ᠥᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠎ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠭᠤᠷᠪᠠᠳᠤᠭᠠᠷ ᠤᠳᠠᠭ᠎ᠠ ᠶᠢᠨ ᠪᠥᠬᠦᠳᠠ ᠬᠤᠷᠠᠯ ᠬᠢᠵᠡᠢ  ᠱᠢ ᠲᠠᠢ ᠹᠸᠡᠭ ᠥᠪᠡᠷᠳᠡᠭᠡᠨ ᠵᠠᠰᠠᠬᠤ ᠤᠷᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠪᠠᠷ ᠰᠤᠩᠭᠤᠬᠳᠠᠪᠠ
ᠨᠡᠶᠢᠲᠡᠯᠡᠭᠰᠡᠨ ᠴᠠᠭ᠄
2020/1/17
     1 ᠰᠠᠷ᠎ᠠ ᠶᠢᠨ 16᠎ ᠤ ᠥᠳᠠ ᠶᠢᠨ ᠡᠮᠥᠨ᠎ᠠ᠂ ᠥᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠬᠤᠷᠠᠯ ᠭᠤᠷᠪᠠᠳᠤᠭᠠᠷ ᠣᠳᠠᠭ᠎ᠠ ᠶᠢᠨ ᠪᠥᠬᠦᠳᠠ ᠬᠤᠷᠠᠯ ᠬᠢᠪᠡ᠃      ᠥᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠎ ᠤᠨ ᠶᠡᠭᠡ ᠬᠤᠷᠠᠯ ᠤᠨ ᠲᠥᠯᠥᠭᠡᠯᠡᠭᠴᠢ ᠣᠳᠣ 531 ᠬᠥᠮᠥᠨ ᠪᠤᠢ᠂ ᠡᠨᠡ ᠤᠳᠠᠭ᠎ᠠ ᠶᠢᠨ ᠪᠥᠬᠦᠳᠠ ᠬᠤᠷᠠᠯ ᠳᠤ 517 ᠬᠦᠮᠦᠨ ᠤᠷᠤᠯᠴᠠᠵᠥ᠂ ᠬᠠᠤᠯᠢ ᠳᠤ ᠲᠤᠬᠳᠠᠭᠠᠬᠰᠠᠨ ᠬᠥᠮᠥᠨ ᠤ ᠲᠤᠭ᠎ᠠ ᠳᠤ ᠨᠡᠶᠢᠴᠡᠪᠡ᠃      ᠶᠡᠭᠡ ᠬᠤᠷᠠᠯ ᠤᠨ ᠬᠥᠢᠴᠡᠳᠭᠡᠬᠦ ᠲᠡᠷᠢᠬᠦᠯᠡᠭᠴᠢ᠂ ᠲᠡᠷᠢᠬᠦᠯᠡᠭᠴᠢᠳ ᠤᠨ ᠪᠥᠯᠬᠦᠮ ᠤᠨ ᠪᠠᠶᠢᠡᠭᠭᠤ ᠶᠢᠨ ᠲᠡᠷᠢᠬᠦᠯᠡᠭᠴᠢ ᠨᠠᠰᠤᠨᠮᠦ᠋ᠡᠭᠭᠡ ᠬᠤᠷᠠᠯ ᠢ ᠡᠷᠬᠢᠯᠡᠪᠡ᠃ ᠶᠡᠭᠡ ᠬᠤᠷᠠᠯ ᠤᠨ ᠬᠥᠢᠴᠡᠳᠭᠡᠬᠦ ᠲᠡᠷᠢᠬᠦᠯᠡᠭᠴᠢ᠂ ᠲᠡᠷᠢᠬᠦᠯᠡᠭᠴᠢᠳ ᠤᠨ ᠪᠥᠯᠬᠦᠮ ᠤᠨ ᠪᠠᠶᠢᠡᠭᠭᠤ ᠶᠢᠨ ᠲᠡᠷᠢᠬᠦᠯᠡᠭᠴᠢ ᠯᠢᠶᠠᠨ ᠰᠥ᠋᠂ ᠶᠡᠭᠡ ᠬᠤᠷᠠᠯ ᠤᠨ ᠬᠥᠢᠴᠡᠳᠭᠡᠬᠦ ᠲᠡᠷᠢᠬᠦᠯᠡᠭᠴᠢ ᠵᠠᠩ ᠶᠢᠩ ᠺᠥᠢ᠂ ᠵᠤᠤ ᠵᠢᠶᠠᠩ ᠲᠤᠤ᠂ ᠵᠠᠩ ᠡᠸ᠋ᠨ ᠬᠤᠢ᠂ ᠮᠸᠡᠭ ᠰᠢᠶᠠᠨ ᠳ᠋ᠥᠡᠭ᠂ ᠳ᠋ᠥ᠋ ᠰᠢᠤᠸᠠᠢ ᠵᠢᠶᠦ᠋ᠨ᠂ ᠴᠠᠩ ᡁᠢ ᠭᠠᠨᠭ᠌᠂ ᠸᠠᠨ ᠴᠤᠤ ᠴᠢ ᠲᠡᠷᠢᠬᠦᠯᠡᠭᠴᠢᠳ ᠤᠨ ᠲᠠᠶᠢᠰᠠᠨ ᠤ ᠡᠮᠥᠨ᠎ᠠ ᠮᠥᠷ ᠲᠤ ᠰᠠᠭᠠᠳᠠᠪᠠ᠃ ᠱᠢ ᠲᠠᠢ ᠹᠸᠡᠭ᠂ ᠪᠥ᠋ ᠰᠢᠶᠤᠤ ᠯᠢᠨ᠂ ᠯᠢ ᠰᠢᠤ ᠯᠢᠩ᠂ ᠯᠢᠨ ᠱᠤᠤ ᠴᠥᠨ᠂ ᠸᠠᠩ ᠯᠢ ᠰᠢᠶᠠ᠂ ᠮᠠ ᠰᠢᠤᠸᠠᠢ ᠵᠢᠶᠦ᠋ᠨ᠂ ᠯᠢᠤ ᠴᠢ ᠹᠠᠨ᠂ ᠵᠠᠩ ᠶᠤᠸᠠᠨ ᠵᠥᠡᠭ᠂ ᠪᠠᠢ ᠢᠤᠢ ᠭᠠᠨᠭ᠌᠂ ᠶᠠᠩ ᠸᠧᠢ ᠳ᠋ᠥᠡᠭ᠂ ᠵᠠᠩ ᠱᠤᠤ ᠴᠥᠨ᠂ ᠳ᠋ᠤᠸᠠᠨ ᡁᠢ ᠴᠢᠶᠠᠩ ᠵᠡᠷᠭᠡ ᠥᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠵᠢᠴᠢ ᠲᠡᠷᠢᠬᠦᠯᠡᠭᠴᠢᠳ ᠤᠨ ᠪᠥᠯᠬᠦᠮ ᠤᠨ ᠪᠥᠷᠢᠯᠳᠤᠬᠦᠨ ᠲᠡᠷᠢᠬᠦᠯᠡᠭᠴᠢᠳ ᠤᠨ ᠲᠠᠶᠢᠰᠠᠨ ᠳᠤ ᠰᠠᠭᠠᠳᠠᠵᠠᠢ᠃      ᠶᠡᠭᠡ ᠬᠤᠷᠠᠯ ᠠᠴᠠ᠂ ︽ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠶᠡᠷᠥᠩᠭᠡᠢ ᠪᠢᠯᠧᠲ ᠬᠢᠨᠠᠬᠴᠢ᠂ ᠲᠡᠳ᠋ ᠶᠡᠷᠥᠩᠭᠡᠢ ᠪᠢᠯᠧᠲ ᠬᠢᠨᠠᠬᠴᠢ᠂ ᠪᠢᠯᠧᠲ ᠬᠢᠨᠠᠬᠴᠢ ᠶᠢᠨ ᠨᠡᠷᠡᠰ︾᠎ ᠢ ᠪᠠᠳᠤᠯᠠᠪᠠ᠃ ᠪᠢᠯᠧᠲ ᠥᠭᠴᠤ ᠰᠤᠩᠭᠤᠭᠤᠯᠢ ᠬᠢᠬᠦ ᠪᠠᠷ ᠲᠠᠮᠵᠢᠨ ᠱᠢ ᠲᠠᠢ ᠹᠸᠡᠭ ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠠ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠪᠠᠷ ᠰᠤᠩᠭᠤᠭᠳᠠᠵᠥ᠂ ᠵᠠᠩ ᠶᠤᠸᠠᠨ ᠵᠥᠡᠭ ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠡᠳ᠋ ᠡᠷᠬᠢᠯᠡᠭᠴᠢ ᠪᠠᠷ ᠰᠤᠩᠭᠤᠭᠳᠠᠵᠥ᠂ ᠳ᠋ᠸᠡᠭ ᠶᠤᠸᠠᠢ ᠯᠸᠤ᠂ ᠪᠢᠯᠢᠭᠬᠦᠥ᠂ ᠵᠠᠩ ᠫᠢᠡᠭ ᠵᠢᠶᠠᠩ᠂ ᠵᠠᠩ ᠶᠢᠩ ᠺᠥᠢ᠂ ᠵᠠᠩ ᠬᠥᠸᠧ ᠵᠥᠡᠭ᠂ ᠡᠥ ᠬᠥᠸᠧ ᠷᠥᠢ᠂ ᠰᠠᠷᠠᠨ ᠵᠡᠷᠭᠡ 7 ᠨᠦᠬᠦᠷ ᠥᠪᠥᠷ ᠮᠤᠩᠭᠤᠯ ᠤᠨ ᠥᠪᠡᠷᠳᠡᠭᠡᠨ ᠵᠠᠰᠬᠠᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠬᠡᠰᠢᠬᠦᠨ ᠢᠶᠠᠷ ᠰᠤᠩᠭᠤᠭᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号