|
2019 ᠣᠨ ᠤ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠦᠷᠲᠡᠭ ᠠᠳᠠᠯᠢ ᠬᠤᠭᠤᠴᠠᠭᠠᠨ ᠤ | ᠬᠢ ᠠᠴᠠ 5.9% ᠨᠡᠮᠡᠭᠳᠡᠪᠡ |
|
|
ᠨᠡᠶᠢᠲᠡᠯᠡᠭᠰᠡᠨ ᠴᠠᠭ᠄
2020/1/21
|
|
1 ᠳ᠋ᠦ᠋ᠭᠡᠷ ᠰᠠᠷ᠎ᠠ ᠶᠢᠨ 17 ᠤ ᠡᠳᠦᠷ᠂ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠂ ᠬᠤᠷᠠᠯ ᠠᠴᠠ ᠪᠥᠬᠦ ᠤᠯᠤᠰ ᠤᠨ ᠬᠤᠳᠠᠯᠳᠤᠭᠠᠨ ᠤ ᠶᠠᠪᠤᠳᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ 2019 ᠣᠨ ᠤ ᠠᠵᠢᠯ ᠢ ᠳ᠋ᠦᠩᠨᠡᠵᠦ᠂ ᠪᠠᠶᠢᠳᠠᠯ ᠢ ᠵᠠᠳᠠᠯᠤᠨ ᠲᠤᠷᠰᠢᠯᠭ᠎ᠠ ᠪᠠᠨ ᠰᠣᠯᠢᠯᠴᠠᠵᠤ᠂ 2020 ᠣᠨ ᠤ ᠠᠵᠢᠯ ᠢ ᠪᠠᠶᠢᠷᠢᠯᠠᠭᠤᠯᠪᠠ᠃ 2019 ᠣᠨ ᠤ ᠪᠥᠬᠦ ᠣᠷᠣᠨ ᠤ ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠠᠵᠢᠯ ᠳᠤ ︽ᠪᠠᠬᠢᠵᠢᠭᠦᠯᠬᠦ᠂ ᠴᠢᠩᠭᠠᠷᠠᠭᠤᠯᠬᠤ᠂ ᠳᠡᠭᠡᠭᠰᠢᠯᠡᠭᠦᠯᠬᠦ᠂ ᠰᠠᠭᠠᠳ ᠥᠬᠡᠶ ᠨᠡᠪᠲᠡᠷᠡᠭᠦᠯᠬᠦ︾ ᠴᠢᠭᠯᠡᠯᠲᠡ ᠶᠢ ᠪᠠᠷᠢᠮᠲᠠᠯᠠᠵᠤ᠂ ᠠᠵᠢᠯᠯᠠᠭᠠᠨ ᠶᠡᠷᠦᠩᠬᠡᠶ ᠳᠤ ᠪᠠᠨ ᠲᠣᠭᠲᠠᠭᠤᠨ ᠪᠣᠯᠵᠠᠢ᠃ ᠵᠢᠱᠢᠯᠲᠡ ᠪᠠᠷ ᠪᠥᠬᠦ ᠵᠢᠯ ᠤᠨ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠠᠳᠠᠯᠢ ᠬᠤᠭᠤᠴᠠᠭᠠᠨ ᠤ ᠬᠢ ᠠᠴᠠ 4.1% ᠪᠠᠷ ᠨᠡᠮᠡᠭᠳᠡᠵᠦ᠂ ᠰᠦᠯᠵᠢᠶ᠎ᠡ ᠪᠠᠷ ᠵᠢᠵᠢᠭᠯᠡᠨ ᠬᠤᠳᠠᠯᠳᠤᠭᠰᠠᠨ ᠠᠷᠠᠯᠵᠢᠶᠠᠨ ᠤ ᠲᠤᠭ᠎ᠠ 490 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20% ᠣᠷᠴᠢᠮ ᠨᠡᠮᠡᠭᠳᠡᠪᠡ︔ ᠭᠠᠳᠠᠭᠠᠳᠤ ᠠᠷᠠᠯᠵᠢᠶ᠎ᠠ ᠲᠣᠭᠲᠠᠭᠤᠨ ᠪᠠᠶᠢᠬᠤ ᠶᠢᠨ ᠵᠡᠷᠭᠡ ᠳᠤ ᠠᠬᠢᠯᠲᠠ ᠲᠠᠢ ᠪᠣᠯᠵᠣ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠥᠷᠲᠡᠭ ᠨᠡᠶᠢᠲᠡ 1095.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.9% ᠪᠠᠷ ᠨᠡᠮᠡᠭᠳᠡᠪᠡ︔ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠰᠢᠰᠲ᠋ᠧᠮ ᠤᠨ ᠪᠣᠳᠠᠲᠠᠶ ᠬᠡᠷᠡᠭᠯᠡᠭᠰᠡᠨ ᠭᠠᠳᠠᠭᠠᠳᠤ ᠪᠡᠯᠡ 20.61 ᠳ᠋ᠦᠩᠰᠢᠭᠤᠷ ᠳ᠋ᠣᠯᠯᠠᠷ ᠲᠤ ᠬᠦᠷᠴᠦ᠂ ᠰᠢᠶᠠᠩᠭᠠᠩ ᠮᠥᠨ ᠯᠡ ᠭᠠᠳᠠᠭᠠᠳᠤ ᠬᠤᠳᠠᠯᠳᠤᠭᠠᠴᠢᠨ ᠤ ᠪᠠᠯᠠ ᠣᠷᠣᠭᠤᠯᠤᠯᠲᠠ ᠶᠢᠨ ᠭᠤᠤᠯ ᠢᠷᠡᠯᠲᠡ ᠶᠢᠨ ᠭᠠᠵᠠᠷ ᠪᠣᠯᠪᠠ᠃ ᠭᠠᠳᠠᠭᠠᠳᠤ ᠯᠤᠭ᠎ᠠ ᠶᠢᠨ ᠬᠡᠯᠡᠯᠴᠡᠭᠡᠷ ᠤᠨ ᠪᠡᠯᠡ ᠣᠷᠣᠭᠤᠯᠤᠯᠲᠠ ᠶᠢᠨ ᠲᠤᠭ᠎ᠠ 8.3 ᠳ᠋ᠦᠩᠰᠢᠭᠤᠷ ᠳ᠋ᠣᠯᠯᠠᠷ ᠲᠤ ᠬᠦᠷᠴᠡᠶ︔ ᠳᠤᠮᠳᠠᠳᠤ ᠧᠦ᠋ᠷᠣᠫᠠ ᠶᠢᠨ ᠭᠠᠯᠲᠤ ᠲᠡᠷᠭᠡ ᠦᠳᠲᠡᠷ ᠲᠦᠷᠭᠡᠨ ᠬᠥᠭᠵᠢᠵᠦ᠂ ᠬᠢᠯᠢ ᠪᠠᠷ ᠥᠩᠭᠡᠷᠡᠭᠰᠡᠨ ᠳᠤᠮᠳᠠᠳᠤ ᠧᠦ᠋ᠷᠣᠫᠠ ᠶᠢᠨ ᠭᠠᠯᠲᠤ ᠲᠡᠷᠭᠡ 3657 ᠴᠤᠪᠤᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 28.2% ᠢᠶᠠᠷ ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ ᠠᠴᠠ ᠠᠶᠠᠯᠠᠭᠰᠠᠨ ᠭᠠᠯᠲᠤ ᠲᠡᠷᠭᠡ 318 ᠴᠤᠪᠤᠭ᠎ᠠ ᠪᠤᠯᠵᠤ᠂ ᠠᠳᠠᠯᠢ ᠬᠤᠭᠤᠴᠠᠭᠠᠨ ᠤ ᠬᠢ ᠠᠴᠠ 47.2% ᠢᠶᠠᠷ ᠨᠡᠮᠡᠭᠳᠡᠪᠡ᠃
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|