︽ᠳᠤᠮᠳᠠᠳᠤ ᠤᠯᠤᠰ ᠤᠨ ᠰᠦᠨ ᠤ ᠦᠢᠯᠡᠰ ᠤᠨ ᠠᠵᠥ ᠦᠢᠯᠡᠰ ᠤᠨ ᠬᠦᠷᠢᠶᠡᠯᠡᠩ︾᠎ ᠤᠨ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠬᠡᠷ᠎ᠡ ᠳᠤᠬᠳᠠᠬᠤ ᠶᠤᠰᠤᠯᠠᠯ ᠶᠠᠪᠤᠬᠳᠠᠪᠠ  ᠱᠢ ᠲᠠᠢ ᠹᠧᠩ ᠪᠦ᠋ ᠰᠢᠶᠤᠤ ᠯᠢᠨ ᠭᠡᠷ᠎ᠠ ᠳᠤᠬᠳᠠᠭᠰᠠᠨ ᠢ ᠭᠡᠷᠡᠴᠢᠯᠡᠪᠠ
ᠨᠡᠶᠢᠲᠡᠯᠡᠭᠰᠡᠨ ᠴᠠᠭ᠄
2020/1/17
     1 ᠰᠠᠷ᠎ᠠ ᠶᠢᠨ 16᠎ ᠤ ᠦᠳᠡ ᠶᠢᠨ ᠬᠤᠶᠢᠨ᠎ᠠ᠂ ︽ᠳᠤᠮᠳᠠᠳᠤ ᠤᠯᠤᠰ ᠤᠨ ᠰᠦᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ︾᠎ ᠤᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠭᠡᠷ᠎ᠡ ᠳᠤᠬᠳᠠᠬᠤ ᠶᠣᠰᠣᠯᠠᠯ ᠬᠥᠬᠡᠬᠤᠲᠠ ᠳᠤ ᠶᠠᠪᠤᠭᠳᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠨᠠᠮ ᠎ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠵᠠᠩ ᠱᠣᠤ ᠴᠦᠨ᠂ ᠮᠧᠩ ᠨᠢᠤ ᠪᠦᠯᠦᠭᠯᠡᠯ ᠤᠨ ᠶᠡᠷᠦᠩᠬᠡᠶ ᠵᠠᠬᠢᠷᠤᠭᠴᠢ ᠯᠦ ᠮᠢᠨ ᠹᠠᠩ ᠭᠡᠷ᠎ᠠ ᠳᠤᠬᠳᠠᠭᠰᠠᠨ ᠢ ᠬᠠᠮᠳᠤ ᠪᠠᠷ ᠭᠡᠷᠡᠴᠢᠯᠡᠪᠡ᠃ ᠸᠠᠩ ᠯᠢ ᠰᠢᠶᠠ᠂ ᠯᠦ ᠮᠢᠨ ᠹᠠᠩ ᠲᠤᠰ ᠲᠤᠰ ᠪᠠᠶᠠᠷ ᠤᠨ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠭᠡᠷ᠎ᠠ ᠳᠤᠬᠳᠠᠬᠤ ᠶᠣᠰᠣᠯᠠᠯ ᠢ ᠡᠷᠭᠢᠯᠡᠪᠡ᠃      ᠭᠡᠷ᠎ᠠ ᠳᠤᠬᠳᠠᠬᠤ ᠶᠣᠰᠣᠯᠠᠯ ᠳᠡᠭᠡᠷ᠎ᠡ᠂ ᠬᠥᠬᠡᠬᠤᠲᠠ᠂ ᠲᠦᠩᠯᠢᠶᠣᠤ ᠬᠤᠲᠠ᠂ ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ ᠲᠣᠰ ᠲᠣᠰ ᠮᠧᠩ ᠨᠢᠤ ᠪᠦᠯᠦᠭᠯᠡᠯ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠦᠪᠯᠡᠯᠴᠡᠬᠡᠷ ᠲᠤ ᠭᠠᠷ ᠤᠨ ᠥᠰᠥᠭ ᠵᠢᠷᠤᠪᠠ᠃ ᠬᠠᠮᠲᠤᠷᠠᠯᠴᠠᠭᠠᠨ ᠤ ᠵᠥᠪᠯᠡᠯᠴᠡᠭᠡᠷ ᠢ ᠦᠨᠳᠦᠰᠦᠯᠡᠪᠡᠯ᠂ ᠮᠧᠩ ᠨᠢᠤ ᠪᠦᠯᠦᠭᠯᠡᠯ ᠪᠣᠯᠤᠨ ᠪᠠᠶᠠᠨᠨᠠᠭᠤᠷ ᠬᠤᠲᠠ᠂ ᠬᠥᠬᠡᠬᠤᠲᠠ᠂ ᠲᠦᠩᠯᠢᠶᠣᠤ ᠬᠤᠲᠠ ᠬᠠᠮᠲᠤ ᠪᠠᠷ ᠳᠤᠮᠳᠠᠳᠤ ᠤᠯᠤᠰ ᠎ ᠤᠨ ᠰᠦᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠢ ᠪᠦᠲᠦᠭᠡᠨ ᠪᠠᠶᠢᠭᠤᠯᠬᠤ ᠪᠤᠯᠤᠨ᠎ᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠦᠨ ᠤ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠵᠦ᠂ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠡᠶᠢᠲᠡᠯᠡᠵᠦ᠂ ᠨᠢᠭᠡ ᠪᠦᠯᠦᠭ ᠠᠵᠤ ᠦᠢᠯᠡᠰ ᠤᠨ ᠪᠦᠯᠦᠭᠵᠢᠯ ᠤᠨ ᠲᠥᠷᠥᠯ ᠵᠦᠢᠯ ᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠪᠠ᠃ ︽ᠳᠤᠮᠳᠠᠳᠤ ᠤᠯᠤᠰ ᠤᠨ ᠰᠦᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ︾᠎ ᠤᠨ ᠲᠥᠷᠥᠯ ᠵᠦᠢᠯ ᠢ ᠮᠧᠩ ᠨᠢᠤ ᠪᠦᠯᠦᠭᠯᠡᠯ ᠡᠭᠦᠰᠭᠡᠨ ᠪᠠᠶᠢᠭᠤᠯᠵᠤ᠂ 2019 ᠣᠨ ᠤ 8 ᠰᠠᠷ᠎ᠠ ᠳᠤ ᠬᠥᠬᠡᠬᠤᠲᠠ ᠳᠤ ᠡᠬᠢᠯᠡᠭᠦᠯᠵᠠᠢ᠃ ᠲᠥᠷᠥᠯ ᠵᠦᠢᠯ ᠨᠢ ᠬᠤᠷᠢᠨᠭᠡᠷ ᠢᠶᠠᠷ ᠲᠦᠪ ᠤᠷᠤᠨ ᠪᠣᠯᠭᠠᠵᠤ᠂ ᠬᠥᠬᠡᠬᠤᠲᠠ ᠶᠢᠨ ᠪᠦᠬᠦ ᠬᠤᠳᠠ ᠳᠡᠶᠢᠰᠢ ᠦᠷᠬᠦᠯᠵᠢᠯᠡᠬᠦ ᠶᠢᠨ ᠬᠠᠮᠳᠤ ᠪᠥᠬᠦ ᠥᠪᠥᠷ ᠮᠣᠩᠭᠤᠯ ᠢ ᠬᠠᠮᠤᠷᠴᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠰᠦᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠴᠢᠷᠮᠠᠶᠢᠨ ᠰᠦᠪᠡᠭᠴᠢᠯᠡᠵᠦ᠂ ᠲᠥᠪᠯᠡᠷᠡᠭᠰᠡᠨ ᠴᠤᠭᠯᠠᠷᠠᠭᠰᠠᠨ ᠡᠷᠴᠢᠮᠵᠢᠭᠰᠡᠨ ᠬᠥᠭᠵᠢᠯᠳᠡ ᠶᠢᠨ ᠦᠢᠯᠠᠭᠠᠬᠳᠠᠬᠤᠨ ᠢ ᠪᠠᠷᠢᠮᠲᠠᠯᠠᠵᠤ᠂ ᠮᠢᠩᠭᠠᠨ ᠳ᠋ᠦᠩᠰᠢᠭᠤᠷ ᠤᠨ ᠲᠠᠰ ᠤᠨ ᠠᠵᠤ ᠦᠢᠯᠡᠰ ᠤᠨ ᠪᠦᠯᠦᠭᠵᠢᠯ ᠢ ᠡᠬᠦᠳᠦᠨ ᠴᠤᠬᠴᠠᠯᠠᠬᠤ ᠪᠤᠯᠤᠨ᠎ᠠ᠃ ᠲᠤᠰ ᠠᠵᠤ ᠦᠢᠯᠡᠰ ᠤᠨ ᠬᠦᠷᠢᠶᠡᠯᠡᠩ ᠢ ᠪᠠᠶᠢᠭᠤᠯᠬᠤ ᠨᠢ ᠮᠠᠨ ᠤ ᠣᠷᠣᠨ ᠤ ᠰᠦᠨ ᠤ ᠦᠢᠯᠡᠰ ᠤᠨ ᠪᠠᠷᠢᠮᠵᠢᠶ᠎ᠠ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠥᠨᠳᠦᠷᠯᠢᠭ ᠭᠠᠵᠠᠷ᠂ ᠣᠶᠤᠨᠲᠤ ᠦᠢᠯᠡᠳᠭᠡᠯ ᠤᠨ ᠥᠨᠳᠦᠷᠯᠢᠭ ᠭᠠᠵᠠᠷ᠂ ᠠᠷᠠᠯᠵᠢᠶᠠᠨ ᠤ ᠲᠠᠪᠴᠠᠩ ᠤᠨ ᠥᠨᠳᠦᠷᠯᠢᠭ ᠭᠠᠵᠠᠷ᠂ ᠵᠣᠬᠢᠶᠠᠨ ᠪᠠᠶᠢᠭᠤᠯᠤᠯᠲᠠ ᠪᠣᠯᠤᠨ ᠴᠢᠳᠠᠪᠤᠷᠢᠲᠠᠨ ᠤ ᠥᠨᠳᠦᠷᠯᠢᠭ ᠭᠠᠵᠠᠷ ᠢ ᠡᠵᠡᠯᠡᠬᠦ ᠳᠤ ᠬᠦᠴᠦᠨ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ ᠪᠣᠯᠤᠨ ᠤᠯᠤᠰ ᠤᠨ ᠰᠦᠨ ᠤ ᠦᠢᠯᠡᠰ ᠢ ᠬᠦᠭᠵᠢᠬᠦᠯᠦᠨ ᠮᠠᠨᠳᠤᠭᠤᠯᠬᠤ᠂ ᠰᠦᠨ ᠤ ᠦᠢᠯᠡᠰ ᠤᠨ ᠬᠥᠭᠵᠢᠯᠲᠡ ᠳᠤ ᠢᠳᠡᠪᠬᠢᠲᠡᠶ ᠦᠢᠯᠡᠳᠦᠯ ᠦᠵᠡᠭᠦᠯᠬᠦ ᠪᠣᠯᠤᠨ᠎ᠠ᠃      ᠨᠢᠳᠤᠨᠤᠨ ᠤ 11 ᠰᠠᠷ᠎ᠠ ᠳᠤ ︽ᠢᠯᠢ ᠣᠲᠣ ᠦᠶ᠎ᠡ ᠶᠢᠨ ᠣᠶᠤᠨᠴᠢ ᠡᠷᠡᠭᠦᠯᠵᠢᠯ ᠤᠨ ᠬᠦᠨᠳᠠᠢ︾᠎ ᠶᠢᠨ ᠲᠥᠷᠥᠯ ᠵᠦᠢᠯ ᠡᠬᠢᠯᠡᠪᠠ᠂ ᠲᠣᠰ ᠲᠥᠷᠥᠯ ᠵᠦᠢᠯ ᠨᠢ ᠪᠣᠬᠢᠷᠲᠤᠯ ᠥᠬᠡᠶ᠂ ᠣᠶᠤᠨᠴᠢ᠂ ᠲᠣᠭᠠᠴᠢᠯᠠᠭᠰᠠᠨ᠂ ᠳᠡᠯᠡᠬᠡᠶᠢᠴᠢᠯᠡᠭᠰᠡᠨ ᠰᠦᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠬᠤ ᠪᠠᠷ ᠵᠤᠷᠢᠯᠳᠠ ᠪᠤᠯᠭᠠᠵᠤ᠂ ᠥᠪᠥᠷ ᠮᠣᠩᠭᠤᠯ ᠤᠨ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠵᠤ᠂ ᠣᠷᠣᠨ ᠪᠦᠰᠡ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠤᠯᠤᠨ᠎ᠠ᠃      ᠬᠥᠬᠡᠬᠤᠲᠠ᠂ ᠲᠦᠩᠯᠢᠶᠣᠤ ᠬᠤᠲᠠ᠂ ᠪᠠᠶᠠᠨᠨᠠᠭᠤᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠎ ᠤ ᠭᠤᠤᠯ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠢᠩᠬᠢᠮ ᠲᠣᠪᠴᠢᠶ᠎ᠠ ᠶᠢᠨ ᠬᠠᠷᠢᠭᠤᠴᠠᠯᠭᠠᠲᠠᠨ ᠭᠡᠷ᠎ᠠ ᠳᠤᠬᠳᠠᠬᠤ ᠶᠣᠰᠣᠯᠠᠯ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号