1 ᠰᠠᠷ᠎ᠠ ᠶᠢᠨ 14 ᠤ ᠡᠳᠦᠷ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠦᠪᠤᠷ ᠮᠤᠩᠭᠤᠯ ᠤᠨ ᠠᠷᠠᠳ ᠤᠨ | ᠬᠤᠷᠠᠯ ᠤᠨ ᠲᠠᠩᠭᠢᠮ ᠳᠤ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠠ᠃ | ᠶᠡᠭᠡ ᠬᠤᠷᠠᠯ ᠤᠨ ᠭᠦᠢᠴᠡᠳᠭᠡᠭᠦ ᠲᠡᠷᠢᠭᠦᠯᠡᠭᠴᠢ᠂ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ | ᠲᠡᠷᠢᠭᠦᠯᠡᠭᠴᠢ ᠸᠠᠩ ᠪᠦᠸᠧ ᠬᠤᠷᠠᠯ ᠢ ᠡᠷᠬᠢᠯᠡᠵᠠᠢ᠃ ᠶᠡᠭᠡ ᠬᠤᠷᠠᠯ ᠤᠨ ᠭᠦᠢᠴᠡᠳᠭᠡᠭᠦ ᠲᠡᠷᠢᠭᠦᠯᠡᠭᠴᠢ᠂ | ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ ᠾᠧ ᠶᠠᠨ ᠯᠢᠩ᠂ ᠶᠡᠭᠡ ᠬᠤᠷᠠᠯ ᠤᠨ | ᠭᠦᠢᠴᠡᠳᠭᠡᠭᠦ ᠲᠡᠷᠢᠭᠦᠯᠡᠭᠴᠢ ᠵᠠᠩ ᠪᠠᠢ ᠴᠸᠡᠭ᠂ ᠢᠤᠢ ᠯᠢ ᠰᠢᠨ᠂ ᠹᠸᠡᠭ ᠢᠤᠢ ᠵᠸᠡ᠂ ᠯᠦᠸᠧ ᠬᠤ᠋ ᠽᠠᠢ᠂ ᠨᠢᠤ | ᠵᠢᠶᠦ᠋ᠨ ᠶᠠᠨ᠂ ᠱᠢ ᠸᠠᠨ ᠵᠢᠶᠦ᠋ᠨ ᠲᠡᠷᠢᠭᠦᠯᠡᠭᠴᠢᠳ ᠤᠨ ᠲᠠᠶᠢᠰᠠᠨ ᠤ ᠡᠮᠦᠨ᠎ᠠ ᠮᠦᠷ ᠲᠤ ᠰᠠᠭᠠᠳᠠᠪᠠ᠃ | ᠱᠢ ᠲᠠᠢ ᠹᠸᠡᠭ᠂ ᠪᠦ᠋ ᠰᠢᠶᠤᠤ ᠯᠢᠨ᠂ ᠯᠢ ᠰᠢᠤ ᠯᠢᠩ᠂ ᠯᠢᠨ ᠱᠤᠤ ᠴᠦᠨ᠂ ᠸᠠᠩ ᠯᠢ ᠰᠢᠶᠠ᠂ ᠮᠠ | ᠰᠢᠤᠸᠠᠢ ᠵᠢᠶᠦ᠋ᠨ᠂ ᠵᠠᠩ ᠶᠤᠸᠠᠨ ᠵᠦᠡᠭ᠂ ᠪᠠᠢ ᠢᠤᠢ ᠭᠠᠨᠭ᠌᠂ ᠶᠠᠩ ᠸᠧᠢ ᠳ᠋ᠦᠩ᠂ ᠵᠠᠩ ᠱᠤᠤ ᠴᠦᠨ᠂ ᠳ᠋ᠤᠸᠠᠨ | ᡁᠢ ᠴᠢᠶᠠᠩ ᠵᠡᠷᠭᠡ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠵᠢᠴᠢ ᠶᠡᠭᠡ ᠬᠤᠷᠠᠯ ᠤᠨ ᠲᠡᠷᠢᠭᠦᠯᠡᠭᠴᠢᠳ | ᠤᠨ ᠪᠦᠯᠭᠦᠮ ᠤᠨ ᠪᠦᠷᠢᠯᠳᠦᠭᠦᠨ ᠲᠡᠷᠢᠭᠦᠯᠡᠭᠴᠢᠳ ᠤᠨ ᠲᠠᠶᠢᠰᠠᠨ ᠳᠤ ᠰᠠᠭᠠᠳᠠᠪᠠ᠃ | ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠲᠦᠯᠦᠭᠡᠯᠡᠭᠴᠢ ᠤᠳᠤ 531 ᠬᠦᠮᠦᠨ ᠪᠣᠢ᠂ ᠲᠤᠰ ᠤᠳᠠᠭ᠎ᠠ ᠶᠢᠨ ᠪᠦᠭᠦᠳᠡ ᠬᠤᠷᠠᠯ ᠳᠤ | 511 ᠬᠦᠮᠦᠨ ᠤᠷᠤᠯᠴᠠᠵᠦ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ ᠨᠡᠶᠢᠴᠡᠵᠠᠢ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶᠠᠨ ᠤ ᠪᠠᠶᠢᠡᠭᠭᠤ ᠶᠢᠨ ᠲᠡᠳ᠋ ᠡᠷᠬᠢᠯᠡᠭᠴᠢ ᠨᠠᠰᠤᠨᠮᠦ᠋ᠡᠭᠭᠡ ᠶᠡᠭᠡ ᠬᠤᠷᠠᠯ ᠳᠤ ᠦᠪᠤᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ | ᠤ ᠠᠵᠢᠯ ᠤᠨ ᠮᠡᠳᠡᠭᠦᠯᠦᠯᠳᠡ ᠬᠢᠪᠡ᠃ | ᠨᠠᠰᠤᠨᠮᠦ᠋ᠡᠭᠭᠡ᠂ 2019 ᠣᠨ ᠪᠤᠯ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ | ᠪᠠᠶᠢᠭᠤᠯᠤᠬᠳᠠᠬᠰᠠᠨ 70 ᠵᠢᠯ ᠤᠨ ᠤᠢ ᠪᠣᠯᠣᠨ᠎ᠠ᠂ ᠮᠦᠨ ᠴᠤ ᠤᠷᠤᠨ ᠨᠤᠳᠤᠬ ᠤᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠪᠠᠶᠢᠭᠤᠯᠤᠬᠳᠠᠬᠰᠠᠨ 40 ᠵᠢᠯ ᠤᠨ ᠤᠢ | ᠪᠤᠯᠤᠨ᠎ᠠ᠃ ᠨᠢᠭᠡ ᠵᠢᠯ ᠤᠨ ᠲᠤᠷᠰᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠡᠭᠭᠤ ᠶᠢᠨ ᠬᠤᠷᠢᠶ᠎ᠠ ᠨᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠡᠷᠡᠰ ᠴᠢᠩᠭ᠎ᠠ | ᠤᠳᠤᠷᠢᠳᠤᠯᠭ᠎ᠠ ᠲᠤᠤᠷ᠎ᠠ᠂ ᠤᠬᠠᠮᠰᠠᠷ ᠠᠴᠠ ᠪᠠᠨ ᠶᠡᠷᠦᠩᠭᠡᠢ ᠱᠦᠵᠢ ᠰᠢ ᠶᠢᠨ ᠫᠢᠡᠭ ᠤᠨ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠨᠠᠮ ᠤᠨ ᠲᠦᠪ | ᠬᠤᠷᠢᠶᠠᠨ ᠤ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠪᠠᠷ ᠪᠠᠷᠢᠮᠵᠢᠶᠠᠯᠠᠨ ᠬᠠᠷᠭᠤᠭᠤᠯᠵᠣ᠂ | ᠨᠠᠮ ᠤᠨ ᠦᠨᠳᠤᠰᠤᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠪᠠᠷ ᠪᠠᠷᠢᠮᠵᠢᠶᠠᠯᠠᠨ | ᠬᠠᠷᠭᠤᠭᠤᠯᠵᠣ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠨᠠᠮ ᠤᠨ ᠲᠦᠪ ᠬᠤᠷᠢᠶᠠᠨ ᠤ | ᠴᠢᠭᠯᠡᠯᠳᠡ ᠪᠤᠳᠤᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠪᠠᠶᠢᠷᠢᠯᠠᠭᠤᠯᠤᠯᠳᠠ ᠲᠠᠢ | ᠤᠶᠠᠯᠳᠤᠭᠤᠯᠤᠨ᠂ ᠠᠷᠠᠳ ᠤᠯᠠᠨ ᠤ ᠠᠩᠬᠠᠷᠤᠨ ᠬᠠᠯᠠᠮᠵᠢᠯᠠᠵᠦ ᠪᠠᠶᠢᠭ᠎ᠠ ᠴᠢᠬᠤᠯᠠ ᠵᠦᠢᠯᠡᠰ ᠲᠤ ᠬᠠᠷᠢᠭᠤ | ᠲᠤᠰᠬᠠᠬᠤ ᠲᠠᠢ ᠤᠶᠠᠯᠳᠤᠭᠤᠯᠤᠨ᠂ ᠬᠠᠤᠯᠢ ᠪᠠᠷ ᠵᠠᠰᠠᠬᠤ᠂ ᠪᠦᠭᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠶᠢ | ᠠᠬᠢᠭᠤᠯᠬᠤ ᠲᠠᠢ ᠤᠶᠠᠯᠳᠤᠭᠤᠯᠵᠤ᠂ ᠬᠠᠤᠯᠢ ᠳᠤ ᠲᠤᠬᠳᠠᠭᠠᠬᠰᠠᠨ ᠡᠷᠭᠡ ᠲᠤᠰᠢᠶᠠᠯ ᠢᠶᠠᠨ ᠬᠢᠨᠠᠮᠠᠭᠠᠢ ᠭᠦᠢᠴᠡᠳᠭᠡᠨ᠂ | ᠪᠦᠭᠦ ᠵᠢᠯ ᠳᠤ 24 ᠤᠷᠤᠨ ᠨᠤᠳᠤᠬ ᠤᠨ ᠴᠢᠨᠠᠷᠳᠠᠢ ᠬᠠᠤᠯᠢ ᠲᠤᠬᠳᠠᠭᠠᠯ ᠢ ᠲᠤᠬᠳᠠᠭᠠᠵᠦ ᠵᠠᠰᠠᠪᠤᠷᠢ | ᠤᠷᠤᠭᠤᠯᠣᠭᠰᠠᠨ ᠪᠣᠶᠣ ᠬᠦᠴᠦᠨ ᠦᠭᠡᠢ ᠪᠤᠯᠭᠠᠵᠦ᠂ 25 ᠤᠷᠤᠨ ᠨᠤᠳᠤᠭ ᠤᠨ ᠴᠢᠨᠠᠷᠳᠠᠢ ᠬᠠᠤᠯᠢ ᠲᠤᠬᠳᠠᠭᠠᠯ | ᠪᠠ ᠳᠠᠩ ᠢᠶᠠᠷ ᠬᠡᠷᠡᠭᠵᠢᠭᠦᠯᠭᠦ ᠲᠦᠷᠢᠮ ᠢ ᠵᠦᠪᠰᠢᠶᠡᠷᠡᠪᠠ︔ 22 ᠲᠤᠰᠬᠠᠢ ᠠᠵᠢᠯ ᠤᠨ ᠮᠡᠳᠡᠭᠦᠯᠦᠯᠳᠡ ᠶᠢ | ᠰᠤᠨᠤᠰᠤᠨ ᠬᠢᠨᠡᠨ ᠵᠦᠪᠯᠡᠵᠦ᠂ 6 ᠬᠠᠤᠯᠢ ᠴᠠᠭᠠᠵᠠ ᠬᠠᠤᠯᠢ ᠲᠤᠬᠳᠠᠭᠠᠯ ᠢ ᠬᠡᠷᠡᠭᠵᠢᠭᠦᠯᠦᠭᠰᠡᠨ ᠪᠠᠶᠢᠳᠠᠯ ᠢ | ᠪᠠᠶᠢᠴᠠᠭᠠᠵᠦ᠂ 6 ᠬᠠᠤᠯᠢ ᠬᠡᠷᠡᠭᠵᠢᠭᠦᠯᠦᠭᠰᠡᠨ ᠪᠠᠶᠢᠴᠠᠭᠠᠨ ᠰᠤᠳᠤᠯᠤᠯᠳᠠ ᠪᠠ ᠲᠤᠰᠬᠠᠢ ᠰᠡᠳᠦᠪᠳᠤ ᠪᠠᠶᠢᠴᠠᠭᠠᠨ | ᠰᠤᠳᠤᠯᠤᠯᠳᠠ ᠦᠷᠨᠢᠭᠦᠯᠪᠠ︔ ᠲᠦᠯᠦᠭᠡᠯᠡᠭᠴᠢ ᠶᠢᠨ 13 ᠰᠠᠨᠠᠯ ᠵᠦᠪᠯᠡᠯᠭᠡ ᠶᠢ ᠰᠢᠢᠳᠪᠤᠷᠢᠯᠡᠨ ᠲᠠᠭᠤᠰᠬᠠᠵᠦ᠂ | 736 ᠰᠠᠨᠠᠯ ᠰᠠᠨᠠᠭᠤᠯᠭ᠎ᠠ ᠶᠢ ᠪᠦᠭᠦᠨ ᠢ ᠰᠢᠢᠳᠪᠦᠷᠢᠯᠡᠨ ᠲᠠᠭᠤᠰᠬᠠᠬᠤ ᠶᠢᠨ ᠬᠠᠮᠳᠤ ᠲᠦᠯᠦᠭᠡᠯᠡᠭᠴᠢ ᠳᠤ | ᠬᠠᠷᠢᠭᠤᠯᠳᠠ ᠦᠭᠪᠡ︔ 6 ᠰᠢᠢᠳᠪᠤᠷᠢ ᠲᠤᠬᠳᠠᠭᠠᠯ ᠭᠠᠷᠭᠠᠨ᠂ ᠲᠦᠷᠦ ᠶᠢᠨ ᠪᠠᠶᠢᠭᠤᠯᠭ᠎ᠠ ᠶᠢᠨ ᠠᠵᠢᠯᠳᠠᠨ ᠢ | 303 ᠬᠦᠮᠦᠨ ᠤᠳᠠᠭ᠎ᠠ ᠳᠣᠰᠢᠶᠠᠯ ᠳᠤ ᠲᠤᠮᠢᠯᠠᠨ ᠳᠣᠰᠢᠶᠠᠯ ᠠᠴᠠ ᠨᠢ ᠪᠠᠭᠤᠯᠭᠠᠵᠦ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠰᠢᠨ᠎ᠠ ᠶᠢ ᠡᠭᠦᠳᠤᠨ ᠬᠦᠭᠵᠢᠵᠦ᠂ ᠦᠪᠡᠷᠳᠡᠭᠡᠨ ᠵᠠᠰᠠᠬᠤ ᠤᠷᠤᠨ | ᠤ ᠠᠵᠦ ᠠᠬᠤᠢ ᠨᠡᠶᠢᠭᠡᠮ ᠤᠨ ᠬᠦᠭᠵᠢᠯᠳᠠ ᠳᠤ ᠪᠠᠳᠤ ᠴᠢᠩᠭ᠎ᠠ ᠬᠠᠤᠯᠢᠵᠢᠯ ᠤᠨ ᠪᠠᠳᠤᠯᠠᠭ᠎ᠠ ᠬᠠᠨᠭ᠍ᠭᠠᠵᠠᠢ ᠭᠡᠪᠡ᠃ | ᠨᠠᠰᠤᠨᠮᠦ᠋ᠡᠭᠭᠡ᠂ 2020 ᠣᠨ ᠪᠤᠯ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠭᠦ ᠪᠠ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠤᠯᠤᠨ᠎ᠠ᠃ ᠪᠠᠶᠢᠡᠭᠭᠤ ᠶᠢᠨ | ᠬᠤᠷᠢᠶᠠᠨ ᠤ ᠠᠵᠢᠯ ᠤᠨ ᠶᠡᠷᠦᠩᠭᠡᠢ ᠱᠠᠭᠠᠷᠳᠠᠯᠭ᠎ᠠ ᠪᠤᠯ᠄ ᠰᠢ ᠶᠢᠨ ᠫᠢᠡᠭ ᠤᠨ ᠰᠢᠨ᠎ᠠ ᠴᠠᠭ ᠦᠶ᠎ᠠ ᠶᠢᠨ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠲᠦᠷᠪᠡᠳᠦᠭᠡᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠦ᠂ | ᠶᠡᠷᠦᠩᠭᠡᠢ ᠱᠦᠵᠢ ᠰᠢ ᠶᠢᠨ ᠫᠢᠡᠭ ᠤᠨ ᠦᠪᠤᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠦ᠂ ︽ᠲᠦᠷᠪᠡᠨ ᠤᠬᠠᠮᠰᠠᠷ︾ ᠢᠶᠠᠨ | ᠴᠢᠩᠭᠠᠳᠬᠠᠨ ︽ᠲᠦᠷᠪᠡᠨ ᠢᠳᠡᠭᠡᠯ︾ ᠢᠶᠠᠨ ᠪᠠᠳᠤᠳᠬᠠᠵᠦ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ | ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠦ ᠡᠷᠭᠡ ᠮᠡᠳᠡᠭᠦ᠂ ᠬᠠᠤᠯᠢ ᠪᠠᠷ ᠤᠯᠤᠰ ᠢᠶᠠᠨ ᠵᠠᠰᠠᠬᠤ ᠶᠢ | ᠤᠷᠭᠠᠨᠢᠭ ᠢᠶᠠᠷ ᠨᠢᠭᠡᠳᠭᠡᠬᠦ ᠶᠢ ᠪᠠᠷᠢᠮᠳᠠᠯᠠᠨ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠭᠦ ᠬᠠᠷᠠᠯᠳᠠ | ᠡᠭᠦᠷᠭᠡ ᠲᠠᠢ ᠨᠢᠬᠳᠠ ᠤᠶᠠᠯᠳᠤᠭᠤᠯᠵᠦ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ | ᠬᠤᠭᠤᠴᠠᠭᠠᠨ ᠤ ᠠᠷᠪᠠᠨ ᠨᠢᠭᠡᠳᠦᠭᠡᠷ ᠤᠳᠠᠭ᠎ᠠ ᠶᠢᠨ ᠪᠦᠭᠦᠳᠡ ᠬᠤᠷᠠᠯ ᠤᠨ ᠠᠵᠢᠯ ᠤᠨ ᠪᠠᠶᠢᠷᠢᠯᠠᠭᠤᠯᠤᠯᠳᠠ | ᠶᠤᠰᠤᠭᠠᠷ᠂ ᠰᠢᠨ᠎ᠠ ᠬᠦᠭᠵᠢᠯᠳᠠ ᠶᠢᠨ ᠤᠢᠢᠯᠠᠭᠠᠬᠳᠠᠬᠤᠨ ᠢ ᠪᠠᠷᠢᠮᠳᠠᠯᠠᠨ᠂ ᠦᠭᠡᠷᠡᠴᠢᠯᠡᠯᠳᠡ ᠬᠢᠵᠦ ᠰᠢᠨ᠎ᠠ ᠶᠢ | ᠡᠭᠦᠳᠭᠦ ᠶᠢ ᠪᠠᠷᠢᠮᠳᠠᠯᠠᠵᠦ᠂ ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠨ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠭᠤᠯᠤᠯ ᠤᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ | ᠲᠡᠭᠦᠯᠳᠡᠷᠵᠢᠭᠦᠯᠭᠦ᠂ ᠤᠯᠤᠰ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ | ᠠᠬᠢᠭᠤᠯᠬᠤ ᠳᠤ ᠦᠵᠡᠭᠦᠯᠭᠦ ᠦᠨᠳᠦᠰᠦᠨ ᠤᠯᠤᠰ ᠲᠦᠷᠦ ᠶᠢᠨ ᠪᠠᠶᠢᠭᠤᠯᠤᠯ ᠤᠨ ᠦᠢᠯᠡᠳᠤᠯ ᠢ ᠭᠦᠢᠴᠡᠳ | ᠪᠠᠳᠠᠷᠠᠭᠤᠯᠵᠦ᠂ ᠨᠡᠮᠡᠭᠳᠡᠯ ᠢ ᠲᠤᠬᠳᠠᠪᠤᠷᠢᠵᠢᠭᠤᠯᠬᠤ᠂ ᠦᠭᠡᠷᠡᠴᠢᠯᠡᠯᠳᠡ ᠶᠢ ᠠᠬᠢᠭᠤᠯᠬᠤ᠂ ᠪᠦᠲᠦᠴᠡ ᠶᠢ | ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠳᠡᠭᠡᠭᠦ᠂ ᠠᠶᠤᠯ ᠲᠦᠭᠰᠢᠭᠦᠷᠢ ᠶᠢ ᠰᠡᠷᠭᠡᠶᠢᠯᠡᠭᠦ᠂ | ᠲᠤᠬᠳᠠᠭᠤᠨ ᠢ ᠪᠠᠳᠤᠯᠠᠬᠤ ᠶᠢ ᠬᠠᠤᠯᠢ ᠶᠤᠰᠤᠭᠠᠷ ᠪᠠᠳᠤᠯᠠᠵᠦ᠂ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠭᠦ | ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠠᠵᠢᠯ ᠢ ᠲᠡᠭᠦᠰ ᠠᠮᠵᠢᠯᠳᠠ ᠲᠠᠢ | ᠪᠡᠶᠡᠯᠡᠭᠦᠯᠭᠦ ᠳᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠪᠢ ᠨᠡᠮᠡᠷᠢ ᠪᠠᠨ ᠦᠵᠡᠭᠦᠯᠬᠦ ᠶᠠᠪᠣᠳᠠᠯ | ᠪᠣᠯᠦᠨ᠎ᠡ ᠭᠡᠪᠡ᠃ | ᠨᠠᠰᠤᠨᠮᠦ᠋ᠡᠭᠭᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠲᠦᠷᠪᠡᠳᠦᠭᠡᠷ | ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠦᠷᠢᠮ ᠤᠨ ᠪᠠᠶᠢᠭᠤᠯᠤᠯᠳᠠ ᠶᠢ ᠬᠦᠴᠦᠯᠠᠨ | ᠴᠢᠩᠭᠠᠳᠬᠠᠨ᠎ᠠ︔ ᠭᠤᠤᠯᠳᠠᠯᠭ᠎ᠠ ᠲᠠᠢ ᠬᠦᠷᠢᠶᠠᠨ ᠤ ᠬᠠᠤᠯᠢ ᠲᠤᠬᠳᠠᠭᠠᠬᠤ ᠠᠵᠢᠯ ᠲᠠᠢ ᠨᠢᠬᠳᠠ ᠤᠶᠠᠯᠳᠤᠭᠤᠯᠵᠤ᠂ | ᠬᠠᠤᠯᠢ ᠲᠤᠬᠳᠠᠭᠠᠬᠤ ᠶᠠᠰᠦ ᠴᠢᠨᠠᠷ ᠪᠠ ᠦᠷ᠎ᠠ ᠪᠦᠲᠦᠮᠵᠢ ᠶᠢ ᠬᠦᠴᠦᠯᠨᠨ ᠲᠡᠭᠡᠭᠰᠢᠯᠡᠭᠦᠯᠦᠨ᠎ᠠ︔ ᠴᠢᠨᠠᠷ ᠰᠠᠶᠢᠳᠠᠢ | ᠬᠦᠭᠵᠢᠯᠳᠠ ᠶᠢ ᠠᠬᠢᠭᠤᠯᠬᠤ ᠪᠠ ᠴᠢᠬᠤᠯᠠ ᠶᠡᠭᠡ ᠠᠷᠠᠳ ᠤᠨ ᠠᠮᠢᠳᠤᠷᠠᠯ ᠤᠨ ᠠᠩᠬᠠᠷᠤᠯ ᠲᠠᠢ ᠨᠢᠭᠳᠠ | ᠤᠶᠠᠯᠳᠤᠭᠤᠯᠵᠤ᠂ ᠬᠢᠨᠠᠯᠳᠠ ᠲᠠᠯᠪᠢᠬᠤ ᠪᠤᠳᠠᠳᠤ ᠦᠷ᠎ᠠ ᠪᠦᠲᠦᠮᠵᠢ ᠪᠠᠨ ᠬᠦᠴᠦᠯᠡᠨ ᠴᠢᠩᠭᠠᠳᠬᠠᠨ᠎ᠠ︔ ᠰᠢᠨ᠎ᠠ | ᠴᠠᠬ ᠦᠶ᠎ᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠠᠵᠢᠯ ᠢ | ᠬᠦᠨᠵᠡᠭᠡᠶᠢᠷᠡᠭᠦᠯᠦᠨ ᠦᠷᠭᠡᠳᠭᠡᠭᠦ ᠲᠠᠢ ᠨᠢᠭᠳᠠ ᠤᠶᠠᠯᠳᠤᠭᠤᠯᠵᠤ᠂ ᠲᠦᠯᠦᠭᠡᠯᠡᠭᠴᠢ ᠶᠢᠨ ᠪᠡᠶᠡᠴᠢ ᠴᠤᠬᠴᠠ ᠶᠢᠨ | ᠦᠢᠯᠡᠳᠤᠯ ᠢ ᠨᠡᠩ ᠰᠠᠶᠢᠳᠤᠷ ᠪᠠᠳᠠᠷᠠᠭᠤᠯᠤᠨ᠎ᠠ ᠵᠡᠷᠭᠡ ᠲᠦᠷᠪᠡᠨ ᠲᠠᠯ᠎ᠠ ᠠᠴᠠ 2020 ᠣᠨ ᠤ ᠭᠤᠤᠯ ᠠᠵᠢᠯ ᠢ | ᠲᠤᠳᠤᠷᠬᠠᠢᠢᠯᠠᠨ ᠦᠬᠦᠯᠡᠵᠠᠢ᠃ ᠲᠡᠷᠡ᠂ ᠰᠢᠨ᠎ᠠ ᠴᠠᠬ ᠦᠶ᠎ᠠ ᠶᠢᠨ ᠠᠭᠤᠤ ᠶᠡᠭᠡ ᠠᠶᠠᠨ ᠳᠤ᠂ ᠪᠢᠳᠠ ᠪᠠᠶᠢᠭᠤᠯᠤᠯ | ᠤᠨ ᠢᠳᠡᠭᠡᠯ᠂ ᠵᠠᠮ ᠤᠨ ᠢᠳᠡᠭᠡᠯ ᠢᠶᠠᠨ ᠪᠠᠳᠤᠳᠬᠠᠬᠤ ᠬᠡᠷᠡᠭᠳᠡᠢ᠃ ᠪᠢᠳᠠ ᠰᠢ ᠶᠢᠨ ᠫᠢᠡᠭ ᠨᠦᠭᠦᠷ ᠢᠶᠠᠷ ᠭᠤᠤᠯ | ᠪᠤᠯᠭᠠᠬᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠬᠳᠠᠷᠠᠨ ᠪᠦᠯᠭᠦᠮᠳᠠᠵᠦ᠂ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠭᠤᠯᠤᠯ ᠢ ᠡᠷᠡᠰ ᠭᠤᠶᠢᠪᠢᠰᠢ ᠦᠭᠡᠢ ᠪᠠᠷ ᠪᠠᠷᠢᠮᠳᠠᠯᠠᠨ ᠲᠡᠭᠦᠯᠳᠡᠷᠵᠢᠭᠦᠯᠵᠦ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠦᠢᠯᠡᠰ ᠤᠨ ᠬᠦᠭᠵᠢᠯᠳᠠ ᠶᠢᠨ ᠰᠢᠨ᠎ᠠ ᠪᠠᠶᠢᠳᠠᠯ ᠢ ᠴᠢᠷᠮᠠᠶᠢᠨ ᠡᠭᠦᠳᠴᠤ᠂ | ᠦᠵᠡᠰᠭᠦᠯᠠᠩᠳᠤ ᠰᠠᠶᠢᠬᠠᠨ ᠦᠪᠤᠷ ᠮᠤᠩᠭᠤᠯ ᠢᠶᠠᠨ ᠪᠦᠲᠦᠭᠡᠨ ᠪᠠᠶᠢᠭᠤᠯᠵᠦ ᠠᠭᠤᠤ ᠶᠡᠭᠡ ᠲᠤᠮᠳᠠᠳᠤ ᠶᠢᠨ | ᠵᠡᠭᠦᠳᠤ ᠶᠢ ᠬᠠᠮᠳᠤ ᠪᠠᠷ ᠲᠡᠷᠭᠡᠯᠰᠢᠭᠦᠯᠭᠦ ᠳᠤ ᠰᠢᠨ᠎ᠠ ᠬᠤᠪᠢ ᠨᠡᠮᠡᠷᠢ ᠦᠵᠡᠭᠦᠯᠭᠦ ᠬᠡᠷᠡᠭᠳᠡᠢ ᠭᠡᠪᠡ᠃ | ᠬᠤᠷᠠᠯ ᠠᠴᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ | ᠰᠤᠩᠭᠤᠭᠤᠯᠢ ᠶᠢᠨ ᠠᠷᠭ᠎ᠠ︾ ᠶᠢ ᠪᠠᠳᠤᠯᠠᠯᠳᠠ ᠬᠢᠵᠤ ᠪᠠᠳᠤᠯᠠᠪᠠ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶᠠᠨ ᠤ ᠲᠠᠷᠤᠭ᠎ᠠ ᠶᠠᠩ | ᠽᠦᠡᠭ ᠷᠧᠨ ᠶᠡᠭᠡ ᠬᠤᠷᠠᠯ ᠳᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ | ᠵᠠᠷᠭᠡ ᠶᠢᠨ ᠰᠢᠭᠦᠭᠦ ᠬᠤᠷᠢᠶᠠᠨ ᠤ ᠠᠵᠢᠯ ᠤᠨ ᠮᠡᠳᠡᠭᠦᠯᠦᠯᠳᠡ ᠬᠢᠪᠡ᠃ | ᠶᠠᠩ ᠽᠦᠡᠭ ᠷᠧᠨ᠂ 2019 ᠣᠨ ᠳᠤ ᠪᠦᠭᠦ ᠤᠷᠤᠨ ᠤ ᠰᠢᠭᠦᠭᠦ ᠬᠤᠷᠢᠶ᠎ᠠ ᠶᠡᠷᠦᠩᠭᠡᠢ ᠱᠦᠵᠢ ᠰᠢ ᠶᠢᠨ | ᠫᠢᠡᠭ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ᠂ ᠦᠪᠤᠷ ᠮᠤᠩᠭᠤᠯ ᠤᠨ ᠠᠵᠢᠯ ᠤᠨ ᠲᠤᠬᠠᠢ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠦ᠂ ᠠᠷᠠᠳ ᠤᠨ | ᠲᠡᠭᠡᠳᠤ ᠰᠢᠭᠦᠭᠦ ᠬᠤᠷᠢᠶ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠢᠢᠳᠪᠤᠷᠢᠳᠤ | ᠪᠤᠳᠤᠯᠭ᠎ᠠ ᠪᠠᠶᠢᠷᠢᠯᠠᠭᠤᠯᠤᠯᠳᠠ ᠶᠤᠰᠤᠭᠠᠷ ︽ᠬᠠᠤᠯᠢ ᠪᠠᠷᠢᠭᠰᠠᠨ ᠬᠡᠷᠡᠭ ᠪᠤᠯᠭᠠᠨ ᠳᠤ ᠠᠷᠠᠳ ᠤᠯᠠᠨ ᠳᠤ ᠲᠦᠪ | ᠭᠤᠤᠯᠴᠢ ᠰᠢᠳᠤᠷᠭᠤ ᠪᠠᠶᠢᠬᠤ ᠶᠢ ᠮᠡᠳᠡᠷᠡᠭᠦᠯᠭᠦ︾ ᠬᠠᠷᠠᠯᠳᠠ ᠶᠢᠨ ᠲᠤᠭᠤᠷᠢᠨ ᠳᠤ ᠬᠠᠤᠯᠢ ᠪᠠᠷᠢᠬᠤ ᠲᠤᠰᠢᠶᠠᠯ | ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠵᠦ᠂ ︽ᠴᠢᠨᠠᠷ ᠴᠢᠨᠰᠠᠭ᠎ᠠ ᠪᠠᠨ ᠲᠡᠭᠡᠭᠰᠢᠯᠡᠭᠦᠯᠵᠦ ᠦᠷ᠎ᠠ | ᠪᠦᠲᠦᠮᠵᠢ ᠪᠠᠨ ᠨᠡᠮᠡᠭᠳᠡᠭᠦᠯᠭᠦ ᠣᠨ︾ ᠤ ᠠᠵᠢᠯᠯᠠᠭ᠎ᠠ ᠶᠢ ᠶᠡᠭᠡ ᠪᠠᠷ ᠦᠷᠨᠢᠭᠦᠯᠪᠠ᠃ ᠪᠦᠭᠦ ᠤᠷᠤᠨ ᠤ ᠰᠢᠭᠦᠭᠦ | ᠬᠤᠷᠢᠶ᠎ᠠ 85.3 ᠲᠦᠮᠡᠨ ᠬᠡᠷᠡᠭ ᠢ ᠬᠦᠯᠢᠶᠠᠨ ᠠᠪᠴᠤ ᠰᠢᠢᠳᠪᠤᠷᠢᠯᠡᠵᠦ᠂ 78.4 ᠲᠦᠮᠡᠨ ᠬᠡᠷᠡᠭ ᠢ ᠰᠢᠭᠦᠨ | ᠰᠢᠢᠳᠪᠤᠷᠢᠯᠡᠵᠦ ᠭᠦᠢᠴᠡᠳᠭᠡᠨ ᠲᠠᠭᠤᠰᠬᠠᠵᠠᠢ︔ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ | ᠵᠡᠷᠭᠡ ᠶᠢᠨ ᠰᠢᠭᠦᠭᠦ ᠬᠤᠷᠢᠶ᠎ᠠ 11585 ᠬᠡᠷᠡᠭ ᠢ ᠬᠦᠯᠢᠶᠠᠨ ᠠᠪᠴᠤ ᠰᠢᠢᠳᠪᠤᠷᠢᠯᠡᠨ᠂ 10692 ᠬᠡᠷᠡᠭ ᠢ | ᠰᠢᠭᠦᠨ ᠰᠢᠢᠳᠪᠤᠷᠢᠯᠡᠵᠦ ᠭᠦᠢᠴᠡᠳᠭᠡᠨ ᠲᠠᠭᠤᠰᠬᠠᠵᠠᠢ︔ ᠪᠦᠭᠦ ᠤᠷᠤᠨ ᠤ ᠰᠢᠭᠦᠭᠦ ᠬᠤᠷᠢᠶᠠᠨ ᠤ ᠬᠡᠷᠡᠭ ᠢ | ᠬᠦᠯᠢᠶᠠᠨ ᠠᠪᠣᠭᠰᠠᠨ ᠪᠠ ᠲᠠᠭᠤᠰᠬᠠᠬᠰᠠᠨ ᠲᠤᠭ᠎ᠠ ᠴᠦᠮ ᠲᠡᠤᠭᠡ ᠶᠢᠨ ᠰᠢᠨ᠎ᠠ ᠲᠦᠪᠰᠢᠨ ᠢ ᠡᠭᠦᠳᠴᠤ᠂ ᠬᠡᠷᠡᠭ ᠢ | ᠲᠠᠭᠤᠰᠬᠠᠬᠰᠠᠨ ᠨᠤᠷᠮ᠎ᠠ ᠲᠦᠷᠦᠭᠦᠦ ᠤᠳᠠᠭ᠎ᠠ 90% ᠶᠢ ᠲᠠᠪᠠᠵᠠᠢ︔ ᠨᠢᠭᠡᠳᠦᠭᠡᠷ ᠰᠢᠭᠦᠯᠳᠡ ᠶᠢᠨ ᠰᠢᠭᠦᠨ | ᠲᠠᠰᠤᠯᠤᠬᠰᠠᠨ ᠬᠡᠷᠡᠭ ᠢ ᠦᠭᠡᠷᠡᠴᠢᠯᠡᠨ ᠪᠤᠴᠠᠭᠠᠵᠦ ᠳᠠᠬᠢᠨ ᠰᠢᠭᠦᠯᠳᠡ ᠬᠢᠯᠭᠡᠭᠰᠡᠨ ᠨᠤᠷᠮ᠎ᠠ᠂ ᠨᠢᠭᠡᠳᠦᠭᠡᠷ | ᠰᠢᠭᠦᠯᠳᠡ ᠶᠢᠨ ᠰᠢᠭᠦᠨ ᠲᠠᠰᠤᠯᠤᠯᠳᠠ ᠶᠢ ᠭᠦᠯᠢᠶᠡᠵᠦ ᠵᠠᠷᠭᠤᠯᠳᠤᠬᠤ ᠪᠠᠨ ᠪᠤᠯᠢᠬᠰᠠᠨ ᠨᠤᠷᠮ᠎ᠠ᠂ ᠳᠠᠭᠤᠰᠬᠠᠭᠰᠠᠨ | ᠬᠡᠷᠡᠭ ᠤᠨ ᠦᠷ᠎ᠡ ᠳ᠋ᠦᠩ ᠢ ᠬᠦᠯᠢᠶᠠᠨ ᠠᠪᠤᠬᠰᠠᠨ ᠬᠠᠷᠢᠴᠠᠯ ᠵᠡᠷᠭᠡ 3 ᠵᠦᠢᠯ ᠤᠨ ᠵᠢᠭᠠᠯᠳᠠ ᠲᠤᠭ᠎ᠠ ᠪᠠᠷ ᠴᠦᠮ | ᠪᠦᠭᠦ ᠤᠯᠤᠰ ᠤᠨ ᠲᠡᠷᠢᠭᠦᠨ ᠤ ᠡᠩᠨᠡᠭᠡᠨ ᠳᠤ ᠤᠷᠤᠵᠠᠢ ᠭᠡᠪᠡ᠃ | ᠶᠠᠩ ᠽᠦᠡᠭ ᠷᠧᠨ ᠰᠢᠭᠦᠨ ᠲᠠᠰᠤᠯᠬᠤ ᠡᠭᠦᠷᠭᠡ ᠴᠢᠳᠠᠪᠭᠢ ᠪᠠᠨ ᠭᠦᠢᠴᠡᠳ ᠪᠠᠳᠠᠷᠠᠭᠤᠯᠵᠦ᠂ ᠠᠵᠦ | ᠠᠬᠤᠢ ᠶᠢᠨ ᠴᠢᠨᠠᠷ ᠰᠠᠶᠢᠳᠠᠢ ᠬᠦᠭᠵᠢᠯᠳᠠ ᠳᠤ ᠦᠢᠯᠡᠴᠢᠯᠠᠵᠤ ᠪᠠᠳᠤᠯᠠᠭ᠎ᠠ ᠬᠠᠨᠭ᠍ᠭᠠᠪᠠ︔ ᠶᠠᠯᠠᠳᠤ ᠠᠵᠢᠯᠯᠠᠭ᠎ᠠ ᠶᠢ | ᠬᠠᠤᠯᠢ ᠶᠤᠰᠤᠭᠠᠷ ᠵᠠᠯᠬᠠᠭᠠᠨ ᠰᠢᠢᠳᠭᠡᠵᠦ ᠠᠷᠠᠳ ᠲᠦᠮᠡᠨ ᠢ ᠬᠠᠮᠠᠭᠠᠯᠠᠵᠦ᠂ ᠠᠮᠤᠷ ᠲᠦᠪᠰᠢᠨ ᠲᠤᠬᠳᠠᠭᠤᠨ ᠤ | ᠬᠠᠯᠬᠠᠪᠴᠢ ᠶᠢ ᠪᠠᠬᠢᠵᠢᠭᠦᠯᠪᠠ︔ ᠠᠷᠠᠳ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠣᠯ ᠢᠶᠠᠨ | ᠲᠦᠪᠯᠡᠷᠡᠭᠦᠯᠵᠦ᠂ ᠬᠠᠤᠯᠢ ᠪᠠᠷᠢᠬᠤ ᠦᠢᠯᠡᠴᠢᠯᠡᠭᠡᠨ ᠤ ᠲᠦᠪᠰᠢᠨ ᠢᠶᠠᠨ ᠲᠡᠭᠡᠭᠰᠢᠯᠡᠭᠦᠯᠪᠠ︔ ᠬᠠᠤᠯᠢ ᠴᠠᠭᠠᠵᠠ ᠶᠢᠨ | ᠪᠠᠶᠢᠭᠤᠯᠤᠮᠵᠢ ᠶᠢᠨ ᠦᠭᠡᠷᠡᠴᠢᠯᠠᠯᠳᠠ ᠪᠠ ᠤᠶᠤᠨᠴᠢ ᠰᠢᠭᠦᠭᠦ ᠬᠤᠷᠢᠶᠠᠨ ᠤ ᠪᠠᠶᠢᠭᠤᠯᠤᠯᠳᠠ ᠶᠢ ᠬᠦᠨᠵᠡᠭᠡᠶᠢᠷᠡᠭᠦᠯᠵᠦ᠂ | ᠰᠢᠭᠦᠨ ᠲᠠᠰᠤᠯᠬᠤ ᠰᠢᠰᠲ᠋ᠧᠮ ᠪᠠ ᠰᠢᠭᠦᠨ ᠲᠠᠰᠤᠯᠬᠤ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠪᠠ︔ | ᠬᠤᠪᠢᠰᠬᠠᠯᠵᠢᠯᠳᠠ᠂ ᠵᠢᠩᠭᠢᠨᠢᠵᠢᠯᠳᠠ᠂ ᠲᠤᠰᠬᠠᠢᠢᠵᠢᠯᠳᠠ᠂ ᠠᠵᠢᠯ ᠮᠡᠷᠭᠡᠵᠢᠯᠳᠠ ᠶᠢᠨ ᠴᠢᠭᠯᠡᠯ ᠢ ᠪᠠᠷᠢᠮᠳᠠᠯᠠᠵᠤ᠂ | ᠰᠢᠨ᠎ᠠ ᠴᠠᠬ ᠦᠶ᠎ᠠ ᠶᠢᠨ ᠰᠢᠭᠦᠭᠦ ᠬᠤᠷᠢᠶᠠᠨ ᠤ ᠰᠢᠯᠭᠠᠷᠠᠬᠰᠠᠨ ᠡᠩᠨᠡᠭᠡ ᠶᠢ ᠪᠠᠶᠢᠭᠤᠯᠪᠠ︔ ᠡᠯ᠎ᠠ ᠲᠠᠯ᠎ᠠ ᠶᠢᠨ | ᠬᠢᠨᠠᠯᠳᠠ ᠶᠢ ᠬᠢᠨᠠᠮᠠᠭᠠᠢ ᠬᠦᠯᠢᠶᠠᠵᠦ᠂ ᠠᠵᠢᠯ ᠢᠶᠠᠨ ᠲᠠᠰᠤᠷᠠᠯᠳᠠ ᠦᠭᠡᠢ ᠴᠢᠩᠭᠠᠳᠬᠠᠨ ᠰᠠᠶᠢᠵᠢᠷᠠᠭᠤᠯᠪᠠ ᠵᠡᠷᠭᠡ | ᠵᠢᠷᠭᠤᠭᠠᠨ ᠲᠠᠯ᠎ᠠ ᠠᠴᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠤᠷ ᠵᠡᠷᠭᠡ ᠶᠢᠨ ᠰᠢᠭᠦᠭᠦ ᠬᠤᠷᠢᠶᠠᠨ ᠤ | 2019 ᠣᠨ ᠤ ᠠᠵᠢᠯ ᠢ ᠡᠷᠬᠢᠴᠡᠭᠦᠯᠪᠠ᠃ ᠤᠯᠤᠰ ᠲᠦᠷᠦ ᠶᠢᠨ ᠪᠠᠶᠢᠭᠤᠯᠤᠯᠳᠠ ᠶᠢ ᠴᠢᠩᠭᠠᠳᠬᠠᠬᠤ᠂ | ᠦᠪᠡᠷᠳᠡᠭᠡᠨ ᠵᠠᠰᠠᠬᠤ ᠤᠷᠤᠨ ᠤ ᠴᠢᠨᠠᠷ ᠰᠠᠶᠢᠳᠠᠢ ᠬᠦᠭᠵᠢᠯᠳᠠ ᠪᠠ ᠨᠡᠶᠢᠭᠡᠮ ᠤᠨ ᠲᠤᠬᠳᠠᠭᠤᠨ ᠳᠤ ᠦᠢᠯᠡᠴᠢᠯᠠᠵᠤ | ᠪᠠᠳᠤᠯᠠᠭ᠎ᠠ ᠬᠠᠨᠭ᠍ᠭᠠᠬᠤ᠂ ᠠᠷᠠᠳ ᠤᠨ ᠠᠮᠢᠳᠤᠷᠠᠯ ᠤᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠦᠪᠰᠢᠨ ᠢ ᠦᠨᠡᠨ | ᠬᠦ ᠲᠡᠭᠡᠭᠰᠢᠯᠡᠭᠦᠯᠬᠦ᠂ ᠰᠢᠭᠦᠨ ᠲᠠᠰᠤᠯᠤᠯᠳᠠ ᠶᠢᠨ ᠰᠢᠰᠲ᠋ᠧᠮ ᠪᠠ ᠰᠢᠭᠦᠨ ᠲᠠᠰᠤᠯᠬᠤ ᠴᠢᠳᠠᠪᠤᠷᠢ ᠶᠢᠨ | ᠤᠳᠤᠭᠢᠴᠢᠯᠠᠯᠳᠠ ᠶᠢᠨ ᠪᠠᠶᠢᠭᠤᠯᠤᠯᠳᠠ ᠶᠢ ᠴᠢᠩᠭᠠᠳᠬᠠᠬᠤ᠂ ᠰᠢᠭᠦᠭᠦ ᠬᠤᠷᠢᠶᠠᠨ ᠤ ᠡᠩᠨᠡᠭᠡᠨ ᠤ ᠪᠠᠶᠢᠭᠤᠯᠤᠯᠳᠠ ᠶᠢ | ᠦᠷᠭᠦᠯᠵᠢᠯᠠᠨ ᠰᠠᠶᠢᠳᠤᠷ ᠠᠳᠬᠤᠬᠤ ᠵᠡᠷᠭᠡ ᠲᠠᠪᠤᠨ ᠲᠠᠯ᠎ᠠ ᠠᠴᠠ 2020 ᠣᠨ ᠤ ᠠᠵᠢᠯ ᠤᠨ ᠰᠡᠳᠭᠢᠴᠡ ᠪᠠᠨ | ᠲᠤᠳᠤᠷᠬᠠᠢᠢᠯᠠᠨ ᠦᠬᠦᠯᠡᠵᠠᠢ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠠᠷᠤᠭ᠎ᠠ ᠯᠢ ᠴᠢ | ᠯᠢᠨ ᠶᠡᠭᠡ ᠬᠤᠷᠠᠯ ᠳᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ | ᠬᠤᠷᠢᠶᠠᠨ ᠤ ᠠᠵᠢᠯ ᠤᠨ ᠮᠡᠳᠡᠭᠦᠯᠦᠯᠳᠡ ᠬᠢᠪᠡ᠃ ᠯᠢ ᠴᠢ ᠯᠢᠨ ᠮᠡᠳᠡᠭᠦᠯᠦᠯᠳᠡ ᠳᠡᠭᠡᠨ᠂ 2019 ᠣᠨ ᠳᠤ ᠪᠦᠭᠦ | ᠤᠷᠤᠨ ᠤ ᠪᠠᠶᠢᠴᠠᠭᠠᠬᠤ ᠪᠠᠶᠢᠭᠤᠯᠭ᠎ᠠ ᠰᠢ ᠶᠢᠨ ᠫᠢᠡᠭ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠦ᠂ ᠨᠠᠮ ᠤᠨ | ᠲᠦᠪ ᠬᠤᠷᠢᠶ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠡᠭᠡᠳᠤ ᠪᠠᠶᠢᠴᠠᠭᠠᠬᠤ | ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠦ᠂ ︽ᠲᠤᠬᠳᠠᠭᠤᠨ ᠢᠶᠠᠷ ᠤᠷᠤᠬᠰᠢᠯᠠᠬᠤ᠂ ᠨᠠᠶᠢᠳᠠᠪᠤᠷᠢᠵᠢᠭᠤᠯᠬᠤ᠂ ᠲᠡᠭᠡᠭᠰᠢᠯᠡᠭᠦᠯᠭᠦ︾ ᠠᠵᠢᠯ | ᠤᠨ ᠭᠤᠤᠯ ᠰᠡᠳᠦᠪ ᠢ ᠪᠠᠳᠤ ᠡᠵᠡᠮᠳᠡᠨ᠂ ᠤᠯᠤᠰ ᠲᠦᠷᠦ ᠶᠢ ᠡᠷᠭᠢᠮᠯᠡᠵᠦ ᠬᠠᠤᠯᠢᠵᠢᠯ ᠢ ᠡᠷᠬᠢᠮᠯᠡᠨ ᠬᠠᠷᠢᠭᠤᠴᠠᠯᠭ᠎ᠠ | ᠡᠭᠦᠷᠭᠡᠯᠡᠯ ᠢ ᠡᠷᠭᠢᠮᠯᠡᠵᠦ᠂ ᠬᠡᠷᠡᠭ ᠰᠢᠢᠳᠪᠤᠷᠢᠯᠡᠭᠦ ᠶᠢ ᠠᠳᠬᠤᠵᠦ ᠦᠭᠡᠷᠡᠴᠢᠯᠡᠯᠳᠡ ᠶᠢ ᠠᠳᠬᠤᠨ ᠬᠠᠮᠢᠶᠠᠷᠤᠯᠳᠠ ᠶᠢ | ᠠᠳᠬᠤᠵᠦ ᠰᠤᠷᠳᠠᠯ ᠢ ᠠᠳᠬᠤᠨ ᠦᠨᠳᠤᠰᠤᠨ ᠱᠠᠳᠤ ᠶᠢ ᠠᠳᠬᠤᠵᠦ᠂ ᠡᠯ᠎ᠠ ᠵᠦᠢᠯ ᠤᠨ ᠠᠵᠢᠯ ᠳᠤ ᠰᠢᠨ᠎ᠠ | ᠠᠬᠢᠴᠠ ᠲᠠᠢ ᠪᠣᠯᠵᠣ ᠰᠢᠨ᠎ᠠ ᠠᠮᠵᠢᠯᠳᠠ ᠣᠯᠪᠠ᠃ ᠪᠦᠭᠦ ᠵᠢᠯ ᠳᠤ ᠪᠠᠷᠢᠪᠴᠢᠯᠠᠬᠤ ᠶᠢ ᠬᠢᠨᠠᠨ ᠪᠠᠶᠢᠴᠠᠭᠠᠯᠭᠠᠬᠤ ᠪᠠᠷ | ᠲᠡᠪᠰᠢᠭᠦᠯᠦᠭᠰᠡᠨ 15545 ᠬᠡᠷᠡᠭ ᠢ ᠬᠦᠯᠢᠶᠠᠨ ᠠᠪᠴᠤ ᠰᠢᠢᠳᠪᠤᠷᠢᠯᠡᠨ᠂ ᠨᠢᠳᠤᠨᠤᠨ ᠤ ᠠᠳᠠᠯᠢ ᠬᠤᠭᠤᠴᠠᠭᠠᠨ | ᠤ ᠬᠢ ᠠᠴᠠ 7.7% ᠪᠠᠷ ᠲᠡᠭᠡᠭᠰᠢᠯᠡᠪᠡ︔ ᠵᠠᠭᠠᠯᠳᠤᠬᠤ ᠶᠢ ᠬᠢᠨᠠᠨ ᠪᠠᠶᠢᠴᠠᠭᠠᠯᠭᠠᠬᠤ ᠪᠠᠷ ᠲᠡᠪᠰᠢᠭᠦᠯᠦᠭᠰᠡᠨ | 32154 ᠬᠡᠷᠡᠭ ᠢ ᠬᠦᠯᠢᠶᠠᠨ ᠠᠪᠴᠤ ᠰᠢᠢᠳᠪᠤᠷᠢᠯᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 11. | 4% ᠪᠠᠷ ᠲᠡᠭᠡᠭᠰᠢᠯᠡᠪᠡ︔ ᠰᠢᠭᠦᠭᠦ ᠬᠤᠷᠢᠶᠠᠨ ᠤ ᠬᠦᠴᠦᠨ ᠲᠠᠢ ᠪᠤᠯᠤᠬᠰᠠᠨ ᠢᠷᠭᠡᠨ ᠤ ᠬᠡᠷᠡᠭ ᠪᠤᠯᠤᠨ ᠵᠠᠰᠠᠬ | ᠵᠠᠬᠢᠷᠭᠠᠨ ᠤ ᠬᠡᠷᠡᠭ ᠤᠨ ᠰᠢᠭᠦᠨ ᠲᠠᠰᠤᠯᠤᠯᠳᠠ ᠶᠢ ᠦᠯᠦ ᠬᠦᠯᠢᠶᠡᠭᠰᠡᠨ ᠬᠢᠨᠠᠯᠳᠠ ᠲᠠᠯᠪᠢᠭᠤᠯᠬᠤ 2856 ᠬᠡᠷᠡᠭ | ᠪᠤᠯᠤᠨ 325 ᠬᠡᠷᠡᠭ ᠢ ᠬᠦᠯᠢᠶᠠᠨ ᠠᠪᠴᠤ ᠰᠢᠢᠳᠪᠤᠷᠢᠯᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ | ᠲᠤᠰ ᠪᠦᠷᠢ 56.7% ᠪᠠ 212.5% ᠪᠠᠷ ᠲᠡᠭᠡᠭᠰᠢᠯᠡᠪᠡ︔ ᠰᠢᠭᠦᠭᠦ ᠬᠤᠷᠢᠶᠠᠨ ᠤ ᠢᠷᠭᠡᠨ ᠤ ᠬᠡᠷᠡᠭ ᠪᠤᠯᠤᠨ | ᠵᠠᠰᠠᠬ ᠵᠠᠬᠢᠷᠭᠠᠨ ᠤ ᠬᠡᠷᠡᠭ ᠢ ᠭᠦᠢᠴᠡᠳᠭᠡᠭᠦ ᠠᠵᠢᠯᠯᠠᠭ᠎ᠠ ᠳᠤ ᠬᠢᠨᠠᠯᠳᠠ ᠲᠠᠯᠪᠢᠬᠤ 3190 ᠬᠡᠷᠡᠭ ᠪᠤᠯᠤᠨ 1033 | ᠬᠡᠷᠡᠭ ᠢ ᠬᠦᠯᠢᠶᠠᠨ ᠠᠪᠴᠤ ᠰᠢᠢᠳᠪᠤᠷᠢᠯᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠤᠰ ᠪᠦᠷᠢ 2. | 7% ᠪᠤᠯᠤᠨ 32.1% ᠪᠠᠷ ᠲᠡᠭᠡᠭᠰᠢᠯᠡᠪᠡ︔ ᠨᠡᠶᠢᠳᠡ ᠶᠢᠨ ᠠᠰᠠᠷᠠᠮᠵᠢ ᠶᠢᠨ ᠵᠠᠷᠭᠤ ᠶᠢᠨ ᠰᠦᠪᠡᠭᠴᠢ ᠶᠢ 8571 | ᠬᠤᠪᠢ ᠬᠦᠯᠢᠶᠠᠨ ᠠᠪᠴᠤ ᠰᠢᠢᠳᠪᠤᠷᠢᠯᠡᠨ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 21.5% ᠪᠠᠷ | ᠪᠠᠭᠤᠷᠠᠪᠠ ᠬᠡᠵᠠᠢ᠃ | ᠯᠢ ᠴᠢ ᠯᠢᠨ᠂ ᠲᠤᠬᠳᠠᠭᠤᠨ ᠤ ᠲᠤᠮᠳᠠ ᠤᠷᠤᠬᠰᠢᠯᠠᠨ ᠲᠠᠪᠰᠢᠬᠤ ᠶᠢ ᠪᠠᠷᠢᠮᠳᠠᠯᠠᠵᠦ᠂ ᠲᠤᠬᠠᠢᠢᠯᠠᠬᠰᠠᠨ | ᠠᠵᠢᠯ ᠳᠠᠭᠠᠨ ᠰᠠᠭᠤᠷᠢᠯᠠᠨ ᠶᠡᠭᠡ ᠲᠠᠯ᠎ᠠ ᠳᠤ ᠦᠢᠯᠡᠴᠢᠯᠡᠪᠡ︔ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠨ | ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠪᠠ︔ ᠲᠤᠰ ᠪᠡᠶ᠎ᠠ ᠶᠢᠨ | ᠪᠠᠶᠢᠭᠤᠯᠤᠯᠳᠠ ᠪᠠᠨ ᠴᠢᠩᠭᠠᠳᠬᠠᠵᠦ᠂ ᠪᠠᠶᠢᠴᠠᠭᠠᠬᠤ ᠬᠢᠨᠠᠯᠳᠠ ᠲᠠᠯᠪᠢᠬᠤ ᠴᠢᠳᠠᠪᠤᠷᠢ ᠪᠠᠨ ᠲᠡᠭᠡᠭᠰᠢᠯᠡᠭᠦᠯᠪᠠ ᠵᠡᠷᠭᠡ | ᠭᠤᠷᠪᠠᠨ ᠲᠠᠯ᠎ᠠ ᠠᠴᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ 2019 ᠣᠨ ᠤ | ᠠᠵᠢᠯ ᠢᠶᠠᠨ ᠳ᠋ᠦᠩᠨᠡᠵᠡᠢ᠃ | ᠨᠡᠶᠢᠭᠡᠮ ᠤᠨ ᠵᠠᠰᠠᠯᠳᠠ ᠶᠢ ᠦᠷᠭᠦᠯᠵᠢᠯᠠᠨ ᠠᠬᠢᠭᠤᠯᠬᠤ᠂ ᠬᠠᠤᠯᠢᠵᠢᠯ ᠤᠨ ᠪᠠᠳᠤᠯᠠᠭ᠎ᠠ ᠶᠢ ᠦᠷᠭᠦᠯᠵᠢᠯᠠᠨ | ᠴᠢᠩᠭᠠᠳᠬᠠᠬᠤ᠂ ᠪᠦᠭᠦ ᠲᠠᠯ᠎ᠠ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠦ ᠶᠢ ᠦᠷᠭᠦᠯᠵᠢᠯᠠᠨ ᠠᠬᠢᠭᠤᠯᠬᠤ᠂ | ᠬᠠᠤᠯᠢ ᠪᠠᠷᠢᠬᠤ ᠦᠭᠡᠷᠡᠴᠢᠯᠠᠯᠳᠠ ᠶᠢ ᠦᠷᠭᠦᠯᠵᠢᠯᠠᠨ ᠬᠦᠨᠵᠡᠭᠡᠶᠢᠷᠡᠭᠦᠯᠬᠦ᠂ ᠠᠵᠢᠯ ᠳᠠᠭᠠᠨ ᠴᠠᠭᠠᠷᠠᠬᠰᠠᠨ ᠡᠩᠨᠡᠭᠡ ᠶᠢ | ᠦᠷᠭᠦᠯᠵᠢᠯᠠᠨ ᠪᠠᠶᠢᠭᠤᠯᠬᠤ ᠵᠡᠷᠭᠡ ᠲᠠᠪᠤᠨ ᠲᠠᠯ᠎ᠠ ᠠᠴᠠ 2020 ᠣᠨ ᠤ ᠪᠦᠭᠦ ᠤᠷᠤᠨ ᠤ ᠪᠠᠶᠢᠴᠠᠭᠠᠬᠤ | ᠪᠠᠶᠢᠭᠤᠯᠭ᠎ᠠ ᠶᠢᠨ ᠠᠵᠢᠯ ᠤᠨ ᠰᠡᠳᠭᠢᠴᠡ ᠪᠠ ᠭᠤᠤᠯ ᠡᠭᠦᠷᠭᠡ ᠪᠠᠨ ᠲᠤᠲᠤᠷᠬᠠᠶᠢᠯᠠᠨ ᠥᠭᠦᠯᠡᠵᠡᠢ᠃ | ᠬᠠᠤᠯᠢ ᠳᠤ ᠲᠤᠬᠳᠠᠭᠠᠬᠰᠠᠨ ᠰᠤᠯᠠ ᠤᠷᠤᠯᠴᠠᠬᠴᠢ᠂ ᠦᠪᠡᠷᠳᠡᠭᠡᠨ ᠵᠠᠰᠠᠬᠤ ᠤᠷᠤᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ | ᠠᠷᠪᠠᠨ ᠨᠠᠢᠮᠠᠳᠤᠭᠠᠷ ᠬᠤᠷᠠᠯ ᠠᠴᠠ ᠲᠤᠬᠳᠠᠭᠠᠬᠰᠠᠨ ᠰᠤᠯᠠ ᠤᠷᠤᠯᠴᠠᠬᠴᠢ ᠬᠤᠷᠠᠯ ᠳᠤ ᠰᠤᠯᠠ ᠤᠷᠤᠯᠴᠠᠵᠦ᠂ | ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ | ᠬᠤᠷᠢᠶᠠᠨ ᠤ ᠭᠤᠷᠪᠠᠳᠤᠭᠠᠷ ᠬᠤᠷᠠᠯ ᠳᠤ ᠤᠷᠤᠯᠴᠠᠵᠦ ᠪᠠᠶᠢᠭ᠎ᠠ ᠪᠦᠭᠦ ᠭᠡᠰᠢᠭᠦᠨ ᠶᠡᠭᠡ ᠬᠤᠷᠠᠯ ᠤᠨ ᠭᠤᠷᠪᠠᠳᠤᠭᠠᠷ᠂ | ᠲᠦᠷᠪᠡᠳᠦᠭᠡᠷ ᠵᠦᠪᠯᠡᠭᠦ ᠵᠦᠢᠯ ᠳᠤ ᠰᠤᠯᠠ ᠤᠷᠤᠯᠴᠠᠪᠠ᠃ |