ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠶᠢᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠶᠡᠷᠦᠩᠬᠡᠢ ᠠᠩᠬᠢ ᠶᠢᠨ ᠫᠠᠶᠢᠰᠠ ᠡᠯᠭᠦᠬᠦ ᠶᠣᠰᠣᠯᠠᠯ ᠶᠠᠪᠣᠭᠳᠠᠪᠠ ᠮᠠ ᠰᠢᠥᠸᠠᠢ ᠵᠢᠶᠦ᠋ᠨ ᠶᠤᠰᠤᠯᠠᠯ ᠳᠤ ᠤᠷᠤᠯᠴᠠᠵᠠᠢ
ᠨᠡᠶᠢᠲᠡᠯᠡᠭᠰᠡᠨ ᠴᠠᠭ᠄
2020/1/2
     2019 ᠣᠨ ᠤ 12 ᠰᠠᠷ᠎ᠠ ᠶᠢᠨ 30᠎ ᠤ ᠦᠳᠡ ᠶᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠶᠢᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠶᠡᠷᠦᠩᠬᠡᠢ ᠠᠩᠬᠢ ᠶᠢᠨ ᠫᠠᠶᠢᠰᠠ ᠡᠯᠬᠦᠬᠦ ᠶᠤᠰᠤᠯᠠᠯ ᠶᠡᠪᠤᠬᠳᠠᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠦᠪᠡᠷᠲᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠡᠷᠢᠬᠦᠯᠡᠭᠴᠢ ᠮᠠ ᠰᠢᠥᠸᠠᠢ ᠵᠢᠶᠦ᠋ᠨ ᠶᠤᠰᠤᠯᠠᠯ ᠳᠤ ᠤᠷᠤᠯᠴᠠᠬᠤ ᠶᠢᠨ ᠬᠠᠮᠳᠦ ︽ᠦᠪᠦᠷ ᠮᠤᠩᠭᠤᠯ ᠤᠨ ᠦᠪᠡᠷᠲᠡᠭᠡᠨ ᠵᠠᠰᠬᠠᠤ ᠤᠷᠤᠨ ᠤ ᠤᠢ ᠰᠢᠭᠤᠢ ᠶᠢᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠶᠡᠷᠦᠩᠬᠡᠢ ᠠᠩᠬᠢ︾᠎ ᠶᠢᠨ ᠫᠠᠶᠢᠰᠠ ᠶᠢ ᠰᠡᠬᠦᠪᠡ᠃      ᠫᠠᠶᠢᠰᠠ ᠰᠡᠬᠦᠬᠦ ᠶᠤᠰᠤᠯᠠᠯ ᠤᠨ ᠳᠠᠷᠠᠭ᠎ᠠ᠂ ᠮᠠ ᠰᠢᠤᠸᠠᠢ ᠵᠢᠶᠦ᠋ᠨ ᠶᠡᠷᠦᠩᠬᠡᠢ ᠠᠩᠬᠢ ᠶᠢᠨ ᠪᠠᠶᠢᠭᠤᠯᠭ᠎ᠠ ᠳᠤ ᠬᠦᠷᠴᠦ ᠪᠦᠬᠦ ᠵᠢᠯᠤᠭᠤᠳᠤᠭᠴᠢ ᠪᠠᠶᠢᠯᠳᠤᠬᠴᠢ ᠶᠢ ᠲᠤᠬᠤᠨᠢᠭᠤᠯᠵᠦ᠂ ᠸᠢᠳᠢᠣ᠋ ᠪᠠᠷ ᠶᠡᠭᠡ ᠬᠢᠩᠭᠠᠨ ᠳᠠᠪᠠᠭ᠎ᠠ ᠶᠢᠨ ᠰᠠᠯᠪᠤᠷᠢ ᠠᠩᠬᠢ ᠶᠢᠨ ᠬᠢᠨ ᠲᠠᠢ ᠶᠠᠷᠢᠯᠴᠠᠵᠣ᠂ ᠠᠵᠢᠯ ᠳᠠᠭᠠᠨ ᠪᠡᠯᠡᠳᠭᠡᠨ ᠵᠢᠵᠢᠬᠦᠷᠯᠡᠵᠦ ᠪᠠᠶᠢᠭ᠎ᠠ ᠪᠠᠶᠢᠳᠠᠯ ᠤᠨ ᠮᠡᠳᠡᠬᠦᠯᠦᠯᠲᠡ ᠶᠢ ᠰᠤᠨᠤᠰᠴᠦ᠂ ᠨᠢᠭᠡᠲᠦᠭᠡᠷ ᠹᠷᠦᠨᠲ ᠤᠨ ᠵᠢᠯᠤᠭᠤᠳᠤᠬᠴᠢ ᠪᠠᠶᠢᠯᠳᠤᠬᠴᠢᠳ ᠲᠤ ᠰᠢᠨ᠎ᠡ ᠵᠢᠯ ᠤᠨ ᠮᠡᠨᠳᠦᠴᠢᠯᠡᠯ ᠳᠡᠪᠰᠢᠬᠦᠯᠪᠡ᠃      ᠮᠠ ᠰᠢᠥᠸᠠᠢ ᠵᠢᠶᠦ᠋ᠨ᠂ ᠦᠪᠡᠷᠲᠡᠭᠡᠨ ᠵᠠᠰᠠᠬᠤ ᠤᠷᠤᠨ ᠤ ᠤᠢ ᠰᠢᠭᠤᠢ ᠶᠢᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠶᠡᠷᠦᠩᠬᠡᠢ ᠠᠩᠬᠢ ᠶᠢᠨ ᠦᠶ᠎ᠡ ᠦᠶ᠎ᠡ ᠶᠢᠨ ᠵᠢᠯᠤᠭᠤᠳᠤᠬᠴᠢ ᠪᠠᠶᠢᠯᠳᠤᠬᠴᠢᠳ ᠤᠭ ᠰᠠᠨᠠᠭ᠎ᠠ ᠪᠠᠨ ᠦᠯᠦ ᠮᠠᠷᠲᠠᠵᠦ᠂ ᠡᠬᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠵᠦ᠂ ᠬᠢᠯᠢ ᠬᠢᠵᠠᠭᠠᠷ ᠲᠤ ᠦᠨᠳᠦᠰᠦ ᠬᠠᠳᠬᠤᠨ᠂ ᠬᠠᠷᠠᠮ ᠦᠭᠡᠢ ᠵᠣᠷᠢᠭᠤᠯᠵᠣ᠂ ᠡᠬᠡ ᠤᠯᠤᠰ ᠤᠨ ᠤᠮᠠᠷᠠᠲᠦ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠳᠤ ᠳᠤᠪᠤᠶᠢᠮ᠎ᠠ ᠬᠤᠪᠢ ᠨᠡᠮᠡᠷᠢ ᠦᠵᠡᠬᠦᠯᠵᠠᠢ ᠭᠡᠵᠦ ᠵᠢᠭᠠᠵᠦ ᠭᠠᠷᠭᠠᠪᠠ᠃ ᠲᠡᠷᠡ᠂ ︽ᠲᠦᠷᠪᠡᠨ ᠤᠬᠠᠮᠰᠠᠷ︾᠎ ᠢᠶᠠᠨ ᠴᠢᠩᠭᠠᠷᠠᠭᠤᠯᠵᠦ᠂ ︽ᠲᠦᠷᠪᠡᠨ ᠢᠲᠡᠭᠡᠯ︾᠎ ᠢᠶᠠᠨ ᠪᠠᠲᠤᠳᠬᠠᠵᠦ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠬᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠳᠤᠭ ᠣᠯᠭᠤᠬᠤ ᠦᠶ᠎ᠡ ᠶᠢᠨ ᠰᠣᠷᠭᠠᠯ ᠦᠭᠡ ᠶᠢᠨ ᠵᠣᠷᠢᠭ ᠰᠠᠨᠠᠭ᠎ᠠ ᠶᠢ ᠢᠮᠠᠬᠲᠠ ᠪᠡᠲᠦ ᠴᠡᠭᠡᠵᠢᠯᠡᠵᠦ᠂ ᠨᠠᠮ ᠳᠠᠭᠠᠨ ᠦᠨᠡᠨᠴᠢ ᠰᠢᠳᠤᠷᠭᠤ᠂ ᠰᠠᠬᠢᠯᠭ᠎ᠠ ᠪᠠᠲᠦ ᠴᠢᠩᠭ᠎ᠠ᠂ ᠠᠶᠤᠯ ᠲᠦᠭᠰᠢᠭᠦᠷᠢ ᠠᠴᠠ ᠠᠶᠣᠬᠤ ᠦᠬᠡᠢ᠂ ᠦᠨᠡᠨ ᠰᠡᠳᠬᠢᠯ ᠠᠴᠠ ᠪᠠᠨ ᠠᠷᠠᠳ ᠲᠦᠮᠡᠨ ᠳᠤ ᠦᠢᠯᠡᠴᠢᠯᠡᠬᠦ ᠬᠡᠷᠡᠭᠲᠡᠢ᠃ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠠᠵᠢᠯ ᠢ ᠰᠠᠶᠢᠳᠣᠷ ᠬᠢᠬᠦ ᠳᠤᠮᠳᠠᠬᠢ ᠮᠡᠳᠡᠭᠡ ᠵᠠᠩᠬᠢᠵᠢᠯᠲᠠ ᠶᠢᠨ ᠮᠡᠷᠭᠡᠵᠢᠯ ᠤᠨ ᠴᠢᠬᠤᠯᠠ ᠦᠢᠯᠡᠳᠦᠯ ᠢ ᠬᠦᠢᠴᠡᠳ ᠲᠠᠨᠢᠵᠦ᠂ ᠭᠠᠯ ᠲᠦᠢᠮᠡᠷ ᠢ ᠰᠡᠷᠬᠡᠶᠢᠯᠡᠬᠦ ᠮᠡᠳᠡᠭᠡ ᠵᠠᠩᠬᠢᠵᠢᠯᠲᠠ ᠶᠢᠨ ᠰᠢᠰᠲ᠋ᠧᠮ ᠢᠶᠠᠨ ᠱᠠᠯᠠᠪᠳᠠᠨ ᠲᠡᠬᠦᠯᠳᠡᠷᠵᠢᠬᠦᠯᠦᠨ ᠳᠡᠭᠡᠭᠰᠢᠯᠡᠭᠦᠯᠵᠦ᠂ ᠪᠠᠶᠢᠷᠢ ᠲᠤᠬᠲᠠᠭᠠᠯᠲᠠ ᠤᠨᠤᠴᠢᠲᠠᠢ᠂ ᠬᠠᠮᠢᠶᠠᠷᠤᠯᠲᠠ ᠦᠨᠳᠦᠷ ᠦᠷ᠎ᠡ ᠪᠦᠲᠦᠮᠵᠢᠲᠡᠢ᠂ ᠰᠢᠢᠳᠪᠦᠷᠢᠯᠡᠬᠦ ᠨᠢ ᠰᠢᠨᠵᠢᠯᠡᠬᠦ ᠤᠬᠠᠭᠠᠨᠴᠢ᠂ ᠭᠠᠯ ᠲᠦᠢᠮᠡᠷ ᠤᠨ ᠠᠶᠤᠯ ᠠᠴᠠ ᠠᠪᠤᠷᠠᠬᠤ ᠠᠵᠢᠯ ᠲᠦᠷᠭᠡᠨ ᠪᠠᠶᠢᠬᠤ ᠶᠢ ᠪᠠᠲᠤᠯᠠᠬᠤ ᠬᠡᠷᠡᠭᠲᠡᠢ᠃ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠭᠤᠤᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠣᠯ ᠢᠶᠠᠨ ᠲᠦᠪᠯᠡᠷᠡᠭᠦᠯᠵᠦ᠂ ᠬᠡᠯᠪᠡᠷᠢ ᠪᠠᠨ ᠬᠤᠪᠢᠷᠠᠭᠤᠯᠵᠦ ᠳᠡᠰ ᠳᠡᠪᠰᠢᠬᠦᠯᠬᠦ᠂ ᠴᠢᠨᠠᠷ ᠴᠢᠨᠰᠠᠭ᠎ᠠ ᠪᠠᠨ ᠳᠡᠭᠡᠭᠰᠢᠯᠡᠬᠦᠯᠵᠦ ᠴᠢᠳᠠᠪᠤᠷᠢ ᠪᠠᠨ ᠴᠢᠩᠭᠠᠳᠬᠠᠬᠤ ᠠᠯᠬᠤᠭ᠎ᠠ ᠪᠠᠨ ᠲᠦᠷᠭᠡᠳᠭᠡᠵᠦ᠂ ᠮᠠᠨ ᠤ ᠤᠯᠤᠰ ᠎ ᠤᠨ ᠤᠮᠠᠷᠠᠲᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠠ ᠡᠬᠡ ᠤᠯᠤᠰ ᠤᠨ ᠤᠮᠠᠷᠠᠲᠦ ᠬᠢᠯᠢ ᠶᠢᠨ ᠠᠮᠤᠷ ᠲᠤᠬᠲᠠᠭᠤᠨ ᠤ ᠬᠠᠯᠬᠠᠪᠴᠢ ᠶᠢ ᠰᠠᠶᠢᠲᠤᠷ ᠬᠠᠮᠠᠭᠠᠯᠠᠬᠤ ᠳᠤ ᠰᠢᠨ᠎ᠡ ᠨᠡᠩ ᠶᠡᠭᠡ ᠬᠤᠪᠢ ᠨᠡᠮᠡᠷᠢ ᠦᠵᠡᠬᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号