ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠠᠵᠢᠯ ᠣᠯᠵᠤ ᠠᠳᠠᠯ ᠦᠢᠯᠡᠰ ᠪᠣᠰᠬᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠶᠢᠰᠦ︶
ᠨᠡᠶᠢᠲᠡᠯᠡᠭᠰᠡᠨ ᠴᠠᠭ᠄
2020/1/14
     ᠬᠤᠷᠢᠨ ᠭᠤᠷᠪᠠ᠂ ᠭᠡᠷ ᠪᠦᠯᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠳᠡᠮᠵᠢᠬᠦ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠨᠢ ᠶᠠᠮᠠᠷ ᠶᠠᠮᠠᠷ ᠪᠣᠢ︖      ᠬᠠᠷᠢᠭᠤᠯᠲᠠ᠄ ᠰᠢᠨ᠎ᠡ ᠪᠠᠷ ᠪᠠᠶᠢᠭᠤᠯᠤᠨ ᠡᠷᠬᠢᠯᠡᠭᠰᠡᠨ ᠭᠡᠷ ᠪᠦᠯᠢ ᠶᠢᠨ ᠦᠢᠯᠡᠴᠢᠯᠡᠭᠡᠨ ᠤ ᠦᠢᠯᠡᠰ ᠲᠤ ᠠᠩᠬ᠎ᠠ ᠠᠳᠠᠯ ᠦᠢᠯᠡᠰ ᠪᠣᠰᠬᠠᠭᠴᠢ ᠶᠢᠨ ᠡᠵᠡᠩᠨᠡᠯᠲᠡ ᠶᠢᠨ ᠭᠠᠶᠢᠯᠢ ᠶᠢᠨ ᠡᠬᠢᠯᠡᠨ ᠲᠠᠲᠠᠪᠤᠷᠢᠯᠠᠬᠤ ᠴᠡᠭ ᠢ ᠣᠳᠣ ᠶᠢᠨ ᠬᠡᠷᠡᠭᠵᠢᠭᠦᠯᠵᠦ ᠪᠠᠶᠢᠭ᠎ᠠ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠷ ᠬᠡᠷᠡᠭᠵᠢᠭᠦᠯᠬᠦ ᠠᠴᠠ ᠭᠠᠳᠠᠨ᠎ᠠ᠂ ᠣᠳᠣ ᠶᠢᠨ ᠬᠡᠷᠡᠭᠵᠢᠭᠦᠯᠵᠦ ᠪᠠᠶᠢᠭ᠎ᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠣᠰᠣᠭᠠᠷ ᠬᠤᠯᠪᠣᠭᠳᠠᠯ ᠪᠦᠬᠦᠢ ᠭᠠᠶᠢᠯᠢ ᠶᠢᠨ ᠰᠦᠢᠳᠬᠡᠯ ᠢ ᠬᠠᠰᠤᠨ ᠬᠡᠯᠲᠦᠷᠢᠭᠦᠯᠬᠦ ᠪᠠ ᠠᠳᠠᠯ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠤᠨ ᠳᠡᠮᠵᠢᠯᠭᠡ ᠶᠢ ᠬᠦᠷᠲᠡᠭᠡᠵᠦ ᠪᠣᠯᠣᠨ᠎ᠠ᠃ ︽ᠠᠵᠢᠯ ᠣᠯᠭᠤᠵᠤ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠰᠡᠨ ᠭᠡᠷᠡᠴᠢ︾ ︵︽ᠪᠡᠶ᠎ᠡ ᠪᠠᠨ ᠳᠠᠭᠠᠭᠠᠵᠤ ᠠᠳᠠᠯ ᠦᠢᠯᠡᠰ ᠪᠣᠰᠬᠠᠬᠤ ᠭᠠᠶᠢᠯᠢ ᠶᠢᠨ ᠣᠷᠣᠯᠭ᠎ᠠ ᠶᠢᠨ ᠲᠥᠷᠥ ᠶᠢᠨ ᠪᠣᠳᠣᠯᠭ᠎ᠠ︾ ᠶᠢ ᠲᠣᠳᠣᠷᠬᠠᠶᠢᠯᠠᠬᠤ ᠪᠤᠶᠤ ︽ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠣᠶᠤᠲᠠᠳ ᠤᠨ ᠪᠡᠶ᠎ᠡ ᠪᠠᠨ ᠳᠠᠭᠠᠭᠠᠵᠤ ᠠᠳᠠᠯ ᠦᠢᠯᠡᠰ ᠪᠣᠰᠬᠠᠬᠤ ᠭᠡᠷᠡᠴᠢ︾ ᠶᠢ ᠳᠠᠭᠠᠯᠳᠤᠭᠤᠯᠤᠨ᠎ᠠ︶ ᠪᠠᠶᠢᠭ᠎ᠠ ᠬᠥᠮᠥᠰ ᠠᠴᠠ ᠬᠤᠪᠢ ᠶᠢᠨ ᠡᠵᠡᠩᠨᠡᠯᠲᠡ ᠶᠢᠨ ᠦᠢᠯᠡᠰ ︵ᠪᠠᠷᠢᠯᠭ᠎ᠠ ᠶᠢᠨ ᠦᠢᠯᠡᠰ᠂ ᠵᠤᠭ᠎ᠠ ᠴᠡᠩᠭᠡᠯ ᠤᠨ ᠦᠢᠯᠡᠰ ᠵᠢᠴᠢ ᠥᠯᠥ ᠬᠥᠳᠡᠯᠬᠦ ᠬᠥᠷᠥᠩᠭᠡ ᠶᠢ ᠪᠣᠷᠣᠯᠠᠭᠤᠯᠬᠤ᠂ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ᠂ ᠵᠠᠷ ᠮᠡᠳᠡᠭᠡᠨ ᠤ ᠦᠢᠯᠡᠰ᠂ ᠭᠡᠷ ᠪᠠᠶᠢᠰᠢᠩ ᠤᠨ ᠵᠠᠭᠤᠴᠢ᠂ ᠠᠭᠤᠷ ᠤᠨ ᠤᠬᠢᠶᠠᠯᠭ᠎ᠠ ᠶᠢᠨ ᠦᠢᠯᠡᠰ᠂ ᠢᠯᠢᠯᠭᠡ ᠶᠢᠨ ᠦᠢᠯᠡᠰ᠂ ᠰᠦᠯᠵᠢᠶᠡᠨ ᠤ ᠪᠠᠭᠠᠷ᠂ ᠬᠦᠴᠢᠯᠲᠥ᠋ᠷᠥᠭᠴᠢᠲᠦ ᠪᠠᠭᠠᠷ ᠠᠴᠠ ᠭᠠᠳᠠᠨ᠎ᠠ︶ ᠡᠷᠬᠢᠯᠡᠵᠦ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠪᠠ ᠪᠠᠷᠢᠮᠵᠢᠶ᠎ᠠ ᠶᠣᠰᠣᠭᠠᠷ ᠲᠡᠭᠦᠨ ᠤ ᠲᠤᠬᠠᠢ ᠶᠢᠨ ᠵᠢᠯ ᠳᠤ ᠪᠣᠳᠠᠲᠠᠢ ᠪᠠᠷ ᠲᠤᠰᠢᠶᠠᠬᠤ ᠴᠢᠬᠤᠯᠠᠲᠠᠢ ᠡᠵᠡᠩᠨᠡᠯᠲᠡ ᠶᠢᠨ ᠭᠠᠶᠢᠯᠢ᠂ ᠬᠤᠲᠠ ᠶᠢᠨ ᠬᠠᠮᠠᠭᠠᠯᠠᠯᠲᠠ ᠪᠠᠶᠢᠭᠤᠯᠤᠯᠲᠠ ᠶᠢᠨ ᠰᠦᠢᠳᠬᠡᠯ᠂ ᠰᠤᠷᠭᠠᠨ ᠬᠥᠮᠥᠵᠢᠯ ᠤᠨ ᠰᠦᠢᠳᠬᠡᠯ ᠤᠨ ᠨᠡᠮᠡᠯᠲᠡ ᠪᠠ ᠬᠤᠪᠢ ᠬᠥᠮᠥᠨ ᠤ ᠣᠯᠵᠠᠪᠤᠷᠢ ᠶᠢᠨ ᠭᠠᠶᠢᠯᠢ ᠶᠢ ᠨᠢ ᠳᠡᠰ ᠳᠠᠷᠠᠭᠠᠯᠠᠨ ᠰᠠᠭᠤᠳᠬᠠᠨ ᠬᠠᠰᠤᠨ᠎ᠠ᠃ ᠭᠡᠷ ᠪᠦᠯᠢ ᠶᠢᠨ ᠦᠢᠯᠡᠴᠢᠯᠡᠭᠡᠨ ᠤ ᠠᠵᠤ ᠠᠬᠤᠶᠢᠯᠠᠯ ︵ᠵᠠᠷ ᠮᠡᠳᠡᠭᠡᠨ ᠤ ᠦᠢᠯᠡᠰ᠂ ᠭᠡᠷ ᠪᠠᠶᠢᠰᠢᠩ ᠤᠨ ᠵᠠᠭᠤᠴᠢ᠂ ᠳᠠᠨᠵᠢᠯᠠᠭ᠎ᠠ ᠶᠢᠨ ᠫᠦᠰᠡ᠂ ᠠᠭᠤᠷ ᠤᠨ ᠤᠬᠢᠶᠠᠯᠭ᠎ᠠ ᠶᠢᠨ ᠦᠢᠯᠡᠰ᠂ ᠢᠯᠢᠯᠭᠡ ᠶᠢᠨ ᠦᠢᠯᠡᠰ᠂ ᠰᠦᠯᠵᠢᠶᠡᠨ ᠤ ᠪᠠᠭᠠᠷ᠂ ᠬᠦᠴᠢᠯᠲᠥ᠋ᠷᠥᠭᠴᠢᠲᠦ ᠪᠠᠭᠠᠷ ᠠᠴᠠ ᠭᠠᠳᠠᠨ᠎ᠠ︶ ᠠᠴᠠ᠂ ᠰᠢᠨ᠎ᠡ ᠪᠠᠷ ᠨᠡᠮᠡᠵᠦ ᠲᠣᠬᠢᠷᠠᠭᠤᠯᠤᠭᠰᠠᠨ ᠠᠵᠢᠯ ᠣᠯᠭᠤᠬᠤ ᠠᠵᠢᠯ ᠤᠨ ᠪᠠᠶᠢᠷᠢ ᠶᠢᠨ ᠳᠤ᠂ ᠲᠤᠬᠠᠢ ᠶᠢᠨ ᠵᠢᠯ ᠳᠤ ᠰᠢᠨ᠎ᠡ ᠪᠠᠷ ᠡᠯᠰᠡᠨ ᠬᠡᠷᠡᠭᠯᠡᠭᠰᠡᠨ ︽ᠠᠵᠢᠯ ᠣᠯᠭᠤᠵᠤ ᠠᠵᠢᠯ ᠠᠯᠳᠠᠭᠰᠠᠨ ᠢ ᠳᠠᠩᠰᠠᠯᠠᠨ ᠲᠡᠮᠳᠡᠭᠯᠡᠭᠰᠡᠨ ᠭᠡᠷᠡᠴᠢ︾ ︵ᠪᠡᠶ᠎ᠡ ᠪᠠᠨ ᠳᠠᠭᠠᠭᠠᠵᠤ ᠠᠳᠠᠯ ᠦᠢᠯᠡᠰ ᠪᠣᠰᠬᠠᠭᠰᠠᠨ ᠭᠠᠶᠢᠯᠢ ᠶᠢᠨ ᠣᠷᠣᠯᠭ᠎ᠠ ᠶᠢᠨ ᠲᠥᠷᠥ ᠶᠢᠨ ᠪᠣᠳᠣᠯᠭ᠎ᠠ ᠶᠢ ᠲᠣᠳᠣᠷᠬᠠᠶᠢᠯᠠᠨ᠎ᠠ︶ ᠪᠠᠶᠢᠭ᠎ᠠ ᠬᠥᠮᠥᠰ ᠲᠠᠢ 1 ᠵᠢᠯ ᠠᠴᠠ ᠳᠡᠭᠡᠭᠰᠢ ᠬᠤᠭᠤᠴᠠᠭᠠᠨ ᠤ ᠬᠢᠵᠠᠭᠠᠷ ᠲᠠᠢ ᠬᠥᠳᠡᠯᠮᠦᠷᠢ ᠶᠢᠨ ᠭᠡᠷ᠎ᠡ ᠲᠣᠭᠲᠠᠭᠰᠠᠨ ᠤ ᠬᠠᠮᠲᠤ ᠬᠠᠤᠯᠢ ᠶᠣᠰᠣᠭᠠᠷ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠪᠣᠯ᠂ ᠬᠤᠯᠪᠣᠭᠳᠠᠯ ᠪᠦᠬᠦᠢ ᠲᠣᠭᠲᠠᠭᠠᠯ ᠵᠢᠴᠢ ᠪᠠᠷᠢᠮᠵᠢᠶ᠎ᠠ ᠶᠣᠰᠣᠭᠠᠷ ᠡᠵᠡᠩᠨᠡᠯᠲᠡ ᠶᠢᠨ ᠭᠠᠶᠢᠯᠢ᠂ ᠬᠤᠲᠠ ᠶᠢᠨ ᠬᠠᠮᠠᠭᠠᠯᠠᠯᠲᠠ ᠪᠠᠶᠢᠭᠤᠯᠤᠯᠲᠠ ᠶᠢᠨ ᠭᠠᠶᠢᠯᠢ᠂ ᠰᠤᠷᠭᠠᠨ ᠬᠥᠮᠥᠵᠢᠯ ᠤᠨ ᠰᠦᠢᠳᠬᠡᠯ ᠤᠨ ᠨᠡᠮᠡᠯᠲᠡ ᠪᠠ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠶᠢ ᠨᠢ ᠳᠡᠰ ᠳᠠᠷᠠᠭᠠᠯᠠᠨ ᠰᠠᠭᠤᠳᠬᠠᠨ ᠬᠠᠰᠤᠨ᠎ᠠ᠃ ᠨᠥᠬᠦᠴᠡᠯ ᠳᠤ ᠨᠡᠶᠢᠴᠡᠭᠰᠡᠨ ᠵᠢᠵᠢᠭ ᠬᠡᠯᠪᠡᠷᠢ ᠶᠢᠨ ᠪᠢᠴᠢᠯ ᠣᠷᠣᠯᠭ᠎ᠠ ᠲᠠᠢ ᠭᠡᠷ ᠪᠦᠯᠢ ᠶᠢᠨ ᠦᠢᠯᠡᠴᠢᠯᠡᠭᠡᠨ ᠤ ᠠᠵᠤ ᠠᠬᠤᠶᠢᠯᠠᠯ ᠳᠤ᠂ 20% ᠶᠢᠨ ᠭᠠᠶᠢᠯᠢ ᠶᠢᠨ ᠨᠣᠷᠮ᠎ᠠ ᠶᠣᠰᠣᠭᠠᠷ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠬᠤᠷᠢᠶᠠᠨ᠎ᠠ︔ ᠨᠥᠬᠦᠴᠡᠯ ᠳᠤ ᠨᠡᠶᠢᠴᠡᠭᠰᠡᠨ ᠠᠵᠢᠯᠲᠠᠨ ᠤ ᠳᠦᠷᠢᠮᠲᠦ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠳᠤ ᠵᠣᠬᠢᠬᠤ ᠬᠤᠭᠤᠴᠠᠭᠠᠨ ᠤ ᠬᠢᠵᠠᠭᠠᠷ ︵3 ᠵᠢᠯ︶ ᠲᠠᠢ ᠡᠵᠡᠩᠨᠡᠯᠲᠡ ᠶᠢᠨ ᠭᠠᠶᠢᠯᠢ ᠶᠢ ᠬᠥᠩᠭᠡᠯᠡᠬᠦ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃      