2020 ᠣᠨ ᠤ ᠪᠦᠬᠦ ᠤᠯᠤᠰ ᠤᠨ ︽ᠭᠤᠷᠪᠠ ᠶᠢ ᠬᠦᠳᠡᠭᠡ ᠪᠠᠭᠤᠯᠭᠠᠬᠤ︾ ᠵᠢᠱᠢᠶ᠎ᠡ ᠦᠵᠡᠭᠦᠯᠬᠦ ᠠᠵᠢᠯᠯᠠᠭ᠎ᠠ ᠦᠪᠦᠷ ᠮᠤᠩᠭᠤᠯ ᠳᠤ ᠡᠬᠢᠯᠡᠪᠡ ᠰᠢᠶᠠ ᠭᠧᠩ ᠱᠧᠩ ᠶᠠᠷᠢᠶ᠎ᠠ ᠲᠠᠯᠪᠢᠵᠤ ᠮᠠ ᠰᠢᠤᠸᠠᠢ ᠵᠢᠶᠦ᠋ᠨ ᠦᠭᠡ ᠬᠡᠯᠡᠵᠡᠢ
ᠨᠡᠶᠢᠲᠡᠯᠡᠭᠰᠡᠨ ᠴᠠᠭ᠄
2020/1/21
     ᠲᠦᠪ ᠤᠨ ᠤᠬᠠᠭᠤᠯᠬᠤ ᠬᠡᠯᠲᠡᠰ ᠤᠨ ᠨᠢᠭᠡᠳᠦᠯᠲᠡᠢ ᠪᠠᠶᠢᠷᠢᠯᠠᠭᠤᠯᠤᠯᠲᠡ ᠪᠠᠷ᠂ 1 ᠰᠠᠷ᠎ᠠ ᠶᠢᠨ 18᠎ ᠤ ᠡᠳᠦᠷ᠂ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠭᠦᠵᠦ ᠨᠡᠬᠡᠭᠡᠨ ᠬᠦᠭᠵᠢᠭᠦᠯᠬᠦ ᠠᠵᠢᠯ ᠤᠨ ᠤᠳᠤᠷᠢᠳᠬᠤ ᠳᠤᠭᠤᠢᠢᠯᠠᠩ ᠠᠴᠠ ᠭᠤᠤᠯᠯᠠᠨ ᠡᠷᠬᠢᠯᠡᠵᠦ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠳᠠ ᠬᠤᠲᠠ ᠪᠠ ᠬᠠᠷᠠᠴᠢᠨ ᠬᠤᠰᠢᠭᠤᠨ ᠤ ᠰᠤᠶᠤᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ ᠬᠦᠳᠡᠭᠡ ᠪᠠᠭᠤᠯᠭᠠᠬᠤ︾ ᠤᠳᠤᠷᠢᠳᠬᠤ ᠳᠤᠭᠤᠢᠢᠯᠠᠩ ᠠᠴᠠ ᠳᠠᠭᠠᠭᠠᠴᠢᠯᠠᠨ ᠡᠷᠬᠢᠯᠡᠭᠰᠡᠨ ᠪᠦᠬᠦ ᠤᠯᠤᠰ ᠤᠨ ᠰᠤᠶᠤᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ ᠬᠦᠳᠡᠭᠡ ᠪᠠᠭᠤᠯᠭᠠᠬᠤ︾ ᠵᠢᠱᠢᠶ᠎ᠡ ᠦᠵᠡᠭᠦᠯᠬᠦ ᠠᠵᠢᠯᠯᠠᠭ᠎ᠠ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤᠨ ᠳᠤ ᠡᠬᠢᠯᠡᠪᠡ᠃      ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠭᠦᠵᠦ ᠨᠡᠬᠡᠭᠡᠨ ᠬᠦᠭᠵᠢᠭᠦᠯᠬᠦ ᠠᠵᠢᠯ ᠤᠨ ᠤᠳᠤᠷᠢᠳᠬᠤ ᠳᠤᠭᠤᠢᠢᠯᠠᠩ ᠤᠨ ᠨᠠᠮ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠰᠢᠶᠠ ᠭᠧᠩ ᠱᠧᠩ ᠶᠠᠷᠢᠶ᠎ᠠ ᠲᠠᠯᠪᠢᠵᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠦᠪᠡᠷᠲᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ ᠦᠭᠡ ᠬᠡᠯᠡᠪᠡ᠃     ᠰᠢᠶᠠ ᠭᠧᠩ ᠱᠧᠩ᠂ ᠡᠨᠡ ᠵᠢᠯ ᠪᠤᠯ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠤᠯᠬᠤ ᠪᠠ ᠪᠦᠬᠦ ᠲᠠᠯ᠎ᠠ ᠪᠠᠷ ᠰᠡᠭᠦᠯ ᠬᠤᠷᠢᠶᠠᠬᠤ ᠵᠢᠯ ᠪᠤᠯᠤᠨ᠎ᠠ᠂ ︽ᠭᠤᠷᠪᠠ ᠶᠢ ᠬᠦᠳᠡᠭᠡ ᠪᠠᠭᠤᠯᠭᠠᠬᠤ︾ ᠠᠵᠢᠯᠯᠠᠭ᠎ᠠ ᠶᠢ ᠦᠷᠨᠢᠭᠦᠯᠬᠦ ᠪᠠ ᠤᠨᠴᠠ ᠶᠠᠳᠠᠭᠤ ᠬᠦᠴᠢᠷᠳᠡᠯᠲᠡᠢ ᠶᠢ ᠤᠰᠠᠳᠬᠠᠬᠤ ᠳᠠᠶᠢᠯᠠᠯᠳᠤᠭᠠᠨ ᠢ ᠰᠠᠶᠢᠲᠤᠷ ᠬᠢᠬᠦ᠂ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠬᠦ᠂ ᠨᠡᠶᠢᠲᠡᠯᠢᠭ ᠵᠢᠱᠢᠶ᠎ᠡ ᠶᠢ ᠤᠬᠠᠭᠤᠯᠬᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠲᠤᠳᠤᠭᠠᠳᠤ ᠬᠦᠳᠡᠯᠭᠡᠬᠦ ᠬᠦᠴᠦᠨ ᠢ ᠬᠦᠭᠵᠢᠭᠡᠬᠦ᠂ ᠤᠷᠲᠤ ᠬᠤᠭᠤᠴᠠᠭᠠᠨ ᠤ ᠪᠦᠲᠦᠮᠵᠢᠲᠡᠢ ᠲᠤᠭᠲᠠᠴᠠ ᠶᠢ ᠪᠠᠶᠢᠭᠤᠯᠬᠤ ᠲᠠᠢ ᠤᠶᠠᠯᠳᠤᠭᠤᠯᠬᠤ ᠶᠢ ᠪᠠᠷᠢᠮᠳᠠᠯᠠᠵᠤ᠂ ︽ᠭᠤᠷᠪᠠ ᠶᠢ ᠬᠦᠳᠡᠭᠡ ᠪᠠᠭᠤᠯᠭᠠᠬᠤ︾ ᠠᠵᠢᠯᠯᠠᠭ᠎ᠠ ᠶᠢ ᠰᠠᠶᠢᠲᠤᠷ ᠵᠤᠬᠢᠶᠠᠨ ᠪᠠᠶᠢᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠮᠠ ᠰᠢᠤᠸᠠᠢ ᠵᠢᠶᠦ᠋ᠨ᠂ ᠪᠦᠬᠦ ᠤᠯᠤᠰ ᠤᠨ ᠰᠤᠶᠤᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ︽ᠭᠤᠷᠪᠠ ᠶᠢ ᠬᠦᠳᠡᠭᠡ ᠪᠠᠭᠤᠯᠭᠠᠬᠤ︾ ᠵᠢᠱᠢᠶ᠎ᠡ ᠦᠵᠡᠭᠦᠯᠬᠦ ᠠᠵᠢᠯᠯᠠᠭ᠎ᠠ ᠨᠢ ᠮᠠᠨ ᠤ ᠬᠢᠯᠢ ᠬᠢᠵᠠᠭᠠᠷ ᠤᠨ ᠴᠦᠬᠡᠨ ᠲᠤᠭᠠᠲᠤ ᠦᠨᠳᠦᠰᠦᠲᠡᠨ ᠤ ᠭᠠᠵᠠᠷ ᠤᠷᠤᠨ ᠳᠤ ᠡᠯᠪᠡᠭ ᠪᠠᠶᠠᠯᠢᠭ ᠰᠤᠶᠤᠯ ᠤᠨ ᠠᠮᠢᠳᠤᠷᠠᠯ ᠪᠠ ᠰᠢᠯᠢᠳᠡᠭ ᠦᠢᠯᠡᠳᠪᠦᠷᠢᠯᠡᠯ ᠠᠮᠢᠳᠤᠷᠠᠯ ᠤᠨ ᠦᠢᠯᠡᠴᠢᠯᠡᠭᠡ ᠶᠢ ᠠᠪᠴᠢᠷᠠᠵᠦ ᠦᠭᠬᠦᠭᠰᠡᠨ ᠪᠠᠶᠢᠨ᠎ᠠ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠮᠵᠢ ᠪᠤᠯᠭᠠᠨ᠂ ᠪᠦᠬᠦ ᠲᠠᠯ᠎ᠡ ᠪᠠᠷ ᠴᠢᠨᠡᠭᠡᠯᠢᠭ ᠨᠠᠶᠢᠭᠡᠮ ᠢ ᠪᠦᠲᠦᠭᠡᠨ ᠪᠠᠶᠢᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠳᠦ ᠢᠯᠡᠯᠲᠡ ᠤᠯᠬᠤ ᠳᠤ ᠴᠢᠭᠯᠡᠭᠦᠯᠦᠨ᠂ 2020 ᠣᠨ ᠤ ︽ᠭᠤᠷᠪᠠ ᠶᠢ ᠬᠦᠳᠡᠭᠡ ᠪᠠᠭᠤᠯᠭᠠᠬᠤ︾ ᠠᠵᠢᠯᠯᠠᠭ᠎ᠠ ᠶᠢ ᠰᠠᠶᠢᠲᠤᠷ ᠦᠷᠨᠢᠭᠦᠯᠵᠦ᠂ ᠦᠵᠡᠰᠭᠦᠯᠡᠩᠲᠦ ᠰᠠᠶᠢᠬᠠᠨ ᠦᠪᠦᠷ ᠮᠤᠩᠭᠤᠯ ᠢ ᠪᠦᠲᠦᠭᠡᠨ ᠪᠠᠶᠢᠭᠤᠯᠬᠤ᠂ ᠬᠠᠮᠲᠤ ᠪᠠᠷ ᠠᠭᠤᠤ ᠶᠡᠭᠡ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠢ ᠪᠤᠢ ᠪᠤᠯᠭᠠᠨ᠎ᠠ ᠭᠡᠵᠡᠢ᠃      6000 ᠭᠠᠷᠤᠢ ᠺᠠᠳ᠋ᠷ ᠤᠯᠠᠨ ᠲᠦᠮᠡᠨ ᠠᠬᠤᠢ ᠲᠠᠯᠠᠪᠠᠢ ᠳᠤ ᠴᠤᠭᠯᠠᠷᠠᠵᠤ ᠲᠤᠰ ᠤᠳᠠᠭᠠᠨ ᠤ ᠠᠵᠢᠯᠯᠠᠭ᠎ᠠ ᠳᠤ ᠤᠷᠤᠯᠴᠠᠵᠠᠢ᠃ ᠠᠵᠢᠯᠯᠠᠭ᠎ᠠ ᠨᠢ ᠤᠷᠠᠨ ᠰᠠᠶᠢᠬᠠᠨ ᠤ ᠲᠤᠭᠯᠠᠯᠲᠠ᠂ ᠲᠦᠷᠦ ᠶᠢᠨ ᠪᠤᠳᠤᠯᠭ᠎ᠠ ᠶᠢᠨ ᠲᠠᠶᠢᠯᠪᠤᠷᠢᠯᠠᠯᠲᠠ᠂ ᠠᠰᠠᠭᠤᠨ ᠯᠠᠪᠯᠠᠭ᠎ᠠ ᠶᠢᠨ ᠦᠢᠯᠡᠴᠢᠯᠡᠭᠡ ᠬᠠᠩᠭᠠᠬᠤ᠂ ᠲᠤᠰᠬᠠᠢ ᠮᠡᠷᠭᠡᠵᠢᠯᠲᠡᠨ ᠤ ᠠᠯᠪᠠᠨ ᠵᠢᠷᠤᠮ ᠎ ᠤᠨ ᠦᠢᠯᠡᠴᠢᠯᠡᠭᠡ᠂ ᠬᠤᠤᠰ ᠤᠶᠠᠩᠭ᠎ᠠ ᠬᠦᠷᠭᠡᠬᠦ᠂ ᠭᠡᠷ ᠪᠦᠯᠢ ᠶᠢᠨ ᠰᠡᠭᠦᠳᠡᠷ ᠲᠠᠳᠠᠬᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠳᠡᠯᠭᠡᠨ ᠪᠤᠷᠤᠯᠠᠭᠤᠯᠬᠤ ᠵᠡᠷᠭᠡ ᠡᠯᠪᠡᠭ ᠠᠭᠤᠯᠭ᠎ᠠ ᠲᠠᠢ ᠶᠠᠪᠤᠭᠳᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号