᠶᠠᠪᠤᠳᠠᠯ ᠭᠡᠷᠡᠴᠢᠯᠡᠵᠡᠢ ᠭᠡᠵᠦ ᠵᠢᠭᠠᠵᠦ ᠭᠠᠷᠭᠠᠪᠠ᠃      ᠪᠦ᠋ ᠰᠢᠶᠤᠤ ᠯᠢᠨ᠂ ᠡᠨᠡ ᠵᠢᠯ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠪᠠ ︽ᠠᠷᠪᠡᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠬᠦᠯᠭᠡ ᠶᠢᠨ ᠰᠠᠬᠦᠯ ᠬᠤᠷᠢᠶᠠᠬᠤ ᠵᠢᠯ ᠪᠤᠯᠤᠨ᠎ᠠ᠂ ᠪᠤᠭᠤᠳᠤ ᠬᠤᠳᠠ ᠶᠢᠨ ᠬᠢᠨ ᠵᠢᠱᠢᠶ᠎ᠠ ᠦᠵᠡᠬᠦᠯᠬᠦ ᠦᠢᠯᠡᠳᠦᠯ ᠢᠶᠠᠨ ᠦᠷᠬᠦᠯᠵᠢᠯᠡᠨ ᠰᠠᠶᠢᠳᠤᠷ ᠪᠠᠳᠠᠷᠠᠭᠤᠯᠵᠦ᠂ ᠡᠯ᠎ᠠ ᠲᠠᠯ᠎ᠠ ᠶᠢᠨ ᠬᠢᠨ ᠤ ᠢᠳᠡᠪᠬᠢᠵᠢᠯ ᠢ ᠦᠷᠬᠦᠯᠵᠢᠯᠡᠨ ᠲᠠᠶᠢᠴᠢᠯᠠᠵᠦ᠂ ᠬᠦᠴᠦ ᠪᠠᠨ ᠲᠦᠪᠯᠡᠷᠡᠬᠦᠯᠦᠨ ᠬᠦᠴᠢᠷ ᠢ ᠲᠤᠭᠤᠯᠵᠤ ᠪᠡᠷᠭᠡ ᠶᠢ ᠳᠠᠪᠠᠨ᠂ ᠭᠤᠷᠪᠡᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠬᠦ ᠭᠡᠷᠡᠭᠲᠡᠢ᠃ ᠡᠬᠦᠨ ᠤ ᠵᠡᠷᠭᠡ ᠪᠠᠷ᠂ ᠬᠤᠳᠠ ᠶᠢᠨ ᠬᠦᠴᠢᠷᠳᠡᠯ ᠲᠠᠢ ᠤᠯᠠᠨ ᠲᠦᠮᠡᠨ ᠢ ᠬᠠᠪᠰᠤᠷᠤᠨ ᠳᠡᠳᠬᠦᠬᠦ ᠠᠵᠢᠯ ᠢ ᠴᠢᠬᠤᠯᠠᠴᠢᠯᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ ᠨᠢᠭᠡ ᠬᠦᠮᠦᠨ ᠢ ᠴᠦ ᠤᠷᠬᠢᠬᠳᠠᠭᠤᠯᠬᠤ ᠦᠭᠡᠢ ᠪᠠᠶᠢᠬᠤ ᠶᠢ ᠪᠡᠶᠡᠯᠡᠬᠦᠯᠬᠦ ᠭᠡᠷᠡᠭᠲᠡᠢ᠃ ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ᠂ ᠪᠤᠬᠢᠷᠳᠤᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠠ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠳᠠᠨ᠂ ᠴᠡᠷᠢᠭ ᠠᠷᠠᠳ ᠤᠨ ᠭᠡᠷᠡᠭᠯᠡᠭᠡ ᠶᠢ ᠠᠭᠤᠰᠤᠯᠴᠠᠭᠤᠯᠤᠨ ᠬᠦᠭᠵᠢᠬᠦᠯᠬᠦ ᠵᠡᠷᠭᠡ ᠲᠠᠯ᠎ᠠ ᠪᠠᠷ ᠬᠢ ᠲᠠᠪᠠᠭᠤᠯᠢᠬ ᠢᠶᠠᠨ ᠪᠠᠳᠠᠷᠠᠭᠤᠯᠵᠦ᠂ ᠤᠯᠠᠮᠵᠢᠯᠠᠯᠳᠦ ᠠᠵᠤ ᠦᠢᠯᠡᠰ ᠢ ᠪᠤᠬᠢᠷᠳᠤᠯ ᠦᠭᠡᠢ ᠪᠠᠷ ᠲᠦᠷᠭᠡᠨ ᠦᠭᠡᠷᠡᠴᠢᠯᠡᠨ ᠰᠠᠶᠢᠵᠢᠷᠠᠭᠤᠯᠵᠤ᠂ ᠪᠤᠬᠢᠷᠳᠤᠯ ᠦᠭᠡᠢ ᠥᠪᠦᠷ ᠮᠤᠩᠭᠤᠯ ᠢ ᠪᠦᠳᠦᠭᠡᠨ ᠪᠠᠶᠢᠭᠤᠯᠬᠤ ᠳᠤ ᠬᠦᠳᠦᠯᠤᠨ ᠲᠠᠭᠠᠭᠤᠯᠬᠤ ᠦᠢᠯᠡᠳᠦᠯ ᠢ ᠪᠠᠳᠠᠷᠠᠭᠤᠯᠬᠤ ᠭᠡᠷᠡᠭᠲᠡᠢ᠃ ᠡᠬᠢ ᠪᠠᠶᠠᠯᠢᠬ ᠤᠨ ᠲᠤᠬᠢᠷᠠᠭᠤᠯᠤᠯᠳᠠ ᠪᠠ ᠦᠢᠯᠡᠳᠪᠤᠷᠢᠯᠡᠯ ᠤᠨ ᠬᠦᠴᠦᠨ ᠤ ᠤᠷᠤᠨ ᠵᠠᠢ ᠶᠢᠨ ᠪᠠᠶᠢᠷᠢᠰᠢᠭᠤᠯᠤᠯᠳᠠ ᠶᠢ ᠤᠯᠠᠮ ᠴᠢᠨᠠᠬᠰᠢᠳᠠ ᠰᠢᠯᠢᠳᠡᠭᠵᠢᠬᠦᠯᠵᠦ᠂ ᠬᠦᠬᠡᠬᠤᠳᠠ ᠪᠤᠭᠤᠳᠤ ᠤᠷᠳᠤᠰ ᠦᠬᠠᠢ ᠶᠢ ᠨᠡᠩ ᠦᠨᠳᠦᠷ ᠲᠡᠰ ᠳᠠᠪᠬᠤᠷᠭ᠎ᠠ ᠳᠤ ᠬᠠᠮᠵᠢᠯᠴᠠᠨ ᠬᠦᠭᠵᠢᠬᠦ ᠶᠢ ᠠᠬᠢᠭᠤᠯᠬᠤ ᠭᠡᠷᠡᠭᠲᠡᠢ᠃ ᠬᠤᠳᠠᠯᠳᠤᠭ᠎ᠠ ᠡᠷᠬᠢᠯᠡᠬᠦ ᠲᠡᠷᠢᠭᠦᠨ ᠵᠡᠷᠭᠡ ᠶᠢᠨ ᠤᠷᠴᠢᠨ ᠨᠦᠬᠦᠴᠡᠯ ᠢ ᠴᠢᠷᠮᠠᠶᠢᠨ ᠪᠤᠢ ᠪᠤᠯᠭᠠᠵᠤ᠂ ᠪᠦᠬᠦ ᠤᠷᠤᠨ ᠳᠤ ᠵᠢᠱᠢᠶ᠎ᠠ ᠦᠵᠡᠬᠦᠯᠬᠦ ᠭᠡᠷᠡᠭᠲᠡᠢ ᠭᠡᠵᠦ ᠴᠢᠬᠤᠯᠠᠴᠢᠯᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号