ᠬᠤᠸᠠᠩ ᡁᠢ ᠴᠢᠶᠠᠩ ᠬᠢᠩᠭᠠᠨ ᠠᠶᠢᠮᠠᠭ ᠲᠤ ᠪᠠᠶᠢᠴᠠᠭᠠᠨ ᠰᠤᠳᠤᠯᠤᠯᠳᠡ ᠬᠢᠬᠦ ᠳᠡᠭᠡᠨ ᠴᠢᠬᠤᠯᠠᠴᠢᠯᠠᠬᠰᠠᠠ ᠨᠢ ᠰᠢᠨ᠎ᠡ ᠶᠢ ᠡᠬᠦᠳᠬᠦ ᠬᠦᠭᠵᠢᠯᠳᠡ ᠶᠢᠨ ᠤᠢᠢᠯᠠᠭᠠᠬᠳᠠᠬᠤᠨ ᠢ ᠪᠠᠷᠢᠮᠳᠠᠯᠠᠵᠥ ᠮᠥᠩᠬᠦᠨ ᠬᠦᠢᠯᠬᠡᠬᠡᠨ ᠤ ᠪᠤᠳᠠᠳᠤ ᠴᠤᠭᠴᠠ ᠶᠢᠨ ᠠᠵᠥ ᠠᠬᠤᠢ ᠳᠤ ᠦᠢᠯᠡᠴᠢᠯᠡᠬᠦ ᠴᠢᠳᠠᠪᠤᠷᠢ ᠶᠢ ᠬᠦᠢᠴᠡᠳ ᠪᠠᠳᠠᠷᠠᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2020/1/21
     1 ᠰᠠᠷ᠎ᠠ ᠶᠢᠨ 17᠎ ᠠᠴᠠ 18᠎ ᠤ ᠡᠳᠤᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠬᠤᠸᠠᠩ ᡁᠢ ᠴᠢᠶᠠᠩ ᠬᠢᠩᠭᠠᠨ ᠠᠶᠢᠮᠠᠭ ᠢᠶᠠᠷ ᠮᠥᠩᠬᠦᠨ ᠬᠦᠢᠯᠬᠡᠬᠡᠨ ᠤ ᠠᠵᠢᠯ ᠳᠤ ᠪᠠᠶᠢᠴᠠᠭᠠᠨ ᠰᠤᠳᠤᠯᠤᠯᠳᠡ ᠬᠢᠪᠡ᠃ ᠲᠡᠷᠡ᠂ ᠰᠢᠨ᠎ᠡ ᠶᠢ ᠡᠬᠦᠳᠬᠦ ᠬᠦᠭᠵᠢᠯᠳᠡ ᠶᠢᠨ ᠤᠢᠢᠯᠠᠭᠠᠬᠳᠠᠬᠤᠨ ᠢ ᠪᠠᠷᠢᠮᠳᠠᠯᠠᠵᠥ᠂ ᠭᠤᠤᠯ ᠠᠵᠢᠯ ᠦᠢᠯᠡᠰ ᠲᠤ ᠠᠩᠬᠠᠷᠤᠯ ᠢᠶᠠᠨ ᠲᠦᠪᠯᠡᠷᠡᠬᠦᠯᠵᠥ᠂ ᠲᠤᠰ ᠭᠠᠵᠠᠷ ᠲᠠᠭᠠᠨ ᠦᠢᠯᠡᠴᠢᠯᠡᠵᠥ᠂ ᠬᠦᠭᠵᠢᠯᠳᠡ ᠶᠢᠨ ᠰᠡᠳᠬᠢᠴᠡ ᠪᠠᠨ ᠬᠤᠪᠢᠷᠡᠭᠤᠯᠵᠥ᠂ ᠠᠵᠥ ᠠᠬᠤᠢᠢᠯᠠᠯ ᠤᠨ ᠬᠠᠮᠢᠶᠠᠷᠤᠯᠳᠠ ᠶᠢ ᠴᠢᠩᠭᠠᠷᠠᠭᠤᠯᠵᠥ᠂ ᠪᠡᠯᠡ ᠴᠤᠭᠯᠠᠭᠤᠯᠬᠤ ᠵᠠᠮ ᠢ ᠲᠠᠰᠤᠷᠠᠯᠳᠡ ᠦᠬᠡᠢ ᠦᠷᠬᠡᠳᠬᠡᠵᠥ᠂ ᠮᠥᠩᠬᠦᠨ ᠬᠦᠢᠯᠬᠡᠬᠡᠨ ᠤ ᠪᠤᠳᠠᠳᠤ ᠴᠤᠭᠴᠠ ᠶᠢᠨ ᠠᠵᠥ ᠠᠬᠤᠢ ᠳᠤ ᠦᠢᠯᠡᠴᠢᠯᠡᠬᠦ ᠴᠢᠳᠠᠪᠤᠷᠢ ᠶᠢ ᠬᠦᠢᠴᠡᠳ ᠪᠠᠳᠠᠷᠠᠭᠤᠯᠵᠥ᠂ ᠪᠡᠯᠡ ᠴᠤᠭᠯᠠᠭᠤᠯᠬᠤ ᠳᠤ ᠬᠦᠴᠢᠷ ᠪᠡᠯᠡ ᠴᠤᠭᠯᠠᠭᠤᠯᠬᠤ ᠳᠤ ᠦᠨᠡᠳᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠤᠷᠢᠯᠡᠬᠦ ᠬᠡᠷᠡᠭᠳᠡᠢ︔ ᠠᠶᠤᠯ ᠲᠦᠭᠰᠢᠬᠦᠷᠢ ᠎ ᠶᠢᠨ ᠤᠬᠠᠮᠰᠠᠷ ᠢᠶᠠᠨ ᠴᠢᠩᠭᠠᠷᠠᠭᠤᠯᠵᠥ᠂ ᠺᠤᠮᠫᠠᠨᠢ ᠶᠢᠨ ᠵᠠᠰᠠᠯᠳᠠ ᠶᠢ ᠪᠦᠷᠢᠨᠰᠢᠬᠦᠯᠵᠥ᠂ ᠮᠥᠩᠬᠦᠨ ᠬᠦᠢᠯᠬᠡᠬᠡᠨ ᠤ ᠠᠮᠢ ᠠᠬᠤᠢ ᠶᠢᠨ ᠤᠷᠴᠢᠨ ᠲᠤᠭᠤᠷᠢᠨ ᠢ ᠰᠢᠯᠢᠳᠡᠭᠵᠢᠬᠦᠯᠵᠥ᠂ ᠰᠢᠰᠲ᠋ᠧᠮ ᠤᠨ ᠴᠢᠨᠠᠷᠳᠠᠢ ᠮᠥᠩᠬᠦᠨ ᠬᠦᠢᠯᠬᠡᠬᠡᠨ ᠤ ᠠᠶᠤᠯ ᠲᠦᠭᠰᠢᠬᠦᠷᠢ ᠡᠬᠦᠰᠬᠦ ᠦᠬᠡᠢ ᠪᠠᠶᠢᠬᠤ ᠬᠤᠷᠢᠭ᠎ᠠ ᠱᠤᠭᠤᠮ ᠢ ᠰᠡᠬᠢᠬᠤ ᠬᠡᠷᠡᠭᠳᠡᠢ ᠬᠡᠵᠥ ᠴᠢᠬᠤᠯᠡᠴᠢᠯᠠᠪᠠ᠃      ᠪᠠᠶᠢᠴᠠᠭᠠᠨ ᠰᠤᠳᠤᠯᠤᠯᠳᠡ ᠬᠢᠬᠦ ᠬᠤᠭᠤᠴᠠᠭᠠᠨ ᠳᠤ᠂ ᠬᠤᠸᠠᠩ ᡁᠢ ᠴᠢᠶᠠᠩ ᠦᠪᠡᠷ ᠤᠨ ᠪᠠᠶᠢᠭ᠎ᠠ ᠨᠠᠮ ᠤᠨ ᠡᠬᠦᠷ ᠤᠨ ᠭᠤᠤᠯ ᠰᠡᠳᠤᠪᠳᠤ ᠨᠠᠮ ᠤᠨ ᠡᠳᠤᠷ ᠤᠨ ᠠᠵᠢᠯᠯᠠᠭ᠎ᠠ ᠳᠤ ᠤᠷᠤᠯᠴᠠᠬᠰᠠᠨ ᠪᠦᠬᠡᠳ ᠦᠪᠦᠷ ᠮᠤᠩᠭᠤᠯ ᠎ ᠤᠨ ᠦᠨᠳᠦᠰᠦᠳᠡᠨ ᠤ ᠴᠢᠯᠦᠬᠡᠯᠡᠯᠳᠡ ᠶᠢᠨ ᠳᠤᠷᠠᠰᠬᠠᠯ ᠤᠨ ᠤᠷᠳᠤᠨ ᠳᠤ ᠳᠤᠭᠤᠷᠢᠨ ᠦᠵᠡᠵᠦ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠭᠰᠠᠠ ᠪᠠ ᠦᠨᠳᠦᠰᠦᠳᠡᠨ ᠤ ᠤᠷᠤᠨ ᠤ ᠦᠪᠡᠷᠳᠡᠭᠡᠨ ᠵᠠᠰᠠᠬᠤ ᠪᠠᠶᠢᠭᠤᠯᠤᠯ ᠤᠨ ᠦᠢᠯᠡᠳᠦᠯᠬᠡ ᠶᠢᠨ ᠶᠠᠪᠤᠴᠠ ᠶᠢ ᠨᠠᠷᠢᠨ ᠤᠢᠢᠯᠠᠭᠠᠪᠠ᠃ ᠬᠤᠸᠠᠩ ᡁᠢ ᠴᠢᠶᠠᠩ᠂ ᠦᠵᠡᠬᠦᠯᠬᠡ ᠶᠢ ᠦᠵᠡᠬᠡᠳ ᠬᠤᠪᠢᠰᠬᠠᠯᠳᠤ ᠤᠯᠠᠮᠵᠢᠯᠠᠯ ᠤᠨ ᠬᠦᠮᠥᠵᠢᠯ ᠪᠤᠯᠤᠨ ᠨᠠᠮᠴᠢ ᠴᠢᠨᠠᠷ ᠤᠨ ᠬᠦᠮᠦᠵᠢᠯ ᠬᠦᠷᠳᠡᠭᠰᠡᠨ ᠪᠠᠶᠢᠨ᠎ᠠ᠂ ᠬᠤᠶᠢᠰᠢᠳᠠ ᠯᠠᠪᠳᠠᠢ ᠬᠤᠪᠢᠰᠬᠠᠯ ᠤᠨ ᠤᠯᠠᠮᠵᠢᠯᠠᠯ ᠢ ᠵᠠᠯᠭᠠᠮᠵᠢᠯᠠᠵᠥ᠂ ᠬᠤᠪᠢᠰᠬᠠᠯ ᠤᠨ ᠵᠤᠷᠢᠭ ᠰᠠᠨᠠᠭ᠎ᠠ ᠶᠢ ᠪᠠᠳᠠᠷᠠᠭᠤᠯᠵᠥ᠂ ᠤᠭ ᠰᠠᠨᠠᠭ᠎ᠠ ᠪᠠᠨ ᠦᠯᠥ ᠮᠠᠷᠳᠠᠨ ᠡᠬᠦᠷᠬᠡ ᠬᠠᠷᠢᠭᠤᠴᠠᠯᠭ᠎ᠠ ᠪᠠᠨ ᠪᠡᠳᠤ ᠴᠡᠬᠡᠵᠢᠯᠡᠵᠥ᠂ ᠤᠬᠠᠮᠰᠠᠷ ᠠᠴᠠ ᠪᠠᠨ ᠡᠪ ᠬᠠᠮᠳᠤ ᠶᠤᠰᠤᠨ ᠤ ᠠᠯᠤᠰ ᠬᠡᠳᠤ ᠶᠢᠨ ᠬᠦᠰᠡᠯᠡᠩ ᠪᠤᠯᠤᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠤᠨ ᠬᠠᠮᠳᠤ ᠶᠢᠨ ᠬᠦᠰᠡᠯᠡᠩ ᠤᠨ ᠡᠷᠡᠰ ᠪᠠᠳᠤ ᠢᠳᠡᠬᠡᠨ ᠪᠢᠰᠢᠷᠡᠭᠴᠢ᠂ ᠦᠨᠡᠨᠴᠢ ᠰᠢᠳᠤᠷᠭᠤ ᠦᠢᠯᠡᠳᠦᠯᠬᠡᠵᠢᠬᠦᠯᠥᠭᠴᠢ ᠪᠤᠯᠵᠥ᠂ ︽ᠲᠦᠷᠪᠡᠨ ᠤᠬᠠᠮᠰᠠᠷ︾᠎ ᠢᠶᠠᠨ ᠴᠢᠩᠭᠠᠷᠠᠭᠤᠯᠵᠥ᠂ ︽ᠲᠦᠷᠪᠡᠨ ᠢᠳᠡᠬᠡᠯ︾᠎ ᠢᠶᠠᠨ ᠪᠠᠳᠤᠳᠬᠠᠵᠥ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠬᠦᠯᠵᠥ᠂ ᠲᠤᠮᠳᠠᠳᠤ ᠶᠢᠨ ᠦᠨᠳᠦᠰᠦᠳᠡᠨ ᠎ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠳᠤ ᠬᠦᠴᠦᠨ ᠴᠢᠳᠠᠯ ᠢᠶᠠᠨ ᠡᠷᠬᠦᠨ᠎ᠡ ᠬᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号