ᠪᠦ᠋ ᠰᠢᠶᠤᠤ ᠯᠢᠨ ᠰᠢᠯᠢ ᠶᠢᠨ ᠭᠤᠤᠯ ᠠᠶᠢᠮᠠᠬ ᠤᠨ ᠲᠦᠯᠦᠭᠡᠯᠡᠭᠴᠢᠳ ᠤᠨ ᠪᠦᠯᠬᠦᠮ ᠤᠨ ᠬᠢᠨᠡᠨ ᠵᠦᠪᠯᠡᠬᠦ ᠳᠤ ᠤᠷᠤᠯᠴᠠᠬᠤ ᠳᠠᠭᠠᠨ ᠴᠢᠬᠤᠯᠠᠴᠢᠯᠠᠬᠰᠠᠨ ᠨᠢ ᠠᠮᠢ ᠠᠬᠤᠢ ᠶᠢ ᠤᠷᠢᠳ ᠢᠶᠠᠷ ᠪᠤᠳᠤᠯᠬᠢᠯᠠᠵᠦ ᠪᠤᠬᠢᠷᠳᠤᠯ ᠦᠭᠡᠢ ᠪᠠᠷ ᠬᠦᠭᠵᠢᠭᠦᠯᠬᠦ ᠶᠢ ᠪᠠᠷᠢᠮᠳᠠᠯᠠᠬᠤ ᠭᠡᠷᠡᠭᠲᠡᠢ
ᠨᠡᠶᠢᠲᠡᠯᠡᠭᠰᠡᠨ ᠴᠠᠭ᠄
2020/1/16
     1 ᠰᠠᠷ᠎ᠠ ᠶᠢᠨ 15᠎ ᠤ ᠦᠳᠡ ᠶᠢᠨ ᠡᠮᠦᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠲᠡᠭᠡᠨ ᠵᠠᠰᠠᠬᠤ ᠤᠷᠤᠨ ᠤ ᠠᠷᠪᠡᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠰᠢᠯᠢ ᠶᠢᠨ ᠭᠤᠤᠯ ᠠᠶᠢᠮᠠᠬ ᠤᠨ ᠲᠦᠯᠦᠭᠡᠯᠡᠭᠴᠢᠳ ᠤᠨ ᠪᠦᠯᠬᠦᠮ ᠳᠤ ᠬᠦᠷᠴᠤ᠂ ᠲᠦᠯᠦᠭᠡᠯᠡᠭᠴᠢᠳ ᠲᠠᠢ ᠬᠠᠮᠳᠦ ᠢᠯᠡᠳᠭᠡᠯ ᠮᠡᠳᠡᠬᠦᠯᠦᠯᠳᠠ ᠶᠢ ᠬᠢᠨᠡᠨ ᠵᠦᠪᠯᠡᠵᠦ᠂ ᠤᠯᠠᠨ ᠤ ᠰᠠᠨᠠᠯ ᠰᠠᠨᠠᠭᠤᠯᠭ᠎ᠠ ᠶᠢ ᠰᠤᠨᠤᠰᠴᠠᠢ᠃ ᠶᠢᠨ ᠴᠢᠣᠸᠠᠨ ᠰᠡᠬᠦᠳᠡᠷᠯᠡᠪᠡ      1 ᠰᠠᠷ᠎ᠠ ᠶᠢᠨ 15᠎ ᠤ ᠦᠳᠡ ᠶᠢᠨ ᠡᠮᠦᠨ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠲᠡᠭᠡᠨ ᠵᠠᠰᠠᠬᠤ ᠤᠷᠤᠨ ᠤ ᠠᠷᠪᠡᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠰᠢᠯᠢ ᠶᠢᠨ ᠭᠤᠤᠯ ᠠᠶᠢᠮᠠᠬ ᠤᠨ ᠲᠦᠯᠦᠭᠡᠯᠡᠭᠴᠢᠳ ᠤᠨ ᠪᠦᠯᠬᠦᠮ ᠳᠤ ᠬᠦᠷᠴᠤ᠂ ᠲᠦᠯᠦᠭᠡᠯᠡᠭᠴᠢᠳ ᠲᠠᠢ ᠬᠠᠮᠳᠦ ᠢᠯᠡᠳᠭᠡᠯ ᠮᠡᠳᠡᠬᠦᠯᠦᠯᠳᠠ ᠶᠢ ᠬᠢᠨᠡᠨ ᠵᠦᠪᠯᠡᠵᠦ᠂ ᠤᠯᠠᠨ ᠤ ᠰᠠᠨᠠᠯ ᠰᠠᠨᠠᠭᠤᠯᠭ᠎ᠠ ᠶᠢ ᠰᠤᠨᠤᠰᠴᠠᠢ᠃      ᠬᠤᠷᠠᠯ ᠤᠨ ᠲᠠᠯᠠᠪᠠᠢ ᠬᠦᠷ ᠬᠦᠭᠵᠢᠶᠡᠨ ᠢᠶᠠᠷ ᠪᠢᠯᠬᠠᠵᠦ᠂ ᠾᠦᠸᠧ ᠵᠤᠤ ᠯᠢᠶᠠᠩ᠂ ᠬᠤᠪᠢᠰᠬᠠᠯᠳᠦ᠂ ᠲᠤᠷᠵᠢ᠂ ᠬᠤ᠋ ᠴᠧᠩ ᠳ᠋ᠦᠩ ᠵᠡᠷᠭᠡ ᠲᠦᠯᠦᠭᠡᠯᠡᠭᠴᠢᠳ ᠲᠤᠰ ᠲᠤᠰ ᠦᠭᠡ ᠭᠡᠯᠡᠵᠦ᠂ ᠭᠠᠵᠠᠷ ᠤᠷᠤᠨ ᠤ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠤᠨ ᠲᠦᠷᠦᠭᠳᠡᠯ ᠢᠶᠠᠨ ᠶᠡᠷᠢᠵᠦ᠂ ᠬᠦᠭᠵᠢᠯᠳᠠ ᠶᠢ ᠬᠦᠦᠷᠨᠢᠨ᠂ ᠨᠤᠳᠤᠭ ᠪᠡᠯᠴᠢᠭᠡᠷ ᠎ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠪᠠ ᠱᠠᠩᠨᠠᠯ ᠤᠨ ᠲᠦᠷᠦ ᠶᠢᠨ ᠪᠤᠳᠤᠯᠭ᠎ᠠ ᠶᠢ ᠴᠢᠨᠠᠬᠰᠢᠳᠠ ᠳᠡᠬᠦᠯᠳᠡᠷᠵᠢᠬᠦᠯᠬᠦ᠂ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢ ᠳᠡᠮᠵᠢᠬᠦ ᠬᠦᠴᠦᠯᠡᠴᠡ ᠪᠠᠨ ᠨᠡᠮᠡᠭᠳᠡᠬᠦᠯᠬᠦ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠴᠠᠢ᠃      ᠪᠦ᠋ ᠰᠢᠶᠤᠤ ᠯᠢᠨ ᠲᠦᠯᠦᠭᠡᠯᠡᠭᠴᠢᠳ ᠤᠨ ᠭᠡᠯᠡᠬᠦ ᠶᠢ ᠨᠠᠷᠢᠨ ᠬᠢᠨᠠᠮᠠᠭᠠᠢ ᠰᠤᠨᠤᠰᠴᠦ ᠤᠯᠠᠨ ᠲᠠᠢ ᠪᠠᠶᠢᠨ ᠪᠠᠶᠢᠨ ᠰᠠᠨᠠᠯ ᠢᠶᠠᠨ ᠰᠤᠯᠢᠯᠴᠠᠵᠦ᠂ ᠬᠤᠯᠪᠤᠭᠳᠠᠯ ᠪᠦᠬᠦᠢ ᠪᠠᠶᠢᠳᠠᠯ ᠢ ᠨᠠᠷᠢᠨ ᠤᠢᠢᠯᠠᠭᠠᠵᠦ ᠪᠠᠶᠢᠯ᠎ᠠ᠃ ᠲᠡᠷᠡ᠂ ᠥᠪᠦᠷ ᠮᠤᠩᠭᠤᠯ ᠤᠨ ᠠᠮᠢ ᠠᠬᠤᠢ ᠶᠢᠨ ᠪᠠᠶᠢᠷᠢ ᠰᠠᠭᠤᠷᠢ ᠮᠠᠰᠢ ᠴᠢᠬᠤᠯᠠ ᠪᠠᠶᠢᠳᠠᠭ᠂ ᠪᠦᠬᠦ ᠤᠷᠤᠨ ᠤ ᠦᠨᠳᠦᠰᠦᠳᠡᠨ ᠨᠦᠭᠦᠳ ᠤᠨ ᠤᠯᠠᠨ ᠲᠦᠮᠡᠨ ᠤ ᠤᠷᠤᠰᠢᠯ ᠲᠤᠭᠳᠠᠨᠢᠯ ᠪᠠ ᠬᠦᠭᠵᠢᠯᠳᠠ ᠳᠤ ᠬᠤᠯᠪᠤᠭᠳᠠᠬᠤ ᠪᠠᠷ ᠪᠠᠷᠠᠬᠤ ᠦᠭᠡᠢ ᠪᠠᠰᠠ ᠤᠮᠠᠷᠠᠳᠦ ᠤᠷᠤᠨ᠂ ᠵᠡᠬᠦᠨ ᠬᠤᠶᠢᠳᠦ ᠤᠷᠤᠨ᠂ ᠪᠠᠷᠠᠭᠤᠨ ᠬᠤᠶᠢᠳᠦ ᠤᠷᠤᠨ ᠲᠡᠷᠡᠴᠢᠯᠡᠨ ᠪᠦᠬᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠳᠤ ᠬᠤᠯᠪᠤᠭᠳᠠᠨ᠎ᠠ᠃ ᠪᠢᠳᠠ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠭᠡᠷᠡᠭᠲᠡᠢ᠃ ᠨᠤᠳᠤᠭ ᠪᠡᠯᠴᠢᠭᠡᠷ᠂ ᠤᠢ ᠰᠢᠭᠤᠢ ᠶᠢ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠲᠡᠷᠢᠬᠦᠨ ᠴᠢᠬᠤᠯᠠ ᠡᠬᠦᠷᠭᠡ ᠪᠤᠯᠭᠠᠵᠦ᠂ ᠠᠮᠢ ᠠᠬᠤᠢ ᠶᠢᠨ ᠨᠦᠬᠦᠪᠦᠷᠢ ᠶᠢᠨ ᠲᠤᠭᠳᠠᠴᠠ ᠶᠢ ᠴᠢᠨᠠᠬᠰᠢᠳᠠ ᠳᠡᠬᠦᠯᠳᠡᠷᠵᠢᠬᠦᠯᠵᠦ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠬᠤ ᠭᠡᠷᠡᠭᠲᠡᠢ᠃ ᠪᠤᠬᠢᠷᠳᠤᠯ ᠦᠭᠡᠢ ᠪᠠᠷ ᠲᠠᠷᠢᠶᠠᠯᠠᠩ ᠢ ᠬᠦᠭᠵᠢᠬᠦᠯᠬᠦ ᠮᠠᠯ ᠠᠵᠤ ᠠᠬᠤᠢ ᠶᠢ ᠬᠦᠭᠵᠢᠬᠦᠯᠬᠦ ᠶᠢ ᠪᠠᠷᠢᠮᠳᠠᠯᠠᠵᠦ᠂ ᠰᠢᠯᠢ ᠶᠢᠨ ᠭᠤᠤᠯ ᠤᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠤᠨ᠂ ᠰᠢᠯᠢᠳᠡᠭ ᠴᠢᠨᠠᠷ ᠤᠨ ᠮᠠᠯ ᠤᠨ ᠠᠰᠢᠬ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠬᠦᠯᠵᠦ᠂ ᠤᠷᠤᠨ ᠪᠦᠰᠡ ᠶᠢᠨ ᠨᠡᠶᠢᠳᠡ ᠶᠢᠨ ᠭᠡᠷᠡᠭᠯᠡᠭᠡᠨ ᠤ ᠲᠦᠷᠦᠯ ᠳᠡᠮᠳᠡᠭ ᠢ ᠴᠤᠬᠴᠠᠯᠠᠨ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠯᠠᠪᠳᠠᠭᠤᠨ ᠪᠠᠳᠤᠳᠠᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号