ᠪᠦᠬᠦ ᠤᠷᠤᠨ ᠤ ᠡᠷᠡᠬᠦᠯ ᠡᠩᠭᠡ ᠦᠪᠤᠷ ᠮᠤᠩᠭᠤᠯ ᠤᠨ ᠠᠵᠢᠯᠯᠠᠭᠠᠨ ᠢ ᠠᠬᠢᠭᠤᠯᠬᠤ ᠲᠧᠯᠸᠢᠰ ᠤᠳᠠᠰᠤ ᠬᠤᠷᠠᠯ ᠬᠤᠷᠠᠯᠳᠤᠪᠠ  ᠪᠦ᠋ ᠰᠢᠶᠤᠤ ᠯᠢᠨ ᠴᠤᠬᠤᠯᠠᠪᠤᠷᠢ ᠥᠭᠴᠡᠢ
ᠨᠡᠶᠢᠲᠡᠯᠡᠭᠰᠡᠨ ᠴᠠᠭ᠄
2020/1/21
     1 ᠰᠠᠷ᠎ᠡ ᠶᠢᠨ 19᠎ ᠤ ᠡᠳᠦᠷ᠂ ᠪᠦᠬᠦ ᠤᠷᠤᠨ ᠤ ᠡᠷᠡᠬᠦᠯ ᠡᠩᠭᠡ ᠦᠪᠤᠷ ᠮᠤᠩᠭᠤᠯ ᠤᠨ ᠠᠵᠢᠯᠯᠠᠭᠠᠨ ᠢ ᠠᠬᠢᠭᠤᠯᠬᠤ ᠲᠧᠯᠸᠢᠰ ᠤᠳᠠᠰᠤ ᠬᠤᠷᠠᠯ ᠬᠦᠭᠡᠬᠤᠳᠠ ᠳᠤ ᠬᠤᠷᠠᠯᠳᠤᠪᠠ᠃      ᠬᠤᠷᠠᠯ ᠠᠴᠠ ᠡᠮᠤᠨ᠎ᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠴᠤᠬᠤᠯᠠᠪᠤᠷᠢ ᠦᠭᠴᠤ᠂ ᠡᠷᠡᠬᠦᠯ ᠡᠩᠭᠡ ᠦᠪᠤᠷ ᠮᠤᠩᠭᠤᠯ ᠤᠨ ᠠᠵᠢᠯᠯᠠᠭᠠᠨ ᠢ ᠭᠡᠷᠡᠭᠵᠢᠬᠦᠯᠬᠦ ᠲᠤᠬᠠᠢ ᠲᠤᠳᠤᠷᠬᠠᠢ ᠱᠠᠭᠠᠷᠳᠠᠯᠭ᠎ᠠ ᠲᠤᠷᠠᠳᠪᠠ᠃ ᠦᠪᠡᠷᠳᠡᠭᠡᠨ ᠵᠠᠰᠬᠠᠤ ᠤᠷᠤᠨ ᠤ ᠲᠡᠳ᠋ ᠲᠡᠷᠢᠬᠦᠯᠡᠭᠴᠢ ᠡᠸᠤ ᠶᠠᠩ ᠰᠢᠶᠤᠤ ᠬᠤᠢ ᠬᠤᠷᠠᠯ ᠳᠤ ᠤᠷᠤᠯᠴᠠᠬᠰᠡᠨ ᠪᠦᠭᠡᠳ ᠶᠠᠷᠢᠶ᠎ᠡ ᠲᠠᠯᠪᠢᠵᠠᠢ᠃      ᠡᠸᠤ ᠶᠠᠩ ᠰᠢᠶᠤᠤ ᠬᠤᠢ᠂ ᠡᠷᠡᠬᠦᠯ ᠡᠩᠭᠡ ᠦᠪᠤᠷ ᠮᠤᠩᠭᠤᠯ ᠤᠨ ᠠᠵᠢᠯᠯᠠᠭᠠᠨ ᠢ ᠠᠬᠢᠭᠤᠯᠬᠤ ᠪᠤᠯ ᠡᠷᠡᠬᠦᠯ ᠡᠩᠭᠡ ᠦᠪᠤᠷ ᠮᠤᠩᠭᠤᠯ ᠤᠨ ᠪᠠᠶᠢᠯᠳᠤᠬᠤ ᠪᠤᠳᠤᠯᠭ᠎ᠠ ᠶᠢ ᠭᠡᠷᠡᠭᠵᠢᠬᠦᠯᠬᠦ ᠶᠢᠨ ᠴᠢᠬᠤᠯᠠ ᠠᠭᠤᠯᠭ᠎ᠠ ᠪᠤᠯᠤᠨ᠎ᠡ᠂ ᠡᠯ᠎ᠡ ᠭᠠᠵᠠᠷ ᠡᠯ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠢᠨ ᠡᠷᠡᠬᠦᠯ ᠡᠩᠭᠡ ᠦᠪᠤᠷ ᠮᠤᠩᠭᠤᠯ ᠤᠨ ᠠᠵᠢᠯᠯᠠᠭᠠᠨ ᠢ ᠭᠡᠷᠡᠭᠵᠢᠬᠦᠯᠬᠦ ᠶᠢᠨ ᠴᠢᠬᠤᠯᠠ ᠶᠡᠭᠡ ᠠᠴᠢ ᠬᠤᠯᠪᠤᠬᠳᠠᠯ ᠢ ᠬᠦᠢᠴᠡᠳ ᠲᠠᠨᠢᠵᠤ᠂ ︽ᠭᠤᠷᠪᠡ ᠶᠢ ᠪᠠᠷᠢᠮᠳᠠᠯᠠᠬᠤ︾᠎ ᠶᠢ ᠰᠠᠶᠢᠳᠤᠷ ᠠᠳᠬᠤᠬᠤ ᠭᠡᠷᠡᠭᠳᠠᠢ᠂ ᠲᠠᠷᠤᠢ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠦᠢᠯᠡᠰ ᠲᠠᠬᠢ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ᠪᠦᠬᠦ ᠠᠷᠠᠳ ᠢᠶᠠᠷ ᠢᠶᠠᠨ ᠤᠷᠤᠯᠴᠠᠬᠤ᠂ ᠬᠠᠮᠳᠤ ᠪᠠᠷ ᠪᠠᠶᠢᠭᠤᠯᠵᠤ ᠬᠠᠮᠳᠤ ᠪᠠᠷ ᠡᠳ᠋ᠯᠡᠬᠦ ᠶᠢ ᠪᠠᠷᠢᠮᠳᠠᠯᠠᠬᠤ ᠬᠡᠷᠡᠭᠳᠠᠢ ᠭᠡᠵᠤ ᠵᠢᠭᠠᠵᠤ ᠭᠠᠷᠭᠠᠪᠠ᠃      ᠡᠸᠤ ᠶᠠᠩ ᠰᠢᠶᠤᠤ ᠬᠤᠢ᠂ ᠡᠷᠡᠬᠦᠯ ᠡᠩᠭᠡ ᠦᠪᠤᠷ ᠮᠤᠩᠭᠤᠯ ᠤᠨ ᠠᠵᠢᠯᠯᠠᠭᠠᠨ ᠢ ᠭᠡᠷᠡᠭᠵᠢᠬᠦᠯᠬᠦ ᠳᠤ ᠡᠯ᠎ᠡ ᠲᠠᠯ᠎ᠡ ᠶᠢᠨ ᠬᠦᠴᠤᠨ ᠢ ᠬᠠᠮᠳᠤᠷᠠᠭᠤᠯᠤᠨ ᠠᠬᠢᠭᠤᠯᠵᠤ᠂ ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠬᠤ ᠬᠡᠷᠡᠭᠳᠠᠢ᠃ ᠪᠦᠬᠦ ᠠᠷᠠᠳ ᠤᠨ ᠡᠷᠡᠬᠦᠯ ᠮᠡᠨᠳᠦ ᠶᠢᠨ ᠬᠦᠮᠦᠵᠢᠯ ᠢ ᠦᠷᠨᠢᠬᠦᠯᠤᠨ ᠡᠷᠡᠬᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠵᠤ᠂ ᠪᠦᠬᠦ ᠠᠷᠠᠳ ᠤᠨ ᠪᠠᠶ᠎ᠠ ᠪᠠᠨ ᠴᠢᠬᠢᠷᠠᠭᠵᠢᠭᠤᠯᠬᠤ ᠲᠦᠯᠤᠪᠯᠡᠭᠡ ᠶᠢ ᠬᠡᠷᠡᠭᠵᠢᠭᠦᠯᠤᠨ ᠰᠢᠨᠵᠢᠯᠡᠬᠦ ᠤᠬᠠᠭᠠᠨᠴᠢ ᠪᠠᠷ ᠪᠠᠶ᠎ᠠ ᠪᠠᠨ ᠴᠢᠬᠢᠷᠠᠬᠵᠢᠭᠤᠯᠬᠤ ᠰᠢᠰᠲ᠋ᠧᠮ ᠢ ᠪᠠᠶᠢᠭᠤᠯᠵᠤ᠂ ᠲᠠᠮᠠᠬᠢ ᠲᠠᠳᠠᠬᠤ ᠶᠢ ᠬᠢᠵᠠᠭᠠᠷᠯᠠᠬᠤ ᠡᠷᠴᠢᠮ ᠢᠶᠠᠨ ᠴᠢᠩᠭᠠᠷᠠᠭᠤᠯᠤᠨ ᠲᠠᠮᠠᠬᠢ ᠪᠠᠨ ᠵᠤᠬᠰᠤᠬᠤ ᠦᠢᠯᠡᠴᠢᠯᠡᠬᠡᠨ ᠤ ᠰᠢᠰᠲ᠋ᠧᠮ ᠢ ᠲᠡᠬᠦᠯᠳᠡᠷᠵᠢᠬᠦᠯᠵᠤ᠂ ᠰᠡᠳᠬᠢᠴᠡ ᠶᠢᠨ ᠡᠷᠡᠬᠦᠯ ᠮᠡᠨᠳᠤ ᠶᠢ ᠴᠢᠩᠭᠠᠳᠬᠠᠨ ᠪᠦᠬᠦ ᠠᠷᠠᠳ ᠤᠨ ᠰᠡᠳᠬᠢᠴᠡ ᠶᠢᠨ ᠡᠷᠡᠬᠦᠯ ᠮᠡᠨᠳᠤ ᠶᠢᠨ ᠬᠡᠪ ᠪᠤᠯᠪᠠᠰᠤᠷᠠᠯ ᠢ ᠲᠡᠭᠡᠭᠰᠢᠯᠡᠬᠦᠯᠵᠤ᠂ ᠪᠤᠬᠢᠷᠳᠤᠯ ᠦᠬᠡᠢ ᠬᠦᠭᠵᠢᠯᠳᠠ ᠶᠢᠨ ᠤᠢᠢᠯᠠᠭᠠᠭᠳᠠᠬᠤᠨ ᠢ ᠤᠢᠢᠯᠡᠳᠤᠯᠬᠡᠵᠢᠬᠦᠯᠤᠨ ᠡᠷᠡᠬᠦᠯ ᠰᠠᠷᠠᠭᠤᠯ ᠤᠷᠴᠢᠨ ᠲᠤᠭᠤᠷᠢᠨ ᠢ ᠡᠭᠦᠳᠴᠤ᠂ ᠡᠷᠡᠬᠦᠯ ᠮᠡᠨᠳᠤ ᠶᠢ ᠨᠦᠯᠤᠬᠡᠯᠡᠬᠦ ᠡᠯᠧᠮᠧᠨ᠋ᠲ ᠢ ᠪᠦᠬᠦ ᠲᠠᠯ᠎ᠠ ᠪᠠᠷ ᠠᠷᠢᠯᠭᠠᠬᠤ ᠭᠡᠷᠡᠭᠳᠠᠢ᠃ ᠡᠬᠡ ᠨᠢᠯᠬᠠᠰ ᠤᠨ ᠡᠷᠡᠭᠦᠯᠵᠢᠯ ᠤᠨ ᠠᠵᠢᠯ ᠢ ᠦᠷᠬᠦᠯᠵᠢᠯᠠᠨ ᠴᠢᠩᠭᠠᠳᠬᠠᠵᠤ᠂ ᠬᠡᠤᠬᠡᠳ ᠪᠠᠭᠠᠴᠤᠳ ᠵᠠᠯᠠᠭᠤᠴᠤᠳ ᠤᠨ ᠡᠷᠡᠬᠦᠯ ᠮᠠᠨᠳᠤ ᠶᠢ ᠬᠠᠮᠠᠭᠠᠯᠠᠨ᠂ ᠨᠠᠰᠤᠳᠠᠶᠢᠴᠤᠳ ᠤᠨ ᠡᠷᠡᠬᠦᠯ ᠮᠠᠨᠳᠤ ᠶᠢᠨ ᠬᠠᠮᠢᠶᠠᠷᠤᠯᠳᠠ ᠶᠢ ᠴᠢᠩᠭᠠᠳᠬᠠᠵᠤ᠂  ᠤᠨᠴᠠ ᠶᠠᠳᠠᠭᠤ ᠬᠦᠴᠢᠷᠳᠠᠯᠳᠠᠢ ᠬᠦᠮᠤᠰ ᠤᠨ ᠡᠷᠡᠬᠦᠯ ᠮᠠᠨᠳᠤ ᠶᠢᠨ ᠪᠠᠳᠤᠯᠠᠭ᠎ᠠ ᠶᠢ ᠴᠢᠩᠭᠠᠳᠬᠠᠨ᠂ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠠᠬᠢ ᠠᠷᠠᠳ ᠲᠦᠮᠡᠨ ᠤ ᠡᠷᠡᠬᠦᠯ ᠮᠡᠨᠳᠤ ᠶᠢ ᠬᠠᠮᠠᠭᠠᠯᠠᠬᠤ ᠭᠡᠷᠡᠭᠳᠠᠢ᠃ ᠠᠷᠬᠠᠭ ᠡᠪᠡᠳᠴᠢᠨ ᠢ ᠰᠡᠷᠬᠡᠶᠢᠯᠠᠨ ᠵᠠᠰᠠᠬᠤ ᠪᠠ ᠬᠠᠯᠳᠠᠪᠤᠷᠢᠳᠤ ᠡᠪᠡᠳᠴᠢᠨ ᠢ ᠰᠡᠷᠬᠡᠶᠢᠯᠠᠨ ᠡᠵᠡᠮᠳᠡᠬᠦ ᠪᠠᠨ ᠴᠢᠩᠭᠠᠳᠬᠠᠨ ᠲᠤᠬᠠᠢᠢᠯᠠᠬᠰᠠᠨ ᠠᠵᠢᠯ ᠤᠨ ᠡᠷᠡᠬᠦᠯ ᠮᠡᠨᠳᠤ ᠶᠢ ᠦᠨᠡᠨ ᠬᠦ ᠰᠠᠶᠢᠵᠢᠷᠠᠭᠤᠯᠵᠤ᠂ ᠬᠦᠨᠳᠤ ᠶᠡᠭᠡ ᠡᠪᠡᠳᠴᠢᠨ ᠡᠮᠭᠡᠭ ᠢ ᠪᠦᠳᠤᠮᠵᠢᠳᠠᠢ ᠰᠡᠷᠬᠡᠶᠢᠯᠠᠨ ᠬᠢᠵᠠᠭᠠᠷᠯᠠᠬᠤ ᠭᠡᠷᠡᠭᠳᠠᠢ᠃ ᠡᠪᠡᠳᠴᠢᠨ ᠡᠮᠭᠡᠭ ᠢ ᠰᠡᠷᠬᠡᠶᠢᠯᠡᠬᠦ᠂ ᠡᠮᠨᠡᠬᠦ᠂ ᠡᠷᠡᠬᠦᠯᠵᠢᠬᠦᠯᠬᠦ ᠶᠠᠪᠤᠴᠠ ᠳᠠᠬᠢ ᠮᠤᠩᠭᠤᠯ ᠬᠢᠳᠡᠳ ᠡᠮ ᠡᠮᠨᠡᠯᠭᠡ ᠶᠢᠨ ᠦᠪᠡᠷᠮᠢᠴᠠ ᠲᠠᠪᠠᠭᠤᠯᠢᠬ ᠢ ᠬᠦᠢᠴᠡᠳ ᠪᠠᠳᠠᠷᠠᠭᠤᠯᠵᠤ᠂ ᠤᠯᠠᠨ ᠲᠦᠮᠡᠨ ᠳᠤ ᠤᠯᠠᠨ ᠶᠠᠩᠵᠤᠳᠤ ᠤᠢᠢᠯᠡᠴᠢᠯᠡᠭᠡ ᠬᠠᠩᠭᠠᠬᠤ ᠭᠡᠷᠡᠭᠳᠠᠢ᠃ ᠡᠷᠡᠬᠦᠯ ᠮᠡᠨᠳᠤ ᠡᠮᠴᠢᠯᠡᠬᠡᠨ ᠤ ᠲᠤᠮᠤ ᠳ᠋ᠠᠶᠢᠲ᠋ᠠ ᠶᠢᠨ ᠭᠡᠷᠡᠭᠯᠡᠬᠡᠨ ᠤ ᠢᠨᠵᠧᠨᠧᠷᠢᠩ ᠢ ᠭᠡᠷᠡᠭᠵᠢᠬᠦᠯᠬᠦ ᠪᠠᠷ ᠭᠠᠷᠳᠠᠴᠠ ᠪᠤᠯᠭᠠᠨ᠂ ᠪᠦᠬᠦ ᠠᠷᠠᠳ ᠤᠨ ᠡᠷᠡᠬᠦᠯ ᠮᠡᠨᠳᠤ ᠶᠢᠨ ᠮᠡᠳᠡᠭᠡ ᠵᠠᠩᠬᠢ ᠶᠢᠨ ᠲᠠᠪᠴᠠᠩ ᠤᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠵᠤ᠂ ᠮᠡᠳᠡᠭᠡ ᠵᠠᠩᠬᠢᠵᠢᠯᠳᠠ ᠶᠢᠨ ᠮᠡᠷᠬᠡᠵᠢᠯ ᠤᠨ ᠲᠤᠯᠭᠠᠭᠤᠷᠢᠯᠠᠯ ᠢ ᠴᠢᠩᠭᠠᠳᠬᠠᠬᠤ ᠭᠡᠷᠡᠭᠳᠠᠢ᠃ ᠵᠤᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠦᠳᠭᠡᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠬᠢᠨᠠᠨ ᠡᠵᠡᠮᠳᠡᠵᠦ ᠰᠢᠯᠭᠠᠨ ᠦᠨᠡᠯᠡᠬᠦ ᠠᠵᠢᠯ ᠢ ᠰᠠᠶᠢᠳᠤᠷ ᠬᠢᠵᠤ᠂ ᠡᠯ᠎ᠠ ᠵᠦᠢᠯ ᠤᠨ ᠠᠵᠢᠯᠯᠠᠭᠠᠨ ᠢ ᠪᠤᠳᠠᠳᠠᠢ ᠳᠤ ᠨᠠᠶᠢᠳᠠᠪᠤᠷᠢᠵᠢᠭᠤᠯᠤᠨ ᠦᠷ᠎ᠠ ᠪᠦᠳᠤᠮᠵᠢ ᠤᠯᠬᠤ ᠶᠢ ᠪᠠᠳᠤᠯᠠᠬᠤ ᠭᠡᠷᠡᠭᠳᠠᠢ ᠭᠡᠵᠤ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号