| ︵2020 ᠣᠨ ᠤ 1 ᠰᠠᠷ᠎ᠠ ᠶᠢᠨ 16 ᠤ ᠡᠳᠦᠷ︶ | | ᠱᠢ ᠲᠠᠢ ᠹᠧᠩ | | ᠲᠥᠯᠥᠭᠡᠯᠡᠭᠴᠢᠳ ᠡ᠂ ᠨᠥᠬᠦᠳ ᠡ᠄ | ᠪᠢᠳᠡ ᠤᠯᠠᠨ ᠤ ᠬᠠᠮᠲᠤ ᠶᠢᠨ ᠴᠢᠷᠮᠠᠶᠢᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠡᠯ᠎ᠡ ᠵᠥᠪᠯᠡᠬᠦ | ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ ᠠᠮᠵᠢᠯᠲᠠ ᠲᠠᠢ ᠲᠡᠭᠦᠰᠬᠦ ᠪᠣᠯᠤᠯ᠎ᠠ᠃ | ᠡᠨᠡ ᠤᠳᠠᠭᠠᠨ ᠤ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠵᠢᠴᠢ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠵᠥ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ | ᠠᠷᠪᠠᠨ ᠨᠢᠭᠡᠳᠦᠭᠡᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠢᠨᠠᠨ ᠵᠦᠪᠯᠡᠵᠥ ᠪᠠᠳᠤᠯᠠᠬᠰᠠᠨ | ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠦᠯᠳᠡ ᠪᠠ ᠪᠤᠰᠤᠳ ᠡᠯ᠎ᠡ ᠵᠦᠢᠯ ᠤᠨ ᠮᠡᠳᠡᠬᠦᠯᠦᠯᠳᠡ ᠨᠢ | ᠲᠥᠪ ᠤᠨ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠦᠨ᠂ ᠥᠪᠥᠷ ᠮᠣᠩᠭᠤᠯ ᠤᠨ ᠪᠣᠳᠠᠲᠤ ᠪᠠᠶᠢᠳᠠᠯ ᠳᠤ ᠨᠡᠶᠢᠴᠡᠵᠦ᠂ | ᠡᠯ᠎ᠡ ᠦᠨᠳᠦᠰᠦᠳᠡᠨ ᠤ 2500 ᠭᠠᠷᠤᠶ ᠲᠦᠮᠡᠨ ᠲᠠᠯ᠎ᠠ ᠨᠤᠲᠤᠭ ᠤᠨ ᠬᠥᠪᠡᠭᠦᠳ ᠥᠬᠢᠳ ᠤᠨ ᠬᠠᠮᠲᠤ ᠶᠢᠨ | ᠬᠦᠰᠡᠯ ᠰᠠᠨᠠᠭ᠎ᠠ ᠶᠢ ᠲᠤᠰᠬᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ | ᠲᠠᠶᠢᠯᠠᠯᠳᠤᠭᠠᠨ ᠢ ᠬᠢᠵᠤ᠂ ᠰᠢᠢᠳᠪᠦᠷᠢᠲᠦ ᠢᠯᠠᠯᠲᠠ ᠶᠢ ᠳᠡᠮᠡᠴᠡᠨ ᠤᠯᠬᠤ ᠰᠢᠪᠲᠤᠯᠤᠯᠲᠠ ᠶᠢᠨ ᠪᠦᠷᠢᠶ᠎ᠡ ᠶᠢ | ᠬᠠᠩᠭᠢᠨᠠᠭᠤᠯᠵᠤ᠂ ᠰᠡᠭᠦᠯ ᠬᠤᠷᠢᠶᠠᠬᠤ ᠵᠢᠯ ᠤᠨ ᠡᠯ᠎ᠡ ᠵᠦᠢᠯ ᠤᠨ ᠠᠵᠢᠯ ᠤᠨ ᠪᠠᠷᠢᠯᠭ᠎ᠠ ᠶᠢᠨ ᠵᠢᠷᠤᠭ ᠢ | ᠵᠢᠷᠤᠭᠯᠠᠭᠰᠠᠨ ᠨᠢ ᠪᠦᠬᠦ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠤ ᠪᠦᠯᠬᠦᠮᠳᠡᠨ ᠨᠢᠭᠡᠳᠴᠦ ᠠᠯᠤᠰ ᠢ | ᠪᠠᠷᠠᠯᠠᠬᠤ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ ᠴᠢᠷᠮᠠᠶᠢᠨ ᠠᠵᠢᠯᠯᠠᠬᠤ ᠶᠢ ᠵᠣᠷᠢᠭᠵᠢᠭᠤᠯᠵᠤ᠂ | ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠳᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ | ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠠᠤᠭ᠎ᠠ ᠶᠡᠭᠡ ᠬᠦᠴᠦᠨ ᠴᠢᠳᠠᠯ ᠢ ᠴᠢᠨᠠᠭᠰᠢᠳᠠ ᠨᠢᠭᠲᠠᠷᠠᠭᠤᠯᠬᠤ ᠨᠢ | ᠯᠠᠪᠲᠠᠢ ᠶᠤᠮ᠃ ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠴᠤᠭ ᠵᠢᠪᠬᠤᠭ᠎ᠠ ᠪᠠᠳᠠᠷᠠᠩᠭᠤᠢ ᠪᠠᠷ | ᠬᠤᠷᠠᠯ ᠳᠤ ᠣᠷᠣᠯᠴᠠᠵᠤ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠵᠠᠰᠠᠭ ᠤᠨ ᠤᠷᠳᠤᠨ ᠤ ᠠᠵᠢᠯ ᠤᠨ | ᠢᠯᠡᠳᠬᠡᠯ ᠢ ᠬᠢᠨᠠᠨ ᠵᠥᠪᠯᠡᠵᠦ᠂ ᠨᠠᠷᠢᠨ ᠬᠢᠨᠠᠮᠠᠭᠠᠢ ᠬᠠᠷᠢᠭᠤᠴᠠᠯᠭ᠎ᠠ ᠲᠠᠢ ᠪᠠᠷ ᠰᠣᠩᠭᠤᠭᠤᠯᠢ ᠳᠤ ᠤᠷᠤᠯᠴᠠᠵᠥ᠂ | ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠲᠥᠯᠥᠭᠡᠯᠡᠭᠴᠢᠳ ᠤᠨ | ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ | ᠰᠡᠳᠬᠢᠯᠭᠡ ᠪᠠ ᠡᠵᠡᠨ ᠬᠥᠮᠦᠨ ᠤ ᠵᠣᠷᠢᠭ ᠰᠠᠨᠠᠭ᠎ᠠ ᠶᠢ ᠢᠯᠡᠷᠡᠭᠦᠯᠵᠦ᠂ ᠠᠷᠠᠳ ᠤᠨ ᠲᠥᠯᠥᠭᠡ ᠡᠭᠦᠷᠭᠡ ᠲᠤᠰᠢᠶᠠᠯ | ᠭᠦᠢᠴᠡᠳᠬᠡᠬᠦ ᠴᠢᠩᠭ᠎ᠠ ᠬᠠᠷᠢᠭᠤᠴᠠᠯᠭ᠎ᠠ ᠪᠠ ᠡᠷᠡᠮᠡᠬᠡᠶᠢᠯᠡᠨ ᠤᠷᠤᠭᠰᠢᠯᠠᠬᠤ ᠰᠠᠶᠢᠨ ᠰᠠᠶᠢᠬᠠᠨ ᠳᠦᠷᠰᠦ ᠪᠠᠶᠢᠳᠠᠯ ᠢ | ᠢᠯᠡᠷᠡᠭᠦᠯᠪᠡ᠃ ᠡᠨᠡ ᠤᠳᠠᠭᠠᠨ ᠤ ᠬᠤᠷᠠᠯ ᠮᠠᠰᠢ ᠠᠮᠵᠢᠯᠲᠠ ᠲᠠᠢ ᠶᠠᠪᠤᠭᠳᠠᠵᠤ᠂ ᠠᠷᠠᠳᠴᠢᠯᠠᠯ᠂ ᠪᠦᠯᠬᠦᠮᠳᠡᠯ ᠤᠨ | ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠡᠷᠴᠢ ᠵᠣᠷᠢᠭ ᠢᠶᠠᠨ ᠬᠥᠪᠴᠢᠯᠡᠨ᠂ ᠡᠷᠡᠯᠬᠡᠭᠯᠡᠨ | ᠤᠷᠤᠭᠰᠢᠯᠠᠭᠰᠠᠨ ᠰᠠᠶᠢᠨ ᠪᠠᠶᠢᠳᠠᠯ ᠢ ᠨᠡᠭᠡᠭᠡᠵᠦ᠂ ᠨᠢᠭᠡᠨ ᠤᠳᠠᠭᠠᠨ ᠤ ᠲᠤᠭ ᠢᠶᠠᠨ ᠥᠨᠳᠥᠷ ᠮᠠᠨᠳᠤᠭᠤᠯᠵᠤ᠂ | ᠰᠡᠳᠬᠢᠯ ᠢᠶᠠᠨ ᠨᠢᠭᠲᠠᠷᠠᠭᠤᠯᠤᠨ ᠬᠦᠴᠦ ᠪᠠᠨ ᠬᠠᠮᠲᠤᠳᠬᠠᠵᠤ᠂ ᠵᠠᠮ ᠨᠡᠭᠡᠭᠡᠨ ᠤᠷᠤᠭᠰᠢᠯᠠᠭᠰᠠᠨ ᠶᠡᠭᠡ ᠬᠤᠷᠠᠯ | ᠪᠣᠯᠤᠭᠰᠠᠨ ᠪᠠᠶᠢᠨ᠎ᠠ᠃ | ᠶᠡᠭᠡ ᠬᠤᠷᠠᠯ ᠠᠴᠠ ᠨᠠᠳᠠ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠷ ᠰᠣᠩᠭᠤᠵᠤ᠂ ᠵᠠᠩ ᠶᠤᠸᠠᠨ ᠵᠦᠩ ᠨᠥᠬᠦᠷ ᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠳᠡᠳ᠋ ᠡᠷᠬᠢᠯᠡᠭᠴᠢ ᠪᠠᠷ ᠰᠣᠩᠭᠤᠵᠤ᠂ ᠪᠠᠰᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 7 ᠭᠡᠰᠢᠭᠦᠨ ᠢ ᠰᠣᠩᠭᠤᠨ ᠭᠠᠷᠭᠠᠪᠠ᠃ ᠲᠥᠯᠥᠭᠡᠯᠡᠭᠴᠢᠳ ᠪᠣᠯᠤᠨ | ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠢᠲᠡᠭᠡᠯ ᠨᠠᠶᠢᠳᠠᠯᠭ᠎ᠠ ᠳᠤ ᠴᠢᠩ | ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠂ ᠪᠢᠳᠡ ᠯᠠᠪᠲᠠᠶ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠬᠡᠢ᠂ | ᠡᠭᠦᠷᠭᠡ ᠳᠤᠰᠢᠶᠠᠯ ᠢᠶᠠᠨ ᠦᠨᠡᠨᠴᠢ ᠪᠠᠷ ᠭᠦᠢᠴᠡᠳᠬᠡᠵᠦ᠂ ᠥᠷᠯᠥᠭᠡ ᠦᠳᠡᠰᠢ ᠶᠢ ᠳᠡᠮᠡᠴᠡᠨ ᠨᠡᠶᠢᠲᠡ ᠶᠢᠨ ᠲᠥᠯᠥᠭᠡ | ᠵᠢᠳᠬᠦᠵᠥ᠂ ᠯᠠᠪᠳᠠᠭᠤᠨ ᠪᠠᠲᠤᠲᠠᠶ ᠠᠵᠢᠯᠯᠠᠵᠤ᠂ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ | ᠪᠣᠯᠤᠨ ᠠᠷᠠᠳ ᠲᠦᠮᠡᠨ ᠤ ᠵᠣᠯ ᠵᠢᠷᠭᠠᠯ ᠤᠨ ᠲᠦᠯᠦᠭᠡ ᠪᠥᠬᠦ ᠣᠶᠤᠨ ᠴᠢᠳᠠᠯ ᠢᠶᠠᠨ ᠰᠢᠪᠬᠠᠨ ᠴᠢᠷᠮᠠᠶᠢᠨ | ᠠᠵᠢᠯᠯᠠᠨ᠎ᠠ᠃ | ᠪᠢ ᠥᠪᠥᠷ ᠮᠣᠩᠭᠤᠯ ᠳᠤ ᠢᠷᠡᠵᠥ ᠠᠵᠢᠯᠯᠠᠭᠠᠳ ᠬᠡᠳᠦ᠋ᠢᠪᠡᠷ 3 ᠰᠠᠷ᠎ᠠ ᠪᠣᠯᠤᠭ᠎ᠠ ᠦᠭᠡᠢ ᠪᠣᠯᠪᠠᠴᠤ᠂ ᠪᠢ | ᠨᠢᠭᠡᠨᠲᠡ ᠡᠨᠡ ᠬᠦ ᠥᠷᠭᠡᠨ ᠠᠭᠤᠳᠠᠮ ᠦᠵᠡᠰᠬᠦᠯᠡᠩᠲᠦ ᠰᠠᠶᠢᠬᠠᠨ ᠤᠷᠤᠨ ᠢ ᠭᠦᠨ ᠬᠠᠶᠢᠷᠠᠯᠠᠵᠤ᠂ ᠣᠮᠤᠭ | ᠲᠡᠭᠦᠯᠳᠡᠷ᠂ ᠪᠣᠷᠣᠭᠵᠢᠭᠤᠨ ᠴᠠᠶᠢᠯᠭᠠᠨ᠂ ᠬᠠᠯᠠᠭᠤᠮᠰᠤᠭ ᠪᠠᠭᠲᠠᠭᠠᠮᠵᠢᠲᠠᠢ ᠥᠪᠥᠷ ᠮᠣᠩᠭᠤᠯ ᠤᠨ ᠠᠷᠠᠳ ᠲᠦᠮᠡᠨ | ᠨᠠᠳᠠ ᠶᠢ ᠭᠦᠨᠵᠡᠬᠡᠢ ᠨᠥᠯᠥᠭᠡᠯᠡᠵᠦ᠂ ᠤᠷᠮᠠᠰᠢᠭᠤᠯᠵᠥ᠂ ᠵᠣᠷᠢᠭᠵᠢᠭᠤᠯᠤᠭᠰᠠᠭᠠᠷ ᠢᠷᠡᠭᠰᠡᠨ ᠶᠤᠮ᠃ ᠥᠪᠡᠷᠲᠡᠭᠡᠨ | ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠪᠣᠯᠤᠭᠰᠠᠨ ᠤ ᠬᠤᠪᠢ ᠳᠤ᠂ ᠡᠨᠡ ᠬᠦ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠦᠩᠭᠡ | ᠭᠡᠷᠡᠯᠲᠡᠢ ᠭᠡᠳᠡᠭ ᠢ ᠪᠢ ᠭᠦᠨᠵᠡᠭᠡᠢ ᠣᠶᠢᠯᠠᠭᠠᠵᠤ ᠪᠠᠶᠢᠨ᠎ᠠ᠃ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠥᠬᠦᠳ ᠲᠠᠢ ᠬᠠᠮᠲᠤ ᠪᠠᠷ᠂ ᠬᠤᠭᠤᠴᠠᠭ᠎ᠠ | ᠪᠦᠷᠢ ᠶᠢᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠰᠢᠯᠢᠳᠡᠭ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠪᠥᠬᠦ ᠲᠥᠯᠥᠭᠡᠯᠡᠭᠴᠢᠳ ᠲᠤ ᠴᠢᠩᠭ᠎ᠠ | ᠲᠦᠰᠢᠭᠯᠡᠵᠤ᠂ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠴᠢᠩᠭ᠎ᠠ ᠲᠦᠰᠢᠭᠯᠡᠵᠤ᠂ | ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ | ᠭᠦᠢᠴᠡᠳᠬᠡᠵᠦ᠂ ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠡᠷᠡᠮᠡᠬᠡᠶᠢᠯᠡᠨ ᠳᠠᠪᠰᠢᠵᠥ ᠡᠷᠡᠰ ᠰᠢᠭᠤᠷᠬᠠᠶ ᠪᠠᠷ ᠤᠷᠤᠭᠰᠢᠯᠠᠨ᠂ ᠰᠢᠨ᠎ᠡ ᠴᠠᠭ ᠦᠶ᠎ᠡ ᠶᠢᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠠᠭ ᠦᠶ᠎ᠡ ᠯᠦᠭᠡ ᠵᠡᠷᠭᠡ ᠪᠠᠷ | ᠤᠷᠤᠭᠰᠢᠯᠠᠵᠤ᠂ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃ | 2020 ᠣᠨ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠬᠦᠯ ᠬᠤᠷᠢᠶᠠᠬᠤ ᠵᠢᠯ ᠮᠥᠨ᠂ ᠡᠨᠡ ᠵᠢᠯ ᠤᠨ ᠠᠵᠢᠯ ᠢ ᠰᠠᠶᠢᠲᠤᠷ | ᠬᠢᠬᠦ ᠨᠢ ᠨᠡᠩ ᠴᠢᠬᠤᠯᠠ ᠶᠡᠭᠡ ᠠᠴᠢ ᠬᠤᠯᠪᠣᠭᠳᠠᠯ ᠲᠠᠢ᠂ ᠡᠭᠦᠷᠭᠡ ᠲᠦᠢᠯ ᠤᠨ ᠬᠠᠲᠠᠭᠤ ᠪᠡᠷᠬᠡᠰᠢᠶᠡᠯ ᠲᠠᠢ ᠶᠤᠮ᠃ | ᠪᠢᠳᠡ ᠡᠷᠬᠡᠪᠰᠢ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠡᠨᠡ ᠤᠳᠠᠭᠠᠨ ᠤ ᠬᠤᠷᠠᠯ ᠤᠨ ᠠᠵᠢᠯ ᠤᠨ | ᠲᠣᠬᠢᠷᠠᠭᠤᠯᠤᠯᠲᠠ ᠳᠡᠭᠡᠷ᠎ᠡ ᠨᠢᠭᠡᠳᠬᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠡᠷᠴᠢ ᠵᠣᠷᠢᠭ ᠢᠶᠠᠨ ᠬᠥᠪᠴᠢᠯᠡᠨ᠂ | ᠰᠢᠷᠭᠠᠭᠤ ᠠᠵᠢᠯᠯᠠᠨ ᠪᠣᠳᠠᠲᠠᠢ ᠠᠵᠢᠯᠯᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠰᠠᠶᠢᠲᠤᠷ | ᠨᠠᠶᠢᠳᠠᠪᠤᠷᠢᠵᠢᠭᠤᠯᠤᠨ ᠰᠠᠶᠢᠲᠤᠷ ᠪᠡᠶᠡᠯᠡᠭᠦᠯᠵᠦ᠂ ᠥᠪᠥᠷ ᠮᠣᠩᠭᠤᠯ ᠤᠨ ᠡᠯ᠎ᠡ ᠵᠦᠢᠯ ᠤᠨ ᠦᠢᠯᠡᠰ ᠤᠨ | ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠨᠠᠮ ᠤᠨ ᠲᠥᠪ ᠬᠤᠷᠢᠶ᠎ᠠ ᠪᠠ ᠪᠦᠬᠦ ᠣᠷᠣᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠢᠭᠡ ᠬᠤᠪᠢ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ | ᠲᠤᠰᠢᠶᠠᠬᠤ ᠬᠡᠷᠡᠭᠲᠡᠢ᠃ | ᠪᠢᠳᠠ ᠤᠯᠤᠰ ᠲᠦᠷᠦ ᠶᠢᠨ ᠴᠢᠭᠯᠡᠯ ᠢ ᠪᠠᠳᠤ ᠡᠵᠡᠮᠳᠡᠵᠤ᠂ ︽ᠬᠤᠶᠠᠷ ᠢ ᠬᠠᠮᠠᠭᠠᠯᠠᠬᠤ︾ ᠶᠢ ᠪᠠᠶᠠᠯᠡᠬᠦᠯᠵᠤ᠂ | ᠦᠪᠤᠷ ᠮᠤᠩᠭᠤᠯ ᠤᠨ ᠡᠯ᠎ᠡ ᠵᠦᠢᠯ ᠤᠨ ᠠᠵᠢᠯ ᠤᠨ ᠢᠮᠠᠬᠳᠠ ᠵᠦᠪ ᠤᠨᠤᠪᠴᠢᠳᠠᠢ ᠤᠯᠤᠰ ᠲᠦᠷᠦ ᠶᠢᠨ | ᠴᠢᠭᠯᠡᠯ ᠢᠶᠠᠷ ᠤᠷᠤᠬᠰᠢᠯᠠᠬᠤ ᠶᠢ ᠦᠨᠡᠨ ᠬᠦ ᠪᠠᠳᠤᠯᠠᠬᠤ ᠭᠡᠷᠡᠭᠳᠠᠢ᠃ ︽ᠲᠦᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠲᠦᠷᠪᠡᠨ ᠢᠳᠡᠭᠡᠯ︾ ᠢᠶᠠᠨ ᠪᠠᠳᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠠᠶᠠᠯᠡᠬᠦᠯᠵᠤ᠂ | ᠢᠮᠠᠬᠳᠠ ᠦᠵᠡᠯ ᠰᠠᠨᠠᠭᠠᠨ ᠤ ᠲᠠᠯ᠎ᠡ ᠪᠠᠷ᠂ ᠤᠯᠤᠰ ᠲᠦᠷᠦ ᠶᠢᠨ ᠲᠠᠯ᠎ᠡ ᠪᠠᠷ᠂ ᠦᠢᠯᠡ ᠠᠵᠢᠯᠯᠠᠭᠠᠨ ᠤ ᠲᠠᠯ᠎ᠠ ᠪᠠᠷ | ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠡᠨ ᠨᠠᠮ ᠤᠨ ᠲᠦᠪ ᠬᠤᠷᠢᠶ᠎ᠡ ᠲᠠᠢ ᠲᠡᠭᠡᠳᠤ ᠬᠡᠮᠵᠢᠶ᠎ᠡ ᠪᠠᠷ | ᠨᠢᠭᠡᠳᠦᠯᠳᠡᠢ ᠪᠠᠶᠢᠬᠤ ᠭᠡᠷᠡᠭᠳᠠᠢ᠂ ᠡᠨᠡ ᠪᠤᠯ ᠮᠠᠨ ᠤ ᠪᠦᠬᠦ ᠠᠵᠢᠯ ᠢᠶᠠᠨ ᠰᠠᠶᠢᠳᠤᠷ ᠬᠢᠬᠦ ᠶᠢᠨ ᠬᠠᠮᠤᠭ ᠤᠨ ᠴᠢᠬᠤᠯᠠ | ᠱᠠᠭᠠᠷᠳᠠᠯᠭ᠎ᠠ᠂ ᠬᠠᠮᠤᠭ ᠤᠨ ᠦᠨᠳᠤᠰᠤᠨ ᠪᠠᠳᠤᠯᠠᠭ᠎ᠠ ᠪᠤᠯᠤᠨ᠎ᠡ᠃ ᠪᠢᠳᠠ ᠴᠠᠭ ᠢᠮᠠᠬᠳᠠ ᠭᠠᠵᠠᠷ ᠪᠤᠯᠭᠠᠨ ᠳᠤ | ᠤᠴᠢᠷ ᠶᠠᠪᠤᠳᠠᠯ ᠪᠤᠯᠭᠠᠨ ᠢᠶᠠᠨ ᠶᠡᠷᠤᠩᠭᠡᠢ ᠱᠦᠵᠢ ᠰᠢ ᠶᠢᠨ ᠫᠢᠩ ᠲᠠᠢ ᠨᠢᠭᠡᠳᠦᠯᠳᠠᠢ ᠪᠠᠶᠢᠯᠭᠠᠵᠤ᠂ ᠨᠠᠮ ᠤᠨ ᠲᠦᠪ | ᠬᠤᠷᠢᠶ᠎ᠡ ᠲᠠᠢ ᠨᠢᠭᠡᠳᠦᠯᠳᠠᠢ ᠪᠠᠶᠢᠯᠭᠠᠵᠤ᠂ ᠦᠷᠬᠦᠯᠵᠢ ᠪᠠᠷᠢᠮᠵᠢᠶᠠᠯᠠᠨ ᠬᠠᠷᠭᠤᠭᠤᠯᠵᠤ᠂ ᠵᠦᠷᠢᠶ᠎ᠡ ᠪᠠᠨ ᠴᠠᠭ | ᠲᠤᠬᠠᠢ ᠳᠤᠨᠢ ᠵᠠᠰᠠᠨ ᠰᠠᠶᠢᠵᠢᠷᠠᠭᠤᠯᠵᠤ᠂ ᠶᠠᠮᠠᠷᠪᠠ ᠠᠵᠢᠯ ᠢᠶᠠᠨ ᠲᠦᠯᠦᠪᠵᠢᠬᠦᠯᠤᠨ ᠠᠬᠢᠭᠤᠯᠬᠤ ᠳᠤ ᠴᠦᠮ | ᠨᠠᠮ ᠤᠨ ᠲᠦᠪ ᠬᠤᠷᠢᠶᠠᠨ ᠤ ᠵᠤᠷᠢᠭ ᠰᠠᠨᠠᠭ᠎ᠠ ᠶᠢ ᠲᠤᠭᠤᠰᠢᠯᠠᠭᠤᠯᠬᠤ ᠪᠠᠷ ᠤᠷᠢᠳᠠᠯ ᠪᠤᠯᠭᠠᠵᠤ᠂ ᠨᠠᠮ ᠤᠨ ᠲᠦᠪ | ᠬᠤᠷᠢᠶ᠎ᠡ ᠠᠴᠠ ᠰᠠᠨᠠᠭᠠᠴᠢᠯᠠᠭᠰᠠᠨ ᠢ ᠡᠷᠡᠰ ᠴᠤᠤᠷᠢᠶᠠᠳᠤᠨ ᠲᠠᠭᠠᠵᠤ᠂ ᠨᠠᠮ ᠤᠨ ᠲᠦᠪ ᠬᠤᠷᠢᠶ᠎ᠡ ᠠᠴᠠ | ᠲᠤᠬᠳᠠᠭᠠᠬᠰᠠᠨ ᠢ ᠡᠷᠡᠰ ᠵᠢᠷᠤᠮᠯᠠᠨ ᠬᠦᠢᠴᠡᠳᠭᠡᠵᠤ᠂ ᠨᠠᠮ ᠤᠨ ᠲᠦᠪ ᠬᠤᠷᠢᠶ᠎ᠡ ᠠᠴᠠ ᠴᠠᠭᠠᠵᠠᠯᠠᠬᠰᠡᠨ ᠢ ᠡᠷᠡᠰ | ᠬᠤᠷᠢᠬᠯᠠᠨ ᠵᠤᠬᠰᠤᠭᠠᠵᠤ᠂ ︽ᠬᠤᠶᠠᠷ ᠢ ᠬᠠᠮᠠᠭᠠᠯᠠᠬᠤ︾ ᠶᠢ ᠦᠨᠡᠨ ᠬᠦ ᠠᠵᠢᠯ ᠤᠨ ᠲᠤᠮᠳᠠ ᠪᠠᠨ | ᠨᠠᠶᠢᠳᠠᠪᠤᠷᠢᠵᠢᠭᠤᠯᠵᠤ᠂ ᠦᠢᠯᠡ ᠠᠵᠢᠯᠯᠠᠭ᠎ᠠ ᠲᠡᠭᠡᠷ᠎ᠡ ᠪᠠᠨ ᠢᠯᠡᠷᠡᠬᠦᠯᠬᠦ ᠭᠡᠷᠡᠭᠳᠠᠢ᠃ ᠢᠳᠡᠭᠡᠯ ᠪᠢᠰᠢᠷᠡᠯ ᠲᠠᠢ᠂ | ᠦᠨᠡᠨᠴᠢ ᠰᠢᠳᠤᠷᠭᠤ ᠪᠠᠶᠢᠵᠤ᠂ ᠬᠠᠷᠢᠭᠤᠴᠠᠯᠭ᠎ᠠ ᠡᠬᠦᠷᠭᠡᠯᠡᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠪᠠᠳᠤᠳᠠᠢ | ᠦᠢᠯᠡᠳᠦᠯᠭᠡᠵᠢᠬᠦᠯᠵᠤ᠂ ᠰᠤᠷᠤᠯᠴᠠᠨ ᠡᠵᠡᠮᠰᠢᠵᠤ ᠨᠡᠪᠳᠡᠷᠡᠳᠠᠯᠡ ᠤᠢᠢᠯᠠᠭᠠᠵᠤ ᠪᠤᠳᠠᠳᠠᠶᠢᠵᠢᠭᠤᠯᠬᠤ ᠲᠠᠭᠡᠷ᠎ᠡ ᠶᠡᠭᠡ | ᠬᠦᠴᠤ ᠤᠷᠤᠭᠤᠯᠵᠤ᠂ ᠡᠨᠡ ᠬᠦ ᠴᠢᠬᠤᠯᠠ ᠦᠵᠡᠯ ᠰᠠᠨᠠᠭ᠎ᠠ ᠶᠢ ᠦᠨᠡᠨ ᠬᠦ ᠡᠯ᠎ᠡ ᠵᠦᠢᠯ ᠤᠨ ᠠᠵᠢᠯ ᠦᠢᠯᠡᠰ ᠤᠨ | ᠬᠦᠭᠵᠢᠯᠳᠠ ᠶᠢᠨ ᠦᠢᠯᠡᠳᠦᠯᠭᠡ ᠲᠤᠮᠳᠠ ᠨᠠᠶᠢᠳᠠᠪᠤᠷᠢᠵᠢᠭᠤᠯᠵᠤ᠂ ᠦᠨᠳᠤᠰᠤᠳᠡᠨ ᠨᠦᠭᠦᠳ ᠤᠨ ᠺᠠᠳ᠋ᠷ ᠤᠯᠠᠨ | ᠲᠦᠮᠡᠨ ᠤ ᠰᠡᠳᠬᠢᠯ ᠵᠢᠷᠤᠭᠡᠨ ᠳᠤ ᠬᠠᠳᠠᠩᠰᠢᠭᠤᠯᠬᠤ ᠭᠡᠷᠡᠭᠳᠠᠢ᠃ ᠶᠡᠷᠤᠩᠭᠡᠢ ᠱᠦᠵᠢ ᠰᠢ ᠶᠢᠨ ᠫᠢᠩ ᠤᠨ ᠦᠪᠤᠷ | ᠮᠤᠩᠭᠤᠯ ᠤᠨ ᠲᠤᠬᠠᠢ ᠴᠢᠬᠤᠯᠠ ᠶᠡᠷᠢᠶ᠎ᠡ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠮᠦᠰ ᠤᠨ | ᠰᠡᠳᠬᠢᠯ ᠢ ᠨᠢᠬᠳᠠᠷᠠᠭᠤᠯᠬᠤ ᠬᠦᠴᠦᠷᠭᠡᠭ ᠶᠡᠭᠡ ᠦᠵᠡᠯ ᠰᠠᠨᠠᠭᠠᠨ ᠤ ᠵᠡᠪᠰᠡᠭ᠂ ᠬᠦᠴᠢᠷ ᠪᠠᠷᠭᠡᠰᠢᠶᠠᠯ | ᠦᠷᠢᠰᠦᠯᠳᠦᠭᠡᠨ ᠢ ᠠᠷᠭᠠᠴᠠᠭᠠᠬᠤ ᠰᠢᠨᠵᠢᠯᠡᠬᠦ ᠤᠬᠠᠭᠠᠨᠴᠢ ᠠᠷᠭ᠎ᠠ ᠬᠡᠮᠵᠢᠶ᠎ᠡ ᠪᠠ ᠠᠵᠢᠯ ᠦᠢᠯᠡᠰ ᠤᠨ | ᠬᠦᠭᠵᠢᠯᠳᠠ ᠶᠢ ᠠᠬᠢᠭᠤᠯᠬᠤ ᠠᠶᠠᠯᠠᠯ ᠤᠨ ᠭᠡᠷᠡᠯᠳᠤ ᠴᠠᠮᠬᠠᠭ ᠪᠤᠯᠭᠠᠵᠤ᠂ ᠲᠠᠬᠢᠨ ᠲᠠᠪᠳᠠᠨ ᠬᠦᠨᠵᠡᠭᠡᠢ ᠰᠤᠷᠤᠯᠴᠠᠵᠤ᠂ | ᠳᠤᠭᠤᠷᠠᠳᠠᠯᠠ ᠤᠢᠢᠯᠠᠭᠠᠨ ᠨᠡᠪᠳᠡᠷᠡᠳᠠᠯᠠ ᠡᠵᠡᠮᠰᠢᠵᠤ᠂ ᠡᠷᠡᠰ ᠪᠠᠳᠤ ᠡᠷᠡᠰ ᠰᠢᠭᠤᠷᠬᠠᠢ ᠪᠠᠷ ᠲᠤᠭᠤᠰᠢᠯᠠᠭᠤᠯᠵᠤ᠂ | ᠨᠠᠷᠢᠯᠢᠭ ᠤᠨᠤᠪᠴᠢᠳᠠᠢ ᠪᠦᠭᠡᠳ ᠬᠦᠴᠤᠳᠠᠢ ᠨᠠᠶᠢᠳᠠᠪᠤᠷᠢᠵᠢᠭᠤᠯᠵᠤ᠂ ᠶᠡᠷᠤᠩᠭᠡᠢ ᠱᠦᠵᠢ ᠰᠢ ᠶᠢᠨ ᠫᠢᠩ ᠤᠨ | ᠪᠢᠳᠠᠨ ᠳᠤ ᠨᠠᠷᠢᠯᠢᠬ ᠲᠤᠬᠳᠠᠭᠠᠵᠤ ᠦᠭᠬᠦᠭᠰᠡᠨ ᠠᠵᠢᠯᠯᠠᠭᠠᠨ ᠤ ᠬᠦᠳᠦᠯᠪᠤᠷᠢ᠂ ᠨᠢᠮᠪᠠᠢ ᠵᠢᠷᠤᠬᠯᠠᠨ ᠦᠭᠬᠦᠭᠰᠡᠨ | ᠰᠠᠶᠢᠨ ᠰᠠᠶᠢᠬᠠᠨ ᠠᠯᠤᠰ ᠤᠨ ᠲᠦᠰᠦᠪ ᠢ ᠤᠳᠤᠬᠢᠴᠢᠯᠠᠬᠰᠨᠨ ᠦᠪᠤᠷ ᠮᠤᠩᠭᠤᠯ ᠢ ᠪᠦᠳᠦᠭᠡᠨ ᠪᠠᠶᠢᠭᠤᠯᠬᠤ | ᠠᠮᠢᠳᠤᠯᠢᠭ ᠦᠢᠯᠡᠳᠦᠯᠭᠡ ᠪᠤᠯᠭᠠᠨ ᠬᠤᠪᠢᠷᠠᠭᠤᠯᠵᠤ᠂ ᠶᠡᠷᠤᠩᠭᠡᠢ ᠱᠦᠵᠢ ᠰᠢ ᠶᠢᠨ ᠫᠢᠩ ᠤᠨ ᠵᠢᠭᠠᠬᠰᠡᠨ | ᠴᠢᠭᠯᠡᠯ ᠢᠶᠠᠷ ᠢᠮᠠᠬᠳᠠ ᠡᠷᠡᠮᠡᠭᠡᠶᠢᠯᠡᠨ ᠲᠡᠮᠡᠴᠡᠵᠤ᠂ ᠢᠳᠡᠷᠡᠬᠦᠨ ᠠᠯᠬᠤᠭ᠎ᠠ ᠪᠠᠷ ᠤᠷᠤᠬᠰᠢᠯᠠᠬᠤ ᠭᠡᠷᠡᠭᠳᠠᠢ᠃ | ᠪᠢᠳᠠ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠬᠳᠠᠭᠠᠯᠳᠠ ᠶᠢ ᠪᠠᠳᠤ ᠰᠠᠬᠢᠵᠤ᠂ ᠪᠠᠶᠢᠯᠳᠤᠬᠤ | ᠪᠤᠳᠤᠯᠭ᠎ᠠ ᠶᠢᠨ ᠲᠤᠬᠳᠠᠯ ᠬᠦᠴᠦᠨ ᠢᠶᠠᠨ ᠪᠠᠳᠤᠯᠠᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ᠂ ᠪᠤᠬᠢᠷᠳᠦᠯ | ᠦᠭᠡᠢ ᠬᠦᠭᠵᠢᠯᠳᠠ ᠪᠠᠷ ᠤᠳᠤᠷᠢᠳᠤᠮᠵᠢ ᠪᠤᠯᠭᠠᠬᠰᠡᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠡ ᠵᠠᠮ ᠢ ᠬᠠᠶᠢᠨ | ᠰᠦᠪᠡᠭᠴᠢᠯᠡᠵᠤ ᠰᠠᠶᠢᠳᠤᠷ ᠵᠠᠮᠨᠠᠬᠤ ᠭᠡᠷᠡᠭᠳᠠᠢ᠃ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ᠂ ᠪᠤᠬᠢᠷᠳᠦᠯ ᠦᠭᠡᠢ | ᠬᠦᠭᠵᠢᠯᠳᠠ ᠪᠠᠷ ᠤᠳᠤᠷᠢᠳᠤᠮᠵᠢ ᠪᠤᠯᠭᠠᠬᠰᠡᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠡ ᠵᠠᠮ ᠢ ᠬᠠᠶᠢᠨ | ᠰᠦᠪᠡᠭᠴᠢᠯᠡᠬᠦ ᠪᠤᠯ ᠶᠡᠷᠤᠩᠭᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠦᠪᠤᠷ ᠮᠤᠩᠭᠤᠯ ᠤᠨ | ᠬᠦᠭᠵᠢᠯᠳᠠ ᠶᠢᠨ ᠲᠤᠬᠠᠢ ᠬᠦᠰᠡᠯ ᠡᠷᠡᠮᠡᠯᠵᠡᠯ ᠪᠠ ᠱᠠᠭᠠᠷᠳᠠᠯᠭ᠎ᠠ ᠪᠠᠶᠢᠵᠤ᠂ ᠨᠠᠮ ᠤᠨ ᠲᠦᠪ ᠬᠤᠷᠢᠶ᠎ᠡ ᠶᠢᠨ ᠦᠪᠤᠷ | ᠮᠤᠩᠭᠤᠯ ᠤᠨ ᠬᠦᠭᠵᠢᠯᠳᠠ ᠶᠢᠨ ᠲᠤᠬᠠᠢ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠬᠳᠠᠭᠠᠯᠳᠠ ᠶᠢ ᠢᠯᠡᠷᠡᠬᠦᠯᠵᠤ᠂ | ᠦᠪᠤᠷ ᠮᠤᠩᠭᠤᠯ ᠤᠨ ᠪᠦᠬᠦ ᠲᠠᠯ᠎ᠡ ᠶᠢᠨ ᠠᠵᠢᠯ ᠪᠤᠯᠤᠨ ᠠᠯᠤᠰ ᠭᠡᠳᠤ ᠶᠢᠨ ᠬᠦᠭᠵᠢᠯᠳᠠ ᠲᠠᠢ ᠬᠤᠯᠪᠤᠬᠳᠠᠵᠤ | ᠪᠠᠶᠢᠳᠠᠭ᠃ ᠡᠨᠡ ᠬᠦ ᠰᠢᠨ᠎ᠡ ᠵᠠᠮ ᠢ ᠬᠠᠶᠢᠨ ᠰᠦᠪᠡᠭᠴᠢᠯᠡᠵᠤ ᠰᠠᠶᠢᠳᠤᠷ ᠵᠠᠮᠨᠠᠬᠤ ᠳᠤ ᠡᠷᠬᠡᠪᠰᠢ ᠰᠢᠨ᠎ᠡ | ᠬᠦᠭᠵᠢᠯᠳᠠ ᠶᠢᠨ ᠤᠢᠢᠯᠠᠭᠠᠬᠳᠠᠬᠤᠨ ᠢ ᠪᠦᠬᠦ ᠲᠠᠯ᠎ᠡ ᠪᠠᠷ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ | ᠪᠤᠳᠤᠯᠬᠢᠯᠠᠬᠰᠡᠨ᠂ ᠪᠤᠬᠢᠷᠳᠦᠯ ᠦᠭᠡᠢ ᠬᠦᠭᠵᠢᠯᠳᠠ ᠶᠢᠨ ᠤᠳᠤᠷᠢᠳᠤᠮᠵᠢ ᠶᠢ ᠨᠡᠩ ᠲᠤᠳᠤᠷᠬᠠᠢ ᠪᠤᠢ ᠪᠤᠯᠭᠠᠵᠤ᠂ | ᠨᠡᠩ ᠪᠠᠳᠤ ᠴᠢᠩᠭ᠎ᠠ ᠪᠠᠷᠢᠮᠳᠠᠯᠠᠬᠤ ᠭᠡᠷᠡᠭᠳᠠᠢ ᠶᠤᠮ᠃ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ | ᠲᠡᠪᠰᠢᠬᠦ ᠶᠢ ᠬᠦᠴᠦᠯᠠᠨ ᠠᠬᠢᠭᠤᠯᠵᠤ᠂ ︽ᠲᠦᠷᠪᠡᠨ ᠤᠯᠠᠨ ᠲᠦᠷᠪᠡᠨ ᠴᠦᠭᠡᠨ︾ ᠤ ᠲᠤᠪᠤᠶᠢᠮ᠎ᠡ ᠠᠰᠠᠭᠤᠳᠠᠯ ᠢ | ᠦᠨᠡᠨ ᠬᠦ ᠰᠢᠢᠳᠪᠤᠷᠢᠯᠡᠵᠤ᠂ ᠠᠷᠭ᠎ᠠ ᠪᠦᠬᠦᠨ ᠢ ᠰᠦᠪᠡᠭᠴᠢᠯᠡᠵᠤ ᠠᠵᠤ ᠦᠢᠯᠡᠰ ᠤᠨ ᠬᠡᠯᠬᠢᠶ᠎ᠡ ᠶᠢᠨ ᠦᠷᠭᠡᠵᠢᠬᠦ᠂ | ᠦᠷᠳᠡᠭ ᠤᠨ ᠬᠡᠯᠬᠢᠶ᠎ᠡ ᠶᠢᠨ ᠲᠡᠭᠡᠭᠰᠢᠯᠡᠬᠦ ᠶᠢ ᠠᠬᠢᠭᠤᠯᠬᠤ ᠭᠡᠷᠡᠭᠳᠠᠢ᠃ ᠰᠢᠨ᠎ᠡ ᠶᠢ ᠡᠬᠦᠳᠬᠦ ᠪᠠᠷ ᠬᠦᠳᠡᠯᠭᠡᠬᠦᠷ | ᠪᠤᠯᠭᠠᠬᠤ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢ ᠬᠦᠨᠵᠡᠭᠡᠢ ᠭᠡᠷᠡᠭᠵᠢᠬᠦᠯᠵᠤ᠂ ︽ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢᠶᠠᠷ ᠦᠪᠤᠷ ᠮᠤᠩᠭᠤᠯ ᠢᠶᠠᠨ ᠬᠦᠴᠦᠷᠭᠡᠭᠵᠢᠬᠦᠯᠤᠨ ᠮᠠᠨᠳᠤᠭᠤᠯᠬᠤ︾ ᠠᠵᠢᠯᠯᠠᠭ᠎ᠠ ᠶᠢ ᠶᠡᠭᠡ ᠪᠠᠷ | ᠠᠬᠢᠭᠤᠯᠵᠤ᠂ ᠰᠢᠨ᠎ᠡ ᠶᠢ ᠡᠬᠦᠳᠬᠦ ᠪᠠᠷ ᠭᠤᠤᠯ ᠲᠠᠭᠠᠭᠤᠯᠤᠬᠴᠢ ᠪᠠ ᠲᠤᠯᠭᠠᠭᠤᠷᠢᠯᠠᠯ ᠪᠤᠯᠭᠠᠬᠰᠡᠨ ᠠᠵᠤ | ᠠᠬᠤᠢ ᠶᠢᠨ ᠰᠢᠰᠲ᠋ᠧᠮ ᠪᠤᠯᠤᠨ ᠬᠦᠭᠵᠢᠯᠳᠠ ᠶᠢᠨ ᠬᠡᠪ ᠵᠠᠬᠪᠤᠷ ᠢ ᠲᠦᠷᠭᠡᠳᠭᠡᠨ ᠪᠦᠷᠢᠯᠳᠦᠬᠦᠯᠬᠦ ᠭᠡᠷᠡᠭᠳᠠᠢ᠃ | ᠲᠦᠪᠯᠡᠷᠡᠭᠰᠡᠨ ᠴᠤᠬᠯᠠᠷᠠᠬᠰᠡᠨ ᠡᠷᠴᠢᠮᠵᠢᠭᠰᠡᠨ ᠬᠦᠭᠵᠢᠯᠳᠠ ᠶᠢ ᠪᠠᠷᠢᠮᠳᠠᠯᠠᠵᠤ᠂ ᠪᠦᠬᠦ ᠤᠷᠤᠨ ᠤ ᠬᠤᠳᠠ | ᠬᠦᠳᠡᠭᠡ ᠶᠢᠨ ᠨᠢᠭᠡ ᠴᠤᠬᠴᠠᠵᠢᠯᠳᠠ ᠪᠠ ᠵᠡᠬᠦᠨ᠂ ᠲᠤᠮᠳᠠ᠂ ᠪᠠᠷᠠᠭᠤᠨ ᠭᠡᠰᠡᠭ ᠤᠨ ᠵᠦᠷᠢᠶᠡᠵᠢᠭᠰᠡᠨ ᠬᠦᠭᠵᠢᠯᠳᠠ ᠶᠢ | ᠨᠢᠭᠡᠳᠦᠯᠳᠠᠢ ᠲᠦᠯᠦᠪᠵᠢᠬᠦᠯᠵᠤ᠂ ᠲᠠᠪᠠᠭᠤᠯᠢᠭ ᠢᠶᠠᠨ ᠬᠠᠷᠢᠯᠴᠠᠨ ᠨᠦᠬᠦᠪᠤᠷᠢᠯᠡᠭᠰᠡᠨ ᠴᠢᠨᠠᠷ ᠰᠠᠶᠢᠳᠠᠢ | ᠬᠦᠭᠵᠢᠯᠳᠠ ᠶᠢᠨ ᠤᠷᠤᠨ ᠪᠦᠰᠡ ᠶᠢᠨ ᠠᠵᠤ ᠠᠬᠤᠢ ᠶᠢᠨ ᠪᠠᠶᠢᠷᠢᠰᠢᠯ ᠢ ᠪᠦᠷᠢᠯᠳᠦᠬᠦᠯᠤᠨ ᠠᠬᠢᠭᠤᠯᠬᠤ ᠭᠡᠷᠡᠭᠳᠠᠢ᠃ | ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠵᠠᠰᠠᠯᠳᠠ ᠶᠢ ᠶᠡᠭᠡ ᠬᠦᠴᠤᠨ ᠢᠶᠠᠷ ᠰᠠᠶᠢᠳᠤᠷ ᠠᠳᠬᠤᠵᠤ᠂ | ᠪᠤᠬᠢᠷᠳᠦᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠡᠷᠡᠰ ᠰᠠᠶᠢᠳᠤᠷ ᠬᠢᠵᠤ᠂ | ᠭᠤᠤᠯᠳᠠᠯᠭ᠎ᠠ ᠲᠠᠢ ᠠᠮᠢ ᠠᠬᠤᠢ ᠶᠢ ᠬᠠᠮᠠᠭᠠᠯᠠᠬᠤ ᠪᠠ ᠵᠠᠰᠠᠨ ᠰᠡᠯᠪᠢᠬᠦ ᠢᠨᠵᠧᠨᠧᠷᠢᠩ ᠢ ᠨᠠᠷᠢᠨ ᠬᠢᠨᠠᠮᠠᠭᠠᠢ | ᠭᠡᠷᠡᠭᠵᠢᠬᠦᠯᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠰᠢᠨ᠎ᠡ ᠲᠡᠭᠳᠡᠷ ᠲᠤ ᠭᠠᠷᠬᠤ ᠶᠢ ᠠᠬᠢᠭᠤᠯᠬᠤ | ᠭᠡᠷᠡᠭᠳᠠᠢ᠃ ᠦᠭᠡᠷᠡᠴᠢᠯᠡᠯᠳᠠ ᠶᠢ ᠪᠦᠬᠦ ᠲᠠᠯ᠎ᠡ ᠪᠠᠷ ᠬᠦᠨᠵᠡᠭᠡᠶᠢᠷᠠᠬᠦᠯᠵᠤ᠂ ᠨᠡᠭᠡᠭᠡᠯᠳᠠ ᠶᠢ ᠪᠦᠬᠦ ᠲᠠᠯ᠎ᠡ ᠪᠠᠷ | ᠦᠷᠭᠡᠳᠭᠡᠵᠤ᠂ ᠨᠡᠩ ᠬᠦᠴᠤᠳᠠᠢ ᠠᠷᠭ᠎ᠠ ᠬᠡᠮᠵᠢᠶ᠎ᠡ ᠪᠠᠷ ᠬᠠᠷᠰᠢ ᠰᠠᠭᠠᠳ ᠢ ᠠᠷᠢᠯᠭᠠᠵᠤ᠂ ᠪᠤᠳᠠᠳᠤ ᠦᠷ᠎ᠡ | ᠪᠦᠳᠦᠮᠵᠢ ᠶᠢ ᠲᠡᠭᠡᠭᠰᠢᠯᠡᠬᠦᠯᠵᠤ᠂ ᠬᠦᠭᠵᠢᠯᠳᠠ ᠶᠢᠨ ᠠᠮᠢᠵᠢᠷᠠᠯ ᠤᠨ ᠬᠦᠴᠤᠨ ᠪᠠ ᠬᠦᠳᠡᠯᠭᠡᠬᠦ ᠬᠦᠴᠤᠨ ᠢ | ᠲᠠᠰᠤᠷᠠᠯᠳᠠ ᠦᠭᠡᠢ ᠴᠢᠩᠭᠠᠷᠠᠭᠤᠯᠬᠤ ᠭᠡᠷᠡᠭᠳᠠᠢ᠃ ᠪᠢᠳᠠ ᠠᠮᠢ ᠠᠬᠤᠢ ᠶᠢ ᠤᠷᠢᠳ ᠢᠶᠠᠷ ᠪᠤᠳᠤᠯᠬᠢᠯᠠᠬᠰᠡᠨ᠂ | ᠪᠤᠬᠢᠷᠳᠦᠯ ᠦᠭᠡᠢ ᠬᠦᠭᠵᠢᠯᠳᠠ ᠶᠢᠨ ᠤᠳᠤᠷᠢᠳᠤᠮᠵᠢ ᠶᠢ ᠪᠦᠬᠦ ᠤᠷᠤᠨ ᠪᠦᠰᠡ᠂ ᠡᠯ᠎ᠡ ᠬᠦᠷᠢᠶᠡᠨ ᠤ ᠴᠢᠨᠠᠷ ᠰᠠᠶᠢᠳᠠᠢ | ᠬᠦᠭᠵᠢᠯᠳᠠ ᠶᠢᠨ ᠵᠢᠯᠤᠭᠤᠳᠤᠯᠭ᠎ᠠ᠂ ᠲᠦᠷᠢᠮ ᠪᠤᠯᠭᠠᠵᠤ᠂ ᠡᠨᠡ ᠬᠦ ᠪᠦᠬᠦ ᠲᠠᠯ᠎ᠡ ᠶᠢᠨ ᠴᠢᠨᠠᠷᠳᠠᠢ᠂ ᠴᠢᠭᠯᠡᠯᠳᠤ | ᠴᠢᠨᠠᠷᠳᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠱᠠᠭᠠᠷᠳᠠᠯᠭ᠎ᠠ ᠶᠢ ᠪᠤᠳᠠᠳᠠᠢ ᠠᠵᠢᠯ ᠤᠨ ᠲᠤᠮᠳᠠ ᠡᠷᠡᠰ | ᠭᠤᠶᠢᠪᠢᠰᠢ ᠦᠭᠡᠢ ᠲᠤᠭᠤᠰᠢᠯᠠᠭᠤᠯᠵᠤ᠂ ᠡᠷᠡᠰ ᠵᠤᠷᠢᠭ ᠰᠢᠭᠤᠳᠴᠤ ᠪᠠᠶᠢᠭᠠᠳ ᠪᠦᠳᠦᠴᠠ ᠶᠢ ᠲᠤᠬᠢᠷᠠᠭᠤᠯᠵᠤ᠂ | ᠬᠦᠳᠡᠯᠭᠡᠬᠦ ᠡᠨᠧᠷᠬᠢ ᠶᠢ ᠢᠳᠡᠪᠬᠢᠵᠢᠬᠦᠯᠵᠤ᠂ ᠶᠠᠰᠤ ᠴᠢᠨᠠᠷ ᠢ ᠲᠡᠭᠡᠭᠰᠢᠯᠡᠬᠦᠯᠵᠤ᠂ ᠦᠪᠤᠷ ᠮᠤᠩᠭᠤᠯ ᠤᠨ ᠴᠢᠨᠠᠷ | ᠰᠠᠶᠢᠳᠠᠢ ᠬᠦᠭᠵᠢᠯᠳᠠ ᠶᠢᠨ ᠰᠢᠨ᠎ᠡ ᠢᠷᠡᠭᠡᠳᠦᠢ ᠶᠢ ᠴᠢᠷᠮᠠᠶᠢᠨ ᠨᠡᠭᠡᠭᠡᠬᠦ ᠭᠡᠷᠡᠭᠳᠠᠢ᠃ | ᠪᠢᠳᠡ ᠰᠢᠢᠳᠪᠦᠷᠢᠲᠦ ᠳᠠᠶᠢᠯᠠᠯᠳᠤᠭᠠᠨ ᠬᠢᠬᠦ ᠡᠷᠴᠢ ᠵᠣᠷᠢᠭ ᠢᠶᠠᠨ ᠪᠠᠲᠤᠯᠠᠵᠤ᠂ ᠰᠢᠢᠳᠪᠦᠷᠢᠲᠦ ᠢᠯᠠᠯᠲᠠ | ᠤᠯᠬᠤ ᠢᠲᠡᠭᠡᠯ ᠵᠤᠷᠢᠯ ᠢᠶᠠᠨ ᠪᠠᠲᠤᠳᠬᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ︽ᠡᠴᠦᠰ ᠤᠨ | ᠨᠢᠭᠡ ᠺᠢᠯᠣᠮᠧᠲᠷ︾ ᠢ ᠰᠠᠶᠢᠳᠤᠷ ᠵᠠᠮᠨᠠᠬᠤ ᠬᠡᠷᠡᠭᠲᠡᠢ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠨᠢ | ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠵᠢᠯ ᠤᠨ ᠲᠤᠷᠰᠢ ᠴᠥᠬᠦᠷᠡᠰᠢ ᠦᠭᠡᠢ ᠴᠢᠷᠮᠠᠶᠢᠭᠰᠠᠨ ᠰᠠᠶᠢᠨ | ᠰᠠᠶᠢᠬᠠᠨ ᠬᠦᠰᠡᠯ ᠵᠡᠭᠦᠳᠦ ᠶᠢ ᠠᠴᠢᠶᠠᠯᠠᠵᠤ᠂ ᠮᠠᠨ ᠤ ᠨᠠᠮ ᠪᠠᠶᠢᠭᠤᠯᠤᠭᠳᠠᠭᠰᠠᠨ ᠠᠴᠠ ᠨᠠᠭᠠᠰᠢᠬᠢ ᠴᠥᠬᠦᠷᠡᠰᠢ | ᠦᠭᠡᠢ ᠲᠡᠮᠡᠴᠡᠬᠦ ᠠᠩᠬᠠᠳᠠᠭᠴᠢ ᠵᠠᠭᠤᠨ ᠵᠢᠯ ᠤᠨ ᠬᠠᠷᠠᠯᠲᠠ ᠪᠤᠯᠬᠤ ᠶᠤᠮ᠃ ᠮᠢᠩᠭᠠᠨ ᠤᠨ ᠤ ᠬᠦᠰᠡᠯ ᠵᠡᠭᠦᠳᠦ᠂ | ᠵᠠᠭᠤᠨ ᠵᠢᠯ ᠤᠨ ᠲᠡᠮᠡᠴᠡᠯ᠂ ᠦᠨᠦᠳᠦᠷ ᠪᠡᠶᠡᠯᠡᠭᠳᠡᠨ᠎ᠠ᠃ ᠰᠢᠢᠳᠪᠦᠷᠢᠲᠦ ᠳᠠᠶᠢᠯᠠᠯᠳᠤᠭᠠᠨ ᠬᠢᠵᠦ ᠰᠢᠢᠳᠪᠦᠷᠢᠲᠦ | ᠢᠯᠠᠯᠲᠠ ᠣᠯᠬᠤ ᠵᠢᠯ ᠳᠤ᠂ ᠪᠢᠳᠡ ᠬᠠᠷᠠᠯᠲᠠ ᠡᠭᠦᠷᠭᠡ ᠪᠠᠨ ᠴᠢᠩᠭ᠎ᠠ ᠡᠵᠡᠮᠳᠡᠵᠤ᠂ ᠭᠤᠣᠯᠳᠠᠯᠭ᠎ᠠ ᠶᠢ ᠠᠳᠬᠤᠵᠤ᠂ | ᠳᠤᠲᠠᠭᠤᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠰᠡᠭᠦᠯ ᠬᠤᠷᠢᠶᠠᠬᠤ ᠠᠵᠢᠯ ᠢᠶᠠᠨ | ᠨᠡᠩ ᠯᠠᠪᠳᠠᠭᠤᠨ ᠪᠠᠲᠤᠲᠠᠢ᠂ ᠨᠡᠩ ᠴᠢᠨᠠᠷ ᠰᠠᠶᠢᠲᠠᠢ ᠬᠢᠬᠦ ᠬᠡᠷᠡᠭᠲᠡᠢ᠃ ᠢᠯᠠᠩᠭᠤᠶ᠎ᠠ ᠭᠤᠷᠪᠠᠨ ᠶᠡᠭᠡ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠴᠢᠭᠯᠡᠯ ᠢ ᠬᠤᠪᠢᠷᠠᠭᠤᠯᠬᠤ ᠦᠭᠡᠢ᠂ | ᠡᠷᠴᠢᠮ ᠢ ᠰᠤᠯᠠᠷᠠᠭᠤᠯᠬᠤ ᠦᠭᠡᠢ ᠪᠠᠶᠢᠬᠤ ᠶᠢ ᠪᠠᠷᠢᠮᠲᠠᠯᠠᠵᠤ᠂ ᠪᠣᠭᠤᠮᠲᠠ ᠰᠢᠪᠲᠤᠯᠬᠤ ᠠᠵᠢᠯ ᠤᠨ ᠦᠷ᠎ᠡ | ᠪᠦᠲᠦᠮᠵᠢ ᠪᠠᠷ ᠪᠦᠬᠦ ᠲᠠᠯ᠎ᠠ ᠶᠢᠨ ᠴᠢᠨᠡᠭᠡᠯᠢᠭᠵᠢᠯ ᠢ ᠪᠠᠲᠤᠯᠠᠬᠤ ᠬᠡᠷᠡᠭᠲᠡᠢ᠃ ᠪᠦᠷᠢᠨ ᠢᠯᠠᠯᠲᠠ ᠤᠯᠬᠤ ᠦᠭᠡᠢ ᠪᠣᠯ | ᠶᠠᠭᠠᠬᠢᠭᠰᠠᠨ ᠴᠤ ᠴᠡᠷᠢᠭ ᠢᠶᠠᠨ ᠬᠤᠷᠢᠶᠠᠬᠤ ᠦᠭᠡᠢ ᠵᠣᠷᠢᠭ ᠰᠠᠨᠠᠭ᠎ᠠ ᠪᠠᠷ ᠶᠠᠳᠠᠭᠤ ᠠᠴᠠ ᠠᠩᠭᠢᠵᠢᠷᠠᠭᠤᠯᠬᠤ ᠬᠦᠴᠢᠷ | ᠠᠰᠠᠭᠤᠳᠠᠯ ᠢ ᠰᠢᠢᠳᠪᠦᠷᠢᠯᠡᠵᠦ᠂ ᠦᠯᠡᠳᠡᠵᠦ ᠪᠠᠶᠢᠭ᠎ᠠ ᠶᠠᠳᠠᠭᠤ ᠬᠦᠴᠢᠷᠳᠡᠯᠲᠠᠢ ᠬᠥᠮᠦᠨ ᠠᠮᠠ ᠶᠢ ᠶᠠᠳᠠᠭᠤ ᠠᠴᠠ | ᠠᠩᠭᠢᠵᠢᠷᠠᠭᠤᠯᠬᠤ ᠠᠰᠠᠭᠤᠳᠠᠯ ᠢ ᠲᠦᠢᠯᠪᠤᠷᠢᠲᠠᠢ ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠦᠷ᠎ᠡ | ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠴᠢᠨᠡᠭᠡᠯᠢᠭᠵᠢᠬᠦ ᠵᠠᠮ ᠳᠡᠭᠡᠷ᠎ᠡ ᠨᠢᠭᠡ ᠡᠷᠦᠬᠡ ᠴᠦ ᠬᠤᠴᠣᠷᠬᠤ ᠦᠭᠡᠢ᠂ | ᠨᠢᠭᠡ ᠬᠥᠮᠦᠨ ᠴᠤ ᠲᠤᠳᠠᠬᠤ ᠦᠬᠡᠢ ᠪᠠᠶᠢᠬᠤ ᠶᠢ ᠪᠠᠲᠤᠯᠠᠬᠤ ᠬᠡᠷᠡᠭᠲᠡᠢ᠃ ᠬᠦᠬᠡ ᠣᠭᠲᠠᠷᠭᠤᠢ᠂ ᠴᠡᠩᠭᠡᠭ ᠤᠰᠤ᠂ | ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠭᠤᠣᠯᠳᠠᠯᠭ᠎ᠠ ᠲᠠᠢ ᠣᠷᠣᠨ ᠪᠦᠰᠡ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠠ ᠣᠷᠴᠢᠨ ᠲᠣᠭᠤᠷᠢᠨ ᠤ ᠳᠤᠪᠤᠶᠢᠮ᠎ᠠ | ᠠᠰᠠᠭᠤᠳᠠᠯ ᠢ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠥᠪᠥᠷ ᠮᠣᠩᠭᠤᠯ ᠤᠨ ᠬᠦᠬᠡᠮᠳᠦᠭ ᠨᠣᠭᠤᠭᠠᠨ᠂ | ᠨᠤᠮᠢᠨ ᠴᠡᠩᠬᠡᠷ᠂ ᠠᠷᠢᠭᠤᠨ ᠴᠡᠪᠡᠷ ᠢ ᠪᠦᠬᠦ ᠲᠠᠯ᠎ᠠ ᠪᠠᠷ ᠴᠢᠨᠡᠭᠡᠯᠢᠭᠵᠢᠭᠦᠯᠬᠦ ᠦᠵᠡᠰᠬᠦᠯᠡᠩᠲᠦ ᠰᠠᠶᠢᠬᠠᠨ ᠳᠡᠪᠢᠰᠬᠡᠷ | ᠦᠩᠭᠡ ᠪᠣᠯᠭᠠᠬᠤ ᠬᠡᠷᠡᠭᠲᠡᠢ᠃ ᠡᠯ᠎ᠡ ᠲᠦᠷᠦᠯ ᠤᠨ ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ | ᠠᠷᠢᠯᠭᠠᠵᠤ᠂ ᠪᠣᠭᠤᠮᠲᠠ ᠶᠢ ᠰᠠᠶᠢᠲᠤᠷ ᠰᠠᠬᠢᠵᠤ᠂ ᠬᠤᠷᠢᠭ᠎ᠠ ᠱᠤᠭᠤᠮ ᠢ ᠰᠠᠬᠢᠵᠤ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠡᠶᠡᠯᠡᠭᠦᠯᠬᠦ ᠢᠯᠠᠯᠲᠠ ᠶᠢ ᠲᠡᠮᠡᠴᠡᠨ ᠤᠯᠬᠤ ᠳᠤ ᠶᠠᠮᠠᠷᠪᠠ ᠠᠶᠤᠯ ᠲᠦᠭᠰᠢᠭᠦᠷᠢ ᠳᠤ ᠨᠥᠯᠥᠭᠡᠯᠡᠭᠳᠡᠬᠦ | ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ | ᠬᠠᠰᠬᠢᠷᠴᠤ ᠪᠠᠶᠢᠭᠠᠳ ᠪᠡᠶᠡᠯᠡᠬᠦᠯᠬᠦ ᠪᠤᠰᠤ᠂ ᠬᠦᠯᠢᠶᠡᠬᠡᠳ ᠢᠷᠡᠳᠡᠭ ᠪᠢᠰᠢ᠂ ᠬᠠᠷᠢᠨ ᠲᠡᠮᠡᠴᠡᠵᠦ ᠪᠠᠶᠢᠭᠠᠳ ᠤᠯᠵᠤ᠂ | ᠬᠢᠵᠦ ᠪᠠᠶᠢᠭᠠᠳ ᠪᠦᠲᠦᠬᠡᠳᠡᠭ ᠶᠤᠮ᠂ ᠪᠢᠳᠡ ᠵᠠᠪᠠᠯ ᠠᠷᠪᠠᠨ ᠬᠤᠶᠠᠷ ᠬᠤᠪᠢ ᠶᠢᠨ ᠵᠣᠷᠢᠭ ᠰᠠᠨᠠᠭ᠎ᠠ ᠶᠢ ᠡᠪᠦᠷᠯᠡᠨ᠂ | ᠵᠠᠭᠤᠨ ᠬᠤᠪᠢ ᠶᠢᠨ ᠴᠢᠷᠮᠠᠶᠢᠯᠭ᠎ᠠ ᠭᠠᠷᠭᠠᠵᠤ᠂ ᠨᠢᠭᠡ ᠯᠡ ᠠᠮᠢᠰᠬᠤᠭ᠎ᠠ ᠪᠠᠷ ᠴᠢᠷᠮᠠᠶᠢᠵᠤ᠂ ᠰᠢᠢᠳᠪᠦᠷᠢᠲᠦ | ᠲᠠᠶᠢᠯᠠᠯᠳᠤᠭᠠᠨ ᠬᠢᠵᠦ ᠰᠢᠢᠳᠪᠦᠷᠢᠲᠦ ᠢᠯᠠᠯᠲᠠ ᠤᠯᠬᠤ ᠬᠡᠷᠡᠭᠲᠡᠶ᠃ | ᠪᠢᠳᠡ ᠵᠣᠷᠢᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ | ᠦᠢᠯᠡᠳᠦᠯᠭᠡᠵᠢᠭᠦᠯᠵᠦ᠂ ᠦᠷᠬᠡᠨ ᠤᠯᠠᠨ ᠲᠦᠮᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ | ᠲᠦᠪᠰᠢᠨ ᠤ ᠲᠦᠷᠦᠭᠳᠡᠯ ᠢ ᠨᠡᠩ ᠲᠡᠭᠦᠯᠳᠡᠷ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠬᠦ ᠪᠣᠯᠭᠠᠬᠤ ᠬᠡᠷᠡᠭᠲᠡᠢ᠃ | ᠶᠡᠷᠦᠩᠬᠡᠶ ᠱᠦᠵᠢ ᠰᠢ ᠶᠢᠨ ᠫᠢᠩ᠄ ︽ᠣᠭ ᠰᠠᠨᠠᠭ᠎ᠠ ᠪᠠᠨ ᠥᠯᠥ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠬᠦ ᠭᠡᠳᠡᠭ ᠨᠢ ᠦᠨᠡᠨ ᠳᠡᠭᠡᠨ ᠶᠠᠮᠠᠷ ᠬᠥᠮᠦᠨ ᠤ ᠲᠦᠯᠤᠬᠡ᠂ ᠶᠠᠮᠠᠷ ᠬᠥᠮᠦᠨ ᠳᠤ ᠲᠦᠰᠢᠭᠯᠡᠬᠦ ᠠᠰᠠᠭᠤᠳᠠᠯ | ᠪᠤᠯᠤᠨ᠎ᠠ︾ ᠭᠡᠵᠥ ᠴᠢᠬᠤᠯᠠᠴᠢᠯᠠᠪᠠ᠃ ᠪᠢᠳᠡ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠵᠤ ᠠᠷᠠᠳ ᠤᠨ ᠰᠠᠨᠠᠭᠠᠰᠢᠷᠠᠯ ᠢ | ᠠᠷᠢᠯᠭᠠᠵᠤ᠂ ᠠᠷᠠᠳ ᠤᠨ ᠭᠤᠮᠤᠳᠠᠯ ᠢ ᠰᠢᠢᠳᠪᠤᠷᠢᠯᠠᠵᠤ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠪᠦᠬᠦ | ᠠᠵᠢᠯ ᠤᠨ ᠦᠷ᠎ᠡ ᠪᠦᠲᠦᠮᠵᠢ ᠪᠠ ᠣᠯᠤᠯᠲᠠ ᠪᠠᠨ ᠠᠷᠠᠳ ᠲᠦᠮᠡᠨ ᠤ ᠤᠢᠢᠯᠠᠭᠠᠯᠳᠠ ᠲᠦᠷᠦᠭᠳᠡᠯ ᠳᠤ | ᠤᠨᠤᠬᠳᠠᠭᠤᠯᠬᠤ ᠬᠡᠷᠡᠭᠲᠡᠶ᠃ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠᠷ ᠠᠷᠠᠳ ᠤᠨ ᠠᠮᠢᠳᠤᠷᠠᠯ ᠤᠨ | ᠦᠨᠳᠦᠰᠦ ᠶᠢ ᠪᠠᠬᠢᠵᠢᠭᠦᠯᠵᠦ᠂ ᠠᠵᠤ ᠦᠢᠯᠡᠰ ᠪᠤᠰᠬᠠᠬᠤ ᠪᠠᠷ ᠠᠷᠠᠳ ᠢ ᠪᠠᠶᠠᠵᠢᠭᠤᠯᠬᠤ ᠡᠬᠢ ᠰᠤᠷᠪᠤᠯᠵᠢ ᠶᠢ | ᠥᠷᠭᠡᠳᠬᠡᠵᠦ᠂ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠡᠷᠴᠢᠮ ᠢ ᠴᠢᠩᠭᠠᠷᠠᠭᠤᠯᠵᠤ᠂ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠤᠯᠪᠠᠰᠤᠷᠠᠯ ᠢ ᠥᠷᠭᠡᠨ ᠢᠶᠠᠷ ᠥᠷᠨᠢᠭᠦᠯᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠪᠠ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠶᠡᠭᠡ ᠪᠠᠷ | ᠲᠡᠮᠵᠢᠵᠦ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠤᠶᠤᠳᠠᠳ᠂ ᠠᠵᠢᠯ ᠤᠨ ᠪᠠᠶᠢᠷᠢ ᠠᠴᠠ ᠪᠠᠨ ᠪᠠᠭᠤᠵᠤ | ᠠᠵᠢᠯ ᠠᠯᠳᠠᠭᠰᠠᠳ᠂ ᠬᠥᠯᠥᠰᠥᠨ ᠠᠵᠢᠯᠴᠢᠨ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ | ᠬᠠᠮᠲᠤᠯᠢᠭ ᠤᠨ ᠠᠵᠢᠯ ᠣᠯᠭᠤᠯᠲᠠ ᠶᠢᠨ ᠠᠰᠠᠭᠤᠳᠠᠯ ᠢ ᠢᠯᠡᠷᠬᠡᠢ ᠰᠠᠶᠢᠲᠤᠷ ᠰᠢᠢᠳᠪᠦᠷᠢᠯᠡᠵᠦ᠂ ᠤᠯᠠᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢᠨ ᠪᠠᠶᠢᠳᠠᠯ ᠢ ᠲᠣᠭᠲᠠᠭᠤᠨ ᠪᠠᠶᠢᠯᠭᠠᠵᠤ᠂ ᠬᠥᠮᠦᠨ ᠨᠢᠭᠡ | ᠪᠦᠷᠢ ᠶᠢ ᠴᠥᠮ ᠬᠥᠳᠡᠯᠮᠦᠷᠢ ᠪᠠᠷ ᠳᠠᠮᠵᠢᠨ ᠰᠠᠶᠢᠨ ᠰᠠᠶᠢᠬᠠᠨ ᠠᠮᠢᠳᠤᠷᠠᠯ ᠲᠠᠢ ᠪᠤᠯᠭᠠᠬᠤ ᠪᠠᠷ ᠴᠢᠷᠮᠠᠶᠢᠬᠤ ᠬᠡᠷᠡᠭᠲᠡᠢ᠃ | ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠲᠦᠭᠡᠮᠡᠯ | ᠬᠠᠷᠠᠭᠠᠯᠵᠠᠯ ᠤᠨ ᠴᠢᠨᠠᠷᠲᠠᠢ᠂ ᠰᠠᠭᠤᠷᠢᠯᠠᠬᠤ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ | ᠠᠮᠢᠳᠤᠷᠠᠯ ᠤᠨ ᠠᠵᠢᠯ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ᠂ ᠰᠤᠷᠭᠠᠭᠤᠯᠢ ᠳᠤ ᠣᠷᠣᠬᠤ ᠳᠤ ᠬᠦᠴᠢᠷ᠂ | ᠡᠪᠡᠳᠴᠢᠨ ᠦᠵᠡᠭᠦᠯᠬᠦ ᠳᠤ ᠬᠦᠴᠢᠷ᠂ ᠶᠠᠪᠤᠵᠤ ᠰᠠᠭᠤᠬᠤ ᠳᠤ ᠬᠦᠴᠢᠷ᠂ ᠣᠷᠣᠨ ᠰᠠᠭᠤᠴᠠ ᠬᠦᠴᠢᠷ ᠵᠡᠷᠭᠡ | ᠤᠯᠠᠨ ᠲᠦᠮᠡᠨ ᠤ ᠰᠠᠨᠠᠭ᠎ᠠ ᠵᠣᠪᠠᠵᠤ ᠪᠤᠬᠢᠨᠢᠳᠤᠵᠤ ᠪᠠᠶᠢᠭ᠎ᠠ ᠤᠴᠢᠷ ᠶᠠᠪᠤᠳᠠᠯ ᠢ ᠬᠦᠴᠦᠯᠡᠨ ᠰᠢᠢᠳᠪᠦᠷᠢᠯᠡᠵᠦ᠂ | ᠦᠷᠬᠡᠨ ᠤᠯᠠᠨ ᠲᠦᠮᠡᠨ ᠳᠤ ᠨᠡᠩ ᠰᠠᠶᠢᠨ ᠰᠤᠷᠭᠠᠨ ᠬᠥᠮᠦᠵᠢᠯ᠂ ᠨᠡᠩ ᠪᠦᠷᠢᠨ ᠲᠡᠭᠦᠯᠳᠡᠷ ᠡᠮ ᠡᠮᠨᠡᠯᠭᠡ ᠶᠢᠨ | ᠦᠢᠯᠡᠴᠢᠯᠡᠭᠡ᠂ ᠨᠡᠩ ᠨᠠᠶᠢᠳᠠᠪᠤᠷᠢᠲᠠᠢ ᠨᠡᠶᠢᠭᠡᠮ ᠤᠨ ᠪᠠᠲᠤᠯᠠᠭ᠎ᠠ᠂ ᠨᠡᠩ ᠲᠠᠭᠠᠯᠠᠮᠵᠢᠲᠠᠢ ᠠᠮᠢᠳᠤᠷᠠᠯ ᠤᠨ ᠣᠷᠴᠢᠨ | ᠲᠣᠭᠤᠷᠢᠨ ᠢ ᠴᠢᠷᠮᠠᠶᠢᠨ ᠬᠠᠩᠭᠠᠬᠤ ᠬᠡᠷᠡᠭᠲᠡᠢ᠃ ᠲᠣᠭᠲᠠᠭᠤᠨ ᠢ ᠪᠠᠲᠤᠯᠠᠬᠤ᠂ ᠠᠮᠤᠷ ᠲᠦᠪᠰᠢᠨ ᠢ ᠬᠠᠮᠠᠭᠠᠯᠠᠬᠤ᠂ | ᠡᠶ᠎ᠡ ᠵᠣᠬᠢᠴᠠᠯ ᠢ ᠠᠬᠢᠭᠤᠯᠬᠤ ᠡᠯ᠎ᠡ ᠵᠦᠢᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ | ᠠᠳᠬᠤᠵᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨ᠎ᠡ ᠶᠢ ᠡᠭᠦᠳᠴᠦ᠂ ᠬᠠᠷ᠎ᠠ ᠪᠦᠯᠦᠭᠲᠡᠨ ᠬᠠᠷᠭᠢᠰ | ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠥᠷᠨᠢᠭᠦᠯᠵᠦ᠂ ᠠᠮᠤᠷ ᠠᠮᠤᠭᠤᠯᠠᠩ ᠥᠪᠥᠷ ᠮᠣᠩᠭᠤᠯ ᠤᠨ | ᠪᠦᠳᠦᠬᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠠᠨ ᠨᠡᠶᠢᠲᠡ ᠶᠢᠨ ᠠᠮᠤᠷ ᠲᠦᠪᠰᠢᠨ ᠤ ᠠᠶᠤᠯ | ᠲᠦᠭᠰᠢᠭᠦᠷᠢ ᠶᠢᠨ ᠭᠡᠮ ᠰᠣᠭᠤᠭ ᠢ ᠪᠠᠶᠢᠩᠭᠤ ᠴᠡᠭᠴᠡᠯᠡᠨ ᠵᠠᠰᠠᠵᠤ ᠠᠷᠢᠯᠭᠠᠨ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ | ᠵᠣᠬᠢᠴᠠᠩᠭᠤᠢ ᠲᠣᠭᠲᠠᠭᠤᠨ ᠪᠠᠶᠢᠳᠠᠯ᠂ ᠦᠷᠬᠡᠨ ᠤᠯᠠᠨ ᠲᠦᠮᠨᠨ ᠤ ᠵᠣᠯ ᠵᠢᠷᠭᠠᠯ ᠲᠠᠢ ᠠᠮᠤᠷ ᠠᠮᠤᠭᠤᠯᠠᠩ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠪᠢᠳᠠ ᠵᠣᠷᠢᠭᠲᠠᠢ ᠪᠠᠷ ᠡᠭᠦᠷᠭᠡ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠬᠡᠵᠦ᠂ ᠰᠢᠷᠭᠠᠭᠤ ᠠᠵᠢᠯᠯᠠᠵᠤ | ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠦᠷᠬᠡᠨ ᠠᠭᠤᠳᠠᠮ ᠨᠤᠳᠤᠬ | ᠲᠡᠪᠢᠰᠬᠡᠷ ᠳᠡᠭᠡᠷ᠎ᠡ ᠴᠠᠭ ᠦᠶ᠎ᠡ ᠪᠠ ᠠᠷᠠᠳ ᠲᠦᠮᠡᠨ ᠳᠤ ᠣᠰᠣᠯᠳᠠᠬᠤ ᠦᠭᠡᠢ ᠠᠮᠵᠢᠯᠲᠠ ᠪᠦᠲᠦᠮᠵᠢ ᠶᠢ ᠪᠢᠴᠢᠭᠯᠡᠬᠦ | ᠬᠡᠷᠡᠭᠲᠡᠢ᠃ ᠡᠨᠡ ᠤᠳᠠᠭ᠎ᠠ ᠶᠢᠨ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠨᠢ ᠪᠦᠬᠦ ᠣᠷᠣᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ | ᠨᠢᠭᠲᠠᠷᠠᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠡᠭᠡ ᠲᠠᠯ᠎ᠠ ᠳᠠᠬᠢ ᠥᠪᠥᠷ ᠮᠣᠩᠭᠤᠯ ᠤᠨ | ᠬᠠᠷᠢᠭᠤᠴᠠᠯᠭ᠎ᠠ ᠪᠠ ᠡᠭᠦᠷᠭᠡᠯᠡᠯ ᠢ ᠠᠴᠢᠶᠠᠯᠠᠵᠤ ᠪᠠᠶᠢᠨ᠎ᠠ᠃ ᠬᠠᠷᠠᠯᠲᠠ ᠶᠢ ᠲᠣᠭᠲᠠᠭᠠᠪᠠᠯ ᠲᠦᠮᠡᠨ ᠪᠡᠷᠬᠡᠰᠢᠶᠠᠯ ᠢ | ᠢᠯᠡᠨ ᠳᠠᠪᠠᠵᠤ ᠪᠡᠶᠡᠯᠡᠭᠦᠯᠬᠦ ᠬᠡᠷᠡᠭᠲᠡᠶ︔ ᠠᠮᠠᠯᠠᠯᠲᠠ ᠶᠢ ᠠᠮᠠᠯᠳᠠᠪᠠᠯ ᠥᠷᠯᠥᠭᠡ ᠦᠳᠡᠰᠢ ᠶᠢ ᠲᠡᠮᠡᠴᠡᠵᠥ ᠴᠢᠷᠮᠠᠶᠢᠨ | ᠪᠡᠶᠡᠯᠡᠭᠦᠯᠬᠦ ᠬᠡᠷᠡᠭᠲᠡᠶ᠃ ᠪᠢᠳᠡ ᠰᠢᠷᠭᠠᠭᠤ ᠠᠵᠢᠯᠯᠠᠬᠤ ᠶᠢ ᠲᠡᠷᠢᠭᠦᠨ ᠳᠤ ᠲᠠᠯᠪᠢᠬᠤ᠂ ᠪᠣᠳᠠᠳᠠᠢ ᠬᠢᠬᠦ ᠪᠠᠷ | ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠬᠠᠷᠠᠯᠲᠠ ᠡᠭᠦᠷᠭᠡ ᠪᠠᠨ ᠴᠢᠭᠯᠡᠨ ᠴᠦᠬᠦᠷᠡᠰᠢ ᠦᠭᠡᠢ ᠤᠷᠤᠭᠰᠢᠯᠠᠵᠤ᠂ | ᠨᠢᠭᠡᠳ ᠨᠢᠭᠡ ᠪᠠᠷ ᠪᠡᠶᠡᠯᠡᠭᠦᠯᠵᠤ᠂ ᠦᠷ᠎ᠡ ᠪᠦᠲᠦᠮᠵᠢ ᠤᠯᠬᠤ ᠦᠭᠡᠢ ᠪᠣᠯ ᠦᠯᠦ ᠲᠠᠯᠪᠢᠵᠤ᠂ ᠵᠣᠷᠢᠯᠭ᠎ᠠ ᠳᠠᠭᠠᠨ | ᠬᠦᠷᠬᠦ ᠦᠭᠡᠢ ᠪᠣᠯ ᠦᠯᠦ ᠵᠤᠭᠰᠤᠵᠤ᠂ ᠵᠢᠷᠤᠭ ᠲᠦᠰᠦᠪ ᠢ ᠦᠨᠡᠨ ᠬᠦ ᠪᠣᠳᠠᠲᠤ ᠪᠠᠶᠢᠳᠠᠯ ᠪᠣᠯᠭᠠᠨ ᠬᠤᠪᠢᠷᠠᠭᠤᠯᠬᠤ | ᠬᠡᠷᠡᠭᠲᠡᠢ᠃ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠡᠮᠡᠴᠡᠯ ᠤᠨ ᠳᠦᠷᠰᠦ ᠪᠠᠶᠢᠳᠠᠯ ᠢᠶᠠᠨ ᠪᠠᠲᠤᠯᠠᠵᠤ᠂ | ᠵᠣᠷᠢᠭᠲᠠᠶ ᠪᠠᠷ ︽ᠪᠠᠶᠢᠯᠳᠤᠭᠴᠢ︾ ᠪᠠ ︽ᠰᠡᠯᠡᠮᠡᠴᠢᠨ︾ ᠪᠤᠯᠵᠤ᠂ ︽ᠡᠷᠬᠢᠮᠳᠠᠨ︾ ᠪᠠ ︽ᠦᠵᠡᠭᠴᠢ︾ ᠪᠣᠯᠬᠤ | ᠦᠭᠡᠢ ᠪᠠᠶᠢᠵᠤ᠂ ᠡᠭᠦᠷᠭᠡᠯᠡᠪᠠᠯ ᠵᠤᠬᠢᠬᠤ ᠬᠠᠷᠢᠭᠤᠴᠠᠯᠭ᠎ᠠ ᠪᠠᠨ ᠡᠭᠦᠷᠭᠡᠯᠡᠵᠦ᠂ ᠬᠢᠬᠦ ᠶᠣᠰᠣᠲᠠᠶ ᠠᠵᠢᠯ ᠢᠶᠠᠨ | ᠰᠠᠶᠢᠲᠤᠷ ᠬᠢᠬᠦ ᠬᠡᠷᠡᠭᠲᠡᠶ᠃ ᠣᠨᠴᠠᠭᠠᠶᠢᠯᠠᠨ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ᠂ ᠠᠵᠤ | ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ | ᠬᠥᠭᠵᠢᠯᠲᠡ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠡᠭᠦᠷᠭᠡ ᠶᠢ ᠠᠬᠢᠭᠤᠯᠬᠤ | ᠲᠠᠯ᠎ᠠ ᠪᠠᠷ ᠵᠣᠷᠢᠭᠲᠠᠢ ᠪᠠᠷ ᠵᠥᠷᠢᠴᠡᠯ ᠳᠤ ᠰᠢᠭᠤᠳ ᠬᠠᠨᠳᠤᠵᠤ᠂ ᠵᠣᠷᠢᠭᠲᠠᠢ ᠪᠠᠷ ᠬᠦᠴᠢᠷ ᠢ ᠲᠤᠭᠤᠯᠤᠨ ᠪᠡᠷᠬᠡ ᠶᠢ | ᠳᠠᠪᠠᠵᠤ᠂ ᠬᠠᠲᠠᠭᠤ ᠲᠠᠢ ᠬᠠᠯᠳᠠᠨ ᠪᠣᠳᠠᠲᠠᠢ ᠠᠳᠬᠤᠵᠤ᠂ ᠰᠠᠯᠬᠢ ᠪᠣᠷᠣᠭᠠᠨ ᠢ ᠲᠤᠭᠤᠯᠬᠤ᠂ ᠤᠴᠢᠷ ᠶᠠᠪᠤᠳᠠᠯ ᠢ | ᠦᠩᠭᠡᠷᠡᠭᠦᠯᠬᠦ ᠳᠤᠮᠳᠠ ᠶᠠᠰᠤ ᠰᠢᠷᠪᠥᠰᠥ ᠪᠠᠨ ᠴᠢᠭᠢᠷᠠᠭᠵᠢᠭᠤᠯᠵᠤ᠂ ᠲᠡᠮᠦᠷ ᠮᠥᠷᠥ ᠪᠠᠷ ᠢᠶᠠᠨ ᠬᠠᠲᠠᠭᠤ ᠡᠭᠦᠷᠭᠡ ᠶᠢ | ᠡᠭᠦᠷᠭᠡᠯᠡᠵᠦ᠂ ᠡᠯ᠎ᠡ ᠵᠦᠢᠯ ᠤᠨ ᠠᠵᠢᠯ ᠢ ᠦᠨᠳᠦᠷ ᠪᠦᠲᠦᠮᠵᠢᠲᠡᠢ ᠪᠠᠷ ᠰᠠᠶᠢᠲᠤᠷ ᠬᠢᠬᠦ ᠬᠡᠷᠡᠭᠲᠡᠢ᠃ ᠥᠷᠭᠡᠨ ᠤᠯᠠᠨ | ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠶᠢ ᠵᠣᠷᠢᠭᠵᠢᠭᠤᠯᠵᠤ᠂ ᠲᠤᠭ ᠳᠡᠮᠳᠡᠭ ᠲᠣᠳᠣᠷᠬᠠᠢ ᠪᠠᠷ ᠡᠷᠡᠯᠬᠡᠭᠯᠡᠨ ᠲᠡᠮᠡᠴᠡᠭᠰᠡᠳ ᠢ ᠤᠷᠮᠠᠰᠢᠭᠤᠯᠤᠨ | ᠵᠤᠷᠢᠭᠵᠢᠭᠤᠯᠵᠤ᠂ ᠪᠣᠳᠠᠲᠠᠢ ᠠᠵᠢᠯᠯᠠᠭᠰᠠᠳ ᠤᠨ ᠲᠦᠰᠢᠭ ᠲᠤᠯᠭᠠᠭᠤᠷᠢ ᠪᠤᠯᠵᠤ᠂ ᠠᠵᠢᠯ ᠶᠠᠪᠤᠳᠠᠯ ᠬᠢᠬᠦ | ᠰᠠᠨᠠᠭ᠎ᠠ ᠲᠠᠢ ᠳᠤᠨᠢ ᠠᠵᠠ ᠲᠣᠬᠢᠶᠠᠯ ᠤᠯᠭᠤᠵᠤ᠂ ᠠᠵᠢᠯ ᠶᠠᠪᠤᠳᠠᠯ ᠬᠢᠵᠦ ᠳᠡᠶᠢᠯᠬᠦ ᠳᠤᠨᠢ ᠲᠠᠪᠴᠠᠩ ᠬᠠᠩᠭᠠᠵᠤ᠂ | ᠠᠵᠢᠯ ᠶᠠᠪᠤᠳᠠᠯ ᠬᠢᠵᠤ ᠪᠦᠲᠦᠭᠡᠭᠰᠡᠳ ᠲᠤᠨᠢ ᠱᠠᠩᠨᠠᠯ ᠬᠦᠬᠢᠭᠦᠯᠦᠯ ᠦᠭᠴᠤ᠂ ᠪᠦᠬᠦ ᠣᠷᠣᠨ ᠳᠠᠶᠠᠭᠠᠷ ᠲᠤ ᠰᠢᠨ᠎ᠡ | ᠴᠠᠭ ᠦᠶ᠎ᠡ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢᠨ ᠭᠤᠣᠯ ᠬᠦᠭ ᠠᠶᠠᠰ ᠢ ᠬᠠᠩᠭᠢᠨᠠᠭᠤᠯᠬᠤ | ᠬᠡᠷᠡᠭᠲᠡᠢ᠃ | ᠲᠥᠯᠥᠭᠡᠯᠡᠭᠴᠢᠳ ᠡ᠂ ᠨᠥᠬᠦᠳ ᠡ︕ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠪᠣᠯ ᠮᠠᠨ ᠤ ᠤᠯᠤᠰ ᠤᠨ ᠤᠯᠤᠰ | ᠲᠦᠷᠦ ᠶᠢᠨ ᠦᠨᠳᠦᠰᠦᠨ ᠪᠠᠶᠢᠭᠤᠯᠤᠯ ᠮᠥᠨ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ | ᠲᠦᠷᠢᠮ ᠤᠨ ᠰᠢᠰᠲ᠋ᠧᠮ ᠢ ᠪᠠᠷᠢᠮᠲᠠᠯᠠᠨ ᠲᠡᠭᠦᠯᠳᠡᠷᠵᠢᠭᠦᠯᠬᠦ᠂ ᠬᠠᠤᠯᠢ ᠪᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ | ᠠᠬᠢᠭᠤᠯᠬᠤ ᠲᠤᠬᠠᠶ ᠰᠢᠨ᠎ᠡ ᠪᠠᠶᠢᠷᠢᠯᠠᠭᠤᠯᠤᠯᠲᠠ ᠬᠢᠪᠡ᠃ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠨᠠᠮ ᠤᠨ | ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠪᠠ ᠬᠠᠤᠯᠢ ᠪᠠᠷ ᠤᠯᠤᠰ ᠢᠶᠠᠨ ᠵᠠᠰᠠᠬᠤ ᠶᠢ | ᠣᠷᠭᠠᠨᠢᠭ ᠢᠶᠠᠷ ᠨᠢᠭᠡᠳᠬᠡᠬᠦ ᠶᠢ ᠢᠮᠠᠭᠲᠠ ᠪᠠᠷᠢᠮᠲᠠᠯᠠᠬᠤ ᠬᠡᠷᠡᠭᠲᠡᠶ᠃ ᠨᠠᠮ ᠤᠨ ᠲᠥᠪ ᠬᠤᠷᠢᠶ᠎ᠠ᠂ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠤᠨ ᠵᠦᠪ ᠤᠨᠤᠪᠴᠢᠳᠠᠢ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠨᠠᠮ ᠤᠨ ᠱᠤᠭᠤᠮ | ᠴᠢᠭᠯᠡᠯᠲᠡ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠪᠠ ᠪᠦᠲᠦᠮᠵᠢᠲᠡᠶ ᠬᠡᠷᠡᠭᠵᠢᠭᠦᠯᠬᠦ ᠶᠢ | ᠡᠷᠡᠰ ᠪᠠᠲᠤᠯᠠᠬᠤ ᠬᠡᠷᠡᠭᠲᠡᠶ᠃ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ | ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠭᠦᠨᠵᠡᠭᠡᠶ ᠠᠬᠢᠭᠤᠯᠵᠤ᠂ ᠦᠨᠳᠦᠰᠦᠨ ᠬᠠᠤᠯᠢ ᠪᠠ | ᠬᠠᠤᠯᠢ ᠴᠠᠭᠠᠵᠠ ᠶᠢ ᠪᠦᠬᠦ ᠲᠠᠯ᠎ᠠ ᠪᠠᠷ ᠵᠥᠪ ᠬᠡᠷᠡᠭᠵᠢᠭᠦᠯᠬᠦ ᠶᠢ ᠪᠠᠲᠤᠯᠠᠵᠤ᠂ ᠰᠠᠶᠢᠨ ᠬᠠᠤᠯᠢ ᠪᠠᠷ ᠬᠥᠭᠵᠢᠯᠲᠡ ᠶᠢ | ᠠᠬᠢᠭᠤᠯᠵᠤ᠂ ᠴᠢᠳᠠᠮᠠᠭᠠᠶ ᠵᠠᠰᠠᠬᠤ ᠶᠢ ᠪᠠᠲᠤᠯᠠᠬᠤ ᠬᠡᠷᠡᠭᠲᠡᠶ᠃ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ | ᠨᠠᠷᠢᠨ ᠬᠢᠨᠠᠮᠠᠭᠠᠶ ᠭᠦᠢᠴᠡᠳᠬᠡᠵᠦ᠂ ᠴᠢᠬᠤᠯᠠ ᠶᠡᠭᠡ ᠬᠡᠷᠡᠭ ᠶᠠᠪᠤᠳᠠᠯ ᠢ ᠶᠠᠷᠢᠯᠴᠠᠨ ᠲᠣᠭᠲᠠᠭᠠᠬᠤ ᠪᠠ ᠠᠵᠢᠯᠳᠠᠨ ᠢ | ᠲᠣᠮᠢᠯᠠᠬᠤ ᠪᠠ ᠪᠠᠭᠤᠯᠭᠠᠬᠤ ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠵᠦ᠂ ︽ᠵᠠᠰᠠᠭ ᠤᠨ ᠣᠷᠳᠣᠨ᠂ ᠬᠢᠨᠠᠨ | ᠪᠠᠶᠢᠴᠠᠭᠠᠬᠤ ᠵᠦᠪᠯᠡᠯ ᠪᠠ ᠬᠤᠶᠠᠷ ᠬᠤᠷᠢᠶ᠎ᠠ︾ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠲᠡᠮᠵᠢᠨ ᠠᠬᠢᠭᠤᠯᠬᠤ ᠬᠡᠷᠡᠭᠲᠡᠶ᠃ ᠲᠥᠯᠥᠭᠡᠯᠡᠭᠴᠢᠳ ᠤᠨ ᠠᠵᠢᠯ ᠢ ᠴᠢᠩᠭᠠᠳᠬᠠᠨ | ᠰᠠᠶᠢᠵᠢᠷᠠᠭᠤᠯᠵᠤ᠂ ᠲᠥᠯᠥᠭᠡᠯᠡᠭᠴᠢᠳ ᠤᠨ ᠪᠠᠶᠢᠳᠠᠯ ᠢ ᠤᠢᠢᠯᠠᠭᠠᠬᠤ ᠪᠠ ᠵᠠᠰᠠᠭ ᠤᠨ ᠶᠠᠪᠤᠳᠠᠯ ᠢ ᠣᠶᠢᠯᠠᠭᠠᠬᠤ ᠶᠢ | ᠪᠠᠲᠤᠯᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠢᠯᠡᠳᠬᠡᠬᠦ ᠪᠠ ᠲᠤᠰᠬᠠᠬᠤ ᠠᠷᠭ᠎ᠠ ᠵᠠᠮ ᠢ ᠰᠠᠭᠠᠳ | ᠦᠭᠡᠢ ᠨᠡᠪᠳᠡᠷᠡᠬᠦᠯᠵᠤ᠂ ᠲᠥᠯᠥᠭᠡᠯᠡᠭᠴᠢᠳ ᠤᠨ ᠠᠷᠠᠳ ᠤᠨ ᠪᠠᠶᠢᠳᠠᠯ ᠢ ᠣᠶᠢᠯᠠᠭᠠᠬᠤ᠂ ᠠᠷᠠᠳ ᠤᠨ ᠰᠠᠨᠠᠭ᠎ᠠ ᠶᠢ | ᠲᠤᠰᠬᠠᠬᠤ᠂ ᠠᠷᠠᠳ ᠤᠨ ᠤᠶᠤᠨ ᠤᠬᠠᠭᠠᠨ ᠢ ᠨᠢᠭᠳᠠᠷᠠᠭᠤᠯᠬᠤ ᠴᠢᠬᠤᠯᠠ ᠦᠢᠯᠡᠳᠦᠯ ᠢ ᠰᠠᠶᠢᠲᠤᠷ ᠪᠠᠳᠠᠷᠠᠭᠤᠯᠬᠤ | ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠤᠰ ᠪᠡᠶ᠎ᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠣᠨᠴᠠᠯᠢᠭ ᠪᠠ ᠵᠢᠮ᠎ᠡ ᠶᠣᠰᠣ ᠶᠢ ᠰᠤᠳᠤᠯᠤᠨ ᠡᠵᠡᠮᠰᠢᠵᠦ᠂ ᠠᠵᠢᠯ ᠤᠨ ᠲᠦᠷᠢᠮ ᠪᠠ ᠠᠵᠢᠯᠯᠠᠭᠠᠨ ᠤ | ᠲᠣᠭᠲᠠᠴᠠ ᠶᠢ ᠪᠦᠷᠢᠨᠰᠢᠭᠦᠯᠵᠦ᠂ ᠡᠭᠦᠷᠭᠡ ᠪᠠᠨ ᠭᠦᠢᠴᠡᠳᠬᠡᠬᠦ ᠴᠢᠳᠠᠪᠤᠷᠢ ᠪᠠ ᠠᠵᠢᠯ ᠤᠨ ᠬᠢᠷᠢ ᠲᠦᠪᠰᠢᠨ ᠢᠶᠠᠨ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠲᠦᠮᠡᠨ ᠳᠤ ᠨᠡᠩ ᠰᠠᠶᠢᠲᠤᠷ ᠬᠠᠷᠢᠭᠤᠴᠠᠵᠤ᠂ ᠠᠷᠠᠳ ᠲᠦᠮᠡᠨ ᠤ | ᠡᠮᠦᠨ᠎ᠠ ᠠᠴᠠ ᠥᠭᠦᠯᠡᠵᠦ᠂ ᠠᠷᠠᠳ ᠲᠦᠮᠡᠨ ᠳᠤ ᠠᠰᠢᠭ ᠲᠤᠰᠠ ᠣᠯᠭᠤᠬᠤ ᠬᠡᠷᠡᠭᠲᠡᠢ᠃ | ᠲᠥᠯᠥᠭᠡᠯᠡᠭᠴᠢᠳ ᠡ᠂ ᠨᠥᠬᠦᠳ ᠡ︕ | ᠥᠪᠥᠷ ᠮᠣᠩᠭᠤᠯ ᠤᠨ ᠬᠥᠭᠵᠢᠯᠲᠡ ᠶᠢᠨ ᠬᠠᠮᠤᠭ ᠤᠨ ᠭᠦᠨ ᠵᠤᠵᠠᠭᠠᠨ ᠬᠦᠴᠦᠨ ᠴᠢᠳᠠᠯ ᠪᠣᠯ ᠳᠠᠷᠤᠢ ᠡᠨᠡ | ᠬᠦ ᠨᠤᠲᠤᠭ ᠳᠡᠪᠢᠰᠬᠡᠷ ᠳᠡᠭᠡᠷᠡᠬᠢ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠤ ᠪᠠᠶᠢᠭ᠎ᠠ | ᠦᠨᠳᠦᠰᠦᠲᠡᠨ ᠨᠦᠭᠦᠳ ᠤᠨ ᠠᠷᠠᠳ ᠲᠦᠮᠡᠨ ᠪᠣᠯᠤᠨ᠎ᠠ᠃ ᠣᠳᠣᠬᠠᠨ ᠳᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠰᠢᠢᠳᠪᠦᠷᠢᠲᠦ ᠲᠠᠶᠢᠯᠠᠯᠳᠤᠭᠠᠨ ᠤ ᠢᠯᠠᠯᠲᠠ ᠶᠢ ᠲᠡᠮᠡᠴᠡᠨ ᠤᠯᠬᠤ ᠪᠦᠷᠢᠶ᠎ᠡ ᠨᠢᠭᠡᠨᠲᠡ ᠬᠠᠩᠭᠢᠨᠠᠵᠤ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢᠨ ᠰᠢᠨ᠎ᠠ ᠠᠶᠠᠨ ᠤᠳᠠᠯ ᠦᠭᠡᠢ ᠡᠬᠢᠯᠡᠬᠦ ᠭᠡᠵᠦ ᠪᠠᠶᠢᠨ᠎ᠠ᠃ | ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ | ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠮᠣᠩᠭᠤᠯ ᠮᠣᠷᠢᠨ ᠤ ᠵᠣᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠬᠦᠴᠢᠷ ᠢ ᠰᠦᠷᠦᠨ ᠴᠤᠴᠠᠯᠳᠠ ᠥᠬᠡᠶ ᠤᠷᠤᠭᠰᠢᠯᠠᠵᠤ᠂ ᠪᠠᠬᠢᠯᠡᠯᠳᠡ ᠶᠢ | ᠳᠠᠭᠠᠷᠢᠨ ᠪᠣᠭᠤᠮᠲᠠ ᠶᠢ ᠰᠢᠪᠲᠤᠯᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠡᠭᠦᠷᠭᠡ ᠶᠢ | ᠵᠠᠪᠠᠯ ᠭᠦᠢᠴᠡᠳᠭᠡᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠣᠳᠣᠬᠢᠴᠢᠯᠠᠭᠰᠠᠨ ᠥᠪᠥᠷ ᠮᠣᠩᠭᠤᠯ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠠᠩ | ᠦᠵᠡᠰᠬᠦᠯᠡᠩᠲᠦ ᠰᠠᠶᠢᠬᠠᠨ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠶ︕ |