ᠱᠢ ᠲᠠᠢ ᠹᠧᠩ ᠭᠤᠷᠪᠠᠨ ᠬᠠᠪᠴᠢᠯ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠡᠷᠡᠭ ᠮᠡᠳᠡᠭᠴᠢᠳ ᠤᠨ ᠳᠠᠷᠤᠭ᠎ᠠ ᠯᠸᠢ ᠮᠢᠩ ᠱᠠᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2020/1/22
     1 ᠰᠠᠷ᠎ᠠ ᠶᠢᠨ 21᠎ ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠥᠬᠡᠬᠤᠲᠠ ᠳᠤ ᠳᠤᠮᠳᠠᠳᠤ ᠤᠯᠤᠰ ᠤᠨ ᠬᠥᠬᠡᠮᠥ᠋ᠷᠡᠨ ᠤ ᠭᠤᠷᠪᠠᠨ ᠬᠠᠪᠴᠢᠯ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠸᠢ ᠮᠢᠩ ᠱᠠᠨ ᠨᠠᠷ ᠲᠠᠢ ᠠᠭᠤᠯᠵᠠᠪᠠ᠃      ᠬᠤᠶᠠᠷ ᠲᠠᠯ᠎ᠠ ᠪᠠᠷ ᠢᠶᠠᠨ ᠲᠤᠰ ᠲᠤᠰ ᠤᠨ ᠬᠤᠯᠪᠣᠭᠳᠠᠯ ᠪᠦᠬᠦᠢ ᠪᠠᠶᠢᠳᠠᠯ ᠢᠶᠠᠨ ᠲᠠᠨᠢᠯᠴᠠᠭᠤᠯᠵᠤ᠂ ᠳᠠᠬᠢᠯᠳᠠ ᠡᠨᠧᠷᠭᠢ ᠶᠢᠨ ᠨᠡᠭᠡᠭᠡᠨ ᠠᠰᠢᠬᠯᠠᠯᠲᠠ ᠶᠢ ᠲᠦᠷᠭᠡᠳᠬᠡᠬᠦ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠪᠠ᠃ ᠬᠤᠶᠠᠷ ᠳᠠᠯ᠎ᠠ ᠪᠠᠷ ᠢᠶᠠᠨ ᠪᠤᠳᠠᠳᠠᠢ ᠶᠢ ᠡᠷᠬᠢᠮᠯᠡᠬᠦ ᠬᠠᠮᠳᠤᠷᠠᠯᠴᠠᠭ᠎ᠠ ᠪᠠᠨ ᠤᠯᠠᠮ ᠴᠢᠨᠠᠬᠰᠢᠳᠠ ᠬᠦᠨᠵᠡᠬᠡᠶᠢᠷᠡᠬᠦᠯᠵᠥ᠂ ᠰᠢᠨᠵᠢᠯᠡᠬᠦ ᠤᠬᠠᠭᠠᠨᠴᠢ ᠪᠠᠷ ᠳᠦᠯᠦᠪᠵᠢᠬᠦᠯᠦᠨ ᠵᠦᠢ ᠵᠤᠬᠢᠰᠳᠠᠢ ᠪᠠᠶᠢᠷᠢᠰᠢᠭᠤᠯᠵᠥ᠂ ᠰᠢᠯᠢᠳᠡᠭ ᠳᠦᠷᠦᠯ ᠵᠦᠢᠯ ᠢ ᠰᠤᠩᠭᠤᠨ ᠠᠵᠢᠯ ᠢᠶᠠᠨ ᠪᠤᠳᠠᠳᠠᠶᠢᠵᠢᠭᠤᠯᠵᠥ᠂ ᠳᠤᠬᠳᠠᠬᠰᠠᠨ ᠵᠦᠪᠯᠡᠯᠴᠡᠬᠡᠷ ᠤᠨ ᠵᠦᠢᠯᠡᠰ ᠤᠨ ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠵᠥ᠂ ᠬᠠᠮᠳᠤᠷᠠᠯᠴᠠᠭᠠᠨ ᠤ ᠳᠦᠷᠦᠯ ᠵᠦᠢᠯ ᠢ ᠰᠠᠶᠢᠳᠤᠷ ᠠᠬᠢᠭᠤᠯᠤᠨ ᠬᠡᠷᠡᠭᠵᠢᠬᠦᠯᠵᠥ᠂ ᠤᠳᠤ ᠦᠶ᠎ᠡ ᠶᠢᠨ ᠡᠨᠧᠷᠬᠢ ᠶᠢᠨ ᠠᠵᠥ ᠠᠬᠤᠢ ᠶᠢᠨ ᠠᠵᠢᠯ ᠢ ᠰᠠᠶᠢᠳᠤᠷ ᠬᠢᠬᠦ ᠪᠠᠷ ᠬᠠᠮᠳᠤ ᠪᠠᠷ ᠴᠢᠷᠮᠠᠶᠢᠨ᠎ᠠ ᠬᠡᠵᠥ ᠰᠠᠨᠠᠯ ᠨᠢᠬᠡᠳᠡᠢ ᠢᠯᠡᠳᠬᠡᠪᠡ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠠᠩ ᠱᠤᠤ ᠴᠦᠨ᠂ ᠠᠢ ᠯᠢ ᠬᠤᠸᠠ᠂ ᠭᠤᠷᠪᠠᠨ ᠬᠠᠪᠴᠢᠯ ᠪᠦᠯᠦᠭᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠶᠡᠷᠦᠩᠬᠡᠢ ᠳᠠᠭᠠᠭᠠᠮᠠᠯ ᠸᠠᠩ ᠯᠢᠶᠠᠩ ᠶᠢᠦ᠂ ᠶᠠᠩ ᠱᠧᠩ ᠱᠢ ᠨᠡᠷ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号