ᠬᠤᠷᠢᠨ ᠳᠥᠷᠪᠡ᠂ ᠭᠡᠷ ᠪᠦᠯᠢ ᠶᠢᠨ ᠦᠢᠯᠡᠴᠢᠯᠡᠭᠡᠨ ᠤ ᠪᠠᠶᠢᠭᠤᠯᠤᠮᠵᠢ ᠠᠴᠠ ᠠᠵᠢᠯ ᠣᠯᠬᠤ ᠳᠤ ᠬᠦᠴᠢᠷᠳᠡᠯᠲᠡᠢ ᠬᠥᠮᠥᠰ ᠢ ᠡᠯᠰᠡᠨ ᠬᠡᠷᠡᠭᠯᠡᠬᠦ ᠳᠤ ᠶᠠᠮᠠᠷ ᠶᠠᠮᠠᠷ ᠲᠥᠷᠥ ᠶᠢᠨ ᠪᠣᠳᠣᠯᠭ᠎ᠠ ᠶᠢ ᠬᠦᠷᠲᠡᠬᠦ ᠪᠣᠢ︖      ᠬᠠᠷᠢᠭᠤᠯᠲᠠ᠄ ᠡᠯ᠎ᠡ ᠲᠥᠷᠥᠯ ᠤᠨ ᠭᠡᠷ ᠪᠦᠯᠢ ᠶᠢᠨ ᠦᠢᠯᠡᠴᠢᠯᠡᠭᠡᠨ ᠤ ᠪᠠᠶᠢᠭᠤᠯᠤᠮᠵᠢ ᠠᠴᠠ ᠠᠵᠢᠯ ᠣᠯᠬᠤ ᠳᠤ ᠬᠦᠴᠢᠷᠳᠡᠯᠲᠡᠢ ᠬᠥᠮᠥᠰ ᠢ ᠡᠯᠰᠡᠨ ᠬᠡᠷᠡᠭᠯᠡᠵᠦ᠂ ᠬᠥᠳᠡᠯᠮᠦᠷᠢ ᠶᠢᠨ ᠭᠡᠷ᠎ᠡ ᠲᠣᠭᠲᠠᠭᠰᠠᠨ ᠤ ᠬᠠᠮᠲᠤ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠪᠣᠯ᠂ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠨᠥᠬᠦᠪᠦᠷᠢ ᠬᠦᠷᠲᠡᠨ᠎ᠡ᠃      ᠬᠤᠷᠢᠨ ᠲᠠᠪᠤ᠂ ᠠᠳᠠᠯ ᠠᠬᠤᠢ ᠶᠢᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠬᠦ ᠳᠤ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠣᠨ᠎ᠠ ᠦᠦ︖      ᠬᠠᠷᠢᠭᠤᠯᠲᠠ᠄ ᠠᠳᠠᠯ ᠠᠬᠤᠢ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠢ ᠰᠠᠶᠢᠵᠢᠷᠠᠭᠤᠯᠤᠨ ᠪᠠᠭᠲᠠᠭᠠᠮᠵᠢ ᠶᠢ ᠥᠷᠭᠡᠵᠢᠭᠦᠯᠬᠦ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠢ ᠦᠨᠳᠦᠰᠦᠯᠡᠨ᠂ ᠠᠳᠠᠯ ᠠᠬᠤᠢ ᠶᠢᠨ ᠦᠢᠯᠡᠴᠢᠯᠡᠭᠡ ᠶᠢ ᠨᠢᠭᠡᠨᠲᠡ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠬᠠᠮᠢᠶ᠎ᠠ ᠪᠦᠬᠦᠢ ᠠᠵᠢᠯ ᠤᠨ ᠠᠢ ᠳᠤ ᠣᠷᠣᠭᠤᠯᠵᠤ᠂ ᠲᠤᠬᠠᠶᠢᠯᠠᠪᠠᠯ ᠠᠮᠢᠳᠤᠯᠢᠭ ᠢᠶᠠᠷ ᠠᠵᠢᠯ ᠣᠯᠭᠤᠭᠰᠠᠨ ᠠᠳᠠᠯ ᠠᠬᠤᠢ ᠶᠢᠨ ᠦᠢᠯᠡᠴᠢᠯᠡᠭᠡᠨ ᠤ ᠬᠥᠮᠥᠰ ᠲᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠥᠷᠨᠢᠭᠦᠯᠬᠦ ᠪᠠ ᠠᠵᠢᠯ ᠤᠨ ᠪᠠᠶᠢᠷᠢ ᠳᠡᠭᠡᠷᠡᠬᠢ ︽ᠵᠤᠤᠬᠠᠨ ᠳᠤ ᠪᠤᠴᠠᠭᠠᠬᠤ︾ ᠪᠣᠯᠪᠠᠰᠤᠷᠠᠭᠤᠯᠤᠯ ᠬᠢᠭᠰᠡᠨ ᠪᠣᠯ᠂ ᠨᠥᠬᠦᠪᠦᠷᠢ ᠥᠭᠬᠦ ᠪᠠᠷᠢᠮᠵᠢᠶ᠎ᠠ ᠶᠣᠰᠣᠭᠠᠷ ᠪᠣᠯᠪᠠᠰᠤᠷᠠᠭᠤᠯᠤᠯ ᠤᠨ ᠨᠥᠬᠦᠪᠦᠷᠢ ᠣᠯᠭᠤᠨ᠎ᠠ︔ ᠠᠵᠢᠯᠲᠠᠳ ᠢᠶᠠᠨ ᠬᠠᠰᠤᠬᠤ ᠦᠭᠡᠢ ᠪᠠ ᠴᠥᠭᠡᠨ ᠬᠠᠰᠤᠬᠤ ᠠᠵᠢᠯᠲᠠᠨ ᠤ ᠳᠦᠷᠢᠮᠲᠦ ᠠᠳᠠᠯ ᠠᠬᠤᠢ ᠶᠢᠨ ᠠᠵᠤ ᠠᠬᠤᠶᠢᠯᠠᠯ ᠤᠨ ᠠᠵᠢᠯᠲᠠᠳ ᠲᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠪᠠ ︽ᠵᠤᠤᠬᠠᠨ ᠳᠤ ᠪᠤᠴᠠᠭᠠᠬᠤ︾ ᠪᠣᠯᠪᠠᠰᠤᠷᠠᠭᠤᠯᠤᠯ ᠥᠷᠨᠢᠭᠦᠯᠦᠭᠰᠡᠨ ᠪᠣᠯ᠂ ᠨᠥᠬᠦᠪᠦᠷᠢ ᠥᠭᠬᠦ ᠪᠠᠷᠢᠮᠵᠢᠶ᠎ᠠ ᠶᠣᠰᠣᠭᠠᠷ ᠪᠦᠬᠦ ᠲᠣᠭᠠᠨ ᠤ ᠪᠣᠯᠪᠠᠰᠤᠷᠠᠭᠤᠯᠤᠯ ᠤᠨ ᠨᠥᠬᠦᠪᠦᠷᠢ ᠣᠯᠭᠤᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