ᠲᠦᠡᠭᠯᠢᠶᠤᠤ ᠬᠤᠳᠠ ᠢᠯᠢ ᠪᠦᠯᠦᠭᠯᠡᠯ ᠪᠤᠯᠤᠨ ᠪᠸᠢ ᠳ᠋ᠸᠤ ᠰᠠᠨᠰᠠᠷ ᠤᠨ ᠠᠶᠠᠯᠠᠯ ᠤᠨ ᠪᠦᠯᠦᠭᠯᠡᠯ ᠲᠠᠢ ᠲᠤᠰ ᠪᠦᠷᠢ ᠲᠦᠷᠦᠯ ᠵᠦᠢᠯ ᠤᠨ ᠬᠠᠮᠳᠤᠷᠠᠯᠴᠠᠭᠠᠨ ᠤ ᠵᠦᠪᠯᠡᠯᠴᠡᠭᠡᠷ ᠲᠤᠭᠳᠠᠪᠠ ᠪᠦ᠋ ᠰᠢᠶᠤᠤ ᠯᠢᠨ ᠵᠦᠪᠯᠡᠯᠴᠡᠭᠡᠷ ᠲᠤᠭᠳᠠᠭᠰᠠᠨ ᠢ ᠭᠡᠷᠡᠴᠢᠯᠡᠵᠠᠢ
ᠨᠡᠶᠢᠲᠡᠯᠡᠭᠰᠡᠨ ᠴᠠᠭ᠄
2020/1/19
     1 ᠰᠠᠷ᠎ᠡ ᠶᠢᠨ 17᠎ ᠤ ᠦᠳᠠ ᠶᠢᠨ ᠡᠮᠤᠨ᠎ᠡ᠂ ᠲᠦᠡᠭᠯᠢᠶᠤᠤ ᠬᠤᠳᠠ ᠶᠢᠨ ᠬᠢᠨ ᠬᠦᠭᠡᠬᠤᠳᠠ ᠳᠤ ᠢᠯᠢ ᠪᠦᠯᠦᠭᠯᠡᠯ᠂ ᠪᠸᠢ ᠳ᠋ᠸᠤ ᠰᠠᠨᠰᠠᠷ ᠤᠨ ᠠᠶᠠᠯᠠᠯ ᠤᠨ ᠳᠠᠭᠠᠭᠤᠯᠢ ᠤᠳᠤᠨ ᠤ ᠭᠡᠷᠡᠭᠯᠡᠭᠡᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠯᠦᠭᠯᠡᠯ ᠺᠤᠮᠫᠠᠨᠢ ᠲᠠᠢ ᠲᠤᠰ ᠪᠦᠷᠢ ᠲᠦᠷᠦᠯ ᠵᠦᠢᠯ ᠤᠨ ᠬᠠᠮᠳᠤᠷᠠᠯᠴᠠᠭᠠᠨ ᠤ ᠵᠦᠪᠯᠡᠯᠴᠡᠭᠡᠷ ᠲᠤᠭᠳᠠᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠬᠠᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢ ᠪᠢᠩ ᠷᠦᠩ᠂ ᠢᠯᠢ ᠪᠦᠯᠦᠭᠯᠡᠯ ᠤᠨ ᠭᠡᠷᠡᠭ ᠮᠡᠳᠡᠭᠴᠢᠳ ᠤᠨ ᠲᠠᠷᠤᠭ᠎ᠠ᠂ ᠶᠡᠷᠤᠩᠭᠡᠢ ᠵᠠᠬᠢᠷᠤᠬᠴᠢ ᠫᠠᠨ ᠭᠠᠩ᠂ ᠪᠸᠢ ᠳ᠋ᠸᠤ ᠰᠠᠨᠰᠠᠷ ᠤᠨ ᠠᠶᠠᠯᠠᠯ ᠤᠨ ᠪᠦᠯᠦᠭᠯᠡᠯ ᠤᠨ ᠭᠡᠷᠡᠭ ᠮᠡᠳᠡᠭᠴᠢᠳ ᠤᠨ ᠲᠠᠷᠤᠭ᠎ᠠ ᠯᠢᠤ ᠬᠦᠢ ᠱᠧᠩ ᠵᠦᠪᠯᠡᠯᠴᠡᠭᠡᠷ ᠲᠤᠭᠳᠠᠭᠰᠠᠨ ᠢ ᠭᠡᠷᠡᠴᠢᠯᠡᠪᠡ᠃      ᠵᠦᠪᠯᠡᠯᠴᠡᠭᠡᠷ ᠢ ᠦᠨᠳᠤᠰᠤᠯᠠᠪᠡᠯ᠂ ᠲᠦᠡᠭᠯᠢᠶᠤᠤ ᠬᠤᠳᠠ ᠪᠤᠯᠤᠨ ᠢᠯᠢ ᠪᠦᠯᠦᠭᠯᠡᠯ ᠤᠨ ᠬᠢᠨ ᠬᠤᠶᠠᠷ ᠲᠠᠯ᠎ᠡ ᠶᠢᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠲᠡᠭᠡᠳᠤ ᠲᠡᠰ ᠤᠨ ᠰᠦ ᠮᠢᠬᠠᠨ ᠤ ᠬᠤᠤᠰ ᠠᠵᠤ ᠦᠢᠯᠡᠰ ᠤᠨ ᠪᠦᠯᠦᠭᠵᠢᠯ ᠤᠨ ᠵᠢᠱᠢᠶ᠎ᠡ ᠦᠵᠡᠬᠦᠯᠬᠦ ᠲᠦᠷᠦᠯ ᠵᠦᠢᠯ ᠢ ᠬᠠᠮᠳᠤ ᠪᠠᠷ ᠪᠦᠳᠦᠭᠡᠨ ᠪᠠᠶᠢᠭᠤᠯᠤᠨ᠎ᠠ᠂ ᠲᠦᠷᠦᠯ ᠵᠦᠢᠯ ᠢ ᠭᠤᠷᠪᠡᠨ ᠬᠤᠭᠤᠴᠠᠭ᠎ᠠ ᠬᠤᠪᠢᠶᠠᠨ ᠶᠠᠪᠤᠭᠳᠠᠭᠤᠯᠵᠤ᠂ ᠲᠤᠮᠳᠠᠴᠢ ᠪᠠᠷ ᠡᠳᠦᠷ ᠪᠦᠷᠢ ᠶᠢᠨ ᠬᠤᠷᠢᠶᠠᠬᠤ ᠰᠦ ᠶᠢᠨ ᠬᠡᠮᠵᠢᠶ᠎ᠠ ᠨᠢ 5000 ᠲᠤᠨ ᠳᠤ ᠬᠦᠷᠬᠦ ᠲᠡᠭᠡᠳᠤ ᠲᠡᠰ ᠤᠨ ᠰᠦᠨ ᠤ ᠪᠦᠳᠦᠭᠡᠭᠳᠡᠬᠦᠨ ᠢ ᠡᠳ᠋ᠰᠢᠬᠦᠯᠵᠤ ᠪᠤᠯᠪᠠᠰᠤᠷᠠᠭᠤᠯᠬᠤ ᠰᠠᠭᠤᠷᠢᠨ ᠢ ᠪᠦᠳᠦᠭᠡᠨ ᠪᠠᠶᠢᠭᠤᠯᠵᠤ᠂ ᠲᠡᠯᠡᠭᠡᠢ ᠶᠢᠨ ᠲᠡᠷᠢᠬᠦᠨ ᠤ ᠮᠢᠬᠠᠨ ᠤ ᠦᠭᠡᠷ ᠢ ᠡᠳ᠋ᠰᠢᠬᠦᠯᠤᠨ ᠪᠤᠯᠪᠠᠰᠤᠷᠠᠭᠤᠯᠬᠤ ᠰᠠᠭᠤᠷᠢᠨ ᠢ ᠪᠦᠳᠦᠬᠡᠨ ᠪᠠᠶᠢᠭᠤᠯᠤᠨ᠎ᠠ᠂ ᠲᠦᠷᠦᠯ ᠵᠦᠢᠯ ᠨᠢ ᠪᠦᠬᠦᠨ ᠢᠶᠠᠷ ᠢᠶᠠᠨ ᠠᠰᠢᠬᠯᠠᠯᠳᠠ ᠳᠤ ᠤᠷᠤᠪᠠᠯ 9 ᠲᠦᠮᠡᠨ ᠬᠦᠮᠦᠨ ᠢ ᠰᠢᠭᠤᠳ ᠲᠠᠶᠢᠴᠢᠯᠠᠨ ᠠᠵᠢᠯ ᠤᠯᠭᠤᠵᠤ᠂ 50 ᠲᠦᠮᠡᠨ ᠬᠦᠮᠦᠨ ᠢ ᠳᠠᠮ ᠢᠶᠠᠷ ᠳᠠᠶᠢᠴᠢᠯᠡᠨ ᠠᠵᠢᠯ ᠤᠯᠭᠤᠬᠤ ᠪᠤᠯᠤᠨ᠎ᠠ᠃ ᠲᠤᠮᠳᠠᠳᠤ ᠤᠯᠤᠰ ᠤᠨ ᠲᠠᠷᠢᠶᠠᠯᠠᠩ ᠤᠨ ᠪᠠᠩᠭᠢ ᠶᠢᠨ ᠦᠪᠤᠷ ᠮᠤᠩᠭᠤᠯ ᠳᠠᠬᠢ ᠬᠤᠪᠢᠶᠠᠷᠢ ᠪᠠᠩᠭᠢ ᠲᠦᠷᠦᠯ ᠵᠦᠢᠯ ᠳᠤ ᠪᠡᠯᠡ ᠮᠦᠡᠭᠭᠦᠨ ᠤ ᠲᠠᠮᠵᠢᠯᠭᠡ ᠬᠠᠨᠭ᠍ᠭᠠᠬᠤ ᠪᠤᠯᠤᠨ᠎ᠠ᠃      ᠲᠦᠡᠭᠯᠢᠶᠤᠤ ᠬᠤᠳᠠ ᠪᠤᠯᠤᠨ ᠪᠸᠢ ᠳ᠋ᠸᠤ ᠰᠠᠨᠰᠠᠷ ᠤᠨ ᠠᠶᠠᠯᠠᠯ ᠤᠨ ᠪᠦᠯᠦᠭᠯᠡᠯ ᠴᠠᠭ ᠤᠷᠤᠨ ᠵᠠᠢ ᠶᠢᠨ ᠲᠤᠮᠤ ᠳ᠋ᠠᠶᠢᠲ᠋ᠠ ︵ᠲᠦᠡᠭᠯᠢᠶᠤᠤ︶᠎ ᠶᠢᠨ ᠰᠤᠳᠤᠯᠭᠠᠨ ᠤ ᠲᠦᠪ ᠵᠢᠴᠢ ᠠᠵᠤ ᠦᠢᠯᠡᠰ ᠤᠨ ᠬᠠᠮᠳᠤᠷᠠᠯᠴᠠᠭᠠᠨ ᠤ ᠰᠠᠭᠤᠷᠢᠨ᠂ ᠪᠤᠬᠢᠷᠳᠤᠯ ᠦᠭᠡᠢ ᠪᠤᠳᠠᠰ ᠤᠨ ᠬᠦᠢᠯᠭᠡᠭᠡ ᠶᠢᠨ ᠰᠢᠰᠲ᠋ᠧᠮ᠂ ᠤᠷᠴᠢᠨ ᠲᠤᠭᠤᠷᠢᠨ ᠤ ᠵᠠᠰᠠᠯᠳᠠ᠂ ᠪᠸᠢ ᠳ᠋ᠸᠤ ᠠᠵᠤ ᠦᠢᠯᠡᠰ ᠤᠨ ᠰᠠᠭᠤᠷᠢ ᠮᠦᠡᠭᠭᠦ ᠶᠢ ᠪᠠᠶᠢᠭᠤᠯᠬᠤ ᠵᠡᠷᠭᠡ ᠬᠦᠷᠢᠶᠠᠨ ᠳᠤ ᠬᠦᠨᠵᠡᠭᠡᠢ ᠬᠠᠮᠳᠤᠷᠠᠯᠴᠠᠭ᠎ᠠ ᠬᠢᠵᠤ᠂ ᠲᠤᠭᠠᠴᠢᠯᠠᠬᠰᠡᠨ ᠲᠦᠡᠭᠯᠢᠶᠤᠤ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠭᠠᠵᠠᠷ ᠤᠷᠤᠨ ᠤ ᠰᠢᠨ᠎ᠡ ᠬᠠᠭᠤᠴᠢᠨ ᠬᠦᠳᠡᠯᠭᠡᠬᠦ ᠡᠨᠧᠷᠬᠢ ᠶᠢᠨ ᠰᠤᠯᠢᠬᠳᠠᠯ ᠪᠤᠯᠤᠨ ᠴᠢᠨᠠᠷ ᠰᠠᠶᠢᠳᠠᠢ ᠬᠦᠭᠵᠢᠯᠳᠠ ᠳᠤ ᠬᠦᠴᠤᠨ ᠨᠠᠮᠠᠷᠢᠯᠠᠬᠦ ᠪᠤᠯᠤᠨ᠎ᠡ᠃      ᠦᠪᠡᠷᠳᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠠᠵᠢᠯᠯᠠᠭ᠎ᠠ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号