1 ᠰᠠᠷ᠎ᠠ ᠶᠢᠨ 17 ᠤ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠦᠪᠡᠷᠳᠡᠭᠡᠨ | ᠵᠠᠰᠠᠬᠤ ᠤᠷᠤᠨ ᠤ ᠠᠶᠤᠯᠭᠦᠢ ᠦᠢᠯᠡᠳᠪᠦᠷᠢᠯᠡᠯ ᠤᠨ ᠵᠦᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠮᠠ ᠰᠢᠤᠸᠠᠢ | ᠵᠢᠶᠦ᠋ᠨ ᠬᠤᠯᠪᠤᠭᠳᠠᠯ ᠪᠦᠬᠦᠢ ᠳᠠᠯ᠎ᠠ ᠶᠢᠨ ᠬᠠᠷᠢᠭᠤᠴᠠᠯᠭᠠᠳᠠᠳ ᠢ ᠳᠠᠭᠠᠭᠤᠯᠤᠨ ᠬᠦᠬᠡᠬᠤᠳᠠ ᠳᠤ ᠴᠠᠭᠠᠨ ᠰᠠᠷ᠎ᠠ ᠶᠢᠨ | ᠡᠮᠦᠨᠡᠬᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠪᠠᠶᠢᠴᠠᠭᠠᠨ ᠰᠤᠳᠤᠯᠤᠯᠳᠠ ᠬᠢᠵᠠᠢ᠃ | ᠬᠦᠬᠡᠬᠤᠳᠠ ᠶᠢᠨ ᠵᠢᠮᠳᠤ ᠵᠠᠮ ᠬᠠᠷᠢᠯᠴᠠᠭᠠᠨ ᠤ ᠡᠵᠡᠮᠳᠡᠯ ᠤᠨ ᠲᠦᠪ ᠲᠤ ᠮᠠ ᠰᠢᠤᠸᠠᠢ ᠵᠢᠶᠦ᠋ᠨ ᠵᠢᠮᠳᠤ ᠵᠠᠮ | ᠬᠠᠷᠢᠯᠴᠠᠭᠠᠨ ᠤ ᠨᠢᠭᠡᠳᠦᠭᠡᠷ ᠱᠤᠭᠤᠮ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠤᠨ ᠠᠶᠠᠯᠠᠯ ᠤᠨ ᠪᠠᠶᠢᠳᠠᠯ᠂ | ᠴᠠᠬᠢᠯᠭᠠᠨ ᠬᠠᠩᠭᠠᠯᠭ᠎ᠠ᠂ ᠤᠷᠴᠢᠨ ᠲᠤᠭᠤᠷᠢᠨ ᠤ ᠡᠵᠡᠮᠳᠡᠯ ᠤᠨ ᠰᠢᠰᠲ᠋ᠧᠮ ᠤᠨ ᠠᠵᠢᠯᠯᠠᠭᠠᠨ ᠤ ᠪᠠᠶᠢᠳᠠᠯ ᠢ | ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠭᠰᠠᠨ ᠪᠦᠭᠡᠳ ᠲᠡᠷᠭᠡᠨ ᠳᠤ ᠭᠠᠷᠴᠤ ᠪᠤᠳᠠᠳᠤ ᠭᠠᠵᠠᠷ ᠢᠶᠠᠷ ᠨᠢ | ᠪᠠᠶᠢᠴᠠᠭᠠᠪᠠ᠃ ᠴᠠᠭᠠᠨ ᠰᠤᠪᠤᠷᠭ᠎ᠠ ᠨᠢᠰᠭᠡᠯ ᠤᠨ ᠪᠠᠭᠤᠳᠠᠯ ᠳᠤ ᠵᠢᠰᠤ ᠪᠠᠷ ᠢᠯᠭᠠᠨ ᠲᠠᠨᠢᠬᠤ ᠰᠢᠰᠲ᠋ᠧᠮ᠂ ᠭᠠᠷ | ᠭᠦᠢᠴᠡᠳᠭᠡᠯ ᠤᠨ ᠭᠠᠵᠠᠷ ᠪᠤᠯᠤᠨ ᠠᠮᠤᠷ ᠲᠦᠪᠰᠢᠨ ᠤ ᠪᠠᠶᠢᠴᠠᠭᠠᠯᠳᠠ ᠶᠢᠨ ᠪᠠᠶᠢᠳᠠᠯ ᠢ ᠨᠠᠷᠢᠨ ᠬᠢᠨᠠᠮᠠᠭᠠᠢ | ᠤᠢᠢᠯᠠᠭᠠᠵᠠᠢ᠃ ᠸᠠᠨ ᠳ᠋ᠠ ᠠᠭᠤᠳᠠᠮ ᠲᠠᠯᠠᠪᠠᠢ ᠳᠤ ᠭᠠᠯ ᠤᠨ ᠭᠠᠮᠰᠢᠭ᠂ ᠴᠠᠬᠢᠯᠭᠠᠨ ᠤ ᠠᠯᠳᠠᠭᠳᠠᠯ᠂ ᠰᠢᠳᠠᠮᠠᠬᠠᠢ | ᠬᠡᠢ ᠵᠡᠷᠭᠡ ᠶᠢᠨ ᠠᠦ᠋ᠲ᠋ᠣ᠋ ᠰᠡᠷᠡᠮᠵᠢᠯᠡᠭᠦᠯᠦᠯ ᠤᠨ ᠰᠢᠰᠲ᠋ᠧᠮ ᠪᠤᠯᠤᠨ ︽ᠭᠤᠷᠪᠠ ᠶᠢ ᠤᠢᠢᠯᠠᠭᠠᠵᠤ ᠨᠢᠭᠡ ᠶᠢ ᠴᠢᠳᠠᠬᠤ︾ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠵᠤ᠂ ᠭᠠᠯ ᠤᠨᠳᠠᠷᠠᠭᠠᠬᠤ ᠰᠤᠷᠢᠯᠳᠠ ᠶᠢᠨ | ᠪᠠᠶᠢᠳᠠᠯ ᠢ ᠪᠠᠶᠢᠴᠠᠭᠠᠨ ᠦᠵᠡᠪᠡ᠃ | ᠮᠠ ᠰᠢᠤᠸᠠᠢ ᠵᠢᠶᠦ᠋ᠨ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠶᠡᠷᠦᠩᠬᠡᠢ ᠱᠦᠵᠢ | ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠦᠭᠦᠯᠡᠯᠳᠡ ᠴᠢᠬᠤᠯᠠ | ᠵᠢᠭᠠᠪᠤᠷᠢ᠂ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠠᠶᠤᠯᠭᠦᠢ ᠦᠢᠯᠡᠳᠪᠦᠷᠢᠯᠡᠯ ᠢ ᠴᠠᠭ ᠢᠮᠠᠭᠳᠠ ᠴᠢᠬᠤᠯᠠᠴᠢᠯᠠᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ | ᠴᠢᠩᠭᠠᠷᠠᠭᠤᠯᠵᠤ᠂ ᠡᠯ᠎ᠠ ᠵᠦᠢᠯ ᠤᠨ ᠠᠮᠤᠷ ᠲᠦᠪᠰᠢᠨ ᠤ ᠠᠳᠡᠯ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠳᠠᠢ᠃ | ︽ᠲᠠᠪᠤ ᠶᠢ ᠪᠠᠶᠢᠩᠭᠤᠵᠢᠭᠤᠯᠬᠤ︾ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠢᠵᠢᠭᠦᠷ ᠤᠨ | ᠲᠤᠬᠢᠷᠠᠭᠤᠯᠤᠯᠳᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠢ ᠰᠠᠶᠢᠳᠤᠷ ᠬᠢᠵᠤ᠂ | ᠠᠶᠤᠯᠭᠦᠢ ᠶᠢᠨ ᠭᠡᠮ ᠰᠤᠭᠤᠭ ᠢ ᠪᠠᠶᠢᠴᠠᠭᠠᠨ ᠴᠡᠭᠴᠡᠯᠡᠬᠦ ᠶᠢ ᠪᠦᠬᠦ ᠲᠠᠯ᠎ᠠ ᠪᠠᠷ ᠨᠠᠷᠢᠯᠢᠭ ᠦᠷᠨᠢᠭᠦᠯᠵᠤ᠂ ᠡᠯ᠎ᠠ | ᠲᠦᠷᠦᠯ ᠤᠨ ᠪᠠᠴᠢᠮ ᠬᠡᠷᠡᠭ ᠢ ᠴᠠᠭ ᠲᠤᠬᠠᠢ ᠳᠤᠨᠢ ᠯᠠᠪᠳᠠᠭᠤᠨ ᠰᠢᠢᠳᠪᠦᠷᠢᠯᠡᠵᠤ᠂ ᠦᠷᠭᠡᠨ ᠤᠯᠠᠨ ᠠᠷᠠᠳ ᠲᠦᠮᠡᠨ | ᠠᠮᠤᠷ ᠠᠮᠤᠭᠤᠯᠠᠩ ᠢᠶᠠᠷ ᠴᠠᠭᠠᠨ ᠰᠠᠷ᠎ᠠ ᠪᠠᠨ ᠦᠩᠭᠡᠷᠡᠭᠦᠯᠬᠦ ᠶᠢ ᠪᠠᠳᠤᠯᠠᠬᠤ ᠬᠡᠷᠡᠭᠳᠠᠢ ᠭᠡᠵᠤ ᠴᠢᠬᠤᠯᠠᠴᠢᠯᠠᠪᠠ᠃ |