ᠦᠪᠡᠷᠳᠡᠬᠡᠨ ᠵᠠᠰᠠᠬᠤ ᠣᠷᠣᠨ ᠤ ᠵᠠᠰᠠᠭ ᠤᠨ ᠣᠷᠳᠣᠨ ᠤ 2019 ᠤᠨ ᠤ 27 ᠳ᠋ᠣᠭᠠᠷ ᠣᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2020/1/2
     12 ᠰᠠᠷ᠎ᠠ ᠶᠢᠨ 30᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠥ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠬᠢᠨᠠᠨ ᠵᠦᠪᠰᠢᠶᠡᠷᠡᠬᠦᠯᠬᠦ ᠪᠠᠷ ᠳᠡᠪᠰᠢᠬᠦᠯᠬᠦ ᠡᠬᠡ ᠨᠣᠣᠷᠠᠭ︶︾ ︽ᠥᠪᠡᠷᠲᠡᠭᠡᠨ ᠵᠠᠰᠠᠬᠤ ᠣᠷᠣᠨ ᠤ 2019 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ  ᠭᠦᠢᠴᠡᠳᠭᠡᠭᠰᠡᠨ ᠪᠠᠶᠢᠳᠠᠯ ᠬᠢᠭᠡᠳ 2020 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ ︵ᠬᠢᠨᠠᠨ ᠵᠦᠪᠰᠢᠶᠡᠷᠡᠬᠦᠯᠬᠦ ᠪᠠᠷ ᠳᠡᠪᠰᠢᠬᠦᠯᠬᠦ ᠡᠬᠡ ᠨᠣᠣᠷᠠᠭ︶︾ ᠪᠠ ︽ᠥᠪᠡᠷᠲᠡᠭᠡᠨ ᠵᠠᠰᠠᠬᠤ ᠣᠷᠣᠨ ᠤ 2019 ᠣᠨ ᠤ ᠲᠥᠰᠦᠪ ᠢ ᠭᠦᠢᠴᠡᠳᠭᠡᠭᠰᠡᠨ ᠪᠠᠶᠢᠳᠠᠯ ᠪᠠ 2020 ᠣᠨ ᠤ ᠲᠥᠰᠦᠪ ᠤᠨ ᠲᠥᠰᠦᠯ ᠤᠨ ᠮᠡᠳᠡᠭᠦᠯᠦᠯᠲᠡ ︵ᠬᠢᠨᠠᠨ ᠵᠦᠪᠰᠢᠶᠡᠷᠡᠬᠦᠯᠬᠦ ᠪᠠᠷ ᠳᠡᠪᠰᠢᠬᠦᠯᠬᠦ ᠡᠬᠡ ᠨᠣᠣᠷᠠᠭ︶︾᠎ ᠶᠢ ᠰᠤᠳᠤᠯᠵᠤ᠂ ︽2020 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠶ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾᠎ ᠤᠨ ᠵᠣᠷᠢᠭ ᠰᠠᠨᠠᠭ᠎ᠠ ᠶᠢ ᠤᠯᠠᠮᠵᠢᠯᠠᠵᠥ᠂ ᠬᠠᠮᠢᠶ᠎ᠠ ᠪᠦᠬᠦᠢ ᠠᠵᠢᠯ ᠢ ᠪᠠᠶᠢᠷᠢᠯᠠᠭᠤᠯᠪᠠ᠃      ᠬᠤᠷᠠᠯ ᠠᠴᠠ᠂ ᠢᠷᠡᠬᠦ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠠᠶᠢᠲᠤᠷ ᠲᠤᠭᠤᠷᠪᠢᠬᠤ ᠨᠢ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠢᠲᠡᠭᠡᠯ ᠵᠣᠷᠢᠭ ᠢ ᠬᠥᠪᠴᠢᠯᠡᠬᠦ᠂ ᠡᠷᠴᠢ ᠵᠣᠷᠢᠭ ᠢ ᠬᠥᠭᠵᠢᠭᠡᠬᠦ ᠳᠤ ᠲᠦᠢᠯ ᠤᠨ ᠴᠢᠬᠤᠯᠠ ᠦᠢᠯᠡᠳᠦᠯ ᠲᠠᠢ ᠶᠤᠮ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠪᠣᠯᠤᠨ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ ᠢᠯᠡᠷᠡᠭᠦᠯᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠪᠦᠳᠦᠬᠡᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠣᠯᠠᠨ ᠤ ᠬᠦᠰᠡᠯ ᠡᠷᠡᠮᠡᠯᠵᠡᠯ ᠳᠤ ᠦᠨᠡᠨ ᠪᠣᠳᠠᠲᠠᠶ ᠬᠠᠷᠢᠭᠤᠯᠲᠠ ᠥᠭᠬᠦ ᠬᠡᠷᠡᠭᠲᠡᠶ ᠬᠡᠵᠥ ᠴᠢᠬᠤᠯᠠᠴᠢᠯᠠᠪᠠ᠃      ᠬᠤᠷᠠᠯ ᠠᠴᠠ᠂ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶ᠎ᠠ ᠠᠴᠠ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠵᠢᠯ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠶ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠠᠷᠡ ᠶᠤᠰᠤᠭᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠶ᠃ ︽ᠴᠢᠨᠡᠭᠡᠯᠢᠭᠵᠢᠯ ᠤᠨ ᠵᠠᠮ ᠳᠤ ᠨᠢᠭᠡ ᠬᠦ᠋ᠮᠦᠨ ᠢ ᠴᠦ ᠤᠷᠬᠢᠬᠳᠠᠭᠤᠯᠬᠤ ᠦᠭᠡᠢ︾ ᠪᠠᠶᠢᠬᠤ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠨᠡᠶᠢᠭᠡᠮ ᠤᠨ ᠪᠠᠲᠤᠯᠠᠪᠤᠷᠢ ᠶᠢᠨ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠬᠦᠴᠢᠷᠳᠡᠯᠲᠡᠶ ᠣᠯᠠᠨ ᠲᠦᠮᠡᠨ ᠢ ᠠᠪᠤᠷᠠᠨ ᠲᠤᠰᠠᠯᠠᠬᠤ ᠪᠠᠲᠤᠯᠠᠪᠤᠷᠢ ᠶᠢᠨ ᠠᠵᠢᠯ ᠢ ᠰᠠᠶᠢᠲᠤᠷ ᠬᠢᠵᠦ᠂ ᠪᠦᠬᠦ ᠲᠠᠯ᠎ᠠ ᠶᠢᠨ ᠴᠢᠨᠡᠭᠡᠯᠢᠭᠵᠢᠯ ᠢ ᠬᠠᠮᠲᠤ ᠪᠠᠷ ᠤᠭᠲᠤᠬᠤ ᠥᠳᠬᠡᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠨᠡᠭᠦᠷᠡᠰᠦ ᠴᠠᠬᠢᠯᠭᠠᠨ ᠬᠡᠢ ᠲᠡᠭᠡᠭᠡᠪᠦᠷᠢ ᠶᠢᠨ ᠬᠠᠩᠭᠠᠯᠭ᠎ᠠ ᠶᠢ ᠪᠠᠲᠤᠯᠠᠬᠤ ᠠᠵᠢᠯ ᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠪᠠ ᠪᠠᠷᠠᠭᠠᠨ ᠤ ᠦᠨ᠎ᠡ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠶᠢᠲᠤᠷ ᠬᠢᠵᠦ᠂ ᠠᠶᠤᠯᠭᠦᠶ ᠦᠢᠯᠡᠳᠪᠦᠷᠢᠯᠡᠯ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠦᠨᠳᠦ ᠤᠨᠴᠠ ᠶᠡᠭᠡ ᠠᠳᠡᠯ ᠭᠠᠷᠬᠤ ᠶᠢ ᠡᠷᠡᠰ ᠬᠤᠷᠢᠬᠯᠠᠬᠤ ᠬᠡᠷᠡᠭᠲᠡᠶ ᠬᠡᠵᠥ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号