| — 2020 ᠣᠨ ᠤ 1 ᠳ᠋ᠤᠭᠡᠷ ᠰᠠᠷ᠎ᠠ ᠶᠢᠨ 12 ᠤᠨ ᠡᠳᠦᠷ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯᠳᠤᠭᠠᠨ ᠳᠡᠭᠡᠷ᠎ᠡ | | | ᠥᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ | | ᠲᠥᠯᠥᠭᠡᠯᠡᠭᠴᠢᠳ ᠡ᠄ | ᠣᠳᠣ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ | ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠥᠪᠡᠷᠲᠡᠭᠡᠨ ᠵᠠᠰᠠᠬᠤ ᠣᠷᠣᠨ ᠤ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2019 ᠣᠨ ᠤ ᠠᠵᠢᠯ ᠤᠨ ᠡᠷᠬᠢᠴᠡᠬᠦᠯᠦᠯ | 2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠪᠣᠯᠣᠨ᠎ᠠ᠂ ᠮᠥᠨ | ᠴᠦ ᠮᠠᠨ ᠤ ᠣᠷᠣᠨ ᠤ ᠬᠥᠭᠵᠢᠯᠲᠡ ᠶᠢᠨ ᠶᠠᠪᠤᠴᠠ ᠳᠠᠬᠢ ᠴᠢᠬᠤᠯᠠ ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ᠃ | ᠶᠡᠷᠦᠩᠬᠡᠢ ᠱᠦᠵᠢ ᠰᠢ ᠶᠢᠨ ᠫᠢᠩ 3 ᠳ᠋ᠤᠭᠠᠷ ᠰᠠᠷ᠎ᠠ ᠶᠢᠨ 5 ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ | ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠥᠪᠥᠷ | ᠮᠣᠩᠭᠤᠯ ᠤᠨ ᠲᠥᠯᠥᠭᠡᠯᠡᠭᠴᠢᠳ ᠤᠨ ᠪᠥᠯᠬᠦᠮ ᠤᠨ ᠬᠢᠨᠠᠨ ᠵᠥᠪᠯᠡᠬᠦ ᠳᠤ ᠣᠷᠣᠯᠴᠠᠭᠰᠠᠨ ᠪᠥᠭᠡᠳ 7 ᠳ᠋ᠤᠭᠠᠷ | ᠰᠠᠷ᠎ᠠ ᠶᠢᠨ 15 ᠤ ᠡᠳᠦᠷ ᠠᠴᠠ 16 ᠤ ᠡᠳᠦᠷ ᠬᠦᠷᠲᠡᠯ᠎ᠡ ᠮᠠᠨ ᠤ ᠣᠷᠣᠨ ᠳᠤ ᠳᠠᠬᠢᠨᠲᠠ ᠰᠢᠨᠵᠢᠯᠡᠨ ᠪᠠᠶᠢᠴᠠᠭᠠᠯᠲᠠ | ᠬᠢᠭᠰᠡᠨ ᠤ ᠬᠠᠮᠲᠤ ︽ᠤᠭ ᠰᠠᠨᠠᠭ᠎ᠠ ᠪᠠᠨ ᠥᠯᠥ ᠮᠠᠷᠳᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ | ᠭᠤᠣᠯ ᠰᠡᠳᠦᠪᠲᠦ ᠬᠥᠮᠥᠵᠢᠯ ᠢ ᠵᠢᠭᠠᠨ ᠵᠢᠯᠣᠭᠤᠳᠪᠠ᠃ ᠥᠪᠥᠷ ᠮᠣᠩᠭᠤᠯ ᠤᠨ ᠠᠵᠢᠯ ᠤᠨ ᠲᠤᠬᠠᠢ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠨᠢ ᠰᠢᠨ᠎ᠡ ᠴᠠᠭ ᠦᠶ᠎ᠡ ᠶᠢᠨ | ᠥᠪᠥᠷ ᠮᠣᠩᠭᠤᠯ ᠤᠨ ᠬᠥᠭᠵᠢᠯᠲᠡ ᠳᠤ ᠴᠢᠭᠯᠡᠯ ᠢ ᠵᠢᠭᠠᠨ ᠥᠭᠴᠦ᠂ ᠪᠥᠬᠦ ᠣᠷᠣᠨ ᠤ ᠦᠨᠳᠦᠰᠦᠲᠡᠨ ᠨᠦᠭᠦᠳ ᠤᠨ | ᠠᠷᠠᠳ ᠲᠦᠮᠡᠨ ᠢ ᠲᠦᠢᠯ ᠤᠨ ᠶᠡᠭᠡ ᠪᠠᠷ ᠵᠣᠷᠢᠬᠵᠢᠭᠤᠯᠪᠠ᠃ | ᠨᠢᠭᠡ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ | ᠪᠢᠳᠡ ᠶᠡᠷᠦᠩᠬᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠶᠡᠭᠡ ᠬᠤᠷᠠᠯ ᠤᠨ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ | ᠰᠢᠨ᠎ᠡ ᠬᠥᠭᠵᠢᠯᠲᠡ ᠶᠢᠨ ᠣᠨᠣᠯᠵᠢᠬᠤᠨ ᠢ ᠬᠢᠨᠠᠮᠠᠭᠠᠢ ᠨᠠᠶᠢᠳᠠᠪᠤᠷᠢᠵᠢᠭᠤᠯᠤᠨ᠂ ᠲᠣᠭᠲᠠᠭᠤᠨ ᠪᠠᠶᠢᠯᠭᠠᠬᠤ ᠶᠢᠨ | ᠲᠠᠭᠠᠤ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠦ᠂ ︽ᠵᠢᠷᠭᠤᠭᠠᠨ ᠵᠦᠢᠯ ᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠪᠥᠬᠦ ᠣᠷᠣᠨ ᠤ ᠠᠵᠤ ᠠᠬᠤᠢ ᠨᠡᠶᠢᠭᠡᠮ ᠦᠷᠭᠦᠯᠵᠢᠯᠡᠨ ᠡᠷᠡᠭᠦᠯ ᠢᠶᠠᠷ ᠬᠥᠭᠵᠢᠪᠡ᠃ | ᠠᠩᠬ᠎ᠠ ᠠᠯᠬᠤᠮ ᠤᠨ ᠬᠠᠷᠭᠤᠭᠤᠯᠤᠨ ᠪᠣᠳᠣᠭᠰᠠᠨ ᠢᠶᠠᠷ ᠪᠣᠯ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ 5.2% ᠨᠡᠮᠡᠭᠳᠡᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 6.8% ᠨᠡᠮᠡᠭᠳᠡᠵᠦ᠂ ᠡᠩ ᠤᠨ | ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 10.9% ᠨᠡᠮᠡᠭᠳᠡᠨ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠨ ᠬᠡᠷᠡᠭᠯᠡᠵᠦ ᠪᠣᠯᠬᠤ ᠣᠷᠣᠯᠭ᠎ᠠ ᠲᠤᠰ ᠲᠤᠰ 6.5% ᠪᠠ | 10.7% ᠨᠡᠮᠡᠭᠳᠡᠪᠡ᠃ | ᠨᠢᠭᠡ ᠵᠢᠯ ᠤᠨ ᠲᠤᠷᠰᠢ᠂ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠪᠡ᠃ | ︵ᠨᠢᠭᠡ︶ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠲᠤᠨᠨᠳᠠᠭᠤᠨ ᠢᠶᠠᠷ | ᠳᠡᠭᠡᠭᠰᠢᠯᠡᠪᠡ᠃ ︽ᠭᠤᠷᠪᠠ ᠶᠢ ᠦᠭᠡᠶᠢᠰᠬᠡᠵᠦ ᠨᠢᠭᠡ ᠶᠢ ᠪᠠᠭᠤᠷᠠᠭᠤᠯᠤᠨ ᠨᠢᠭᠡ ᠶᠢ ᠨᠥᠬᠦᠪᠦᠷᠢᠯᠡᠬᠦ︾ ᠦᠷ᠎ᠡ | ᠪᠦᠲᠦᠭᠡᠯ ᠢ ᠪᠠᠬᠢᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠬᠠᠷᠢᠶ᠎ᠠ ᠪᠣᠯᠬᠤ ︽ᠦᠬᠦᠰᠢᠷᠡᠮᠡᠯ ᠠᠵᠤ ᠠᠬᠤᠶᠢᠯᠠᠯ︾ | ᠢ ᠦᠨᠳᠦᠰᠦᠨ ᠳᠤ ᠪᠠᠨ ᠢᠯᠭᠠᠷᠠᠭᠤᠯᠤᠨ ᠴᠡᠪᠡᠷᠯᠡᠪᠡ᠃ ᠭᠠᠶᠢᠯᠢ ᠶᠢ ᠬᠠᠰᠤᠵᠤ ᠰᠦᠢᠳᠬᠡᠯ ᠢ ᠪᠠᠭᠤᠷᠠᠭᠤᠯᠬᠤ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ | ᠳᠠᠷᠤᠭᠠᠰᠤ ᠶᠢ ᠨᠢ ᠳᠠᠬᠢᠵᠤ 410 ᠳ᠋ᠦᠩᠰᠢᠭᠤᠷ ᠲᠥᠭᠦᠷᠢᠭ ᠭᠦᠩᠬᠡᠯᠡᠪᠡ᠃ ᠬᠡᠪᠴᠢᠶᠠᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠡᠳ᠋ ᠬᠥᠷᠥᠩᠭᠡ ᠶᠢᠨ ᠥᠭᠴᠡᠭᠡ ᠶᠢᠨ ᠨᠣᠷᠮ᠎ᠠ ᠶᠢ ᠨᠢ 2.3 ᠵᠠᠭᠤᠨ ᠤ | ᠴᠡᠭ ᠪᠠᠭᠤᠷᠠᠭᠤᠯᠵᠤ᠂ ᠠᠰᠢᠭ ᠣᠯᠵᠠᠪᠤᠷᠢ ᠶᠢ ᠨᠢ 3.2% ᠨᠡᠮᠡᠭᠳᠡᠭᠦᠯᠪᠠ᠃ ᠪᠡᠭᠡᠵᠢᠩ ᠠᠴᠠ ᠬᠥᠬᠡᠬᠤᠲᠠ ᠬᠦᠷᠬᠦ | ᠳᠡᠭᠡᠳᠦ ᠬᠤᠷᠳᠤ ᠶᠢᠨ ᠲᠡᠮᠦᠷ ᠵᠠᠮ ᠢ ᠪᠠᠶᠢᠭᠤᠯᠵᠦ ᠲᠠᠭᠤᠰᠬᠠᠭᠠᠳ ᠭᠠᠯᠲᠤ ᠲᠡᠷᠭᠡ ᠨᠡᠪᠲᠡᠷᠡᠭᠦᠯᠵᠦ᠂ | ᠤᠯᠠᠭᠠᠨᠬᠠᠳᠠ ᠠᠴᠠ ᠪᠡᠭᠡᠵᠢᠩ ᠪᠠ ᠮᠦᠭᠳᠡᠨ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠤᠨ ᠵᠠᠯᠭᠠᠬᠤ ᠱᠤᠭᠤᠮ ᠢ | ᠪᠠᠶᠢᠭᠤᠯᠵᠤ ᠳᠠᠭᠤᠰᠬᠠᠬᠤ ᠪᠠᠷ ᠪᠠᠶᠢᠨ᠎ᠠ᠂ ᠵᠢᠨᠢᠩ ᠠᠴᠠ ᠳ᠋ᠠᠲ᠋ᠥ᠋ᠩ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠪᠠ | ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠢ ᠪᠠᠶᠢᠭᠤᠯᠵᠤ ᠡᠬᠢᠯᠡᠭᠰᠡᠨ ᠪᠥᠭᠡᠳ ᠰᠢᠯᠢ ᠶᠢᠨ | ᠬᠤᠲᠠ ᠠᠴᠠ ᠳ᠋ᠠᠨᠳᠦ᠋ᠩ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠥᠬᠦ ᠱᠤᠭᠤᠮ ᠨᠡᠪᠲᠡᠷᠡᠪᠡ᠃ ︽ᠴᠣᠣᠯ | ᠭᠤᠣᠯ ᠤᠨ ᠤᠰᠤ ᠶᠢ ᠲᠠᠲᠠᠵᠤ ᠯᠢᠶᠣᠣ ᠾᠧ ᠭᠤᠣᠯ ᠳᠤ ᠨᠡᠮᠡᠷᠢᠯᠡᠬᠦ︾ ᠪᠠ ᠵᠡᠭᠦᠨ ᠲᠠᠶᠢᠰᠠ ᠤᠰᠤᠨ ᠴᠥᠬᠦᠷᠥᠮ | ᠵᠡᠷᠭᠡ ᠢᠨᠵᠧᠨᠧᠷᠢᠩ ᠤᠷᠤᠭᠰᠢᠲᠠᠢ ᠠᠬᠢᠪᠠ᠃ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠢ ᠰᠢᠨ᠎ᠡ ᠪᠠᠷ 4 | ᠪᠠᠶᠢᠭᠤᠯᠵᠤ᠂ ᠠᠷᠠᠳ ᠤᠨ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ 33 ᠪᠣᠯᠪᠠ᠃ ᠲᠡᠭᠷᠢᠯᠢᠭ ᠠᠭᠠᠷ | ᠠᠶᠠᠯᠠᠯ ᠢ ᠨᠡᠪᠲᠡᠷᠡᠭᠦᠯᠵᠦ ᠲᠡᠭᠡᠭᠡᠪᠦᠷᠢᠯᠡᠨ ᠡᠵᠡᠩᠨᠡᠵᠦ ᠡᠬᠢᠯᠡᠭᠰᠡᠨ ᠪᠦᠭᠡᠳ ᠲᠣᠮᠣ ᠨᠢᠰᠬᠡᠯ ᠤᠨ ᠳᠡᠭᠡᠳᠦ ᠰᠤᠷᠭᠠᠭᠤᠯᠢ | ᠵᠢᠩᠬᠢᠨᠢ ᠪᠠᠷ ᠰᠤᠷᠤᠭᠴᠢ ᠡᠯᠰᠡᠵᠦ ᠡᠬᠢᠯᠡᠪᠡ᠃ 12 ᠠᠶᠢᠮᠠᠭ ᠬᠤᠲᠠ ᠳᠤ ᠴᠥᠮ 5G ᠲᠤᠷᠰᠢᠯᠲᠠ ᠶᠢᠨ ᠰᠠᠭᠤᠷᠢ | ᠥᠷᠲᠡᠭᠡ ᠶᠢ ᠨᠡᠭᠡᠭᠡᠵᠦ ᠨᠡᠪᠲᠡᠷᠡᠭᠦᠯᠪᠡ᠃ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠪᠡ᠃ ᠣᠳᠣ ᠦᠶ᠎ᠡ ᠶᠢᠨ | ᠡᠨᠧᠷᠬᠢ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢᠨ | ᠬᠥᠲᠥᠯᠪᠦᠷᠢ ᠶᠢ ᠨᠠᠶᠢᠷᠠᠭᠤᠯᠤᠨ ᠵᠣᠬᠢᠶᠠᠵᠤ᠂ ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠣᠯᠠᠨ | ᠤᠯᠤᠰ ᠤᠨ ᠡᠨᠧᠷᠬᠢ ᠶᠢᠨ ᠶᠡᠭᠡ ᠬᠤᠷᠠᠯ ᠡᠷᠬᠢᠯᠡᠬᠦ ᠶᠢ ᠳᠡᠮᠵᠢᠪᠡ᠃ ᠳᠠᠬᠢᠯᠲᠠ ᠡᠨᠧᠷᠬᠢ ᠶᠢᠨ ᠲᠣᠣᠷ ᠲᠤ | ᠨᠡᠶᠢᠯᠡᠭᠦᠯᠦᠭᠰᠡᠨ ᠮᠠᠰᠢᠨ ᠴᠣᠭᠴᠠᠯᠠᠪᠤᠷᠢ ᠨᠡᠮᠡᠭᠳᠡᠭᠡᠳ 4240 ᠲᠦᠮᠡᠨ ᠺᠢᠯᠤᠸᠠᠲ ᠪᠣᠯᠵᠤ᠂ ᠪᠥᠬᠦ ᠮᠠᠰᠢᠨ | ᠴᠣᠭᠴᠠᠯᠠᠪᠤᠷᠢ ᠶᠢᠨ ᠭᠤᠷᠪᠠᠨ ᠤ ᠨᠢᠭᠡ ᠶᠢ ᠡᠵᠡᠯᠡᠪᠡ᠃ ᠰᠢᠯᠢ ᠶᠢᠨ ᠭᠤᠣᠯ ᠠᠴᠠ ᠱᠠᠨᠳᠦ᠋ᠩ ᠳᠤ ᠳᠠᠮᠵᠢᠭᠤᠯᠬᠤ | ᠣᠨᠴᠠ ᠥᠨᠳᠥᠷ ᠬᠦᠴᠦᠳᠡᠯᠲᠦ ᠢᠵᠢ ᠪᠦᠷᠢᠨ ᠨᠡᠭᠦᠷᠡᠰᠦ ᠴᠠᠬᠢᠯᠭᠠᠨ ᠤ ᠲᠥᠷᠥᠯ ᠵᠦᠢᠯ ᠢ ᠪᠦᠲᠦᠭᠡᠨ ᠪᠠᠶᠢᠭᠤᠯᠬᠤ | ᠠᠵᠢᠯ ᠤᠷᠤᠭᠰᠢᠲᠠᠢ ᠠᠬᠢᠪᠠ︔ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠺᠣᠮᠫᠠᠨᠢ ᠶᠢᠨ ᠣᠷᠳᠣᠰ ᠤᠨ | ᠨᠡᠭᠦᠷᠡᠰᠦ ᠪᠠᠷ ᠠᠯᠺᠧᠨ ᠦᠢᠯᠡᠳᠬᠦ ᠲᠥᠷᠥᠯ ᠵᠦᠢᠯ ᠨᠢ ᠪᠠᠷᠢᠯᠭ᠎ᠠ ᠪᠠᠨ ᠪᠠᠶᠢᠭᠤᠯᠵᠤ ᠡᠬᠢᠯᠡᠪᠡ︔ ᠵᠦᠩ ᠸᠧᠢ | ᠺᠣᠮᠫᠠᠨᠢ ᠶᠢᠨ ᠣᠷᠳᠣᠰ ᠤᠨ ᠡᠨᠧᠷᠬᠢ ᠨᠡᠭᠦᠷᠡᠰᠦᠨ ᠤ ᠬᠦᠷᠦᠰᠦᠨ ᠳᠣᠣᠷᠠᠬᠢ ᠬᠡᠢ ᠬᠢᠮᠢ ᠶᠢᠨ ᠵᠢᠱᠢᠶ᠎ᠡ ᠦᠵᠡᠭᠦᠯᠬᠦ | ᠲᠥᠷᠥᠯ ᠵᠦᠢᠯ ᠨᠢ ᠠᠰᠢᠭᠯᠠᠯᠲᠠ ᠳᠤ ᠣᠷᠣᠪᠡ︔ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ ᠶᠢᠨ | ᠺᠣᠮᠫᠠᠨᠢ ᠶᠢᠨ ᠤᠯᠠᠭᠠᠨᠴᠠᠪ ᠲᠠᠬᠢ ᠰᠠᠯᠬᠢᠨ ᠭᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠨᠢᠭᠡᠳᠦᠭᠡᠷ | ᠬᠤᠭᠤᠴᠠᠭᠠᠨ ᠤ 600 ᠲᠦᠮᠡᠨ ᠺᠢᠯᠤᠸᠠᠲ ᠤᠨ ᠵᠢᠱᠢᠶ᠎ᠡ ᠦᠵᠡᠭᠦᠯᠬᠦ ᠲᠥᠷᠥᠯ ᠵᠦᠢᠯ ᠪᠠᠷᠢᠯᠭ᠎ᠠ ᠪᠠᠨ ᠪᠠᠶᠢᠭᠤᠯᠵᠤ | ᠡᠬᠢᠯᠡᠭᠰᠡᠨ ᠮᠥᠷᠲᠡᠭᠡᠨ ᠲᠡᠷᠡ ᠨᠢ ᠪᠥᠬᠦ ᠪᠥᠮᠪᠥᠷᠴᠡᠭ ᠤᠨ ᠡᠬᠡ ᠬᠠᠭᠤᠷᠠᠢ ᠳᠠᠬᠢ ᠳᠠᠩ ᠴᠣᠭᠴᠠ ᠶᠢᠨ ᠬᠡᠪᠴᠢᠶ᠎ᠡ ᠪᠠᠷ | ᠬᠠᠮᠤᠭ ᠤᠨ ᠲᠣᠮᠣ ᠰᠠᠯᠬᠢᠨ ᠭᠦᠴᠦᠨ ᠤ ᠴᠠᠬᠢᠯᠭᠠᠨ ᠤ ᠲᠥᠷᠥᠯ ᠵᠦᠢᠯ ᠪᠣᠯᠪᠠ︔ ᠦᠬᠠᠢ ᠶᠢᠨ ᠰᠠᠢ ᠰᠧ ᠫᠦ᠋ | ᠥᠨᠳᠥᠷ ᠵᠤᠤᠬ᠎ᠠ ᠶᠢᠨ ᠪᠤᠰᠤ ᠲᠡᠮᠦᠷᠯᠢᠭ ᠬᠠᠶᠢᠯᠤᠭᠤᠯᠬᠤ ᠲᠥᠷᠥᠯ ᠵᠦᠢᠯ ᠨᠢ ᠪᠠᠷᠢᠯᠭ᠎ᠠ ᠪᠠᠨ ᠪᠠᠶᠢᠭᠤᠯᠵᠤ | ᠡᠬᠢᠯᠡᠭᠰᠡᠨ ᠪᠥᠭᠡᠳ ᠲᠡᠮᠦᠷᠯᠢᠭ ᠬᠠᠶᠢᠯᠤᠭᠤᠯᠬᠤ ᠤᠷ᠎ᠠ ᠮᠡᠷᠭᠡᠰᠢᠯ ᠢᠶᠠᠨ ︽ᠨᠡᠭᠦᠷᠡᠰᠦᠲᠥ᠋ᠷᠥᠭᠴᠢ ᠪᠠᠷ ᠲᠡᠮᠦᠷᠯᠢᠭ | ᠬᠠᠶᠢᠯᠤᠭᠤᠯᠵᠤ︾ ᠪᠠᠶᠢᠭᠰᠠᠨ ᠠᠴᠠ ︽ᠤᠰᠤᠲᠦ᠋ᠷᠦᠭᠴᠢ ᠪᠠᠷ ᠲᠡᠮᠦᠷᠯᠢᠭ ᠬᠠᠶᠢᠯᠤᠭᠤᠯᠬᠤ︾ ᠪᠣᠯᠭᠠᠵᠤ | ᠬᠤᠪᠢᠷᠠᠭᠤᠯᠪᠠ︔ ᠪᠥᠬᠦ ᠪᠥᠮᠪᠥᠷᠴᠡᠭ ᠤᠨ ᠠᠭᠤᠷᠬᠠᠢ ᠳᠤ ᠬᠡᠷᠡᠭᠯᠡᠬᠦ ᠠᠩᠬᠠᠨ ᠤ ᠵᠢᠯᠣᠭᠤᠴᠢ ᠦᠭᠡᠢ 5G | ᠰᠦᠯᠵᠢᠶᠡᠨ ᠤ ᠤᠶᠤᠨᠴᠢ ᠮᠠᠰᠢᠨ ᠲᠡᠷᠭᠡ ᠶᠢ ᠪᠠᠶᠠᠠᠤ᠋ᠪᠤᠭᠠ ᠳᠤ ᠠᠰᠢᠭᠯᠠᠯᠲᠠ ᠳᠤ ᠣᠷᠣᠭᠤᠯᠵᠤ ᠠᠵᠢᠯᠯᠠᠭᠤᠯᠪᠠ︔ | ᠰᠢᠶᠠᠨ ᠬᠤᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠥᠪᠥᠷ ᠮᠣᠩᠭᠤᠯ ᠴᠢᠫ︾ ᠰᠠᠴᠤᠷᠠᠭᠤᠯᠬᠤ | ᠳᠠᠪᠲᠠᠮᠵᠢ ᠶᠢᠨ ᠴᠢᠫ ᠢ ᠣᠷᠣᠨ ᠤ ᠳᠣᠲᠣᠷ᠎ᠠ ᠭᠠᠳᠠᠨᠠᠬᠢ ᠵᠠᠮ ᠬᠠᠷᠢᠯᠴᠠᠭ᠎ᠠ᠂ ᠴᠠᠬᠢᠯᠭᠠᠨ ᠬᠦᠴᠦᠨ᠂ ᠪᠠᠷᠠᠭᠠᠨ ᠤ | ᠭᠦᠢᠯᠭᠡᠭᠡ ᠵᠡᠷᠭᠡ ᠬᠦᠷᠢᠶᠡᠨ ᠳᠤ ᠬᠡᠷᠡᠭᠯᠡᠭᠦᠯᠪᠡ᠃ ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠠ ᠪᠤᠰᠤᠳ ᠡᠯᠧᠺᠲᠷᠤᠨ | ᠲᠥᠬᠦᠭᠡᠷᠦᠮᠵᠢ ᠦᠢᠯᠡᠳᠬᠦ ᠦᠢᠯᠡᠰ 58.6% ᠨᠡᠮᠡᠭᠳᠡᠵᠦ᠂ ᠬᠤᠪᠣᠷ ᠰᠢᠷᠣᠢ ᠶᠢᠨ ᠨᠢᠭᠡᠳᠪᠦᠷᠢ᠂ ᠪᠠᠯ ᠴᠢᠯᠠᠭᠤ | ᠵᠢᠴᠢ ᠨᠡᠭᠦᠷᠡᠰᠦᠲᠥ᠋ᠷᠥᠭᠴᠢᠳᠤ ᠦᠢᠯᠡᠳᠬᠦᠨ ᠦᠢᠯᠡᠳᠪᠦᠷᠢᠯᠡᠭᠰᠡᠨ ᠬᠡᠮᠵᠢᠶ᠎ᠡ ᠲᠤᠰ ᠲᠤᠰ 11.4% ᠪᠠ 9.6% | ᠨᠡᠮᠡᠭᠳᠡᠪᠡ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠵᠦ᠂ ᠵᠢᠭᠤᠯᠴᠢᠯᠠᠯ ᠤᠨ ᠦᠢᠯᠡᠰ ᠤᠨ | ᠶᠡᠷᠦᠩᠬᠡᠢ ᠣᠷᠣᠯᠭ᠎ᠠ 12% ᠨᠡᠮᠡᠭᠳᠡᠪᠡ᠂ ᠬᠥᠯᠥᠨ ᠪᠤᠶᠢᠷ ᠤᠨ ᠣᠢ ᠰᠢᠭᠤᠢ ᠲᠠᠯ᠎ᠠ ᠨᠤᠲᠤᠭ ᠤᠨ ᠵᠢᠭᠤᠯᠴᠢᠯᠠᠯ ᠤᠨ | ᠭᠠᠯᠲᠤ ᠲᠡᠷᠭᠡ ᠵᠢᠩᠬᠢᠨᠢ ᠪᠠᠷ ᠠᠶᠠᠯᠠᠯ ᠢᠶᠠᠨ ᠡᠬᠢᠯᠡᠭᠦᠯᠪᠡ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠬᠠᠳᠠᠭᠠᠯᠠᠮᠵᠢ ᠪᠠ ᠵᠢᠭᠡᠯᠡᠯᠭᠡ ᠶᠢᠨ ᠵᠣᠭᠤᠰᠤᠨ ᠤ ᠦᠯᠡᠳᠡᠪᠦᠷᠢ ᠲᠣᠭᠠᠨ ᠤ ᠨᠡᠮᠡᠭᠳᠡᠯ ᠨᠢ ᠳᠡᠭᠡᠷ᠎ᠡ ᠵᠢᠯ ᠤᠨ ᠬᠢ ᠠᠴᠠ | ᠬᠤᠷᠳᠤᠨ ᠪᠠᠶᠢᠪᠠ︔ 1857 ᠳ᠋ᠦᠩᠰᠢᠭᠤᠷ ᠲᠥᠭᠦᠷᠢᠭ ᠤᠨ ᠪᠡᠯᠡ ᠶᠢ ᠰᠢᠭᠤᠳ ᠲᠤᠬᠢᠷᠠᠭᠤᠯᠵᠦ᠂ ᠳᠡᠭᠡᠷ᠎ᠡ | ᠵᠢᠯ ᠤᠨ ᠬᠢ ᠲᠠᠢ ᠬᠠᠷᠢᠴᠠᠭᠤᠯᠬᠤ ᠳᠤ ᠬᠤᠶᠠᠷ ᠳᠠᠬᠢᠨ ᠪᠣᠯᠪᠠ᠃ ᠳᠥᠷᠪᠡᠳᠡᠬᠢ ᠤᠳᠠᠭᠠᠨ ᠤ ᠠᠵᠤ ᠠᠬᠤᠢ ᠶᠢᠨ | ᠨᠡᠶᠢᠳᠡᠮ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠡ᠃ | ︵ᠬᠤᠶᠠᠷ︶ ᠲᠣᠪᠤᠶᠢᠮ᠎ᠠ ᠠᠰᠠᠭᠤᠳᠠᠯ ᠢ ᠣᠨᠣᠪᠴᠢᠲᠠᠢ ᠰᠢᠢᠳᠪᠦᠷᠢᠯᠡᠬᠦ ᠳᠤ ᠬᠦᠴᠦ ᠲᠠᠯᠪᠢᠵᠤ᠂ ᠭᠤᠷᠪᠠᠨ | ᠶᠡᠭᠡ ᠰᠢᠪᠲᠤᠯᠤᠯᠲᠠ ᠶᠢᠨ ᠲᠠᠶᠢᠯᠠᠯᠳᠤᠭᠠᠨ ᠳᠤ ᠵᠠᠩᠭᠢᠯᠠᠭ᠎ᠠ ᠶᠢᠨ ᠠᠬᠢᠴᠠ ᠲᠠᠢ ᠪᠣᠯᠪᠠ᠃ ᠲᠦᠭᠰᠢᠭᠦᠷᠢ ᠶᠢᠨ ᠵᠡᠷᠭᠡ | ᠳᠡᠰ ᠦᠨᠡᠯᠡᠨ ᠲᠣᠭᠲᠠᠭᠠᠬᠤ ᠶᠢ ᠬᠡᠷᠡᠭᠵᠢᠭᠦᠯᠦᠨ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ | ᠴᠢᠩᠭᠠᠷᠠᠭᠤᠯᠵᠤ᠂ ᠳᠠᠯᠳᠠ ᠥᠷᠢ ᠥᠭᠴᠡᠭᠡ ᠶᠢ ᠠᠷᠢᠯᠭᠠᠬᠤ ᠣᠨ ᠤ ᠡᠭᠦᠷᠭᠡ ᠶᠢᠨ 270.7% ᠶᠢ ᠪᠡᠶᠡᠯᠡᠭᠦᠯᠦᠨ᠂ | ︽ᠠᠷᠪᠠ ᠶᠢ ᠨᠡᠶᠢᠳᠡᠮ ᠪᠦᠷᠬᠦᠭᠦᠯᠬᠦ︾ ᠳᠤ ᠥᠷᠢᠲᠦᠵᠦ ᠪᠠᠶᠢᠭᠰᠠᠨ ᠪᠠᠷᠢᠯᠭ᠎ᠠ ᠶᠢᠨ ᠵᠣᠭᠤᠰ ᠢ ᠴᠥᠮ ᠲᠥᠯᠥᠵᠦ | ᠳᠠᠭᠤᠰᠬᠠᠪᠠ᠃ ᠬᠦᠴᠢᠷᠳᠡᠯ ᠢ ᠲᠠᠶᠢᠯᠬᠤ ᠰᠠᠭᠤᠷᠢ ᠮᠥᠩᠭᠦ ᠪᠠ ᠲᠦᠭᠰᠢᠭᠦᠷᠢ ᠶᠢ ᠰᠡᠷᠭᠡᠶᠢᠯᠡᠨ ᠡᠵᠡᠮᠰᠢᠬᠦ ᠰᠠᠭᠤᠷᠢ | ᠮᠥᠩᠭᠦ ᠶᠢ ᠨᠡᠶᠢᠲᠡ 257.4 ᠳ᠋ᠦᠩᠰᠢᠭᠤᠷ ᠲᠥᠭᠦᠷᠢᠭ ᠲᠠᠯᠪᠢᠵᠤ ᠬᠡᠷᠡᠭᠯᠡᠭᠡᠳ 65 ᠠᠵᠤ ᠠᠬᠤᠶᠢᠯᠠᠯ ᠤᠨ ᠦᠷᠢ | ᠥᠭᠴᠡᠭᠡ ᠶᠢᠨ ᠲᠦᠭᠰᠢᠭᠦᠷᠢ ᠪᠠᠨ ᠠᠷᠢᠯᠭᠠᠬᠤ ᠶᠢ ᠳᠡᠮᠵᠢᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ | ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭᠰᠠᠨ ᠳᠠᠩᠰᠠᠨ ᠳᠠᠬᠢ ᠵᠣᠭᠤᠰ ᠢ 672.9 ᠳ᠋ᠦᠩᠰᠢᠭᠤᠷ | ᠲᠥᠭᠦᠷᠢᠭ ᠢᠯᠭᠠᠷᠠᠭᠤᠯᠵᠤ᠂ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠲᠥᠪ ᠬᠤᠷᠢᠶᠠᠨ ᠤ | ᠳᠡᠮᠵᠢᠯᠭᠡ ᠪᠠᠷ ᠪᠤᠭᠤᠲᠤ ᠶᠢᠨ ᠬᠤᠳᠠᠯᠳᠤᠭᠠᠨ ᠤ ᠪᠠᠩᠬᠢ ᠶᠢᠨ ᠲᠦᠭᠰᠢᠭᠦᠷᠢ ᠶᠢ ᠲᠣᠬᠢᠷᠠᠮᠵᠢᠲᠠᠢ ᠰᠢᠢᠳᠪᠦᠷᠢᠯᠡᠪᠡ᠃ | ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠳᠡᠮᠵᠢᠯᠭᠡ ᠪᠠᠷ ᠵᠠᠰᠠᠮᠠᠯ ᠵᠠᠮ ᠤᠨ ᠪᠡᠯᠡ ᠣᠷᠣᠭᠤᠯᠤᠯᠲᠠ ᠶᠢᠨ | ᠺᠣᠮᠫᠠᠨᠢ ᠶᠢᠨ ᠥᠷᠢ ᠥᠭᠴᠡᠭᠡ ᠪᠠᠨ ᠳᠠᠬᠢᠵᠤ ᠵᠣᠬᠢᠶᠠᠨ ᠪᠠᠶᠢᠭᠤᠯᠬᠤ ᠶᠢ ᠭᠦᠢᠴᠡᠳᠬᠡᠵᠦ᠂ ᠪᠤᠭᠤᠲᠤ ᠶᠢᠨ ᠪᠣᠯᠣᠳ | ᠲᠡᠮᠦᠷ ᠤᠨ ᠪᠦᠯᠦᠭᠯᠡᠯ ᠤᠨ ᠵᠠᠬ᠎ᠠ ᠳᠡᠯᠭᠡᠭᠦᠷᠴᠢᠯᠡᠨ ᠵᠢᠭᠡᠯᠡᠯᠭᠡ ᠪᠠᠨ ᠰᠲ᠋ᠣᠺ ᠪᠣᠯᠭᠠᠨ ᠬᠤᠪᠢᠷᠠᠭᠤᠯᠬᠤ 77.35 | ᠳ᠋ᠦᠩᠰᠢᠭᠤᠷ ᠲᠥᠭᠦᠷᠢᠭ ᠢ ᠪᠣᠳᠠᠲᠠᠶᠢᠵᠢᠭᠤᠯᠪᠠ᠂ ᠪᠥᠬᠦ ᠣᠷᠣᠨ ᠳᠤ ᠵᠠᠬ᠎ᠠ ᠳᠡᠯᠭᠡᠭᠦᠷᠴᠢᠯᠡᠨ ᠵᠢᠭᠡᠯᠡᠯᠭᠡ ᠪᠠᠨ ᠰᠲ᠋ᠣᠺ | ᠪᠣᠯᠭᠠᠵᠤ ᠬᠤᠪᠢᠷᠠᠭᠤᠯᠤᠭᠰᠠᠨ ᠪᠥᠬᠦ ᠵᠣᠭᠤᠰᠤᠨ ᠤ ᠲᠤᠭ᠎ᠠ ᠨᠢ 234 ᠳ᠋ᠦᠩᠰᠢᠭᠤᠷ ᠲᠥᠭᠦᠷᠢᠭ ᠪᠠᠶᠢᠵᠤ᠂ ᠠᠵᠤ | ᠠᠬᠤᠶᠢᠯᠠᠯ ᠤᠨ ᠥᠷᠢ ᠥᠭᠴᠡᠭᠡ ᠶᠢᠨ ᠲᠦᠭᠰᠢᠭᠦᠷᠢ ᠮᠡᠳᠡᠭᠳᠡᠮ᠎ᠡ ᠪᠠᠭᠤᠷᠠᠪᠠ᠃ | ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠲᠠᠯ᠎ᠠ ᠪᠠᠷ ᠬᠢ ᠲᠣᠪᠤᠶᠢᠮ᠎ᠠ ᠠᠰᠠᠭᠤᠳᠠᠯ ᠢ | ᠠᠩᠬᠠᠷᠤᠨ ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠬᠠᠢ ᠠᠵᠢᠯᠯᠠᠭ᠎ᠠ ᠶᠢ | ᠥᠷᠨᠢᠭᠦᠯᠦᠨ᠂ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ 20 ᠬᠤᠰᠢᠭᠤ ᠰᠢᠶᠠᠨ ᠢ ᠶᠠᠳᠠᠭᠤ | ᠬᠦᠴᠢᠷᠳᠡᠯᠲᠡᠢ ᠶᠢᠨ ᠲᠣᠭᠠᠨ ᠠᠴᠠ ᠬᠠᠰᠤᠬᠤ᠂ ᠶᠠᠳᠠᠭᠤ ᠬᠦᠴᠢᠷᠳᠡᠯᠲᠡᠢ 676 ᠭᠠᠴᠠᠭ᠎ᠠ ᠲᠣᠰᠬᠤᠨ ᠢ ᠶᠠᠳᠠᠭᠤ | ᠬᠦᠴᠢᠷᠳᠡᠯᠲᠡᠢ ᠶᠢᠨ ᠵᠢᠭᠰᠠᠭᠠᠯᠲᠠ ᠠᠴᠠ ᠭᠠᠷᠭᠠᠬᠤ᠂ ᠶᠠᠳᠠᠭᠤ ᠬᠦᠴᠢᠷᠳᠡᠯᠲᠡᠢ 14 ᠲᠦᠮᠡ ᠭᠠᠷᠤᠢ ᠬᠥᠮᠥᠰ ᠢ | ᠶᠠᠳᠠᠭᠤ ᠠᠴᠠ ᠠᠩᠭᠢᠵᠢᠷᠠᠭᠤᠯᠬᠤ ᠪᠠᠷ ᠵᠢᠱᠢᠭᠰᠡᠨ ᠪᠠᠶᠢᠨ᠎ᠠ᠃ ᠪᠥᠬᠦ ᠵᠢᠯ ᠳᠤ ᠡᠳ᠋ ᠤᠨ ᠵᠠᠰᠠᠭ ᠤᠨ ᠲᠤᠰᠬᠠᠢ ᠪᠡᠯᠡ | ᠮᠥᠩᠭᠦ ᠶᠢ 99.23 ᠳ᠋ᠦᠩᠰᠢᠭᠤᠷ ᠲᠥᠭᠦᠷᠢᠭ ᠣᠷᠣᠭᠤᠯᠪᠠ᠂ ᠡᠭᠦᠨ ᠳᠤ ᠲᠤᠩ ᠶᠠᠳᠠᠭᠤ ᠬᠦᠴᠢᠷᠳᠡᠯᠲᠡᠢ ᠭᠠᠵᠠᠷ | ᠣᠷᠣᠨ ᠳᠠᠬᠢ ᠣᠷᠣᠭᠤᠯᠤᠯᠲᠠ 23.4% ᠨᠡᠮᠡᠭᠳᠡᠪᠡ᠃ ᠪᠥᠬᠦ ᠤᠯᠤᠰ ᠤᠨ ᠬᠡᠪᠴᠢᠶᠠᠨ ᠳᠠᠬᠢ ᠶᠠᠳᠠᠭᠤ ᠶᠢ | ᠲᠡᠳᠬᠦᠭᠰᠡᠨ ᠡᠳ᠋ ᠬᠥᠷᠥᠩᠭᠡ ᠳᠤ ᠢᠯᠭᠠᠷᠠᠭᠤᠯᠤᠨ ᠪᠠᠶᠢᠴᠠᠭᠠᠬᠤ ᠪᠠ ᠬᠠᠮᠢᠶᠠᠷᠬᠤ ᠲᠤᠷᠰᠢᠯᠲᠠ ᠶᠢᠨ ᠴᠡᠭ ᠭᠠᠷᠭᠠᠬᠤ | ᠠᠵᠢᠯ ᠢ ᠤᠷᠢᠳ ᠢᠶᠠᠷ ᠥᠷᠨᠢᠭᠦᠯᠪᠡ᠃ ᠪᠡᠭᠡᠵᠢᠩ ᠬᠤᠲᠠ ᠵᠢᠴᠢ ᠲᠥᠪ ᠤᠨ ᠨᠢᠭᠡᠴᠢ ᠨᠦᠭᠦᠳ ᠪᠡᠯᠡ ᠮᠥᠩᠭᠦ᠂ | ᠴᠢᠳᠠᠪᠤᠷᠢᠲᠠᠨ᠂ ᠮᠡᠷᠭᠡᠵᠢᠯ ᠪᠠ ᠠᠵᠤ ᠦᠢᠯᠡᠰ ᠵᠡᠷᠭᠡ ᠲᠠᠯ᠎ᠠ ᠪᠠᠷ ᠬᠦᠴᠦᠲᠡᠢ ᠳᠡᠮᠵᠢᠯᠭᠡ ᠦᠵᠡᠭᠦᠯᠦᠭᠰᠡᠨ ᠠᠴᠠ | ᠶᠠᠳᠠᠭᠤ ᠶᠢ ᠲᠡᠳᠭᠦᠬᠦ ᠲᠠᠯ᠎ᠠ ᠶᠢᠨ ᠬᠠᠮᠵᠢᠯᠴᠠᠨ ᠠᠵᠢᠯᠯᠠᠬᠤ ᠪᠠ ᠴᠡᠭ ᠲᠣᠭᠲᠠᠭᠠᠨ ᠶᠠᠳᠠᠭᠤ ᠶᠢ ᠳᠡᠳᠬᠦᠬᠦ ᠠᠵᠢᠯ ᠤᠨ | ᠦᠷ᠎ᠡ ᠠᠰᠢᠭ ᠮᠡᠳᠡᠭᠳᠡᠮ᠎ᠡ ᠳᠡᠭᠡᠭᠰᠢᠯᠡᠭᠰᠡᠨ ᠪᠠᠶᠢᠨ᠎ᠠ᠃ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤ ᠬᠠᠷᠢᠭᠤ | ᠲᠤᠰᠬᠠᠭᠰᠠᠨ ᠠᠰᠠᠭᠤᠳᠠᠯ ᠢ ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ᠂ ᠪᠥᠬᠦ ᠣᠷᠣᠨ ᠤ ᠠᠭᠠᠷ ᠤᠨ ᠴᠡᠪᠡᠷᠴᠡ ᠶᠢᠨ | ᠪᠠᠷᠢᠮᠵᠢᠶ᠎ᠠ ᠳᠤ ᠬᠦᠷᠦᠭᠰᠡᠨ ᠡᠳᠦᠷ ᠬᠤᠨᠤᠭ ᠤᠨ ᠲᠡᠭᠰᠢᠳᠬᠡᠭᠰᠡᠨ ᠲᠣᠭᠠᠨ ᠤ ᠬᠠᠷᠢᠴᠠᠯ 89.6% ᠳᠤ ᠬᠦᠷᠴᠦ᠂ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠳᠠᠬᠢ ᠬᠦᠬᠦᠷ ᠤᠨ ᠳᠠᠪᠬᠤᠷ ᠢᠰᠦᠯ᠂ | ᠰᠢᠪᠳᠤᠷᠲᠤ ᠠᠽᠤᠲ ᠭᠠᠳᠠᠭᠰᠢᠯᠠᠭᠤᠯᠬᠤ ᠶᠢ ᠪᠠᠭᠠᠰᠬᠠᠬᠤ ᠡᠭᠦᠷᠭᠡ ᠪᠠᠨ ᠤᠷᠢᠳᠴᠢᠯᠠᠨ ᠪᠡᠶᠡᠯᠡᠭᠦᠯᠪᠡ᠃ ︽ᠭᠤᠷᠪᠠᠨ | ᠨᠠᠭᠤᠷ︾ ᠢ ᠵᠠᠰᠠᠬᠤ ᠲᠥᠯᠥᠪᠵᠢᠭᠦᠯᠭᠡ ᠶᠢ ᠨᠠᠶᠢᠷᠠᠭᠤᠯᠤᠨ᠂ ᠬᠥᠯᠥᠨ ᠨᠠᠭᠤᠷ ᠤᠨ ᠬᠤᠶᠠᠳᠠᠬᠢ ᠬᠤᠭᠤᠴᠠᠭᠠᠨ ᠤ | ᠵᠠᠰᠠᠯᠲᠠ ᠶᠢᠨ ᠢᠨᠵᠧᠨᠧᠷᠢᠩ ᠳᠠᠬᠢ 13 ᠲᠥᠷᠥᠯ ᠵᠦᠢᠯ ᠢ ᠴᠥᠮ ᠪᠠᠶᠢᠭᠤᠯᠵᠤ ᠡᠬᠢᠯᠡᠭᠰᠡᠨ ᠪᠥᠭᠡᠳ ᠤᠰᠤᠨ ᠤ | ᠴᠢᠨᠠᠷ ᠮᠠᠭᠤᠳᠠᠬᠤ ᠬᠠᠨᠳᠤᠰᠢ ᠶᠢ ᠠᠩᠬ᠎ᠠ ᠠᠯᠬᠤᠮ ᠡᠷᠬᠡᠰᠢᠶᠡᠪᠡ︔ ᠳᠠᠭ᠎ᠠ ᠶᠢᠨ ᠨᠠᠭᠤᠷ ᠤᠨ ᠤᠰᠤᠨ ᠤ ᠴᠢᠨᠠᠷ ᠤᠨ | ᠭᠤᠣᠯ ᠪᠣᠯᠬᠤ ᠭᠦᠢᠴᠡᠳᠬᠡᠯ ᠲᠤᠭ᠎ᠠ ᠲᠣᠭᠲᠠᠪᠤᠷᠢᠵᠢᠵᠤ ᠰᠠᠶᠢᠵᠢᠷᠠᠪᠡ︔ ᠤᠯᠠᠭᠠᠨᠰᠤᠬᠠᠢ ᠶᠢᠨ ᠠᠮᠢ ᠠᠬᠤᠢ ᠳᠤ 6. | 15 ᠳ᠋ᠦᠩᠰᠢᠭᠤᠷ ᠲᠡᠭᠰᠢ ᠳᠥᠷᠪᠡᠯᠵᠢᠨ ᠮᠧᠲᠷ ᠤᠰᠤ ᠨᠥᠬᠦᠪᠦᠷᠢᠯᠡᠵᠦ᠂ ᠤᠰᠤᠨ ᠤ ᠴᠢᠨᠠᠷ ᠤᠨ ᠶᠡᠷᠦᠩᠬᠡᠢ | ᠪᠠᠶᠢᠳᠠᠯ ᠨᠢ ᠮᠠᠭᠤ ᠲᠥᠷᠥᠯ ᠤᠨ ᠲᠠᠪᠤᠳᠤᠭᠠᠷ ᠲᠤ ᠵᠢᠭᠰᠠᠭᠠᠭᠳᠠᠵᠤ ᠪᠠᠶᠢᠭᠰᠠᠨ ᠠᠴᠠ ᠪᠠᠨ ᠲᠣᠭᠲᠠᠭᠤᠨ ᠢᠶᠠᠷ | ᠳᠡᠭᠡᠭᠰᠢᠯᠡᠭᠡᠳ ᠲᠠᠪᠤᠳᠤᠭᠠᠷ ᠲᠥᠷᠥᠯ ᠳᠤ ᠣᠷᠣᠪᠠ᠃ ᠬᠤᠲᠠ ᠶᠢᠨ ᠪᠠᠶᠢᠭᠤᠯᠵᠤ ᠳᠠᠭᠤᠰᠬᠠᠭᠰᠠᠨ ᠲᠣᠭᠤᠷᠢᠭ ᠲᠠᠬᠢ | ᠪᠣᠬᠢᠷ ᠦᠮᠡᠬᠡᠢ ᠤᠰᠤ ᠶᠢ ᠵᠠᠰᠠᠬᠤ ᠡᠭᠦᠷᠭᠡ ᠪᠠᠨ ᠪᠥᠬᠦᠨ ᠢ ᠪᠡᠶᠡᠯᠡᠭᠦᠯᠵᠦ ᠳᠠᠭᠤᠰᠬᠠᠪᠠ᠃ ᠲᠠᠷᠢᠶᠠᠯᠠᠩ ᠳᠤ | ᠬᠡᠷᠡᠭᠯᠡᠬᠦ ᠭᠠᠵᠠᠷ ᠤᠨ ᠪᠣᠬᠢᠷᠲᠤᠭᠰᠠᠨ ᠪᠠᠶᠢᠳᠠᠯ ᠤᠨ ᠨᠠᠷᠢᠨ ᠪᠠᠶᠢᠴᠠᠭᠠᠯᠲᠠ ᠪᠠᠨ ᠤᠯᠤᠰ ᠤᠨ ᠰᠢᠯᠭᠠᠨ ᠬᠤᠷᠢᠶᠠᠵᠤ | ᠠᠪᠬᠤ ᠳᠤ ᠪᠠᠲᠤᠯᠠᠭᠤᠯᠵᠤ᠂ ᠪᠥᠬᠦ ᠣᠷᠣᠨ ᠤ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ | ᠶᠡᠷᠦᠩᠬᠡᠢ ᠳᠤ ᠪᠠᠨ ᠮᠠᠰᠢ ᠰᠠᠶᠢᠨ ᠪᠠᠶᠢᠨ᠎ᠠ᠃ | ᠠᠮᠢ ᠠᠬᠤᠢ ᠶᠢ ᠥᠩᠵᠢᠭᠦᠯᠦᠨ ᠰᠡᠷᠭᠦᠭᠡᠵᠦ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ 1363 ᠲᠦᠮᠡᠨ | ᠮᠦ ᠣᠢ ᠰᠢᠭᠤᠢ ᠣᠶᠢᠵᠢᠭᠤᠯᠤᠭᠰᠠᠨ ᠪᠥᠭᠡᠳ 944 ᠲᠦᠮᠡᠨ ᠮᠦ ᠬᠥᠷᠥᠰᠥ ᠰᠢᠷᠣᠢ ᠶᠢᠨ ᠢᠳᠡᠭᠳᠡᠯ ᠲᠠᠢ ᠭᠠᠵᠠᠷ ᠢ | ᠵᠠᠰᠠᠪᠠ᠃ ᠶᠡᠭᠡ ᠬᠢᠩᠭᠠᠨ ᠳᠠᠪᠠᠭᠠᠨ ᠤ ᠣᠢ ᠰᠢᠭᠤᠢ ᠶᠢ ᠰᠦᠢᠳᠬᠡᠨ ᠠᠲᠠᠷ ᠬᠠᠭᠠᠯᠪᠤᠷᠢᠯᠠᠭᠰᠠᠨ ᠣᠷᠣᠨ ᠳᠤ | ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠪᠡ᠃ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ | ᠠᠷᠭ᠎ᠠ ᠶᠢ ᠨᠡᠶᠢᠲᠡᠯᠡᠪᠡ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠠᠬᠢ 96.7% ᠦᠢᠯᠡᠳᠪᠦᠷᠢ ᠠᠭᠤᠷᠬᠠᠢ | ᠠᠵᠤ ᠠᠬᠤᠶᠢᠯᠠᠯ ᠢ ᠪᠤᠴᠠᠭᠠᠨ ᠭᠠᠷᠭᠠᠪᠠ᠃ ᠤᠯᠠᠭᠠᠨᠬᠤᠲᠠ᠂ ᠬᠢᠶ᠎ᠠ ᠪᠠᠭᠰᠢ᠂ ᠭᠡᠭᠡᠨ ᠭᠤᠣᠯ ᠤᠯᠤᠰ ᠤᠨ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ︵ᠰᠢᠶᠠᠨ︶ ᠶᠢᠨ ᠴᠣᠯᠠ ᠶᠢ | ᠬᠦᠷᠲᠡᠵᠦ᠂ ᠷᠠᠰᠢᠶᠠᠨ ᠬᠤᠲᠠ ᠤᠯᠤᠰ ᠤᠨ ︽ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ︾ | ᠶᠢᠨ ᠦᠢᠯᠡᠳᠦᠯᠭᠡᠵᠢᠭᠦᠯᠵᠦ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠨᠡᠷᠡᠯᠡᠭᠳᠡᠪᠡ᠃ ᠬᠥᠯᠥᠨ ᠪᠤᠶᠢᠷ ᠤᠨ | ᠣᠯᠠᠨ ᠤᠯᠤᠰ ᠤᠨ ᠪᠣᠬᠢᠷᠳᠣᠯ ᠦᠭᠡᠢ ᠬᠥᠭᠵᠢᠯᠲᠡ ᠶᠢᠨ ᠶᠡᠭᠡ ᠬᠤᠷᠠᠯ ᠡᠷᠬᠢᠯᠡᠬᠦ ᠶᠢ ᠲᠡᠮᠵᠢᠪᠡ᠃ | ︵ᠭᠤᠷᠪᠠ︶ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠣᠬᠤ ᠪᠣᠳᠣᠯᠭ᠎ᠠ ᠶᠢ ᠯᠠᠪᠳᠠᠭᠤᠨ | ᠪᠠᠲᠤᠲᠠᠢ ᠠᠬᠢᠭᠤᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠳᠤ ᠰᠢᠨ᠎ᠡ ᠦᠷ᠎ᠡ ᠪᠦᠲᠦᠮᠵᠢ ᠣᠯᠪᠠ᠃ | ᠠᠮᠤ ᠪᠤᠳᠠᠭ᠎ᠠ ᠦᠢᠯᠡᠳᠪᠦᠷᠢᠯᠡᠬᠦ ᠴᠢᠳᠠᠮᠵᠢᠲᠦ ᠣᠷᠣᠨ ᠪᠠ ᠴᠢᠬᠤᠯᠠ ᠪᠣᠯᠬᠤ ᠲᠠᠷᠢᠶᠠᠯᠠᠩ ᠤᠨ ᠪᠦᠲᠦᠭᠡᠭᠳᠡᠭᠦᠨ ᠤ | ᠦᠢᠯᠡᠳᠪᠦᠷᠢᠯᠡᠵᠦ ᠬᠠᠮᠠᠭᠠᠯᠠᠬᠤ ᠣᠷᠣᠨ ᠢ ᠬᠤᠪᠢᠶᠠᠷᠢᠯᠠᠨ ᠲᠣᠭᠲᠠᠭᠠᠵᠦ᠂ ᠦᠨᠳᠦᠷ ᠪᠠᠷᠢᠮᠵᠢᠶᠠᠲᠦ ᠲᠠᠷᠢᠶᠠᠨ | ᠭᠠᠵᠠᠷ ᠢ 144 ᠲᠦᠮᠡᠨ ᠮᠦ ᠰᠢᠨ᠎ᠡ ᠪᠠᠷ ᠨᠡᠮᠡᠭᠳᠡᠭᠦᠯᠪᠡ᠃ ᠲᠠᠷᠢᠮᠠᠯ ᠤᠨ ᠪᠦᠲᠦᠴᠡ ᠶᠢ ᠲᠣᠬᠢᠷᠠᠭᠤᠯᠤᠨ᠂ | ᠮᠥᠬᠦᠯᠢᠭᠲᠦ ᠡᠷᠳᠡᠨᠢ ᠰᠢᠰᠢ ᠲᠠᠷᠢᠬᠤ ᠶᠢ ᠪᠠᠭᠠᠰᠬᠠᠵᠤ᠂ ᠰᠢᠷ᠎ᠠ ᠪᠤᠷᠴᠠᠭ ᠪᠠ ᠬᠥᠬᠡ ᠲᠠᠷᠤᠰᠢᠭᠤᠯᠤᠨᠨᠰᠠᠨ ᠡᠷᠳᠡᠨᠢ | ᠰᠢᠰᠢ ᠲᠠᠷᠢᠬᠤ ᠶᠢ ᠨᠡᠮᠡᠭᠳᠡᠭᠦᠯᠪᠡ᠃ ᠲᠦᠮᠦᠰᠦ ᠶᠢ ᠭᠤᠣᠯᠯᠠᠬᠰᠠᠨ ᠠᠮᠤ ᠪᠤᠳᠠᠭ᠎ᠠ ᠪᠤᠯᠭᠠᠬᠤ ᠶᠢ ᠠᠬᠢᠭᠤᠯᠵᠤ᠂ | ᠲᠦᠮᠦᠰᠦ ᠶᠢᠨ ᠭᠤᠣᠯ ᠭᠠᠷᠤᠯᠲᠠ ᠶᠢᠨ ᠤᠷᠤᠨ ᠳᠤ ᠨᠡᠮᠡᠭᠦᠷᠢ ᠦᠭᠭᠦᠨ᠎ᠡ᠃ ᠦᠶᠤᠸᠠᠨ ᠰᠢᠶᠠᠨ ᠵᠡᠷᠭᠡ ᠭᠠᠵᠠᠷ ᠤᠨ | ᠬᠤᠵᠢᠷᠰᠢᠭᠰᠠᠨ ᠬᠠᠭᠠᠯᠪᠤᠷᠢᠯᠠᠵᠤ ᠲᠠᠷᠢᠶᠠᠯᠠᠬᠤ ᠭᠠᠵᠠᠷ ᠲᠤ ᠰᠢᠨᠡᠳᠬᠡᠨ ᠰᠠᠶᠢᠵᠢᠷᠠᠭᠤᠯᠬᠤ ᠲᠤᠷᠰᠢᠯᠳᠠ ᠶᠢᠨ ᠴᠡᠭ ᠢ | ᠪᠠᠶᠢᠭᠤᠯᠵᠤ᠂ ᠳᠡᠯᠭᠡᠷᠡᠭᠦᠯᠵᠦ ᠪᠣᠯᠬᠤ ᠮᠡᠷᠭᠡᠵᠢᠯ ᠤᠨ ᠵᠠᠭᠪᠤᠷ ᠲᠠᠢ ᠪᠣᠯᠪᠠ᠃ ᠲᠠᠷᠢᠶᠠᠯᠠᠩ ᠮᠠᠯ ᠠᠵᠤ ᠠᠬᠤᠢ | ᠳᠠᠬᠢᠨᠳᠠ ᠡᠯᠪᠡᠭ ᠬᠤᠷᠢᠶᠠᠯᠲᠠ ᠣᠯᠵᠤ᠂ ᠠᠮᠤ ᠪᠤᠳᠠᠭᠠᠨ ᠤ ᠤᠨᠠᠯᠲᠠ 730.5 ᠳ᠋ᠦᠩᠰᠢᠭᠤᠷ ᠵᠢᠩ ᠳᠤ ᠬᠦᠷᠴᠦ᠂ | ᠮᠢᠬᠠᠨ ᠤ ᠲᠦᠷᠦᠯ ᠤᠨ ᠶᠡᠷᠦᠩᠬᠡᠢ ᠭᠠᠷᠤᠯᠲᠠ 257 ᠲᠦᠮᠡᠨ ᠲᠤᠨ ᠪᠣᠯᠪᠠ᠃ ᠰᠦ᠋ ᠰᠠᠭᠠᠯᠢ ᠶᠢᠨ ᠦᠢᠯᠡᠰ ᠢ | ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠳ᠋ᠧᠩᠺᠧᠥ᠂ ᠬᠤᠷᠢᠨᠭᠡᠷ ᠲᠤ ᠴᠢᠨᠠᠷ | ᠰᠠᠶᠢᠲᠠᠢ ᠪᠡᠯᠴᠢᠭᠡᠷ ᠡᠪᠡᠰᠦ ᠲᠠᠷᠢᠬᠤ ᠲᠣᠷᠰᠢᠯᠲᠠ ᠶᠢᠨ ᠴᠡᠭ ᠪᠠᠶᠢᠭᠤᠯᠤᠨ᠂ ᠰᠠᠭᠠᠯᠢ ᠶᠢᠨ ᠦᠨᠢᠶᠡᠨ ᠤ ᠲᠤᠭ᠎ᠠ | ᠲᠤᠯᠤᠭᠠᠢ ᠪᠠ ᠦᠨᠢᠶᠡᠨ ᠰᠦᠨ ᠤ ᠭᠠᠷᠤᠯᠲᠠ ᠳᠠᠬᠢᠨᠲᠠ ᠳᠡᠭᠡᠭᠰᠢᠯᠡᠨ ᠨᠡᠮᠡᠭᠳᠡᠬᠦ ᠪᠣᠯᠪᠠ᠃ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠭᠦᠨ ᠤ 11 ᠣᠷᠣᠨ ᠪᠦᠰᠡ ᠶᠢᠨ ᠤᠯᠠᠨ ᠨᠡᠶᠢᠲᠡ ᠶᠢᠨ ᠨᠡᠷᠡᠲᠦ ᠲᠡᠮᠳᠡᠭ ᠢᠶᠠᠷ | 2019 ᠣᠨ ᠤ ᠳᠤᠮᠳᠠᠳᠤ ᠤᠯᠤᠰ ᠤᠨ ᠬᠥᠳᠡᠭᠡ ᠠᠵᠤ ᠠᠬᠤᠢ ᠶᠢᠨ ᠨᠡᠷᠡᠲᠦ ᠲᠡᠮᠳᠡᠭ ᠤᠨ ᠭᠠᠷᠴᠠᠭ ᠲᠤ | ᠰᠤᠩᠭᠤᠭᠳᠠᠵᠤ᠂ ᠲᠡᠭᠷᠢ ᠶᠢᠨ ᠬᠡᠰᠢᠭᠳᠦ ᠪᠤᠷᠤᠳᠤᠬᠤᠢ ᠶᠢᠨ ᠣᠷᠣᠨ ᠪᠦᠰᠡ ᠶᠢᠨ ᠨᠡᠷᠡᠲᠦ ᠲᠡᠮᠳᠡᠭ ᠤᠨ ᠨᠦᠯᠦᠭᠡᠯᠡᠬᠦ | ᠬᠦᠴᠦᠨ ᠨᠢ ᠪᠦᠬᠦ ᠤᠯᠤᠰ ᠤᠨ ᠬᠤᠶᠠᠳᠤᠭᠠᠷ ᠲᠤ ᠪᠠᠶᠢᠷᠢᠯᠠᠬᠤ ᠪᠣᠯᠵᠤ᠂ ᠪᠦᠲᠦᠭᠡᠭᠳᠡᠭᠦᠨ ᠤ ᠦᠨ᠎ᠡ ᠬᠠᠩᠰᠢ ᠶᠢᠨ | ᠥᠭᠰᠥᠯᠲᠡ ᠨᠢ 20% ᠠᠴᠠ ᠳᠡᠭᠡᠭᠰᠢ ᠪᠣᠯᠪᠡ᠃ | ᠮᠠᠯᠵᠢᠬᠤ ᠲᠠᠷᠢᠶᠠᠯᠠᠬᠤ ᠣᠷᠣᠨ ᠤ ᠤᠷᠤᠰᠢᠨ ᠰᠠᠭᠤᠷᠢᠰᠢᠬᠤ ᠣᠷᠴᠢᠨ ᠨᠦᠬᠦᠴᠡᠯ ᠢ ᠴᠡᠭᠴᠡᠯᠡᠨ ᠵᠠᠰᠠᠵᠦ᠂ | ᠮᠠᠯᠵᠢᠬᠤ ᠲᠠᠷᠢᠶᠠᠯᠠᠬᠤ ᠣᠷᠣᠨ ᠳᠤ ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠦᠭᠰᠡᠨ ᠨᠤᠷᠮ᠎ᠠ 22.4% ᠳᠤ | ᠬᠦᠷᠴᠦ᠂ 6.3 ᠵᠠᠭᠤᠨ ᠤ ᠴᠡᠭ ᠳᠡᠭᠡᠭᠰᠢᠯᠡᠪᠡ᠃ ᠪᠠᠶᠢᠭᠤᠯᠤᠮᠵᠢᠲᠦ ᠭᠠᠴᠠᠭ᠎ᠠ ᠲᠤᠰᠬᠤᠨ ᠳᠤ ᠳᠡᠪᠢᠰᠴᠦ | ᠬᠠᠲᠠᠭᠤᠷᠠᠭᠤᠯᠤᠭᠰᠠᠨ ᠵᠠᠮ ᠪᠠ ᠥᠷᠭᠡᠨ ᠪᠦᠰᠡᠲᠦ ᠰᠦᠯᠵᠢᠶ᠎ᠡ ᠶᠢ ᠦᠨᠳᠦᠰᠦᠨ ᠳᠤ ᠪᠠᠨ ᠪᠦᠷᠭᠦᠭᠦᠯᠵᠦ᠂ ᠠᠯᠤᠰ | ᠬᠤᠯᠠ ᠪᠤᠶᠢᠲᠠ ᠪᠦᠭᠯᠡᠭᠦᠦ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠬᠦ ᠴᠠᠬᠢᠯᠭᠠᠨ ᠢ ᠲᠡᠰ ᠳᠡᠪᠰᠢᠭᠦᠯᠦᠨ | ᠥᠭᠡᠷᠡᠴᠢᠯᠡᠵᠦ ᠰᠢᠨᠡᠳᠬᠡᠬᠦ ᠶᠢ ᠦᠨᠳᠦᠰᠦᠨ ᠳᠤ ᠪᠠᠨ ᠪᠡᠶᠡᠯᠡᠭᠦᠯᠵᠤ᠂ ︽ᠬᠦᠯᠡᠮᠵᠢ ᠲᠠᠢ ᠳᠦᠬᠦᠷᠵᠢᠭᠦᠯᠦᠭᠰᠡᠨ ᠭᠡᠷ | ᠪᠠᠶᠢᠰᠢᠩ︾ ᠢ ᠲᠤᠰᠬᠠᠶᠢᠯᠠᠨ ᠴᠡᠭᠴᠡᠯᠡᠵᠦ ᠵᠠᠰᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠪᠡ᠃ ᠰᠢᠨ᠎ᠡ ᠪᠠᠷᠭᠤ | ᠪᠠᠷᠠᠭᠤᠨ ᠬᠤᠰᠢᠭᠤ᠂ ᠠᠪᠠᠭ᠎ᠠ ᠬᠤᠰᠢᠭᠤᠨ ᠳᠤ ᠮᠠᠯᠵᠢᠬᠤ ᠣᠷᠣᠨ ᠤ ᠤᠳᠤᠬᠢᠴᠢᠯᠠᠬᠤ ᠲᠣᠷᠰᠢᠯᠲᠠ ᠶᠢᠨ ᠴᠡᠭ᠂ | ᠲᠦᠴᠢᠦᠸᠠᠨ ᠰᠢᠶᠠᠨ ᠳᠤ ᠬᠤᠭ ᠨᠣᠪᠰᠢ ᠶᠢ ᠲᠦᠷᠦᠯ ᠠᠩᠬᠢᠯᠠᠨ ᠰᠢᠢᠳᠪᠦᠷᠢᠯᠡᠬᠦ ᠲᠣᠷᠰᠢᠯᠲᠠ ᠶᠢᠨ ᠴᠡᠭ ᠪᠠ | ᠰᠢᠯᠤᠭᠤᠨ ᠬᠥᠬᠡ ᠬᠤᠰᠢᠭᠤᠨ ᠳᠤ ᠮᠠᠯᠵᠢᠬᠤ ᠣᠷᠣᠨ ᠤ ᠵᠣᠷᠯᠣᠩ ᠢ ᠦᠭᠡᠷᠡᠴᠢᠯᠡᠬᠦ ᠲᠣᠷᠰᠢᠯᠲᠠ ᠶᠢᠨ ᠴᠡᠭ ᠤᠨ | ᠠᠵᠢᠯ ᠢ ᠦᠷᠨᠢᠭᠦᠯᠪᠡ᠃ | ︵ᠳᠥᠷᠪᠡ︶ ᠦᠭᠡᠷᠡᠴᠢᠯᠡᠯᠲᠡ ᠨᠡᠭᠡᠭᠡᠯᠲᠡ ᠬᠢᠬᠦ ᠡᠷᠴᠢᠮ ᠢ ᠴᠢᠩᠭᠠᠷᠠᠭᠤᠯᠵᠤ᠂ ᠬᠥᠭᠵᠢᠯᠲᠡ ᠶᠢᠨ | ᠬᠦᠳᠡᠯᠭᠡᠭᠴᠢ ᠬᠦᠴᠦᠨ ᠲᠠᠰᠤᠷᠠᠯᠲᠠ ᠦᠭᠡᠢ ᠴᠢᠩᠭᠠᠷᠠᠪᠠ᠃ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ | ᠦᠷᠭᠦᠯᠵᠢᠯᠡᠨ ᠰᠠᠶᠢᠵᠢᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠤᠭᠴᠠ 7.2% ᠨᠡᠮᠡᠭᠳᠡᠨ᠂ ᠠᠷᠠᠳ ᠤᠨ | ᠳᠤᠮᠳᠠᠬᠢ ᠪᠡᠯᠡ ᠣᠷᠤᠭᠤᠯᠤᠯᠲᠠ 6.9% ᠨᠡᠮᠡᠭᠳᠡᠪᠡ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ | ᠵᠦᠢᠯ ᠤᠨ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠪᠤᠭᠤᠨᠢᠰᠬᠠᠭᠠᠳ 100 ᠠᠵᠢᠯᠯᠠᠬᠤ ᠡᠳᠦᠷ ᠤᠨ ᠲᠤᠳᠤᠷ᠎ᠠ | ᠳᠠᠭᠤᠰᠬᠠᠬᠤ ᠪᠣᠯᠭᠠᠵᠤ᠂ ᠠᠵᠤ ᠠᠬᠤᠶᠢᠯᠠᠯ ᠤᠨ ᠪᠡᠯᠡ ᠣᠷᠤᠭᠤᠯᠤᠭᠰᠠᠨ ᠲᠦᠷᠦᠯ ᠵᠦᠢᠯ ᠤᠨ ᠬᠠᠷᠭᠤᠭᠤᠯᠤᠨ | ᠵᠥᠪᠰᠢᠶᠡᠷᠡᠬᠦ ᠴᠠᠭ ᠬᠤᠭᠤᠴᠠᠭ᠎ᠠ ᠶᠢ ᠭᠤᠷᠪᠠᠨ ᠤ ᠨᠢᠭᠡ ᠪᠠᠷ ᠪᠤᠭᠤᠨᠢᠰᠬᠠᠪᠠ᠃ ᠳᠡᠭᠡᠳᠦ ᠬᠤᠷᠳᠤ ᠶᠢᠨ ᠵᠠᠰᠠᠮᠠᠯ | ᠵᠠᠮ ᠤᠨ ᠮᠤᠵᠢ ᠠᠯᠤᠰᠯᠠᠭᠰᠠᠨ ᠰᠦᠢᠳᠬᠡᠯ ᠬᠤᠷᠢᠶᠠᠬᠤ ᠥᠷᠲᠡᠭᠡ ᠶᠢ ᠬᠦᠴᠦᠨ ᠦᠭᠡᠢ ᠪᠣᠯᠭᠠᠪᠠ᠃ ᠲᠤᠰ | ᠱᠠᠲᠤᠨ ᠤ 90% ᠠᠴᠠ ᠳᠡᠭᠡᠭᠰᠢᠬᠢ ᠤᠯᠤᠰ ᠤᠨ ᠦᠮᠴᠢᠯᠡᠯᠲᠦ ᠡᠳ᠋ ᠬᠦᠷᠦᠩᠭᠡ ᠶᠢ ᠨᠢᠭᠡᠲᠦᠯᠲᠡᠢ ᠬᠢᠨᠠᠨ | ᠬᠠᠮᠢᠶᠠᠷᠬᠤ ᠬᠡᠪᠴᠢᠶᠡᠨ ᠳᠤ ᠣᠷᠤᠭᠤᠯᠪᠠ᠃ ᠤᠯᠤᠰ ᠤᠨ ᠥᠮᠴᠢᠯᠡᠯᠲᠦ ᠣᠢ ᠰᠢᠭᠤᠢ ᠶᠢᠨ ᠲᠠᠯᠠᠪᠠᠢ ᠳᠤ | ᠥᠭᠡᠷᠡᠴᠢᠯᠡᠯᠲᠡ ᠬᠢᠬᠦ ᠡᠭᠦᠷᠭᠡ ᠪᠠᠨ ᠪᠥᠬᠦ ᠲᠠᠯ᠎ᠠ ᠪᠠᠷ ᠪᠡᠶᠡᠯᠡᠭᠦᠯᠵᠦ᠂ ᠶᠡᠭᠡ ᠬᠢᠩᠭᠠᠨ ᠳᠠᠪᠠᠭᠠᠨ ᠤ ᠣᠢ | ᠰᠢᠭᠤᠢ ᠶᠢᠨ ᠣᠷᠣᠨ ᠤ ᠬᠠᠮᠢᠶᠠᠷᠤᠯᠲᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠰᠢᠯᠤᠭᠤᠳᠬᠠᠪᠠ᠃ ᠭᠠᠳᠠᠭᠠᠲᠤ | ᠨᠡᠭᠡᠭᠡᠯᠲᠡ ᠬᠢᠬᠦ ᠬᠢᠷᠢ ᠲᠥᠪᠰᠢᠨ ᠳᠡᠭᠡᠭᠰᠢᠯᠡᠵᠦ᠂ ᠪᠦᠬᠦ ᠣᠷᠣᠨ ᠤ ᠭᠠᠳᠠᠭᠠᠳᠤ ᠠᠴᠠ ᠣᠷᠤᠭᠤᠯᠵᠤ ᠭᠠᠳᠠᠭᠠᠲᠤ ᠳᠤ | ᠭᠠᠷᠭᠠᠭᠰᠠᠨ ᠶᠡᠷᠦᠩᠬᠡᠢ ᠲᠤᠭ᠎ᠠ 5.9% ᠨᠡᠮᠡᠭᠳᠡᠨ ᠂ ᠮᠠᠨ ᠤ ᠣᠷᠣᠨ ᠠᠴᠠ ᠠᠶᠠᠯᠠᠯ ᠢᠶᠠᠨ ᠡᠬᠢᠯᠡᠬᠦᠯᠦᠭᠰᠡᠨ | ᠳᠤᠮᠳᠠᠳᠤ ᠡᠸᠦ᠋ᠷᠦᠫᠡ ᠶᠢᠨ ᠵᠢᠱᠢᠶᠡᠨ ᠤ ᠭᠠᠯᠲᠤ ᠲᠡᠷᠭᠡᠨ ᠤ ᠡᠭᠡᠯᠵᠢ 20.4% ᠨᠡᠮᠡᠭᠳᠡᠪᠡ᠃ ︽ᠨᠢᠭᠡ ᠪᠦᠰᠡ | ᠨᠢᠭᠡ ᠵᠠᠮ · ᠭᠡᠷᠡᠯ ᠭᠡᠭᠡ ᠶᠢᠨ ᠠᠶᠠᠯᠠᠯ︾ ᠤᠨ ᠮᠣᠩᠭᠤᠯ ᠤᠯᠤᠰ ᠲᠠᠬᠢ ᠠᠵᠢᠯᠯᠠᠭᠠᠨ ᠢ ᠬᠡᠷᠡᠭᠵᠢᠭᠦᠯᠵᠦ᠂ ᠪᠡᠯᠡ | ᠣᠷᠤᠭᠤᠯᠵᠦ ᠠᠷᠠᠯᠵᠢᠶᠠᠯᠠᠬᠤ ᠬᠠᠮᠲᠤᠷᠠᠯᠴᠠᠭ᠎ᠠ᠂ ᠯᠢᠶᠣᠤ ᠤᠯᠤᠰ ᠤᠨ ᠦᠶ᠎ᠡ ᠶᠢᠨ ᠲᠡᠦᠬᠡ ᠶᠢᠨ ᠳᠤᠷᠠᠰᠬᠠᠯᠲᠤ | ᠵᠦᠢᠯ ᠤᠨ ᠦᠵᠡᠰᠭᠦᠯᠡᠩ᠂ ᠡᠮᠴᠢᠯᠡᠭᠡᠨ ᠤ ᠦᠢᠯᠡᠴᠢᠯᠡᠭᠡ᠂ ᠰᠤᠷᠭᠠᠨ ᠬᠦᠮᠦᠵᠢᠯ ᠰᠤᠶᠤᠯ ᠤᠨ ᠰᠣᠯᠢᠯᠴᠠᠭ᠎ᠠ ᠵᠡᠷᠭᠡ | ᠠᠵᠢᠯᠯᠠᠭ᠎ᠠ ᠶᠢ ᠦᠷᠨᠢᠭᠦᠯᠪᠡ᠃ ᠳᠤᠮᠳᠠᠳᠤ ᠮᠣᠩᠭᠤᠯ ᠬᠤᠶᠠᠷ ᠤᠯᠤᠰ ᠡᠷᠢᠶᠡᠨ ᠬᠤᠲᠠ — ᠵᠠᠮ ᠤᠨ | ᠡᠭᠦᠳᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠢ ᠪᠦᠲᠦᠭᠡᠨ ᠪᠠᠶᠢᠭᠤᠯᠬᠤ ᠵᠦᠪᠯᠡᠯᠴᠡᠭᠡᠷ ᠲᠤ ᠭᠠᠷ ᠤᠨ | ᠦᠰᠦᠭ ᠵᠢᠷᠤᠵᠤ ᠲᠣᠬᠢᠷᠠᠯᠴᠠᠪᠠ᠃ ᠭᠤᠷᠪᠠᠳᠤᠭᠠᠷ ᠬᠤᠭᠤᠴᠠᠭᠠᠨ ᠤ ᠳᠤᠮᠳᠠᠳᠤ ᠮᠤᠩᠭᠤᠯ ᠤᠨ ᠦᠵᠡᠰᠭᠦᠯᠡᠩ ᠢ | ᠠᠮᠵᠢᠯᠲᠠ ᠲᠠᠢ ᠡᠷᠬᠢᠯᠡᠪᠡ᠃ ᠣᠷᠣᠰ ᠤᠨ ᠢᠷᠺᠦ᠋ᠼᠺ᠂ ᠺᠷᠠᠰᠨᠤᠲ᠋ᠦ᠋ᠷᠢᠨᠰᠺ ᠵᠡᠷᠭᠡ ᠬᠥᠷᠰᠢ ᠵᠡᠷᠭᠡᠯᠡᠳᠡᠭᠡ ᠭᠠᠵᠠᠷ | ᠣᠷᠣᠨ ᠯᠤᠭ᠎ᠠ ᠵᠠᠰᠠᠭ ᠤᠨ ᠣᠷᠳᠣᠨ ᠤ ᠬᠤᠭᠤᠷᠤᠨᠳᠤᠬᠢ ᠲᠣᠭᠲᠠᠮᠠᠯ ᠬᠤᠭᠤᠴᠠᠭ᠎ᠠ ᠲᠠᠢ ᠠᠭᠤᠯᠵᠠᠯᠲᠠ ᠬᠢᠬᠦ ᠪᠠ | ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠲᠣᠭᠲᠠᠴᠠ ᠶᠢ ᠪᠠᠶᠢᠭᠤᠯᠪᠠ᠃ ᠠᠷᠠᠪ ᠤᠨ ᠬᠤᠯᠪᠣᠭᠠᠲᠤ ᠠᠬᠠᠮᠠᠳᠲᠤ | ᠤᠯᠤᠰ ᠪᠠ ᠤᠯᠠᠭᠠᠨᠬᠠᠳᠠ ᠶᠢᠨ ︽ᠨᠢᠭᠡ ᠪᠦᠰᠡ ᠨᠢᠭᠡ ᠵᠠᠮ︾ ᠤᠨ ᠮᠠᠯ ᠪᠡᠯᠴᠢᠭᠡᠷ ᠠᠷᠠᠴᠢᠯᠠᠬᠤ ᠠᠵᠢᠯ ᠢ ᠨᠢᠭᠡ | ᠴᠤᠭᠴᠠᠵᠢᠭᠤᠯᠬᠤ ᠲᠦᠷᠦᠯ ᠵᠦᠢᠯ᠂ ᠢᠰᠷᠧᠯ ᠪᠠ ᠪᠠᠶᠠᠨᠨᠠᠭᠤᠷ ᠤᠨ ᠣᠳᠣ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠪᠠᠶᠢᠭᠤᠯᠬᠤ ᠶᠢ ᠬᠡᠷᠡᠭᠵᠢᠭᠦᠯᠵᠦ᠂ ᠶᠠᠫᠤᠨ᠂ ᠪᠧᠯᠦᠷᠦ᠋ᠰ ᠵᠡᠷᠭᠡ | ᠤᠯᠤᠰ ᠯᠤᠭ᠎ᠠ ᠶᠢᠨ ᠪᠤᠲᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠩᠭᠠᠳᠬᠠᠪᠠ᠃ ᠤᠯᠠᠭᠠᠨᠴᠠᠪ — ᠡᠷᠢᠶᠡᠨ | ᠬᠤᠳᠠ ᠶᠢᠨ ᠬᠠᠭᠤᠷᠠᠢ ᠳᠠᠬᠢ ᠭᠠᠷᠠᠮ ᠢ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠤᠷᠤᠨ ᠤ ᠪᠦᠲᠦᠭᠡᠨ | ᠪᠠᠶᠢᠭᠤᠯᠤᠯᠲᠠ ᠶᠢᠨ ᠨᠡᠷᠡᠰ ᠲᠤ ᠵᠢᠭᠰᠠᠭᠠᠨ ᠣᠷᠤᠭᠤᠯᠵᠤ᠂ ᠤᠯᠠᠭᠠᠨᠴᠠᠪ ᠤᠨ ᠭᠠᠶᠢᠯᠢ ᠪᠠᠳᠤᠯᠠᠬᠤ ᠪᠠᠷᠠᠭᠠᠨ ᠤ | ᠭᠦᠢᠯᠭᠡᠭᠡᠨ ᠤ ᠲᠥᠪ ᠪᠠᠶᠢᠭᠤᠯᠬᠤ ᠵᠥᠪᠰᠢᠶᠡᠷᠡᠯ ᠢ ᠣᠯᠵᠤ᠂ ᠣᠷᠳᠤᠰ ᠤᠨ ᠶᠡᠷᠦᠩᠬᠡᠶᠢᠯᠡᠭᠰᠡᠨ ᠭᠠᠶᠢᠯᠢ ᠪᠠᠳᠤᠯᠠᠬᠤ | ᠣᠷᠣᠨ ᠪᠠ ᠪᠠᠶᠠᠨᠨᠠᠭᠤᠷ ᠤᠨ ᠭᠠᠶᠢᠯᠢ ᠪᠠᠳᠤᠯᠠᠬᠤ ᠪᠠᠷᠠᠭᠠᠨ ᠤ ᠭᠦᠢᠯᠭᠡᠭᠡᠨ ᠤ ᠲᠥᠪ ᠪᠤᠭᠤᠮᠲᠠ ᠬᠠᠭᠠᠵᠦ ᠠᠵᠢᠯᠯᠠᠬᠤ | ᠪᠣᠯᠪᠠ᠃ ᠬᠤᠶᠠᠳᠤᠭᠠᠷ ᠬᠤᠭᠤᠴᠠᠭᠠᠨ ᠤ ᠷᠠᠰᠢᠶᠠᠨ ᠤ ᠶᠠᠷᠢᠶᠠᠨ ᠤ ᠲᠠᠪᠴᠠᠩ ᠡᠷᠬᠢᠯᠡᠬᠦ ᠶᠢ ᠳᠡᠮᠵᠢᠪᠡ᠃ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠦᠨ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ | ᠰᠤᠷᠭᠠᠭᠤᠯᠢ᠂ ᠬᠤᠸᠠ ᠳ᠋ᠠ ᠭᠧᠨ ᠤ ᠺᠤᠮᠫᠠᠨᠢ᠂ ᠳᠤᠮᠳᠠᠳᠤ ᠤᠯᠤᠰ ᠤᠨ ᠬᠤᠳᠠᠯᠳᠤᠭᠠᠨ ᠤ ᠬᠡᠷᠡᠭᠯᠡᠭᠡᠨ ᠤ ᠨᠢᠰᠬᠡᠯ᠂ | ᠫᠢᠩ ᠠᠨ ᠪᠦᠯᠦᠭᠯᠡᠯ᠂ ᠬᠤᠸᠠ ᠸᠧᠢ᠂ ᠲᠧᠩ ᠰᠢᠶᠦ᠋ᠨ᠂ ᠳᠣᠬᠢᠭᠤᠷ ᠳᠣᠯᠤᠭ᠎ᠠ ᠳᠠᠭᠠᠭᠤᠯᠢ ᠣᠳᠣᠨ ᠤ ᠠᠭᠠᠷ | ᠰᠠᠨᠰᠠᠷ ᠤᠨ ᠪᠦᠯᠦᠭᠯᠡᠯ ᠵᠡᠷᠭᠡ ᠯᠦᠭᠡ ᠶᠢᠨ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠬᠢ ᠬᠠᠮᠲᠤᠷᠠᠨ ᠠᠵᠢᠯᠯᠠᠬᠤ ᠶᠢ | ᠭᠦᠨᠵᠡᠭᠡᠶᠢᠷᠡᠭᠦᠯᠪᠡ᠃ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠬᠤᠳᠠᠯᠳᠤᠭᠠᠴᠢᠳ ᠤᠨ ᠶᠡᠭᠡ | ᠬᠤᠷᠠᠯ ᠢ ᠬᠤᠷᠠᠯᠳᠤᠭᠤᠯᠵᠤ᠂ ᠥᠪᠥᠷ ᠮᠣᠩᠭᠤᠯ ᠤᠨ ᠬᠤᠳᠠᠯᠳᠤᠭᠠᠴᠢᠳ ᠤᠨ ᠨᠥᠯᠥᠭᠡᠯᠡᠬᠦ ᠬᠦᠴᠦᠨ ᠢ | ᠦᠷᠭᠦᠯᠵᠢᠯᠡᠨ ᠥᠷᠭᠡᠳᠬᠡᠪᠡ᠃ | ︵ᠲᠠᠪᠤ︶ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠬᠤ ᠪᠠ ᠰᠠᠶᠢᠵᠢᠷᠠᠭᠤᠯᠵᠤ᠂ ᠠᠷᠠᠳ ᠤᠨ | ᠠᠮᠢᠳᠤᠷᠠᠯ ᠤᠨ ᠬᠢᠷᠢ ᠲᠥᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠪᠡ᠃ ᠠᠵᠢᠯ ᠣᠯᠭᠤᠯᠲᠠ ᠶᠢ ᠪᠦᠬᠦ | ᠬᠦᠴᠦᠨ ᠢᠶᠠᠷ ᠢᠶᠠᠨ ᠲᠣᠭᠲᠠᠪᠤᠷᠢᠵᠢᠭᠤᠯᠤᠨ ᠠᠬᠢᠭᠤᠯᠵᠤ᠂ ᠬᠤᠲᠠ ᠪᠠᠯᠭᠠᠰᠤᠨ ᠤ ᠠᠵᠢᠯ ᠤᠯᠤᠭᠰᠠᠳ 26.3 | ᠲᠦᠮᠡᠨ ᠬᠦᠮᠦᠨ ᠰᠢᠨ᠎ᠡ ᠪᠠᠷ ᠨᠡᠮᠡᠭᠳᠡᠵᠦ᠂ ᠣᠨ ᠤ ᠲᠦᠯᠦᠪᠯᠡᠭᠡ ᠶᠢᠨ 119.6% ᠶᠢ ᠪᠡᠶᠡᠯᠡᠭᠦᠯᠪᠡ︔ ᠬᠤᠲᠠ | ᠪᠠᠯᠭᠠᠰᠤᠨ ᠳᠤ ᠳᠠᠩᠰᠠᠯᠠᠨ ᠲᠡᠮᠲᠡᠭᠯᠡᠭᠦᠯᠦᠭᠰᠡᠨ ᠠᠵᠢᠯ ᠠᠯᠳᠠᠭᠰᠠᠳ ᠤᠨ ᠨᠤᠷᠮ᠎ᠠ 3.7% ᠳᠤ ᠬᠦᠷᠴᠦ᠂ ᠡᠵᠡᠮᠰᠢᠬᠦ | ᠬᠠᠷᠠᠯᠲᠠ ᠠᠴᠠ ᠳᠣᠣᠷ᠎ᠠ ᠪᠣᠯᠪᠠ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠥᠷᠢᠲᠦᠵᠦ ᠪᠠᠶᠢᠭ᠎ᠠ | ᠴᠠᠯᠢᠩ ᠤᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ ᠳᠦᠭᠦᠮ ᠪᠦᠲᠦᠴᠡᠲᠦ ᠣᠷᠣᠨ ᠰᠠᠭᠤᠴᠠ ᠶᠢ | ᠦᠭᠡᠷᠡᠴᠢᠯᠡᠨ ᠰᠠᠶᠢᠵᠢᠷᠠᠭᠤᠯᠬᠤ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠲᠥᠷᠥ ᠶᠢᠨ ᠶᠠᠪᠤᠳᠠᠯ ᠤᠨ | ᠬᠤᠷᠢᠶ᠎ᠠ ᠠᠴᠠ ᠤᠯᠠᠭᠠᠨᠴᠠᠪ ᠬᠤᠲᠠ ᠶᠢ ᠳᠦᠭᠦᠮ ᠪᠦᠲᠦᠴᠡᠲᠦ ᠣᠷᠣᠨ ᠰᠠᠭᠤᠴᠠ ᠶᠢᠨ ᠦᠭᠡᠷᠡᠴᠢᠯᠡᠨ | ᠰᠠᠶᠢᠵᠢᠷᠠᠭᠤᠯᠬᠤ ᠠᠵᠢᠯ ᠤᠨ ᠤᠷᠮᠠᠰᠢᠭᠤᠯᠬᠤ ᠬᠤᠲᠠ ᠪᠠᠷ ᠲᠣᠭᠲᠠᠭᠠᠪᠠ᠃ 103 ᠬᠤᠰᠢᠭᠤ ᠰᠢᠶᠠᠨ ᠬᠤᠲᠠ | ᠲᠤᠭᠤᠷᠢᠭ ᠲᠤ ᠠᠯᠪᠠᠨ ᠵᠢᠷᠤᠮ ᠤᠨ ᠰᠤᠷᠭᠠᠨ ᠬᠦᠮᠦᠵᠢᠯ ᠢ ᠦᠨᠳᠦᠰᠦᠨ ᠳᠤ ᠪᠠᠨ ᠲᠡᠩᠴᠡᠭᠦᠷᠢᠲᠡᠢ ᠪᠠᠶᠢᠯᠭᠠᠬᠤ ᠶᠢ | ᠪᠡᠶᠡᠯᠡᠭᠦᠯᠵᠦ᠂ ᠦᠨᠳᠦᠷ ᠳᠤᠮᠳᠠᠳᠤ ᠶᠢᠨ ᠱᠠᠲᠤᠨ ᠤ ᠰᠤᠷᠭᠠᠭᠤᠯᠢ ᠳᠤ ᠣᠷᠣᠭᠰᠠᠨ ᠰᠤᠷᠤᠭᠴᠢᠳ ᠤᠨ ᠪᠦᠭᠦ | ᠲᠤᠭ᠎ᠠ ᠨᠢ ᠪᠦᠬᠦ ᠤᠯᠤᠰ ᠤᠨ ᠲᠡᠭᠰᠢᠳᠭᠡᠭᠰᠡᠨ ᠬᠢᠷᠢ ᠲᠦᠪᠰᠢᠨ ᠠᠴᠠ 5.7 ᠵᠠᠭᠤᠨ ᠤ ᠴᠡᠭ ᠦᠨᠳᠦᠷ ᠪᠣᠯᠪᠠ᠃ | ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠬᠦᠬᠡᠬᠤᠲᠠ ᠳᠠᠬᠢ | ᠬᠤᠪᠢᠶᠠᠷᠢ ᠰᠤᠷᠭᠠᠭᠤᠯᠢ ᠡᠬᠢᠯᠡᠨ ᠰᠤᠷᠤᠭᠴᠢ ᠡᠯᠰᠡᠪᠡ᠃ ᠠᠵᠢᠯ ᠠᠴᠠ ᠪᠠᠨ ᠪᠠᠭᠤᠵᠤ ᠠᠮᠠᠷᠠᠭᠰᠠᠨ ᠬᠦᠮᠦᠰ ᠤᠨ | ᠨᠠᠰᠤᠵᠢᠯ ᠤᠨ ᠮᠦᠩᠭᠦ᠂ ᠬᠤᠲᠠ ᠬᠦᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ | ᠳᠡᠭᠡᠭᠰᠢᠯᠡᠭᠦᠯᠪᠡ᠃ ᠬᠡᠰᠡᠭ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠨᠡᠶᠢᠭᠡᠮ ᠤᠨ ᠳᠠᠭᠠᠳᠬᠠᠯ ᠤᠨ | ᠠᠰᠠᠭᠤᠳᠠᠯ ᠢ ᠰᠢᠢᠳᠪᠦᠷᠢᠯᠡᠪᠡ᠃ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠦᠯᠦᠬᠦ ᠪᠠᠷᠢᠮᠵᠢᠶ᠎ᠠ ᠶᠢ | ᠪᠠᠭᠤᠷᠠᠭᠤᠯᠵᠤ᠂ ᠲᠠᠩᠰᠠ ᠲᠠᠶᠢᠯᠬᠤ ᠬᠠᠷᠢᠴᠠᠯ ᠢ ᠳᠡᠭᠡᠭᠰᠢᠯᠡᠭᠦᠯᠦᠨ᠂ ᠴᠢᠰᠤᠨ ᠳᠠᠷᠤᠯᠲᠠ ᠦᠨᠳᠦᠷ᠂ ᠰᠢᠬᠢᠷ | ᠰᠢᠵᠢᠩ ᠡᠪᠡᠳᠴᠢᠨ ᠵᠡᠷᠭᠡ ᠶᠢᠨ ᠡᠭᠦᠳᠡᠨ ᠡᠮᠨᠡᠯᠬᠡ ᠳᠤ ᠬᠡᠷᠡᠭᠯᠡᠬᠦ ᠡᠮ ᠢ ᠡᠮᠴᠢᠯᠡᠬᠡᠨ ᠤ ᠳᠠᠭᠠᠳᠬᠠᠯ ᠤᠨ | ᠬᠡᠪᠴᠢᠶᠡᠨ ᠳᠤ ᠣᠷᠤᠭᠤᠯᠪᠠ᠃ ︽ᠭᠡᠷᠡᠯ ᠭᠡᠭᠡ ᠶᠢᠨ ᠠᠶᠠᠯᠠᠯ︾ ᠤᠨ ᠠᠵᠢᠯᠯᠠᠭ᠎ᠠ ᠪᠠᠷ ᠨᠡᠶᠢᠲᠡ 2.6 ᠲᠦᠮᠡᠨ | ᠡᠪᠡᠳᠴᠢᠲᠡᠨ ᠳᠤ ᠬᠠᠷᠠᠭ᠎ᠠ ᠣᠷᠤᠭᠤᠯᠬᠤ ᠮᠡᠰᠡ ᠵᠠᠰᠠᠯ ᠬᠢᠵᠦ ᠥᠭᠪᠡ᠃ ᠰᠦᠨᠢᠳ ᠵᠡᠭᠦᠨ ᠬᠤᠰᠢᠭᠤ᠂ ᠳᠥᠷᠪᠡᠳ | ᠬᠤᠰᠢᠭᠤᠨ ᠤ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠪᠦᠲᠦᠮᠵᠢᠲᠡᠢ ᠰᠡᠷᠭᠡᠶᠢᠯᠡᠨ ᠡᠵᠡᠮᠰᠢᠪᠡ᠃ | ᠪᠤᠷᠤᠳᠤᠬᠤᠢ ᠶᠢᠨ ᠤᠰᠤᠯᠠᠯᠲᠠ ᠶᠢᠨ ᠣᠷᠣᠨ ᠨᠢ ᠳᠡᠯᠡᠬᠡᠢ ᠶᠢᠨ ᠤᠰᠤᠯᠠᠯᠲᠠ ᠶᠢᠨ ᠢᠨᠵᠧᠨᠧᠷᠢᠩ ᠤᠨ ᠥᠪ ᠤᠨ | ᠨᠡᠷᠡᠰ ᠲᠤ ᠰᠤᠩᠭᠤᠨᠨᠳᠠᠪᠠ᠃ ᠤᠯᠠᠭᠠᠨᠮᠦ᠋ᠴᠢᠷ ᠤᠨ ᠬᠢᠨ ᠣᠨᠳᠣᠣ ᠭᠠᠵᠠᠷ ᠲᠤ ᠰᠤᠯᠢᠯᠴᠠᠬᠤ ᠲᠣᠭᠯᠠᠯᠲᠠ ᠭᠠᠷᠭᠠᠪᠠ᠃ | ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ | ᠴᠤᠭᠯᠠᠭᠠᠨ ᠤ ᠲᠠᠯᠠᠪᠤᠷ ᠣᠷᠳᠣᠨ ᠪᠦᠬᠦᠨ ᠢ ᠪᠠᠶᠢᠭᠤᠯᠵᠦ ᠲᠠᠭᠤᠰᠬᠠᠨᠨᠰᠠᠨ ᠪᠦᠭᠡᠳ ᠠᠰᠢᠭᠯᠠᠯᠲᠠ ᠳᠤ ᠣᠷᠤᠭᠤᠯᠪᠠ᠃ | ᠨᠡᠶᠢᠬᠡᠮ ᠲᠡᠬᠡᠷᠡᠬᠢ ᠬᠥᠯ ᠪᠦᠮᠪᠦᠭᠡᠨ ᠤ ᠲᠠᠯᠠᠪᠤᠷ ᠢ ᠨᠡᠶᠢᠲᠡ 1271 ᠪᠠᠶᠢᠭᠤᠯᠵᠤ᠂ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠲᠦᠯᠦᠪᠵᠢᠭᠦᠯᠭᠡ ᠳᠠᠬᠢ ᠪᠦᠲᠦᠭᠡᠨ ᠪᠠᠶᠢᠭᠤᠯᠬᠤ ᠡᠭᠦᠷᠭᠡ ᠪᠠᠨ ᠤᠷᠢᠳᠴᠢᠯᠠᠨ ᠪᠡᠶᠡᠯᠡᠭᠦᠯᠪᠡ᠃ | ᠮᠠᠨ ᠤ ᠣᠷᠣᠨ ᠤ ᠲᠠᠮᠢᠷᠴᠢᠳ ᠤᠯᠤᠰ ᠤᠨ ᠳᠡᠰ ᠠᠴᠠ ᠳᠡᠭᠡᠭᠰᠢᠬᠢ ᠣᠷᠤᠯᠳᠤᠭᠠᠨ ᠳᠤ 116 ᠤᠳᠠᠭ᠎ᠠ | ᠮᠠᠩᠯᠠᠶᠢᠯᠠᠪᠠ᠃ | ᠠᠮᠤᠭᠤᠯᠠᠩ ᠲᠠᠶᠢᠪᠣᠩ ᠦᠪᠦᠷ ᠮᠣᠩᠭᠤᠯ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃ ᠠᠭᠤᠷᠬᠠᠢ᠂ | ᠠᠶᠤᠯᠲᠠᠢ ᠬᠢᠮᠢ ᠶᠢᠨ ᠪᠤᠳᠠᠰ ᠤᠨ ᠠᠮᠦᠷ ᠲᠥᠪᠰᠢᠨ ᠤ ᠲᠠᠯ᠎ᠠ ᠪᠠᠷ ᠬᠢ ᠬᠠᠮᠢᠶᠠᠷᠤᠯᠲᠠ ᠶᠢ ᠪᠦᠬᠦ ᠲᠠᠯ᠎ᠠ ᠪᠠᠷ | ᠴᠢᠩᠭᠠᠳᠬᠠᠵᠤ᠂ ᠢᠳᠡᠭᠡᠨ ᠤ ᠪᠠ ᠡᠮ ᠤᠨ ᠵᠦᠢᠯ᠂ ᠭᠠᠯ ᠰᠡᠷᠭᠡᠶᠢᠯᠡᠨ ᠤᠨᠲᠠᠷᠠᠭᠠᠬᠤ᠂ ᠵᠠᠮ ᠬᠠᠷᠢᠯᠴᠠᠭ᠎ᠠ ᠵᠡᠷᠭᠡ | ᠬᠦᠷᠢᠶ᠎ᠡ ᠴᠠᠷᠠᠭᠠᠨ ᠤ ᠠᠮᠦᠷ ᠲᠥᠪᠰᠢᠨ ᠤ ᠲᠠᠯ᠎ᠠ ᠪᠠᠷ ᠬᠢ ᠲᠥᠭᠰᠢᠭᠦᠷᠢ ᠶᠢ ᠰᠡᠷᠭᠡᠶᠢᠯᠡᠨ ᠡᠵᠡᠮᠰᠢᠬᠦ ᠴᠢᠳᠠᠪᠤᠷᠢ ᠪᠠᠨ | ᠳᠡᠭᠡᠭᠰᠢᠯᠡᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠢ ᠶᠡᠷᠦᠩᠬᠡᠢ ᠳᠤ ᠨᠢ ᠲᠣᠭᠲᠠᠭᠤᠨ ᠪᠠᠶᠢᠯᠭᠠᠪᠠ᠃ | ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠢ ᠦᠷᠨᠢᠭᠦᠯᠵᠦ᠂ ᠨᠢᠭᠡ ᠪᠦᠯᠦᠭ | ᠬᠠᠷ᠎ᠠ ᠪᠦᠯᠦᠭᠲᠡᠨ ᠬᠠᠷᠬᠢᠰ ᠬᠦᠴᠦᠨ ᠵᠢᠴᠢ ᠲᠡᠭᠦᠨ ᠤ ᠬᠠᠮᠠᠭᠠᠯᠬᠠᠴᠢ ᠰᠢᠬᠦᠷ ᠢ ᠠᠷᠢᠯᠭᠠᠨ᠂ ᠠᠷᠠᠳ ᠲᠦᠮᠡᠨ ᠤ | ᠠᠮᠦᠷ ᠲᠥᠪᠰᠢᠨ ᠤ ᠲᠠᠯ᠎ᠠ ᠪᠠᠷ ᠬᠢ ᠲᠦᠷᠦᠭᠳᠡᠯ ᠢ ᠨᠢ ᠴᠢᠩᠭᠠᠷᠠᠭᠤᠯᠪᠠ᠃ | ᠲᠦᠯᠦᠭᠡᠯᠡᠭᠴᠢᠳ ᠡ︕ ᠦᠩᠭᠡᠷᠡᠭᠰᠡᠨ ᠨᠢᠭᠡ ᠵᠢᠯ ᠳᠤ ᠪᠢᠳᠡ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠴᠣᠭᠴᠠᠯᠠᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠦᠷᠨᠢᠭᠦᠯᠵᠦ᠂ 27 ᠬᠠᠮᠲᠤ ᠪᠠ 33 | ᠬᠤᠪᠢ ᠬᠦᠮᠦᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠪᠠ | ᠵᠢᠱᠢᠶᠡᠴᠢ ᠬᠤᠪᠢ ᠬᠦᠮᠦᠨ ᠢᠶᠠᠷ ᠦᠨᠡᠯᠡᠭᠳᠡᠪᠡ᠃ ᠳᠦᠬᠢᠮᠠ ᠨᠦᠬᠦᠷ ︽ᠠᠷᠠᠳ ᠤᠨ ᠵᠢᠱᠢᠶᠡᠴᠢ︾ ᠬᠡᠮᠡᠬᠦ | ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠪᠡ᠃ ︽ᠬᠢᠲᠠᠳ ᠮᠣᠩᠭᠤᠯ ᠬᠠᠤᠯᠢ ᠴᠠᠭᠠᠵᠠ ᠶᠢᠨ ᠬᠡᠷᠡᠭᠯᠡᠭᠡᠨ ᠤ | ᠪᠦᠷᠢᠨ ᠲᠣᠯᠢ︾ ᠶᠢ ᠨᠠᠶᠢᠷᠠᠭᠤᠯᠪᠠ᠃ ᠳᠠᠭᠤᠷ ᠬᠡᠯᠡ᠂ ᠣᠷᠴᠤᠨ ᠬᠡᠯᠡ᠂ ᠡᠸᠡᠩᠬᠢ ᠬᠡᠯᠡᠨ ᠤ ᠬᠡᠯᠡ ᠰᠤᠶᠤᠯ ᠤᠨ | ᠲᠤᠮᠤ ᠳ᠋ᠠᠶᠢᠲ᠋ᠠ ᠶᠢ ᠴᠤᠭᠯᠠᠭᠤᠯᠬᠤ ᠪᠠ ᠲᠠᠪᠴᠠᠩ ᠢ ᠪᠦᠲᠦᠭᠡᠨ ᠪᠠᠶᠢᠭᠤᠯᠬᠤ ᠠᠵᠢᠯ ᠤᠷᠤᠭᠰᠢᠲᠠᠢ ᠶᠠᠪᠤᠭᠳᠠᠵᠤ᠂ | ᠣᠷᠴᠤᠨ ᠬᠡᠯᠡᠨ ᠤ ᠲᠣᠯᠢ ᠶᠢ ᠨᠠᠶᠢᠷᠠᠭᠤᠯᠵᠦ ᠳᠠᠭᠤᠰᠬᠠᠪᠠ᠃ | ᠱᠠᠰᠢᠨ ᠰᠤᠷᠲᠠᠬᠤᠨ ᠤ ᠲᠣᠬᠠᠢ ᠨᠠᠮ ᠤᠨ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠪᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠬᠦ ᠪᠠ | ᠠᠰᠠᠷᠠᠨ ᠬᠠᠷᠠᠭᠠᠯᠵᠠᠬᠤ᠂ ᠲᠤᠭ᠎ᠠ ᠪᠦᠷᠢᠳᠭᠡᠯ ᠪᠠᠶᠢᠴᠠᠭᠠᠯᠲᠠ᠂ ᠭᠠᠵᠠᠷ ᠬᠦᠳᠡᠯᠦᠯᠲᠡ ᠴᠠᠭ ᠠᠭᠤᠷ᠂ ᠨᠡᠶᠢᠭᠡᠮ ᠤᠨ | ᠰᠢᠨᠵᠢᠯᠡᠬᠦ ᠤᠬᠠᠭᠠᠨ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠵᠦᠪᠳᠡᠭᠴᠢ ᠪᠠ ᠲᠡᠦᠬᠡ ᠰᠤᠶᠤᠯ ᠵᠡᠷᠭᠡ | ᠠᠵᠢᠯ ᠤᠳ ᠢ ᠴᠢᠩᠭᠠᠳᠬᠠᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ | ᠡᠮᠡᠭᠲᠡᠶᠢᠴᠦᠳ ᠤᠨ ᠬᠤᠯᠪᠤᠭᠠᠳᠤ ᠬᠤᠷᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ | ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠠᠵᠢᠯ ᠦᠢᠯᠡᠰ ᠤᠨ ᠬᠥᠭᠵᠢᠯᠲᠡ ᠶᠢ | ᠳᠡᠮᠵᠢᠪᠡ᠃ | ᠪᠢᠳᠡ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠭᠡᠵᠦ᠂ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠬᠢᠷᠢ ᠲᠥᠪᠰᠢᠨ ᠢ ᠴᠢᠷᠮᠠᠶᠢᠨ ᠳᠡᠭᠡᠭᠰᠢᠯᠡᠭᠦᠯᠪᠡ᠃ ᠦᠪᠡᠷᠲᠡᠭᠡᠨ ᠵᠠᠰᠠᠬᠤ ᠣᠷᠣᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠦᠨ ᠬᠢᠨᠠᠭᠤᠯᠤᠭᠰᠠᠨ | ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠦᠪᠯᠡᠯᠭᠡ 9 ᠪᠠᠶᠢᠵᠤ᠂ ᠵᠠᠰᠠᠭ ᠤᠨ ᠣᠷᠳᠣᠨ ᠤ 6 | ᠲᠣᠭᠲᠠᠭᠠᠯ ᠳᠦᠷᠢᠮ ᠢ ᠲᠣᠭᠲᠠᠭᠠᠵᠤ᠂ ᠵᠠᠰᠠᠪᠤᠷᠢ ᠣᠷᠤᠭᠤᠯᠤᠭᠰᠠᠨ ᠪᠠ ᠬᠦᠴᠦᠨ ᠦᠭᠡᠢ ᠪᠣᠯᠭᠠᠵᠤ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ | ᠵᠦᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 1346 ᠭᠦᠢᠴᠡᠳᠭᠡᠵᠦ᠂ ᠬᠠᠷᠢᠭᠤ ᠥᠭᠭᠦᠭᠰᠡᠨ ᠨᠤᠷᠮ᠎ᠠ | 100% ᠳᠤ ᠬᠦᠷᠪᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠢ ᠠᠬᠢᠭᠤᠯᠵᠤ᠂ ᠣᠷᠣᠨ | ᠨᠤᠲᠤᠭ ᠤᠨ ᠲᠦᠰᠦᠪ ᠪᠠ ᠲᠦᠰᠦᠪ ᠤᠨ ᠭᠦᠢᠴᠡᠳᠭᠡᠯ ᠢᠶᠠᠨ ᠢᠯᠡ ᠪᠣᠯᠭᠠᠭᠰᠠᠨ ᠬᠡᠮᠵᠢᠶ᠎ᠡ ᠨᠢ ᠪᠦᠬᠦ ᠤᠯᠤᠰ ᠤᠨ | ᠭᠤᠷᠪᠠᠳᠤᠭᠠᠷ ᠲᠤ ᠣᠷᠤᠵᠤ᠂ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ | ᠬᠤᠷᠠᠯ ᠢ 137 ᠤᠳᠠᠭ᠎ᠠ ᠬᠤᠷᠠᠯᠳᠤᠭᠤᠯᠤᠨ᠂ ᠬᠤᠷᠠᠯ ᠬᠢᠬᠦ ᠶᠢ 32% ᠪᠠᠭᠠᠰᠬᠠᠵᠤ᠂ ᠵᠢᠷᠤᠮᠵᠢᠯ ᠤᠨ ᠴᠢᠨᠠᠷᠲᠠᠢ | ᠵᠡᠷᠬᠡ ᠪᠢᠴᠢᠭ ᠮᠠᠲ᠋ᠧᠷᠢᠶᠠᠯ ᠢ 53% ᠪᠠᠭᠠᠰᠬᠠᠪᠠ᠃ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠠᠮᠨᠠᠨ ᠠᠷᠪᠢᠯᠠᠬᠤ ᠶᠢ | ᠡᠷᠬᠢᠮᠯᠡᠬᠦ ᠪᠠ ᠱᠠᠯᠢᠨ ᠪᠦᠷᠢᠯᠭᠡᠬᠦ ᠶᠢ ᠡᠰᠡᠷᠭᠦᠴᠡᠬᠦ ᠳᠤ ᠬᠡᠷᠡᠭᠵᠢᠭᠦᠯᠬᠦ ᠠᠷᠭ᠎ᠠ ᠶᠢ ᠲᠣᠭᠲᠠᠭᠠᠵᠤ᠂ ᠡᠯ᠎ᠡ ᠱᠠᠲᠤᠨ ᠤ | ᠡᠳ᠋ ᠤᠨ ᠵᠠᠰᠠᠭ ᠠᠴᠠ ᠡᠩ ᠤᠨ ᠴᠢᠨᠠᠷᠲᠠᠢ ᠵᠠᠷᠤᠯᠭ᠎ᠠ ᠶᠢ 28.7 ᠳ᠋ᠦᠩᠰᠢᠭᠤᠷ ᠲᠦᠭᠦᠷᠢᠭ ᠪᠠᠭᠠᠰᠬᠠᠪᠠ᠃ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠪᠠ ᠦᠪᠡᠷᠲᠡᠭᠡᠨ ᠵᠠᠰᠠᠬᠤ ᠣᠷᠣᠨ ᠤ ᠳᠦᠬᠦᠷ ᠠᠷᠭ᠎ᠠ ᠶᠢ | ᠴᠢᠩᠭ᠎ᠠ ᠨᠠᠶᠢᠳᠠᠪᠦᠷᠢᠵᠢᠭᠤᠯᠵᠦ᠂ ︽ᠳᠥᠷᠪᠡᠨ ᠰᠤᠷᠲᠠᠯ︾ ᠢ ᠴᠦᠬᠦᠷᠡᠰᠢ ᠦᠭᠡᠢ ᠵᠠᠯᠠᠷᠠᠭᠤᠯᠤᠨ᠂ ᠵᠠᠰᠠᠭ ᠤᠨ | ᠣᠷᠳᠣᠨ ᠤ ᠨᠡᠶᠢᠲᠡ ᠳᠤ ᠢᠲᠡᠭᠡᠭᠦᠯᠬᠦ ᠬᠦᠴᠦᠨ᠂ ᠬᠡᠷᠡᠭᠵᠢᠭᠦᠯᠬᠦ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠪᠡ᠃ | ︽ᠤᠭ ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ | ᠰᠡᠳᠦᠪᠲᠦ ᠬᠦᠮᠦᠵᠢᠯ ᠢ ᠭᠦᠨᠵᠡᠭᠡᠢ ᠦᠷᠨᠢᠭᠦᠯᠵᠦ᠂ ᠰᠤᠷᠤᠯᠴᠠᠯᠭ᠎ᠠ ᠬᠦᠮᠦᠵᠢᠯ᠂ ᠪᠠᠶᠢᠴᠠᠭᠠᠨ ᠰᠤᠳᠤᠯᠤᠯᠲᠠ᠂ | ᠠᠰᠠᠭᠤᠳᠠᠯ ᠢ ᠪᠠᠶᠢᠴᠠᠭᠠᠨ ᠢᠯᠡᠷᠡᠭᠦᠯᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠪᠦᠬᠦ | ᠶᠠᠪᠤᠴᠠ ᠳᠤ ᠲᠤᠭᠤᠰᠢᠯᠠᠭᠤᠯᠪᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠦ᠂ ᠠᠷᠠᠳ | ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠵᠦᠢᠯ ᠳᠤ ᠢᠳᠡᠪᠬᠢᠲᠡᠢ ᠪᠠᠷ ᠬᠠᠷᠢᠭᠤ ᠲᠤᠰᠬᠠᠨ᠂ ᠠᠵᠢᠯ ᠶᠠᠪᠤᠳᠠᠯ | ᠭᠦᠢᠴᠡᠳᠭᠡᠬᠦ ᠳᠤ ᠭᠦᠴᠢᠷᠳᠡᠢ ᠪᠠᠶᠢᠬᠤ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠵᠦ᠂ ᠮᠡᠳᠡᠭᠡ ᠵᠠᠩᠭᠢ ᠶᠢᠨ | ᠬᠤᠷᠢᠭ᠎ᠠ ᠴᠠᠷᠠᠭ᠎ᠠ ᠶᠢ ᠠᠷᠢᠯᠭᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠤᠭᠴᠠᠵᠢᠭᠤᠯᠤᠭᠰᠠᠨ | ᠲᠠᠪᠴᠠᠩ ᠢ ᠦᠨᠳᠦᠰᠦᠨ ᠳᠤ ᠪᠠᠨ ᠪᠠᠶᠢᠭᠤᠯᠵᠦ᠂ ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ | ᠵᠠᠬᠢᠷᠭᠠᠨ ᠤ ᠡᠷᠬᠡ ᠶᠢᠨ ᠵᠦᠢᠯᠡᠰ ᠢ 3278 ᠵᠦᠢᠯ ᠠᠴᠠ 947 ᠵᠦᠢᠯ ᠪᠣᠯᠭᠠᠭᠠᠳ 71% ᠪᠠᠭᠠᠰᠬᠠᠪᠠ᠂ ᠵᠠᠬ᠎ᠠ | ᠳᠡᠯᠭᠡᠭᠦᠷ ᠲᠤ ᠵᠥᠪᠰᠢᠶᠡᠷᠡᠨ ᠣᠷᠤᠭᠤᠯᠬᠤ᠂ ᠲᠦᠷᠦᠯ ᠵᠦᠢᠯ ᠢ ᠬᠢᠨᠠᠨ ᠵᠥᠪᠰᠢᠶᠡᠷᠡᠬᠦ ᠵᠡᠷᠭᠡ 500 ᠭᠠᠷᠤᠢ | ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠨᠢᠭᠡ ᠦᠷᠲᠡᠭᠡᠴᠢᠯᠡᠭᠰᠡᠨ ᠮᠠᠶ᠋ᠢᠭ ᠢᠶᠠᠷ ᠭᠦᠢᠴᠡᠳᠭᠡᠬᠦ ᠶᠢ | ᠪᠡᠶᠡᠯᠡᠭᠦᠯᠪᠡ︔ ᠭᠡᠷ ᠪᠠᠶᠢᠰᠢᠩ ᠭᠠᠵᠠᠷ ᠬᠦᠷᠦᠩᠭᠡ᠂ ᠠᠶᠤᠯ ᠦᠭᠡᠢ ᠦᠢᠯᠡᠳᠪᠦᠷᠢᠯᠡᠯ ᠵᠡᠷᠭᠡ ᠬᠦᠷᠢᠶ᠎ᠡ | ᠴᠠᠷᠠᠭᠠᠨ ᠳᠠᠬᠢ ᠳᠤᠪᠤᠶᠢᠮ᠎ᠠ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠪᠡ᠃ ᠬᠠᠷᠢᠶᠠᠯᠠᠭᠳᠠᠬᠤ ᠣᠷᠣᠨ ᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ 88 ᠲᠦᠮᠡᠨ ᠢᠵᠢ ᠭᠡᠷ ᠪᠠᠶᠢᠰᠢᠩ ᠤᠨ ᠦᠨᠡᠮᠯᠡᠯ ᠠᠪᠬᠤ ᠳᠤ ᠬᠦᠴᠢᠷ᠂ | ᠣᠷᠤᠵᠤ ᠰᠠᠭᠤᠬᠤ ᠳᠤ ᠬᠦᠴᠢᠷ᠂ ᠪᠤᠴᠠᠵᠤ ᠨᠡᠭᠦᠬᠦ ᠳᠤ ᠬᠦᠴᠢᠷ ᠲᠠᠢ ᠦᠯᠡᠳᠡᠭᠳᠡᠯ ᠠᠰᠠᠭᠤᠳᠠᠯ ᠢ ᠰᠢᠢᠳᠪᠦᠷᠢᠯᠡᠪᠡ᠃ | ᠰᠢᠯᠢ ᠶᠢᠨ ᠭᠤᠣᠯ ᠤᠨ ᠶᠢᠨ ᠮᠠᠨ ᠠᠭᠤᠷᠬᠠᠢ ᠶᠢᠨ ᠦᠢᠯᠡᠰ ᠤᠨ ᠪᠠ ᠤᠯᠠᠭᠠᠨᠴᠠᠪ ᠤᠨ ᠳ᠋ᠦᠩ ᠰᠢᠩ ᠬᠢᠮᠢ ᠶᠢᠨ | ᠠᠵᠤ ᠦᠢᠯᠡᠳᠪᠦᠷᠢ ᠶᠢᠨ ᠠᠮᠦᠷ ᠲᠥᠪᠰᠢᠨ ᠤ ᠠᠳᠡᠯ ᠬᠡᠷᠡᠭ ᠠᠴᠠ ᠬᠠᠳᠠᠭᠤ ᠰᠤᠷᠭᠠᠮᠵᠢ ᠠᠪᠤᠨᠨᠰᠠᠨ ᠪᠣᠯᠬᠤᠷ ᠪᠢᠳᠡ | ᠠᠵᠢᠯ ᠤᠨ ᠶᠠᠪᠤᠴᠠ ᠳᠠᠬᠢ ᠬᠦᠷᠦᠯᠴᠡᠬᠦ ᠦᠭᠡᠢ ᠲᠠᠯ᠎ᠠ ᠪᠠᠨ ᠬᠢᠨᠠᠮᠠᠭᠠᠢ ᠲᠤᠩᠭᠠᠵᠦ᠂ ᠠᠭᠤᠷᠬᠠᠢ ᠶᠢᠨ ᠠᠮᠦᠷ | ᠲᠥᠪᠰᠢᠨ ᠤ ᠳᠤᠪᠤᠶᠢᠮ᠎ᠠ ᠠᠰᠠᠭᠤᠳᠠᠯ ᠢ ᠲᠤᠰᠬᠠᠶᠢᠯᠠᠨ ᠴᠡᠭᠴᠡᠯᠡᠵᠦ ᠵᠠᠰᠠᠬᠤ ᠠᠵᠢᠯ ᠢ ᠦᠷᠨᠢᠬᠦᠯᠦᠨ᠂ ᠲᠤᠰᠬᠠᠢ | ᠠᠵᠢᠯᠲᠠᠨ ᠢ ᠵᠣᠬᠢᠶᠠᠨ ᠪᠠᠶᠢᠭᠤᠯᠵᠤ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠮᠦᠷ ᠲᠥᠪᠰᠢᠨ ᠤ | ᠲᠠᠯ᠎ᠠ ᠪᠠᠷ ᠦᠨᠡᠯᠡᠯᠲᠡ ᠵᠢᠱᠢᠯᠳᠠ ᠬᠢᠯᠭᠡᠪᠡ︔ ᠵᠠᠰᠠᠭ ᠤᠨ ᠣᠷᠳᠣᠨ ᠤ ᠥᠷᠢ ᠦᠭᠴᠡᠭᠡ ᠪᠠ ᠮᠦᠩᠭᠦᠨ | ᠭᠦᠢᠯᠭᠡᠭᠡᠨ ᠤ ᠲᠥᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠷ ᠬᠦᠴᠦᠯᠡᠵᠦ᠂ ᠪᠦᠬᠦ ᠣᠷᠣᠨ ᠤ ᠵᠠᠰᠠᠭ ᠤᠨ | ᠣᠷᠳᠣᠨ ᠤ ᠦᠷᠢ ᠦᠭᠴᠡᠭᠡ ᠶᠢᠨ ᠨᠤᠷᠮ᠎ᠠ ᠶᠢ ᠦᠷᠭᠦᠯᠵᠢᠯᠡᠨ ᠪᠠᠭᠤᠷᠠᠭᠤᠯᠪᠠ︔ ᠳᠤᠲᠠᠭᠤᠳᠠᠯ ᠢᠶᠠᠨ | ᠨᠦᠬᠦᠪᠦᠷᠢᠯᠡᠬᠦ ᠶᠢ ᠬᠦᠴᠦᠯᠡᠨ ᠠᠬᠢᠭᠤᠯᠵᠤ᠂ ᠳᠡᠭᠡᠳᠦ ᠬᠤᠷᠳᠤ ᠶᠢᠨ ᠲᠡᠮᠦᠷ ᠵᠠᠮ᠂ ᠠᠭᠠᠷ ᠠᠶᠠᠯᠠᠯ᠂ ᠡᠨᠧᠷᠬᠢ ᠵᠡᠷᠭᠡ | ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠳᠤ ᠰᠢᠪᠲᠤᠯᠤᠯᠲᠠ ᠲᠠᠢ ᠪᠣᠯᠪᠠ᠃ ᠲᠤᠷᠰᠢᠯᠳᠠ ᠶᠢᠨ ᠴᠡᠭ ᠲᠤ | ᠤᠷᠢᠳ ᠢᠶᠠᠷ ᠬᠡᠷᠡᠭᠵᠢᠬᠦᠯᠬᠦ ᠶᠢ ᠪᠠᠷᠢᠮᠳᠠᠯᠠᠵᠦ᠂ ᠮᠠᠯᠵᠢᠬᠤ ᠣᠷᠣᠨ ᠢ ᠤᠳᠤᠬᠢᠴᠢᠯᠠᠬᠤ᠂ ᠴᠢᠨᠠᠷ ᠰᠠᠶᠢᠲᠠᠢ ᠪᠡᠯᠴᠢᠭᠡᠷ | ᠡᠪᠡᠰᠦ ᠲᠠᠷᠢᠬᠤ᠂ ᠬᠤᠵᠢᠷᠰᠢᠭᠰᠠᠨ ᠭᠠᠵᠠᠷ ᠢ ᠦᠭᠡᠷᠡᠴᠢᠯᠡᠨ ᠰᠠᠶᠢᠵᠢᠷᠠᠭᠤᠯᠬᠤ᠂ ᠵᠣᠷᠯᠤᠩ ᠤᠨ ᠬᠤᠪᠢᠰᠤᠯᠲᠠ᠂ | ᠬᠤᠭ ᠨᠣᠪᠰᠢ ᠶᠢ ᠲᠦᠷᠦᠯ ᠠᠩᠬᠢᠯᠠᠨ ᠰᠢᠢᠳᠪᠦᠷᠢᠯᠡᠬᠦ ᠵᠡᠷᠭᠡ ᠲᠣᠷᠰᠢᠯᠲᠠ ᠶᠢᠨ ᠠᠵᠢᠯ ᠢ ᠦᠷᠨᠢᠭᠦᠯᠪᠡ᠃ | ᠲᠦᠯᠦᠭᠡᠯᠡᠭᠴᠢᠳ ᠡ︕ ᠦᠩᠭᠡᠷᠡᠭᠰᠡᠨ ᠨᠢᠭᠡ ᠵᠢᠯ ᠳᠤ᠂ ᠪᠢᠳᠡ ᠲᠤᠯᠭᠠᠷᠠᠵᠤ ᠪᠠᠶᠢᠭᠰᠠᠨ ᠬᠦᠨᠳᠦ ᠬᠡᠴᠡᠭᠦᠦ | ᠬᠦᠴᠢᠷ ᠪᠡᠷᠬᠡᠰᠢᠶᠡᠯ ᠪᠠ ᠴᠢᠩᠭ᠎ᠠ ᠰᠢᠷᠦᠭᠦᠨ ᠲᠦᠭᠰᠢᠭᠦᠷᠢ ᠦᠷᠢᠰᠦᠯᠳᠦᠭᠡᠨ ᠢ ᠲᠤᠭᠤᠯᠵᠤ ᠣᠯᠣᠭᠰᠠᠨ ᠠᠮᠵᠢᠯᠲᠠ | ᠪᠦᠲᠦᠮᠵᠢ ᠬᠢᠯᠪᠠᠷ ᠪᠤᠰᠤ ᠶᠤᠮ᠃ ᠡᠨᠡ ᠪᠣᠯ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠠᠴᠠ ᠪᠠᠲᠤ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠦᠨ᠂ ᠪᠦᠬᠦ ᠣᠷᠣᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ ᠲᠡᠮᠡᠴᠡᠵᠦ᠂ ᠬᠦᠴᠢᠷ ᠪᠡᠷᠬᠡᠰᠢᠶᠡᠯ ᠢ ᠢᠯᠠᠨ | ᠳᠠᠪᠠᠭᠰᠠᠨ ᠤ ᠦᠷ᠎ᠡ ᠳ᠋ᠦᠩ ᠪᠣᠯᠬᠤ ᠶᠤᠮ᠃ ᠠᠳᠡ᠂ ᠪᠢ ᠦᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠣᠷᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠦᠪᠦᠷ | ᠮᠣᠩᠭᠤᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠣᠢ ᠪᠦᠬᠦᠢ ᠨᠠᠶᠢᠵᠠ ᠨᠦᠬᠦᠳ ᠲᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠦᠲᠦᠮᠵᠢ ᠪᠠᠨ ᠨᠤᠲᠠᠯᠠᠬᠤ ᠶᠢᠨ ᠳᠠᠭᠠᠤ᠂ ᠪᠦᠬᠦ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠴᠦᠬᠡᠨ ᠪᠤᠰᠤ ᠬᠦᠴᠢᠷᠳᠡᠯ ᠪᠠ ᠠᠰᠠᠭᠤᠳᠠᠯ ᠣᠷᠤᠰᠢᠵᠤ ᠪᠠᠶᠢᠬᠤ ᠶᠢ ᠪᠢᠳᠡ ᠪᠠᠰᠠ ᠰᠡᠷᠭᠡᠭ ᠢᠶᠠᠷ | ᠲᠠᠨᠢᠵᠤ ᠣᠯᠪᠠ᠃ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠦᠷᠭᠦᠯᠵᠢᠯᠡᠨ ᠨᠡᠮᠡᠭᠳᠡᠵᠦ᠂ ᠰᠢᠨ᠎ᠡ | ᠬᠦᠳᠡᠯᠭᠡᠭᠴᠢ ᠴᠢᠳᠠᠪᠤᠷᠢ ᠶᠢᠨ ᠬᠥᠭᠵᠢᠯᠲᠡ ᠭᠦᠢᠴᠡᠳ ᠦᠭᠡᠢ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ | ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠢ ᠪᠠᠶᠢᠨ᠎ᠠ᠃ ᠠᠮᠢ ᠠᠬᠤᠢ ᠶᠢᠨ ᠪᠠᠶᠢᠭᠤᠯᠤᠯᠲᠠ ᠪᠠ | ᠪᠤᠬᠢᠷᠳᠤᠯ ᠢ ᠰᠡᠷᠭᠡᠶᠢᠯᠡᠨ ᠵᠠᠰᠠᠬᠤ ᠡᠭᠦᠷᠭᠡ ᠮᠠᠰᠢ ᠬᠦᠨᠳᠦ ᠪᠠᠶᠢᠨ᠎ᠠ᠃ ᠡᠳ᠋ ᠤᠨ ᠵᠠᠰᠠᠭ ᠮᠦᠩᠭᠦᠨ ᠭᠦᠢᠯᠭᠡᠭᠡᠨ ᠤ | ᠭᠦᠷᠢᠶᠡᠨ ᠳᠠᠬᠢ ᠲᠥᠭᠰᠢᠭᠦᠷᠢ ᠮᠦᠨ ᠬᠦ ᠨᠡᠯᠢᠶᠡᠳ ᠶᠡᠭᠡ ᠪᠠᠶᠢᠵᠤ᠂ ᠵᠠᠷᠢᠮ ᠭᠠᠵᠠᠷ ᠣᠷᠣᠨ ᠤ ᠡᠳ᠋ ᠤᠨ ᠵᠠᠰᠠᠭ ᠤᠨ | ᠠᠵᠢᠯᠯᠠᠭᠠᠨ ᠨᠢ ᠶᠠᠪᠤᠨᠨᠳᠠᠬᠤ ᠳᠤ ᠭᠦᠴᠢᠷ ᠪᠠᠶᠢᠨ᠎ᠠ᠃ ᠰᠤᠷᠭᠠᠨ ᠬᠦᠮᠦᠵᠢᠯ᠂ ᠡᠮᠴᠢᠯᠡᠭᠡ᠂ ᠣᠷᠣᠨ ᠰᠠᠭᠤᠴᠠ ᠵᠡᠷᠭᠡ | ᠲᠠᠯ᠎ᠠ ᠪᠠᠷ ᠣᠯᠠᠨ ᠲᠦᠮᠡᠨ ᠤ ᠰᠠᠨᠠᠭᠠᠨ ᠳᠤ ᠨᠡᠶᠢᠴᠡᠬᠦ ᠦᠭᠡᠢ ᠵᠦᠢᠯ ᠪᠠᠰᠠ ᠤᠷᠤᠰᠢᠵᠦ ᠪᠠᠶᠢᠨ᠎ᠠ᠃ ᠵᠠᠰᠠᠭ ᠤᠨ | ᠣᠷᠳᠣᠨ ᠤ ᠵᠠᠷᠢᠮ ᠰᠠᠯᠠᠭ᠎ᠠ ᠮᠦᠴᠢᠷ ᠲᠤ ᠬᠡᠯᠪᠡᠷᠢᠴᠢ ᠦᠵᠡᠯ᠂ ᠨᠤᠶᠠᠨᠴᠢ ᠰᠤᠷᠲᠠᠯ ᠮᠦᠨ ᠬᠦ ᠣᠷᠤᠰᠢᠭᠰᠠᠭᠠᠷ | ᠪᠠᠶᠢᠨ᠎ᠠ᠃ ᠪᠢᠳᠡ ᠡᠷᠬᠡᠪᠰᠢ ᠠᠰᠠᠭᠤᠳᠠᠯ ᠪᠣᠯᠣᠨ ᠦᠷᠢᠰᠦᠯᠳᠦᠭᠡᠨ ᠳᠤ ᠵᠥᠪ ᠬᠠᠨᠳᠤᠵᠤ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠬᠡᠯᠡᠨ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠭᠡᠵᠦ᠂ ᠠᠷᠠᠳ ᠲᠦᠮᠡᠨ ᠤ | ᠬᠦᠰᠡᠯ ᠪᠣᠳᠣᠯ ᠢ ᠶᠠᠭᠠᠬᠢᠭᠰᠠᠨ ᠴᠤ ᠬᠦᠰᠡᠷᠳᠡᠭᠦᠯᠵᠣ ᠪᠣᠯᠬᠤ ᠦᠭᠡᠢ᠃ | ᠬᠤᠶᠠᠷ᠂ 2020 ᠤᠨ ᠤ ᠠᠵᠢᠯ ᠤᠨ ᠲᠤᠬᠢᠷᠠᠭᠤᠯᠤᠯᠳᠠ | ᠡᠨᠡ ᠵᠢᠯ ᠪᠤᠯ ᠴᠢᠨᠡᠬᠡᠯᠢᠭ ᠨᠡᠶᠢᠬᠡᠮ ᠢ ᠪᠦᠭᠦ ᠲᠠᠯ᠎ᠠ ᠪᠠᠷ ᠪᠠᠶᠢᠭᠤᠯᠬᠤ ᠪᠠ ︽ᠠᠷᠪᠠᠨ ᠭᠤᠷᠪᠠᠳᠤᠭᠠᠷ ᠲᠠᠪᠤᠨ | ᠵᠢᠯ︾ ᠤᠨ ᠲᠦᠯᠦᠪᠵᠢᠭᠦᠯᠬᠡ ᠶᠢᠨ ᠰᠡᠬᠦᠯ ᠬᠤᠷᠢᠶᠠᠬᠤ ᠵᠢᠯ ᠪᠤᠯᠤᠨ᠎ᠠ᠂ ᠪᠢᠳᠡ ᠨᠢᠬᠡᠳᠦᠬᠡᠷ ᠵᠠᠭᠤᠨ ᠵᠢᠯ ᠤᠨ | ᠲᠡᠮᠡᠴᠡᠬᠦ ᠬᠠᠷᠠᠯᠳᠠ ᠪᠠᠨ ᠪᠡᠶᠡᠯᠡᠬᠦᠯᠵᠦ᠂ ︽ᠠᠷᠪᠠᠨ ᠲᠦᠷᠪᠡᠳᠦᠬᠡᠷ ᠲᠠᠪᠤᠨ ᠵᠢᠯ︾ ᠤᠨ ᠭᠦᠭᠵᠢᠯᠳᠡ ᠪᠠ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠳᠠ ᠪᠠᠨ ᠪᠡᠶᠡᠯᠡᠬᠦᠯᠬᠦ ᠳᠤ ᠰᠠᠶᠢᠳᠤᠷ ᠰᠠᠭᠤᠷᠢ ᠲᠠᠯᠪᠢᠬᠤ ᠬᠡᠷᠡᠭᠳᠡᠢ᠃ | ᠵᠠᠰᠠᠭ ᠤᠨ ᠤᠷᠳᠤᠨ ᠤ ᠠᠵᠢᠯ ᠢ ᠰᠠᠶᠢᠳᠤᠷ ᠬᠢᠬᠦ ᠳᠤ᠂ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠲᠤᠮᠳᠠᠳᠤ | ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ | ᠶᠢᠰᠦᠳᠦᠬᠡᠷ ᠶᠡᠭᠡ ᠬᠤᠷᠠᠯ ᠪᠠ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠲᠦᠷᠪᠡᠳᠦᠬᠡᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠦ᠂ | ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢ ᠡᠷᠡᠰ | ᠲᠤᠭᠤᠰᠢᠯᠠᠭᠤᠯᠤᠨ᠂ ︽ᠲᠦᠷᠪᠡᠨ ᠦᠵᠡᠯ ᠤᠬᠠᠮᠰᠠᠷ︾ ᠢᠶᠠᠨ ᠴᠢᠩᠭᠠᠳᠬᠠᠵᠦ᠂ ︽ᠲᠦᠷᠪᠡᠨ ᠢᠳᠡᠬᠡᠯ︾ ᠢᠶᠠᠨ | ᠪᠠᠳᠤᠳᠬᠠᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠦ᠂ ᠴᠢᠨᠡᠬᠡᠯᠢᠭ ᠨᠡᠶᠢᠬᠡᠮ ᠢ ᠪᠦᠭᠦ ᠲᠠᠯ᠎ᠠ ᠪᠠᠷ | ᠪᠠᠶᠢᠭᠤᠯᠬᠤ ᠬᠠᠷᠠᠯᠳᠠᠳᠤ ᠡᠭᠦᠷᠬᠡ ᠲᠠᠢ ᠨᠢᠨᠨᠳᠠ ᠤᠶᠠᠯᠳᠤᠭᠤᠯᠤᠨ᠂ ᠲᠤᠨᠨᠳᠠᠭᠤᠨ ᠪᠠᠶᠢᠯᠭᠠᠬᠤ ᠶᠢᠨ ᠲᠠᠭᠠᠤ ᠳᠤ | ᠤᠷᠤᠨᠨᠰᠢᠯᠠᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠳᠠᠯᠠᠵᠦ᠂ ᠰᠢᠨ᠎ᠠ ᠭᠦᠭᠵᠢᠯᠳᠡ ᠶᠢᠨ | ᠤᠨᠤᠯᠵᠢᠬᠤᠨ ᠢ ᠪᠠᠷᠢᠮᠳᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠪᠠᠷ ᠭᠤᠤᠯ | ᠰᠢᠵᠢᠮ ᠪᠤᠯᠭᠠᠬᠤ ᠶᠢ ᠪᠠᠷᠢᠮᠳᠠᠯᠠᠵᠦ᠂ ᠦᠬᠡᠷᠡᠴᠢᠯᠡᠯᠳᠡ ᠨᠡᠭᠡᠭᠡᠯᠲᠡ ᠬᠢᠬᠦ ᠪᠠᠷ ᠬᠦᠳᠡᠯᠭᠡᠭᠴᠢ ᠭᠦᠴᠦᠨ ᠪᠤᠯᠭᠠᠬᠤ ᠶᠢ | ᠪᠠᠷᠢᠮᠳᠠᠯᠠᠨ᠂ ᠴᠢᠨᠠᠷ ᠰᠠᠶᠢᠳᠠᠢ ᠭᠦᠭᠵᠢᠯᠳᠡ ᠶᠢ ᠠᠬᠢᠭᠤᠯᠵᠦ᠂ ᠭᠤᠷᠪᠠᠨ ᠶᠡᠭᠡ ᠰᠢᠪᠳᠤᠯᠤᠯᠳᠠ ᠶᠢᠨ | ᠲᠠᠶᠢᠯᠠᠯᠳᠤᠭᠠᠨ ᠤ ᠢᠯᠡᠯᠳᠡ ᠶᠢ ᠲᠡᠮᠡᠴᠡᠨ ᠤᠯᠵᠦ᠂ ︽ᠵᠢᠷᠭᠤᠭᠠᠨ ᠵᠦᠢᠯ ᠢ ᠲᠤᠨᠨᠳᠠᠭᠤᠨ ᠪᠠᠶᠢᠯᠭᠠᠬᠤ︾ ᠠᠵᠢᠯ ᠢ | ᠪᠦᠭᠦ ᠲᠠᠯ᠎ᠠ ᠪᠠᠷ ᠰᠠᠶᠢᠳᠤᠷ ᠬᠢᠵᠦ᠂ ᠨᠡᠮᠡᠭᠳᠡᠯ ᠢ ᠲᠤᠨᠨᠳᠠᠪᠤᠷᠢᠵᠢᠭᠤᠯᠬᠤ᠂ ᠦᠬᠡᠷᠡᠴᠢᠯᠡᠯᠳᠡ ᠶᠢ ᠠᠬᠢᠭᠤᠯᠬᠤ᠂ | ᠪᠦᠳᠦᠴᠡ ᠶᠢ ᠲᠤᠬᠢᠷᠠᠭᠤᠯᠬᠤ᠂ ᠠᠷᠠᠳ ᠲᠤ ᠠᠰᠢᠭ ᠭᠦᠷᠳᠡᠬᠡᠬᠦ᠂ ᠲᠦᠭᠰᠢᠭᠦᠷᠢ ᠶᠢ ᠰᠡᠷᠬᠡᠶᠢᠯᠡᠬᠦ᠂ ᠲᠤᠨᠨᠳᠠᠭᠤᠨ ᠢ | ᠪᠠᠳᠤᠯᠠᠬᠤ ᠶᠢ ᠨᠢᠬᠡᠳᠦᠯᠳᠡᠢ ᠲᠦᠯᠦᠪᠯᠡᠨ ᠠᠬᠢᠭᠤᠯᠵᠦ᠂ ᠠᠵᠦ ᠠᠬᠤᠢ ᠶᠢ ᠵᠦᠢ ᠵᠤᠬᠢᠰᠳᠠᠢ ᠬᠡᠪᠴᠢᠶᠡᠨ ᠳᠤ | ᠠᠵᠢᠯᠯᠠᠭᠤᠯᠬᠤ ᠶᠢ ᠪᠠᠳᠤᠯᠠᠨ᠂ ᠪᠦᠭᠦ ᠲᠠᠯ᠎ᠠ ᠪᠠᠷ ᠴᠢᠨᠡᠬᠡᠯᠢᠭ ᠨᠡᠶᠢᠬᠡᠮ ᠢ ᠪᠠᠶᠢᠭᠤᠯᠬᠤ ᠪᠠ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠲᠦᠯᠦᠪᠵᠢᠭᠦᠯᠬᠡ ᠶᠢᠨ ᠠᠮᠵᠢᠯᠲᠠ ᠲᠠᠢ ᠪᠠᠷ ᠰᠡᠭᠦᠯ ᠬᠤᠷᠢᠶᠠᠬᠤ ᠶᠢ ᠪᠠᠳᠤᠯᠠᠵᠦ᠂ ᠠᠷᠠᠳ | ᠣᠯᠠᠨ ᠳᠤ ᠮᠡᠳᠡᠷᠡᠭᠳᠡᠨ ᠲᠠᠭᠠᠰᠢᠶ᠋ᠬᠠᠳᠠᠵᠦ᠂ ᠲᠡᠤᠬᠡ ᠶᠢᠨ ᠰᠢᠯᠭᠠᠯᠳᠠ ᠶᠢ ᠲᠠᠭᠠᠭᠠᠵᠦ ᠴᠢᠳ᠋ᠬᠠᠰᠠᠨ ᠪᠠᠶᠢᠬᠤ | ᠬᠡᠷᠡᠭᠳᠡᠢ᠃ | ᠡᠨᠡ ᠵᠢᠯ ᠤᠨ ᠠᠵᠦ ᠠᠬᠤᠢ ᠨᠡᠶᠢᠬᠡᠮ ᠤᠨ ᠭᠦᠭᠵᠢᠯᠳᠡ ᠶᠢᠨ ᠭᠤᠤᠯ ᠵᠢᠱᠢᠭᠰᠡᠨ ᠬᠠᠷᠠᠯᠳᠠ ᠪᠤᠯ᠄ ᠭᠠᠵᠠᠷ | ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 6% ᠤᠷᠴᠢᠮ ᠨᠡᠮᠡᠭᠳᠡᠬᠦᠯᠦᠨ᠎ᠠ︔ ᠬᠤᠳᠠ ᠪᠠᠯᠭᠠᠰᠤᠨ ᠤ | ᠠᠵᠢᠯ ᠤᠯᠤᠨᠨᠰᠠᠳ ᠢ 22 ᠲᠦᠮᠡ ᠭᠠᠷᠤᠢ ᠰᠢᠨ᠎ᠠ ᠪᠠᠷ ᠨᠡᠮᠡᠭᠳᠡᠬᠦᠯᠦᠨ᠎ᠠ︔ ᠬᠤᠳᠠ ᠪᠠᠯᠭᠠᠰᠤᠨ ᠤ | ᠪᠠᠶᠢᠴᠠᠭᠠᠯᠳᠠ ᠳᠠᠬᠢ ᠠᠵᠢᠯ ᠠᠯᠳ᠋ᠬᠠᠰᠠᠳ ᠤᠨ ᠨᠤᠷᠮ᠎ᠠ ᠶᠢ 5.5% ᠤᠷᠴᠢᠮ ᠳᠤ ᠪᠠᠶᠢᠯᠭᠠᠵᠦ᠂ ᠲᠠᠩᠰᠠᠯᠠᠨ | ᠲᠡᠮᠳᠡᠭᠯᠡᠬᠦᠯᠦᠭᠰᠡᠨ ᠠᠵᠢᠯ ᠠᠯᠳ᠋ᠬᠠᠰᠠᠳ ᠤᠨ ᠨᠤᠷᠮ᠎ᠠ ᠶᠢ 4.5% ᠲᠤᠳᠤᠷ᠎ᠠ ᠪᠠᠶᠢᠯᠭᠠᠨ᠎ᠠ︔ ᠰᠠᠭᠤᠭᠠᠯᠢ | ᠠᠷᠠᠳ ᠤᠨ ᠬᠡᠷᠡᠭᠯᠡᠭᠡ ᠶᠢᠨ ᠦᠨ᠎ᠠ ᠬᠠᠩᠰᠢ ᠶᠢᠨ ᠦᠰᠦᠯᠳᠡ ᠶᠢᠨ ᠬᠡᠮᠵᠢᠶ᠎ᠡ ᠶᠢ 3.5% ᠤᠷᠴᠢᠮ ᠪᠠᠶᠢᠯᠭᠠᠨ᠎ᠠ︔ | ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠢ ᠠᠵᠦ ᠠᠬᠤᠢ ᠶᠢᠨ ᠨᠡᠮᠡᠭᠳᠡᠯ ᠲᠠᠢ ᠦᠨᠳᠦᠰᠦᠨ ᠳᠤ ᠪᠠᠨ ᠠᠳᠠᠯᠢ | ᠠᠯᠬᠤᠮ ᠳᠤ ᠪᠠᠶᠢᠯᠭᠠᠨ᠎ᠠ᠃ | ᠡᠨᠡ ᠵᠢᠯ ᠤᠨ ᠠᠵᠢᠯ ᠢ ᠰᠠᠶᠢᠳᠤᠷ ᠬᠢᠬᠦ ᠳᠤ᠂ ᠪᠢᠳᠡ ᠰᠢᠨ᠎ᠠ ᠭᠦᠭᠵᠢᠯᠳᠡ ᠶᠢᠨ ᠤᠨᠤᠯᠵᠢᠬᠤᠨ ᠢ ᠡᠷᠡᠰ | ᠭᠤᠶᠢᠪᠢᠰᠢ ᠦᠬᠡᠢ ᠲᠤᠭᠤᠰᠢᠯᠠᠭᠤᠯᠵᠦ᠂ ᠨᠠᠮ ᠤᠨ ᠲᠦᠪ ᠬᠤᠷᠢᠶ᠎ᠠ ᠠᠴᠠ ᠦᠪᠡᠷᠳᠡᠬᠡᠨ ᠵᠠᠰᠠᠬᠤ ᠤᠷᠤᠨ ᠳᠤ | ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠤᠨᠨᠳᠠᠭᠠᠯᠳᠠ ᠶᠢ ᠤᠨᠤᠪᠴᠢᠳᠠᠢ ᠡᠵᠡᠮᠰᠢᠨ᠂ ᠠᠮᠢ ᠠᠬᠤᠢ ᠶᠢ | ᠤᠷᠢᠳ ᠢᠶᠠᠷ ᠪᠤᠳᠤᠯᠬᠢᠯᠬᠠᠰᠠᠨ᠂ ᠪᠤᠬᠢᠷᠳᠤᠯ ᠦᠬᠡᠢ ᠭᠦᠭᠵᠢᠯᠳᠡ ᠪᠠᠷ ᠤᠳᠤᠷᠢᠳᠤᠮᠵᠢ ᠪᠤᠯᠭᠠᠨᠨᠰᠠᠨ ᠴᠢᠨᠠᠷ ᠰᠠᠶᠢᠳᠠᠢ | ᠭᠦᠭᠵᠢᠯᠳᠡ ᠶᠢᠨ ᠰᠢᠨ᠎ᠠ ᠵᠠᠮ ᠢᠶᠠᠷ ᠭᠤᠶᠢᠪᠢᠰᠢ ᠦᠬᠡᠢ ᠵᠠᠮᠨᠠᠬᠤ ᠬᠡᠷᠡᠭᠳᠡᠢ︔ ᠲᠤᠨᠨᠳᠠᠭᠤᠨ ᠪᠠᠶᠢᠯᠭᠠᠬᠤ ᠶᠢᠨ | ᠲᠠᠭᠠᠤ ᠳᠤ ᠤᠷᠤᠨᠨᠰᠢᠯᠠᠭᠤᠯᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠳᠠᠯᠠᠨ᠂ ᠬᠠᠩᠭᠠᠯᠭ᠎ᠠ ᠶᠢᠨ | ᠲᠠᠯ᠎ᠠ ᠶᠢᠨ ᠪᠦᠳᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠭᠦᠨᠵᠡᠬᠡᠶᠢᠷᠡᠬᠦᠯᠬᠦ ᠪᠠᠷ ᠲᠠᠰᠤᠷᠠᠯᠳᠠ ᠦᠬᠡᠢ ᠭᠦᠴᠦᠯᠡᠵᠦ᠂ | ᠠᠵᠦ ᠠᠬᠤᠢ ᠶᠢᠨ ᠲᠠᠯ᠎ᠠ ᠪᠠᠷ ᠬᠢ ᠪᠡᠶᠡᠯᠡᠭᠦᠯᠬᠦ ᠬᠡᠮᠵᠢᠶᠡᠨ ᠤ ᠵᠤᠬᠢᠰᠳᠠᠢ ᠨᠡᠮᠡᠭᠳᠡᠯ ᠪᠠ ᠶᠠᠰᠤ ᠴᠢᠨᠠᠷ ᠤᠨ ᠯᠠᠪᠳᠠᠭᠤᠨ | ᠲᠡᠬᠡᠭᠰᠢᠯᠡᠯᠳᠡ ᠶᠢ ᠪᠠᠳᠤᠯᠠᠬᠤ ᠬᠡᠷᠡᠭᠳᠡᠢ︔ ᠴᠢᠨᠡᠬᠡᠯᠢᠭ ᠨᠡᠶᠢᠬᠡᠮ ᠢ ᠪᠦᠭᠦ ᠲᠠᠯ᠎ᠠ ᠪᠠᠷ ᠪᠠᠶᠢᠭᠤᠯᠬᠤ ᠬᠠᠷᠠᠯᠳᠠᠳᠤ | ᠡᠭᠦᠷᠬᠡ ᠲᠠᠢ ᠨᠢᠨᠨᠳᠠ ᠤᠶᠠᠯᠳᠤᠭᠤᠯᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠬᠠᠷᠠᠯᠳᠠ ᠪᠠᠷ | ᠤᠳᠤᠷᠢᠳᠤᠮᠵᠢ ᠪᠤᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠲᠤᠨᠨᠳᠠᠮᠠᠯ ᠴᠢᠨᠠᠷ | ᠬᠡᠮᠵᠢᠶ᠎ᠡ ᠲᠠᠢ ᠬᠠᠮᠢᠶ᠎ᠠ ᠪᠦᠭᠦᠢ ᠭᠦᠢᠴᠡᠳᠬᠡᠯ ᠲᠤᠭ᠎ᠠ ᠲᠠᠢ ᠬᠠᠷᠭᠤᠭᠤᠯᠵᠦ᠂ ᠭᠤᠣᠯᠳᠠᠯᠭ᠎ᠠ ᠶᠢ ᠠᠳᠬᠤᠨ | ᠲᠤᠳᠠᠭᠤᠳᠠᠯ ᠢᠶᠠᠨ ᠨᠦᠬᠦᠪᠦᠷᠢᠯᠡᠵᠦ ᠪᠠᠭᠤᠷᠠᠢ ᠵᠦᠢᠯ ᠢᠶᠠᠨ ᠴᠢᠩᠭᠠᠷᠠᠭᠤᠯᠤᠨ᠂ ᠪᠦᠬᠦ ᠤᠯᠤᠰ ᠯᠤᠭ᠎ᠠ ᠵᠡᠷᠭᠡ ᠪᠠᠷ | ᠴᠢᠨᠡᠬᠡᠯᠢᠭ ᠨᠡᠶᠢᠬᠡᠮ ᠢ ᠪᠦᠭᠦ ᠲᠠᠯ᠎ᠠ ᠪᠠᠷ ᠪᠠᠶᠢᠭᠤᠯᠬᠤ ᠶᠢ ᠪᠠᠳᠤᠯᠠᠬᠤ ᠬᠡᠷᠡᠭᠳᠡᠢ᠃ ᠪᠢᠳᠡ ᠲᠤᠤᠷᠠᠬᠢ ᠠᠵᠢᠯ ᠤᠳ ᠢ | ᠭᠤᠤᠯᠳᠠᠯᠭ᠎ᠠ ᠲᠠᠢ ᠰᠠᠶᠢᠳᠤᠷ ᠬᠢᠨ᠎ᠠ᠃ | ︵ᠨᠢᠬᠡ︶ ᠭᠤᠷᠪᠠᠨ ᠶᠡᠭᠡ ᠰᠢᠪᠳᠤᠯᠤᠯᠳᠠ ᠶᠢᠨ ᠲᠠᠶᠢᠯᠠᠯᠳᠤᠭᠠᠨ ᠢ ᠡᠷᠡᠰ ᠰᠠᠶᠢᠳᠤᠷ ᠬᠢᠨ᠎ᠠ | ᠡᠨᠡ ᠵᠢᠯ ᠪᠣᠯ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠰᠢᠢᠳᠪᠦᠷᠢᠲᠦ ᠲᠠᠶᠢᠯᠠᠯᠳᠤᠭᠠᠨ ᠤ | ᠰᠢᠢᠳᠪᠦᠷᠢᠲᠦ ᠢᠯᠠᠯᠳᠠ ᠶᠢ ᠣᠯᠬᠤ ᠵᠢᠯ ᠪᠣᠯᠬᠤᠷ᠂ ᠡᠯ᠎ᠡ ᠵᠦᠢᠯ ᠤᠨ ᠠᠵᠢᠯ ᠢᠶᠠᠨ ᠨᠡᠩ ᠨᠠᠷᠢᠯᠢᠬ ᠣᠨᠤᠪᠴᠢᠲᠠᠢ | ᠬᠢᠬᠦ ᠬᠡᠷᠡᠭᠲᠡᠢ᠃ ᠶᠠᠳᠠᠭᠤ ᠭᠦᠴᠢᠷᠳᠡᠯᠳᠡᠢ ᠶᠢᠨ ᠲᠤᠭᠠᠨ ᠠᠴᠠ ᠭᠠᠷᠭᠠᠬᠤ ᠪᠠᠷᠢᠮᠵᠢᠶ᠎ᠠ ᠪᠠ ᠲᠡᠰ ᠲᠠᠷᠠᠭᠠᠯᠠᠯ ᠢ | ᠴᠢᠩᠭ᠎ᠠ ᠬᠡᠷᠡᠭᠵᠢᠬᠦᠯᠵᠦ᠂ ᠣᠳᠣ ᠶᠢᠨ ᠪᠠᠶᠢᠭ᠎ᠠ ᠶᠠᠳᠠᠭᠤ ᠭᠦᠴᠢᠷᠳᠡᠯᠳᠡᠢ ᠭᠦᠮᠦᠨ ᠠᠮᠠ ᠶᠢ ᠶᠠᠳᠠᠭᠤ ᠠᠴᠠ | ᠠᠩᠬᠢᠵᠢᠷᠠᠭᠤᠯᠬᠤ ᠡᠭᠦᠷᠬᠡ ᠪᠠᠨ ᠪᠡᠶᠡᠯᠡᠬᠦᠯᠦᠨ᠂ ᠦᠨᠡᠨ ᠬᠦ ᠶᠠᠳᠠᠭᠤ ᠠᠴᠠ ᠠᠩᠬᠢᠵᠢᠷᠬᠠᠰᠠᠨ ᠢ ᠪᠠᠲᠤᠯᠠᠨ᠎ᠠ᠃ | ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠪᠠᠨ ᠭᠦᠳᠡᠭᠡ ᠲᠤᠰᠬᠤᠨ ᠢ ᠭᠦᠭᠵᠢᠬᠦᠯᠦᠨ ᠮᠠᠨᠳᠤᠭᠤᠯᠬᠤ ᠲᠠᠢ | ᠪᠦᠳᠦᠮᠵᠢᠳᠡᠢ ᠪᠠᠷ ᠵᠤᠯᠭᠠᠭᠤᠯᠬᠤ ᠶᠢ ᠠᠬᠢᠭᠤᠯᠵᠦ᠂ ᠶᠠᠳᠠᠭᠤ ᠠᠴᠠ ᠠᠩᠬᠢᠵᠢᠷᠠᠭᠤᠯᠬᠤ ᠤᠷᠳᠤ ᠬᠤᠭᠤᠴᠠᠭᠠᠨ ᠤ | ᠪᠦᠳᠦᠮᠵᠢᠳᠡᠢ ᠪᠠᠶᠢᠯᠭᠠᠬᠤ ᠲᠤᠨᠨᠳᠠᠴᠠ ᠶᠢ ᠪᠠᠶᠢᠭᠤᠯᠤᠨ᠂ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ | ᠲᠤᠨᠨᠳᠠᠪᠤᠷᠢᠵᠢᠭᠤᠯᠣᠨᠡ᠃ ᠲᠠᠬᠢᠨ ᠶᠠᠳᠠᠭᠤᠷᠬᠠᠰᠠᠨ ᠭᠦᠮᠦᠨ ᠠᠮᠠ ᠬᠢᠭᠡᠳ ᠶᠠᠳᠠᠭᠤᠷᠬᠠᠰᠠᠨ ᠭᠦᠮᠦᠨ ᠠᠮᠠ ᠶᠢ | ᠬᠢᠨᠠᠨ ᠰᠢᠨᠵᠢᠬᠦ ᠪᠠ ᠬᠠᠪᠰᠤᠷᠤᠨ ᠳᠡᠳᠭᠦᠬᠦ ᠠᠵᠢᠯ ᠢ ᠰᠠᠶᠢᠳᠤᠷ ᠬᠢᠨ᠎ᠠ᠃ ᠠᠵᠦ ᠦᠢᠯᠡᠰ ᠢᠶᠠᠷ ᠶᠠᠳᠠᠭᠤ ᠶᠢ | ᠲᠡᠳᠬᠦᠬᠦ ᠶᠢ ᠴᠢᠩᠭᠠᠷᠠᠭᠤᠯᠤᠨ᠂ ᠶᠠᠳᠠᠭᠤ ᠭᠦᠴᠢᠷᠳᠡᠯᠳᠡᠢ ᠡᠷᠦᠬᠡ ᠶᠢ ᠲᠠᠶᠢᠴᠢᠯᠠᠵᠦ ᠪᠠᠶᠢᠭᠠᠳ ᠤᠷᠤᠯᠭ᠎ᠠ ᠶᠢ ᠨᠢ | ᠦᠷᠭᠦᠯᠵᠢᠯᠡᠨ ᠨᠡᠮᠡᠭᠳᠡᠬᠦᠯᠦᠨ᠎ᠠ᠃ ᠶᠠᠳᠠᠭᠤ ᠶᠢ ᠲᠡᠳᠬᠦᠬᠦ ᠡᠳ᠋ ᠭᠦᠷᠦᠩᠬᠡ ᠳᠠᠬᠢ ᠬᠠᠮᠢᠶᠠᠷᠤᠯᠳᠠ ᠪᠠᠨ ᠴᠢᠩᠭᠠᠳᠬᠠᠵᠦ᠂ | ᠶᠠᠳᠠᠭᠤ ᠶᠢ ᠲᠡᠳᠬᠦᠬᠦ ᠡᠳ᠋ ᠭᠦᠷᠦᠩᠬᠡ ᠶᠢ ᠬᠡᠷᠡᠭᠯᠡᠬᠦ ᠦᠷ᠎ᠡ ᠠᠰᠢᠭ ᠢᠶᠠᠨ ᠲᠡᠬᠡᠭᠰᠢᠯᠡᠬᠦᠯᠦᠨ᠎ᠠ᠃ ᠶᠠᠳᠠᠭᠤ ᠶᠢ | ᠲᠡᠳᠬᠦᠬᠦ ᠲᠠᠯ᠎ᠠ ᠳᠤ ᠪᠡᠬᠡᠵᠢᠩ ᠦᠪᠦᠷ ᠮᠤᠩᠭᠤᠯ ᠤᠨ ᠬᠢᠨ ᠤ ᠬᠠᠮᠵᠢᠯᠴᠠᠨ ᠠᠵᠢᠯᠯᠠᠬᠤ ᠪᠠ ᠲᠥᠪ ᠤᠨ | ᠨᠢᠭᠡᠴᠢ ᠶᠢᠨ ᠬᠢᠨ ᠤ ᠲᠣᠭᠲᠠᠭᠠᠭᠰᠠᠨ ᠴᠡᠭ ᠲᠤ ᠶᠠᠳᠠᠭᠤ ᠶᠢ ᠲᠡᠳᠭᠦᠬᠦ ᠶᠢ ᠭᠦᠨᠵᠡᠬᠡᠶᠢᠷᠡᠬᠦᠯᠦᠨ᠎ᠠ᠃ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠨᠡᠶᠢᠳᠡᠮ ᠪᠠᠶᠢᠴᠠᠭᠠᠯᠲᠠ ᠦᠷᠨᠢᠭᠦᠯᠦᠨ᠎ᠡ᠃ | ᠴᠢᠨᠡᠬᠡᠯᠢᠭ ᠨᠡᠶᠢᠬᠡᠮ ᠢ ᠪᠦᠭᠦ ᠲᠠᠯ᠎ᠠ ᠪᠠᠷ ᠪᠠᠶᠢᠭᠤᠯᠬᠤ ᠳᠤ ᠡᠷᠬᠡᠪᠰᠢ ᠪᠤᠬᠢᠷᠳᠤᠯ ᠢ ᠰᠡᠷᠬᠡᠶᠢᠯᠡᠨ ᠵᠠᠰᠠᠬᠤ | ᠰᠢᠪᠳᠤᠯᠤᠯᠳᠠ ᠶᠢᠨ ᠲᠠᠶᠢᠯᠠᠯᠳᠤᠭᠠᠨ ᠢ ᠰᠠᠶᠢᠳᠤᠷ ᠬᠢᠬᠦ ᠬᠡᠷᠡᠭᠳᠡᠢ᠃ ᠲᠤᠪᠤᠶᠢᠮ᠎ᠠ ᠠᠰᠠᠭᠤᠳᠠᠯ ᠢ ᠠᠩᠬᠠᠷᠤᠨ | ᠰᠶᠢᠳᠪᠦᠷᠢᠯᠡᠵᠦ᠂ ᠡᠯ᠎ᠡ ᠵᠦᠢᠯ ᠤᠨ ᠵᠠᠰᠠᠯᠳᠠ ᠶᠢᠨ ᠠᠷᠭ᠎ᠠ ᠬᠡᠮᠵᠢᠶ᠎ᠡ ᠶᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠤᠨ᠎ᠠ᠃ | ᠪᠤᠯᠤᠳ ᠲᠡᠮᠦᠷ ᠤᠨ ᠠᠵᠢᠯ ᠲᠦᠷᠦᠯ ᠤᠨ ᠬᠡᠳᠦ ᠲᠤᠤᠷ᠎ᠠ ᠭᠠᠳ᠋ᠬᠠᠰᠢᠯᠠᠭᠤᠯᠬᠤ ᠶᠢ ᠨᠢ ᠥᠭᠡᠷᠡᠴᠢᠯᠡᠨ ᠰᠢᠨᠡᠳᠬᠡᠬᠦ ᠪᠠ | ᠠᠵᠦ ᠦᠢᠯᠡᠳᠪᠦᠷᠢ ᠶᠢᠨ ᠵᠤᠤᠬ᠎ᠠ ᠶᠢ ᠨᠢ ᠵᠠᠰᠠᠵᠦ ᠴᠡᠭᠴᠡᠯᠡᠬᠦ ᠶᠢ ᠠᠬᠢᠭᠤᠯᠵᠦ᠂ ︽ᠲᠠᠷᠠᠬᠠᠢ ᠪᠤᠳᠠᠷᠬᠠᠢ ᠵᠠᠮᠪᠠᠷᠠᠭ᠎ᠠ | ᠦᠬᠡᠢ ᠪᠠ ᠪᠤᠬᠢᠷᠳᠤᠯ ᠶᠡᠭᠡ ᠲᠠᠢ︾ ᠠᠵᠦ ᠠᠬᠤᠶᠢᠯᠠᠯ᠂ ᠬᠡᠮᠬᠡᠳᠡᠭ ᠨᠡᠭᠦᠷᠡᠰᠦ ᠶᠢᠨ ᠰᠢᠳᠠᠭᠠᠯᠭ᠎ᠠ᠂ ᠲᠦᠯᠡᠰᠢᠨ ᠤ | ᠲᠤᠰᠤ ᠰᠢᠳᠠᠭᠠᠬᠤ ᠪᠠᠷᠠᠭᠠᠨ ᠤ ᠲᠡᠷᠬᠡ ᠶᠢᠨ ᠪᠤᠬᠢᠷᠳᠤᠯ ᠵᠡᠷᠬᠡ ᠳᠤ ᠲᠤᠰᠬᠠᠶᠢᠯᠠᠨ ᠵᠠᠰᠠᠬᠤ ᠠᠵᠢᠯ ᠢ ᠰᠠᠶᠢᠳᠤᠷ | ᠠᠳᠬᠤᠨ᠎ᠠ᠃ ᠭᠦᠬᠡᠬᠤᠳᠠ ᠪᠤᠭᠤᠳᠤ ᠤᠷᠳᠤᠰ᠂ ᠦᠬᠠᠢ ᠵᠢᠴᠢ ᠡᠷᠬᠢᠨ ᠲᠤᠭᠤᠷᠢᠨ ᠤ ᠤᠷᠤᠨ ᠪᠦᠰᠡ ᠶᠢᠨ ᠠᠭᠠᠷ | ᠮᠠᠨᠳᠠᠯ ᠤᠨ ᠪᠤᠬᠢᠷᠳᠤᠯ ᠢ ᠬᠤᠯᠪᠤᠭᠠᠯᠠᠨ ᠰᠡᠷᠬᠡᠶᠢᠯᠡᠬᠦ ᠬᠤᠯᠪᠤᠭᠠᠯᠠᠨ ᠡᠵᠡᠮᠰᠢᠬᠦ ᠬᠤᠯᠪᠤᠭᠠᠯᠠᠨ ᠵᠠᠰᠠᠬᠤ ᠶᠢ | ᠴᠢᠩᠭᠠᠳᠬᠠᠨ᠎ᠠ᠃ ᠭᠦᠯᠦᠨ ᠨᠠᠭᠤᠷ᠂ ᠤᠯᠠᠭᠠᠨᠰᠤᠬᠠᠢ᠂ ᠲᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢ | ᠶᠡᠷᠦᠩᠬᠡᠶᠢᠯᠡᠨ ᠵᠠᠰᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠦ᠂ ᠲᠠᠯᠠᠶᠢᠨᠠᠭᠤᠷ᠂ ᠬᠠᠷ᠎ᠠ ᠤᠰᠤ᠂ ᠰᠤᠪᠨᠠᠭᠤᠷ | ᠵᠡᠷᠬᠡ ᠨᠠᠭᠤᠷ ᠴᠦᠭᠦᠷᠦᠮ ᠤᠨ ᠵᠠᠰᠠᠯᠳᠠ ᠶᠢ ᠠᠬᠢᠭᠤᠯᠤᠨ᠎ᠠ᠃ ᠪᠤᠬᠢᠷ ᠤᠰᠤ ᠭᠠᠳ᠋ᠬᠠᠰᠢᠯᠠᠭᠤᠯᠬᠤ ᠦᠢᠯᠡᠳᠪᠦᠷᠢ ᠶᠢᠨ | ᠭᠠᠳ᠋ᠬᠠᠰᠢᠯᠠᠭᠤᠯᠤᠯᠳᠠ ᠨᠢ ᠪᠠᠷᠢᠮᠵᠢᠶ᠎ᠠ ᠳᠤ ᠭᠦᠷᠬᠦ ᠦᠬᠡᠢ ᠠᠰᠠᠭᠤᠳᠠᠯ ᠢ ᠴᠡᠭᠴᠡᠯᠡᠨ ᠵᠠᠰᠠᠵᠦ᠂ ᠤᠤᠭᠤᠬᠤ | ᠤᠰᠤᠨ ᠤ ᠤᠰᠤᠨ ᠰᠤᠷᠪᠤᠯᠵᠢ ᠶᠢᠨ ᠭᠠᠵᠠᠷ ᠢ ᠬᠠᠮᠠᠭᠠᠯᠠᠨ᠎ᠠ᠃ ᠬᠡᠳᠦ ᠪᠤᠷᠳᠤᠭᠤᠷ ᠤᠷᠤᠭᠤᠯᠬᠤ ᠶᠢ ᠬᠢᠵᠠᠭᠠᠷᠯᠠᠵᠤ᠂ | ᠲᠠᠪᠠ ᠪᠠᠷ ᠲᠠᠷᠢᠶᠡᠨ ᠡᠮ ᠵᠠᠷᠤᠬᠤ ᠶᠢ ᠬᠢᠵᠠᠭᠠᠷᠯᠠᠵᠤ᠂ ᠪᠦᠷᠢᠯᠬᠡᠨ ᠤᠰᠤᠯᠠᠬᠤ ᠶᠢ ᠬᠢᠵᠠᠭᠠᠷᠯᠠᠵᠤ᠂ ᠲᠤᠷ᠎ᠠ ᠪᠠᠷ | ᠨᠢᠮᠭᠡᠨ ᠪᠦᠷᠭᠦᠪᠴᠢ ᠬᠡᠷᠡᠭᠯᠡᠬᠦ ᠶᠢ ᠬᠢᠵᠠᠭᠠᠷᠯᠠᠵᠤ᠂ ᠲᠠᠷᠢᠶᠠᠯᠠᠩ ᠤᠨ ᠤᠯᠠᠨ ᠡᠬᠢᠳᠦ ᠪᠤᠬᠢᠷᠳᠤᠯ ᠢ ᠵᠠᠰᠠᠵᠤ᠂ ᠭᠦᠨᠳᠦ | ᠲᠡᠮᠦᠷᠯᠢᠭ ᠤᠨ ᠠᠵᠢᠯ ᠲᠦᠷᠦᠯ ᠤᠨ ᠪᠤᠬᠢᠷᠳᠤᠯ ᠢ ᠰᠡᠷᠬᠡᠶᠢᠯᠡᠨ ᠡᠵᠡᠮᠰᠢᠵᠦ᠂ ᠲᠦᠪ ᠤᠨ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤ ᠬᠠᠷᠢᠭᠤ ᠲᠤᠰᠬᠠᠨᠨᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠵᠤ ᠳᠠᠭᠤᠰᠬᠠᠨ᠎ᠠ᠃ | ᠵᠠᠰᠠᠭ ᠤᠨ ᠤᠷᠳᠤᠨ ᠤ ᠦᠷᠢ ᠦᠭᠴᠡᠭᠡ ᠶᠢᠨ ᠬᠠᠮᠢᠶᠠᠷᠤᠯᠳᠠ ᠶᠢ ᠴᠢᠩᠭᠠᠳᠬᠠᠵᠦ᠂ ᠰᠢᠯᠭᠠᠨ ᠦᠨᠡᠯᠡᠬᠦ | ᠲᠤᠨᠨᠳᠠᠴᠠ ᠪᠠ ᠱᠠᠩᠨᠠᠵᠦ ᠨᠦᠭᠦᠪᠦᠷᠢᠯᠡᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠤᠨ ᠤ ᠥᠷᠢ ᠥᠭᠴᠡᠭᠡ ᠶᠢ ᠠᠷᠢᠯᠭᠠᠬᠤ ᠡᠭᠦᠷᠬᠡ ᠪᠠᠨ ᠪᠠᠳᠤᠯᠠᠨ ᠪᠡᠶᠡᠯᠡᠬᠦᠯᠦᠨ᠎ᠠ᠃ ᠤᠷᠤᠨ ᠨᠤᠳᠤᠭ ᠲᠠᠬᠢ | ᠬᠠᠤᠯᠢ ᠶᠢᠨ ᠡᠷᠬᠡᠳᠡᠨ ᠲᠠᠢ ᠮᠦᠩᠬᠦᠨ ᠭᠦᠢᠯᠬᠡᠬᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠯᠠᠪᠳᠠᠭᠤᠨ ᠢᠶᠠᠷ | ᠰᠶᠢᠳᠪᠦᠷᠢᠯᠡᠵᠦ᠂ ᠪᠤᠭᠤᠳᠤ ᠶᠢᠨ ᠬᠤᠳᠠᠯᠳᠤᠭᠠᠨ ᠤ ᠪᠠᠩᠬᠢ ᠶᠢᠨ ᠰᠲ᠋ᠤᠺ ᠤᠨ ᠡᠷᠬᠡ ᠪᠠᠨ ᠲᠠᠬᠢᠨ ᠵᠤᠬᠢᠶᠠᠨ | ᠪᠠᠶᠢᠭᠤᠯᠬᠤ ᠶᠢ ᠪᠡᠶᠡᠯᠡᠬᠦᠯᠦᠨ᠎ᠠ᠃ ᠬᠠᠤᠯᠢ ᠪᠤᠰᠤ ᠮᠦᠩᠬᠦᠨ ᠭᠦᠢᠯᠬᠡᠬᠡᠨ ᠤ ᠠᠵᠢᠯᠯᠠᠭ᠎ᠠ ᠳᠤ ᠴᠢᠩᠭ᠎ᠠ ᠴᠤᠬᠢᠯᠳᠠ | ᠦᠭᠴᠤ᠂ ᠰᠢᠰᠲ᠋ᠧᠮ ᠤᠨ ᠴᠢᠨᠠᠷᠳᠠᠢ ᠮᠦᠩᠬᠦᠨ ᠭᠦᠢᠯᠬᠡᠬᠡᠨ ᠤ ᠲᠦᠭᠰᠢᠬᠦᠷᠢ ᠦᠯᠦ ᠡᠬᠦᠰᠬᠦ ᠬᠤᠷᠢᠭ᠎ᠠ ᠱᠤᠭᠤᠮ ᠢ | ᠡᠷᠡᠰ ᠰᠠᠬᠢᠨ᠎ᠠ᠃ | ︵ᠬᠤᠶᠠᠷ︶ ᠡᠵᠡᠩᠨᠡᠨ ᠬᠤᠳᠠᠯᠳᠤᠭᠠᠯᠠᠬᠤ ᠤᠷᠴᠢᠨ ᠨᠦᠭᠦᠴᠡᠯ ᠢ ᠶᠡᠭᠡ ᠪᠠᠷ ᠰᠢᠯᠢᠳᠡᠭᠵᠢᠬᠦᠯᠦᠨ᠎ᠠ | ᠡᠵᠡᠩᠨᠡᠨ ᠬᠤᠳᠠᠯᠳᠤᠭᠠᠯᠠᠬᠤ ᠤᠷᠴᠢᠨ ᠨᠦᠭᠦᠴᠡᠯ ᠢ ᠰᠢᠯᠢᠳᠡᠭᠵᠢᠬᠦᠯᠬᠦ ᠲᠦᠷᠢᠮ ᠢ ᠨᠠᠶᠢᠳᠠᠪᠤᠷᠢᠵᠢᠭᠤᠯᠵᠦ᠂ | ᠵᠠᠰᠠᠭ ᠤᠨ ᠤᠷᠳᠤᠨ ᠤ ᠦᠢᠯᠡᠴᠢᠯᠡᠬᠡᠨ ᠤ ᠭᠦᠴᠦᠨ ᠴᠢᠳᠠᠪᠤᠷᠢ ᠪᠠᠨ ᠲᠡᠬᠡᠭᠰᠢᠯᠡᠬᠦᠯᠦᠨ᠎ᠠ᠃ ︽ᠲᠠᠯᠪᠢᠬᠤ | ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢ ᠭᠦᠨᠵᠡᠬᠡᠶᠢᠷᠡᠬᠦᠯᠵᠦ᠂ ᠬᠡᠰᠡᠭ ᠭᠦᠷᠢᠶ᠎ᠡ ᠴᠠᠷᠠᠭᠠᠨ ᠳᠠᠬᠢ ᠬᠢᠨᠠᠨ | ᠵᠦᠪᠰᠢᠶᠡᠷᠡᠬᠦ ᠭᠠᠷᠳᠠᠮ ᠨᠢ ᠶᠠᠷᠰᠢᠭ ᠲᠦᠪᠡᠭᠳᠡᠢ᠂ ᠭᠦᠢᠴᠡᠳᠬᠡᠬᠦ ᠴᠠᠭ ᠨᠢ ᠬᠡᠳᠦ ᠤᠷᠳᠤ᠂ ᠦᠷ᠎ᠡ ᠪᠦᠳᠦᠮᠵᠢ ᠨᠢ | ᠨᠡᠯᠢᠶᠡᠳ ᠲᠤᠤᠷ᠎ᠠ ᠪᠠᠶᠢᠭ᠎ᠠ ᠵᠡᠷᠬᠡ ᠠᠰᠠᠭᠤᠳᠠᠯ ᠢ ᠭᠦᠴᠦᠯᠡᠨ ᠰᠶᠢᠳᠪᠦᠷᠢᠯᠡᠨ᠎ᠠ᠃ ᠠᠵᠦ ᠠᠬᠤᠶᠢᠯᠠᠯ ᠡᠷᠬᠢᠯᠡᠨ | ᠨᠡᠬᠡᠬᠡᠬᠦ ᠴᠠᠭ ᠢ ᠪᠤᠭᠤᠨᠢᠰᠬᠠᠭᠠᠳ 3 ᠠᠵᠢᠯᠯᠠᠬᠤ ᠡᠳᠦᠷ ᠤᠨ ᠲᠤᠳᠤᠷ᠎ᠠ ᠲᠠᠭᠤᠰᠬᠠᠬᠤ ᠪᠤᠯᠭᠠᠵᠦ᠂ ᠦᠯᠦ ᠭᠦᠳᠡᠯᠬᠦ | ᠭᠦᠷᠦᠩᠬᠡ ᠶᠢᠨ ᠲᠠᠩᠰᠠᠯᠠᠨ ᠲᠡᠮᠳᠡᠭᠯᠡᠬᠦ ᠴᠠᠭ ᠢ ᠪᠤᠭᠤᠨᠢᠰᠬᠠᠭᠠᠳ 5 ᠠᠵᠢᠯᠯᠠᠬᠤ ᠡᠳᠦᠷ ᠤᠨ ᠲᠤᠳᠤᠷ᠎ᠠ | ᠲᠠᠭᠤᠰᠬᠠᠬᠤ ᠪᠤᠯᠭᠠᠨ᠎ᠠ᠃ ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢᠨ ᠡᠬᠢ ᠪᠠᠶᠠᠯᠢᠭ ᠢ ᠬᠠᠮᠳᠤ ᠳᠤ ᠪᠠᠨ | ᠭᠦᠷᠳᠡᠬᠦ ᠶᠢ ᠠᠬᠢᠭᠤᠯᠵᠦ᠂ ᠨᠢᠬᠡ ᠯᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ᠂ ᠤᠨᠳᠤᠤ ᠭᠠᠵᠠᠷ ᠲᠤ | ᠭᠦᠢᠴᠡᠳᠬᠡᠵᠦ ᠪᠤᠯᠬᠤ ᠶᠢ ᠪᠡᠶᠡᠯᠡᠬᠦᠯᠦᠨ᠎ᠠ᠃ ᠪᠠᠷᠢᠯᠭ᠎ᠠ ᠶᠢᠨ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠤᠨ | ᠬᠢᠨᠠᠨ ᠵᠦᠪᠰᠢᠶᠡᠷᠡᠬᠦ ᠲᠦᠷᠢᠮ ᠤᠨ ᠦᠬᠡᠷᠡᠴᠢᠯᠡᠯᠳᠡ ᠶᠢ ᠭᠦᠨᠵᠡᠬᠡᠶᠢᠷᠡᠬᠦᠯᠵᠦ᠂ ᠪᠡᠯᠡ ᠤᠷᠤᠭᠤᠯᠤᠯᠳᠠ ᠶᠢᠨ ᠲᠦᠷᠦᠯ | ᠵᠦᠢᠯ ᠤᠨ ᠠᠮᠠᠯᠠᠬᠤ ᠲᠦᠷᠢᠮ ᠪᠠ ᠰᠠᠯᠠᠭ᠎ᠠ ᠮᠦᠴᠢᠷ ᠤᠨ ᠤᠷᠤᠯᠠᠨ ᠭᠦᠢᠴᠡᠳᠬᠡᠬᠦ ᠲᠦᠷᠢᠮ ᠢ ᠠᠬᠢᠭᠤᠯᠤᠨ᠎ᠠ᠃ | ᠭᠠᠶᠢᠯᠢ ᠶᠢ ᠬᠠᠰᠤᠵᠦ ᠰᠦᠢᠳᠬᠡᠯ ᠢ ᠪᠠᠭᠤᠷᠠᠭᠤᠯᠬᠤ ᠦᠷ᠎ᠡ ᠪᠦᠳᠦᠮᠵᠢ ᠶᠢ ᠪᠠᠬᠢᠵᠢᠬᠦᠯᠦᠨ ᠦᠷᠬᠡᠳᠬᠡᠵᠦ᠂ ᠠᠵᠦ | ᠠᠬᠤᠶᠢᠯᠠᠯ ᠤᠨ ᠬᠡᠷᠡᠭᠯᠡᠬᠦ ᠴᠠᠬᠢᠯᠭᠠᠨ᠂ ᠪᠠᠷᠠᠭᠠᠨ ᠤ ᠭᠦᠢᠯᠬᠡᠬᠡ ᠵᠡᠷᠬᠡ ᠶᠢᠨ ᠦᠪᠡᠷ ᠤᠨ ᠦᠷᠳᠡᠭ ᠢ ᠨᠢ | ᠪᠠᠭᠤᠷᠠᠭᠤᠯᠤᠨ᠎ᠠ᠃ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠦᠬᠡᠷᠡᠴᠢᠯᠡᠯᠳᠡ ᠶᠢ | ᠭᠦᠨᠵᠡᠬᠡᠶᠢᠷᠡᠬᠦᠯᠵᠦ᠂ ᠤᠯᠠᠨ ᠲᠠᠯ᠎ᠠ ᠠᠴᠠ ᠪᠠᠶᠢᠴᠠᠭᠠᠬᠤ᠂ ᠲᠠᠪᠬᠤᠷᠳᠠᠭᠤᠯᠤᠨ ᠪᠠᠶᠢᠴᠠᠭᠠᠬᠤ ᠶᠢ ᠡᠷᠡᠰ ᠵᠠᠰᠠᠨ᠎ᠠ᠃ | ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠦᠬᠡᠷᠡᠴᠢᠯᠡᠯᠳᠡ ᠬᠢᠵᠦ ᠰᠢᠨ᠎ᠠ ᠶᠢ ᠡᠭᠦᠳᠬᠦ ᠶᠢ | ᠵᠤᠷᠢᠨᠨᠵᠢᠭᠤᠯᠬᠤ ᠶᠢᠨ ᠲᠠᠭᠠᠤ ᠭᠦᠳᠦᠯᠦᠨ ᠵᠢᠯᠤᠭᠤᠳᠴᠤ᠂ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ | ᠵᠢᠷᠤᠮᠵᠢᠭᠤᠨ ᠪᠦᠬᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠦ | ᠠᠬᠤᠶᠢᠯᠠᠯ ᠤᠳ ᠡᠬᠢ ᠪᠠᠶᠠᠯᠢᠭ ᠤᠨ ᠭᠦᠴᠦᠨ ᠵᠦᠢᠯ ᠢ ᠬᠠᠤᠯᠢ ᠶᠤᠰᠤᠭᠠᠷ ᠡᠷᠬᠡ ᠲᠡᠭᠰᠢ ᠭᠦᠷᠳᠡᠬᠦ ᠪᠠ ᠬᠡᠷᠡᠭᠯᠡᠬᠦ ᠶᠢ | ᠦᠨᠡᠨ ᠬᠦ ᠪᠠᠳᠤᠯᠠᠵᠦ᠂ ᠠᠵᠦ ᠠᠬᠤᠶᠢᠯᠠᠯ ᠤᠨ ᠰᠢᠨᠵᠢ ᠴᠢᠨᠠᠷ ᠯᠤᠭ᠎ᠠ ᠬᠤᠯᠪᠤᠨᠨᠳᠠᠭᠤᠯᠤᠨᠨᠰᠠᠨ ᠭᠠᠳᠠᠭᠤᠷᠴᠢᠯᠠᠬᠤ | ᠴᠢᠨᠠᠷᠳᠠᠢ ᠲᠤᠨᠨᠳᠠᠭᠠᠯ ᠪᠠ ᠠᠷᠭ᠎ᠠ ᠬᠢᠳᠡᠯ ᠢ ᠠᠷᠢᠯᠭᠠᠨ᠂ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠲᠤᠮᠳᠠ | ᠵᠢᠵᠢᠭ ᠠᠵᠦ ᠠᠬᠤᠶᠢᠯᠠᠯ ᠳᠤ ᠥᠷᠢᠲᠦᠵᠦ ᠪᠠᠶᠢᠭᠰᠠᠨ ᠳᠠᠩᠰᠠᠨ ᠳᠠᠬᠢ ᠵᠣᠭᠤᠰ ᠢ ᠨᠢ ᠢᠯᠭᠠᠷᠠᠭᠤᠯᠬᠤ ᠠᠵᠢᠯ ᠢ | ᠪᠡᠶᠡᠯᠡᠬᠦᠯᠦᠨ᠎ᠠ᠃ ᠮᠦᠩᠬᠦᠨ ᠭᠦᠢᠯᠬᠡᠬᠡᠨ ᠤ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ | ᠦᠬᠡᠷᠡᠴᠢᠯᠡᠯᠳᠡ ᠶᠢ ᠲᠦᠷᠬᠡᠳᠬᠡᠵᠦ᠂ ᠮᠦᠩᠬᠦᠨ ᠭᠦᠢᠯᠬᠡᠬᠡᠨ ᠤ ᠦᠢᠯᠡᠰ ᠤᠨ ᠠᠮᠢ ᠠᠬᠤᠢ ᠶᠢᠨ ᠤᠷᠴᠢᠨ | ᠨᠦᠭᠦᠴᠡᠯ ᠢ ᠰᠢᠯᠢᠳᠡᠭᠵᠢᠬᠦᠯᠦᠨ᠂ ᠭᠤᠤᠯᠳᠠᠯᠭ᠎ᠠ ᠲᠠᠢ ᠭᠦᠷᠢᠶ᠎ᠡ ᠴᠠᠷᠠᠭ᠎ᠠ ᠪᠠ ᠪᠠᠭᠤᠷᠠᠢ ᠲᠠᠯ᠎ᠠ ᠳᠤ ᠢᠳᠡᠬᠡᠮᠵᠢᠳᠦ | ᠵᠢᠬᠡᠯᠡᠯᠬᠡ ᠲᠠᠯᠪᠢᠬᠤ ᠡᠷᠴᠢᠮ ᠢᠶᠠᠨ ᠴᠢᠩᠭᠠᠷᠠᠭᠤᠯᠵᠦ᠂ ᠨᠡᠩ ᠤᠯᠠᠨ ᠰᠢᠯᠢᠳᠡᠭ ᠠᠵᠦ ᠠᠬᠤᠶᠢᠯᠠᠯ ᠢ ᠲᠡᠮᠵᠢᠵᠦ | ᠪᠠᠶᠢᠭᠠᠳ ᠭᠦᠷᠦᠩᠬᠡ ᠶᠢᠨ ᠵᠠᠬ᠎ᠠ ᠲᠡᠯᠬᠡᠭᠦᠷ ᠢᠶᠠᠷ ᠲᠠᠮᠵᠢᠨ ᠪᠡᠯᠡ ᠲᠤᠬᠢᠷᠠᠭᠤᠯᠭ᠎ᠠ ᠬᠢᠯᠬᠡᠵᠦ᠂ ᠪᠡᠯᠡ | ᠲᠤᠬᠢᠷᠠᠭᠤᠯᠬᠤ ᠳᠤ ᠭᠦᠴᠢᠷ ᠪᠥᠭᠡᠳ ᠦᠨᠡᠳᠡᠢ ᠠᠰᠠᠭᠤᠳᠠᠯ ᠢ ᠨᠠᠮᠳᠠᠭᠠᠨ᠎ᠠ᠃ ᠦᠪᠡᠷᠳᠡᠬᠡᠨ ᠵᠠᠰᠠᠬᠤ ᠤᠷᠤᠨ ᠤ | ᠮᠦᠩᠬᠦᠨ ᠭᠦᠢᠯᠬᠡᠬᠡᠨ ᠤ ᠲᠦᠷᠢᠶᠡᠰᠦᠯᠡᠭᠦᠯᠬᠦ ᠺᠤᠮᠫᠠᠨᠢ ᠶᠢ ᠪᠠᠶᠢᠭᠤᠯᠵᠦ᠂ ᠲᠠᠬᠢᠨ ᠲᠠᠭᠠᠭᠠᠯᠳᠠ ᠬᠢᠬᠦ ᠪᠦᠯᠦᠭᠯᠡᠯ ᠢ | ᠵᠤᠬᠢᠶᠠᠨ ᠪᠠᠶᠢᠭᠤᠯᠤᠨ᠎ᠠ᠃ | ︵ᠭᠤᠷᠪᠠ︶ ᠠᠵᠤ ᠦᠢᠯᠡᠰ ᠤᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ | ᠠᠬᠢᠭᠤᠯᠤᠨ᠎ᠠ | ᠦᠢᠯᠡᠳᠬᠦ ᠦᠢᠯᠡᠰ ᠢ ᠶᠡᠭᠡ ᠪᠠᠷ ᠬᠦᠭᠵᠢᠭᠦᠯᠵᠤ᠂ ᠡᠬᠢ ᠪᠠᠶᠠᠯᠢᠭ ᠢ ᠤᠯᠠᠷᠢᠭᠤᠯᠵᠦ ᠦᠷᠳᠡᠭ ᠢ ᠨᠢ | ᠨᠡᠮᠡᠭᠳᠡᠬᠦᠯᠬᠦ ᠠᠵᠢᠯ ᠪᠠ ᠤᠳᠤ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠠᠵᠢᠯ ᠢ ᠰᠠᠶᠢᠲᠤᠷ ᠬᠢᠵᠦ᠂ ᠠᠵᠤ | ᠠᠬᠤᠶᠢᠯᠠᠯ ᠢ ᠲᠡᠮᠵᠢᠵᠦ ᠪᠠᠶᠢᠭᠠᠳ ᠳᠤᠤᠷᠠᠳᠤ ᠬᠡᠯᠬᠢᠶᠡᠨ ᠤ ᠠᠵᠤ ᠦᠢᠯᠡᠰ ᠢ ᠭᠦᠭᠵᠢᠬᠦᠯᠦᠨ᠂ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠨᠤᠷᠮ᠎ᠠ ᠪᠠ ᠨᠠᠷᠢᠯᠢᠬ ᠭᠦᠨ ᠪᠤᠯᠪᠠᠰᠤᠷᠠᠭᠤᠯᠬᠤ ᠬᠡᠮᠵᠢᠶ᠎ᠡ ᠶᠢ ᠲᠡᠬᠡᠭᠰᠢᠯᠡᠬᠦᠯᠦᠨ᠂ ᠠᠵᠤ | ᠦᠢᠯᠡᠰ ᠤᠨ ᠬᠡᠯᠬᠢᠶᠡᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠦᠨ᠎ᠡ᠃ ᠦᠢᠯᠡᠳᠬᠦ ᠦᠢᠯᠡᠰ ᠪᠠ | ᠦᠢᠯᠡᠴᠢᠯᠡᠬᠦ ᠦᠢᠯᠡᠰ ᠤᠨ ᠭᠦᠨ ᠠᠭᠤᠰᠤᠯᠴᠠᠯ ᠢ ᠠᠬᠢᠭᠤᠯᠵᠤ᠂ ᠬᠢᠮᠢ ᠶᠢᠨ ᠠᠵᠤ ᠦᠢᠯᠡᠳᠪᠦᠷᠢ᠂ ᠲᠤᠨᠤᠭ | ᠲᠦᠬᠦᠭᠡᠷᠦᠮᠵᠢ ᠦᠢᠯᠡᠳᠬᠦ᠂ ᠪᠣᠯᠤᠳ ᠲᠡᠮᠦᠷ ᠪᠠ ᠦᠩᠬᠡᠳᠦ ᠲᠡᠮᠦᠷᠯᠢᠭ ᠪᠤᠯᠪᠠᠰᠤᠷᠠᠭᠤᠯᠬᠤ᠂ ᠰᠦ᠋ ᠴᠠᠭᠠᠨ ᠢᠳᠡᠬᠡᠨ | ᠪᠤᠯᠪᠠᠰᠤᠷᠠᠭᠤᠯᠬᠤ ᠵᠡᠷᠬᠡ ᠲᠠᠪᠠᠭᠤᠯᠢᠭ ᠲᠠᠢ ᠣᠨᠴᠠᠯᠢᠭᠲᠤ ᠭᠦᠷᠢᠶ᠎ᠡ ᠴᠠᠷᠠᠭᠠᠨ ᠳᠤ᠂ ᠨᠢᠭᠡ ᠪᠦᠯᠦᠭ ᠠᠵᠤ | ᠦᠢᠯᠡᠰ ᠤᠨ ᠪᠦᠯᠦᠭᠵᠢᠯ ᠢ ᠴᠤᠭᠴᠠᠯᠠᠨ᠎ᠠ᠃ ᠲᠡᠯᠡᠬᠡᠢ ᠶᠢᠨ ᠡᠨᠧᠷᠬᠢ ᠶᠢᠨ ᠮᠡᠷᠬᠡᠵᠢᠯ ᠤᠨ ᠬᠤᠪᠢᠰᠬᠠᠯ ᠤᠨ ᠰᠢᠨ᠎ᠠ | ᠬᠠᠨᠳᠤᠰᠢ ᠶᠢ ᠴᠢᠩᠭ᠎ᠠ ᠲᠠᠭᠠᠵᠦ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠵᠡᠷᠭᠡ ᠠᠵᠤ ᠦᠢᠯᠡᠰ ᠤᠨ | ᠬᠡᠪᠴᠢᠶᠡᠵᠢᠬᠦ᠂ ᠰᠠᠭᠤᠷᠢᠨᠵᠢᠬᠤ ᠬᠦᠭᠵᠢᠯᠲᠡ ᠶᠢ ᠵᠣᠬᠢᠰᠲᠠᠢ ᠪᠠᠶᠢᠷᠢᠰᠢᠭᠤᠯᠬᠤ ᠪᠠ ᠡᠮᠬᠢ ᠵᠢᠷᠤᠮ ᠲᠠᠢ ᠠᠬᠢᠭᠤᠯᠵᠤ᠂ | ᠭᠠᠵᠠᠷ ᠤᠨ ᠢᠯᠴᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠲᠦᠷᠭᠡᠳᠭᠡᠨ᠎ᠡ᠃ ᠤᠯᠤᠰ ᠤᠨ ᠣᠳᠤ | ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ ᠤᠷᠤᠨ ᠢ ᠡᠭᠦᠳᠦᠨ ᠪᠠᠶᠢᠭᠤᠯᠤᠨ᠎ᠠ᠃ | ᠲᠤᠭᠠᠵᠢᠯᠬᠠᠰᠠᠨ ᠠᠵᠤ ᠠᠬᠤᠢ ᠶᠢ ᠶᠡᠭᠡ ᠪᠠᠷ ᠬᠦᠭᠵᠢᠭᠦᠯᠵᠦ᠂ 5G ᠴᠢᠮᠡᠭᠡ ᠬᠤᠯᠪᠤᠭᠠᠨ ᠤ ᠬᠡᠷᠡᠭᠯᠡᠭᠡᠨ ᠪᠠ | ᠲᠤᠮᠤ ᠳ᠋ᠠᠶᠢᠲ᠋ᠠ᠂ ᠬᠡᠰᠡᠭ ᠤᠳ ᠤᠨ ᠬᠡᠯᠬᠢᠶ᠎ᠡ᠂ ᠪᠤᠳᠠᠰᠯᠢᠭ ᠬᠤᠯᠪᠤᠭᠠᠲᠤ ᠰᠦᠯᠵᠢᠶ᠎ᠡ᠂ ᠵᠣᠬᠢᠶᠠᠮᠠᠯ ᠤᠶᠤᠨ ᠵᠡᠷᠭᠡ | ᠠᠵᠤ ᠦᠢᠯᠡᠰ ᠢ ᠢᠳᠡᠪᠬᠢᠲᠡᠢ ᠪᠠᠶᠢᠷᠢᠰᠢᠭᠤᠯᠤᠨ᠎ᠠ᠃ ᠣᠶᠤᠨᠴᠢᠯᠠᠬᠤ ᠦᠭᠡᠷᠡᠴᠢᠯᠡᠯᠲᠡ ᠶᠢ ᠠᠬᠢᠭᠤᠯᠵᠤ᠂ ᠠᠶᠤᠯ | ᠶᠡᠭᠡ ᠲᠠᠢ ᠠᠵᠢᠯ ᠲᠦᠷᠦᠯ᠂ ᠠᠵᠢᠯ ᠢᠶᠠᠷ ᠭᠦᠨᠳᠦ ᠦᠢᠯᠡᠳᠪᠦᠷᠢᠯᠡᠯ ᠤᠨ ᠭᠤᠭᠴᠤᠭᠠᠨ ᠳᠤ ᠮᠠᠰᠢᠨ ᠢᠶᠠᠷ ᠬᠦᠮᠦᠨ ᠢ | ᠤᠷᠤᠯᠠᠭᠤᠯᠬᠤ ᠶᠢ ᠬᠡᠷᠡᠭᠵᠢᠭᠦᠯᠦᠨ᠎ᠡ᠃ ᠬᠤᠪᠤᠷ ᠰᠢᠷᠤᠢ ᠶᠢᠨ ᠰᠢᠨ᠎ᠡ ᠮᠠᠲ᠋ᠧᠷᠢᠶᠠᠯ᠂ ᠪᠠᠯ ᠴᠢᠯᠠᠭᠤᠨ ᠴᠠᠬᠢᠯᠭᠠᠨ | ᠲᠦᠢᠯ ᠤᠨ ᠮᠠᠲ᠋ᠧᠷᠢᠶᠠᠯ᠂ ᠪᠠᠯ ᠴᠢᠯᠠᠭᠤᠨ ᠠᠯᠺᠧᠠ ᠵᠡᠷᠭᠡ ᠶᠢ ᠰᠤᠳᠤᠯᠤᠨ ᠨᠡᠭᠡᠭᠡᠬᠦ ᠪᠠ ᠠᠵᠤ ᠦᠢᠯᠡᠰᠵᠢᠭᠦᠯᠬᠦ | ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃ ᠬᠦᠬᠡᠬᠤᠲᠠ ᠳᠠᠬᠢ ᠤᠯᠤᠰ ᠤᠨ ᠳᠡᠰ ᠤᠨ ᠢᠨᠲ᠋ᠧᠷ | ᠰᠦᠯᠵᠢᠶᠡᠨ ᠤ ᠭᠤᠤᠯᠯᠬᠠᠴᠢ ᠪᠤᠯᠬᠤ ᠰᠢᠭᠤᠳ ᠬᠤᠯᠪᠤᠭᠳᠠᠬᠤ ᠴᠡᠭ ᠢ ᠪᠦᠲᠦᠭᠡᠨ ᠪᠠᠶᠢᠭᠤᠯᠤᠨ᠎ᠠ᠃ | ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠪᠠᠶᠢᠷᠢᠰᠢᠭᠤᠯᠤᠯᠲᠠ ᠶᠢ ᠨᠢᠭᠡᠳᠦᠯᠲᠡᠢ | ᠲᠦᠯᠦᠪᠵᠢᠭᠦᠯᠵᠦ᠂ ᠨᠡᠷ᠎ᠡ ᠶᠢᠨ ᠳᠡᠳᠦᠢ ᠤᠷᠤᠰᠢᠵᠤ ᠪᠠᠶᠢᠭ᠎ᠠ ᠪᠠ ᠠᠵᠤ ᠦᠢᠯᠡᠰ ᠨᠢ ᠢᠵᠢᠯᠢᠰᠢᠭᠰᠡᠨ ᠬᠦᠷᠢᠶᠡᠯᠡᠩ | ᠲᠤᠭᠤᠷᠢᠭ ᠢ ᠢᠯᠭᠠᠷᠠᠭᠤᠯᠤᠨ ᠴᠡᠭᠴᠡᠯᠡᠬᠦ ᠪᠠ ᠡᠮᠬᠢᠯᠡᠨ ᠨᠡᠶᠢᠯᠡᠬᠦᠯᠵᠦ᠂ ᠡᠨᠧᠷᠬᠢ ᠶᠢᠨ ᠬᠤᠷᠤᠭᠳᠠᠯ ᠶᠡᠭᠡ ᠲᠠᠢ | ᠪᠦᠬᠡᠳ ᠦᠷ᠎ᠡ ᠪᠦᠲᠦᠮᠵᠢ ᠪᠠᠷ ᠳᠤᠤᠷ᠎ᠠ ᠪᠠᠶᠢᠭ᠎ᠠ ᠬᠦᠷᠢᠶᠡᠯᠡᠩ ᠲᠤᠭᠤᠷᠢᠭ ᠬᠢᠭᠡᠳ ︽ᠲᠠᠷᠠᠬᠠᠢ ᠪᠤᠲᠠᠷᠬᠠᠢ | ᠵᠠᠮᠪᠠᠷᠠᠭ᠎ᠠ ᠦᠭᠡᠢ ᠪᠠ ᠪᠤᠬᠢᠷᠳᠤᠯ ᠶᠡᠭᠡ ᠲᠠᠢ︾ ᠠᠵᠤ ᠠᠬᠤᠶᠢᠯᠠᠯ ᠤᠳ ᠤᠨ ᠡᠭᠦᠳᠡ ᠶᠢ ᠨᠢ ᠬᠠᠭᠠᠵᠦ᠂ | ᠦᠢᠯᠡᠳᠪᠦᠷᠢᠯᠡᠯ ᠢ ᠨᠢ ᠵᠤᠨᠨᠰᠤᠭᠠᠵᠦ᠂ ᠨᠢᠬᠡᠳᠬᠡᠨ ᠨᠡᠶᠢᠯᠡᠬᠦᠯᠬᠦ ᠪᠠ ᠦᠬᠡᠷ᠎ᠡ ᠦᠢᠯᠡᠳᠭᠦᠨ ᠦᠢᠯᠡᠳᠬᠦ ᠪᠤᠯᠭᠠᠨ᠎ᠠ᠃ | ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠪᠠᠶᠢᠷᠢ ᠲᠤᠭᠲᠠᠭᠠᠯᠲᠠ ᠶᠢ ᠰᠢᠨᠵᠢᠯᠡᠬᠦ ᠤᠬᠠᠭᠠᠨᠴᠢ ᠪᠠᠷ | ᠲᠤᠭᠲᠠᠭᠠᠵᠤ᠂ ᠤᠳᠤᠷᠢᠳᠤᠮᠵᠢ ᠪᠤᠯᠬᠤ ᠠᠵᠤ ᠦᠢᠯᠡᠰ ᠤᠨ ᠲᠤᠭᠤᠷᠢᠨ ᠳᠤ ᠡᠷᠭᠢᠯᠲᠡᠲᠦ ᠠᠵᠤ ᠠᠬᠤᠢ ᠶᠢ | ᠬᠦᠭᠵᠢᠭᠦᠯᠵᠦ᠂ ᠨᠢᠭᠡᠴᠢ ᠲᠠᠯᠠᠪᠠᠢ ᠶᠢᠨ ᠤᠷᠤᠭᠤᠯᠤᠯᠲᠠ ᠶᠢᠨ ᠬᠦᠴᠦᠯᠡᠴᠡ ᠪᠠ ᠭᠠᠷᠭᠠᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ | ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠤᠩᠭᠤᠯ ᠢᠶᠠᠨ ᠭᠦᠭᠵᠢᠬᠦᠯᠦᠨ ᠮᠠᠨᠳᠤᠭᠤᠯᠬᠤ︾ | ᠠᠵᠢᠯᠯᠠᠭᠠᠨ ᠢ ᠭᠦᠨᠵᠡᠭᠡᠶᠢᠷᠡᠨ ᠬᠡᠷᠡᠭᠵᠢᠭᠦᠯᠵᠦ᠂ ᠰᠠᠭᠤᠷᠢᠯᠠᠬᠤ ᠴᠢᠨᠠᠷᠲᠠᠢ᠂ ᠬᠡᠷᠡᠭᠯᠡᠭᠡᠨ ᠤ ᠴᠢᠨᠠᠷᠲᠠᠢ ᠰᠤᠳᠤᠯᠭᠠᠨ ᠢ | ᠴᠢᠩᠭᠠᠳᠬᠠᠵᠤ᠂ ᠭᠤᠣᠯᠳᠠᠭᠤ ᠡᠨᠧᠷᠬᠢ᠂ ᠮᠠᠲ᠋ᠧᠷᠢᠶᠠᠯ᠂ ᠲᠤᠨᠤᠭ ᠲᠦᠬᠦᠭᠡᠷᠦᠮᠵᠢ ᠦᠢᠯᠡᠳᠬᠦ᠂ ᠠᠮᠢ ᠠᠬᠤᠢ | ᠤᠷᠴᠢᠨ ᠲᠤᠭᠤᠷᠢᠨ᠂ ᠲᠠᠷᠢᠶᠠᠯᠠᠩ ᠮᠠᠯ ᠠᠵᠤ ᠠᠬᠤᠢ ᠵᠡᠷᠭᠡ ᠬᠦᠷᠢᠶ᠎ᠡ ᠴᠠᠷᠠᠭᠠᠨ ᠤ ᠵᠠᠩᠭᠢᠯᠠᠭ᠎ᠠ ᠶᠢᠨ ᠮᠡᠷᠭᠡᠵᠢᠯ ᠳᠤ | ᠪᠤᠭᠤᠮᠲᠠ ᠰᠢᠪᠲᠤᠯᠦᠨᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠷᠤᠭᠤᠯᠤᠯᠲᠠ ᠳᠠᠬᠢ ᠵᠠᠰᠠᠭ ᠤᠨ | ᠤᠷᠳᠤᠨ ᠤ ᠬᠦᠲᠦᠯᠦᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠰᠢᠨ᠎ᠡ ᠶᠢ | ᠡᠭᠦᠳᠬᠦ ᠢᠳᠡᠪᠬᠢᠵᠢᠯ ᠢ ᠪᠠᠳᠠᠷᠠᠭᠠᠨ᠂ ᠰᠤᠳᠤᠯᠤᠨ ᠨᠡᠬᠡᠬᠡᠬᠦ ᠲᠠᠯ᠎ᠠ ᠪᠠᠷ ᠬᠢ ᠨᠡᠶᠢᠬᠡᠮ ᠲᠠᠶᠠᠭᠠᠷ ᠤᠨ ᠤᠷᠤᠭᠤᠯᠤᠯᠲᠠ | ᠬᠢᠬᠦ ᠶᠢ ᠨᠡᠮᠡᠭᠳᠡᠭᠦᠯᠦᠨ᠎ᠡ᠃ ᠠᠵᠦ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠪᠡᠯᠡ ᠮᠦᠡᠭᠭᠦᠨ ᠤ | ᠬᠡᠯᠬᠢᠶᠡᠨ ᠤ ᠤᠷᠭᠠᠨᠢᠬ ᠠᠭᠤᠰᠤᠯᠴᠠᠯ ᠢ ᠠᠬᠢᠭᠤᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠳᠤ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠨ ᠬᠠᠩᠭᠠᠯᠭ᠎ᠠ ᠬᠡᠷᠡᠭᠴᠡᠭᠡ ᠶᠢ ᠵᠠᠯᠭᠠᠯᠳᠤᠭᠤᠯᠬᠤ ᠲᠤᠭᠲᠠᠴᠠ ᠶᠢ | ᠪᠠᠶᠢᠭᠤᠯᠤᠨ᠂ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠢ ᠰᠢᠯᠵᠢᠬᠦᠯᠦᠨ ᠤᠯᠠᠷᠢᠭᠤᠯᠬᠤ ᠪᠠᠨ ᠠᠬᠢᠭᠤᠯᠵᠤ᠂ | ᠴᠡᠷᠢᠭ ᠠᠷᠠᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠵᠢᠯᠴᠠᠭ᠎ᠠ ᠪᠠ ᠴᠡᠷᠢᠭ ᠠᠷᠠᠳ ᠤᠨ | ᠬᠡᠷᠡᠭᠯᠡᠭᠡ ᠶᠢᠨ ᠠᠭᠤᠰᠤᠯᠴᠠᠨ ᠭᠦᠭᠵᠢᠬᠦ ᠶᠢ ᠠᠬᠢᠭᠤᠯᠤᠨ᠎ᠠ᠃ ᠬᠦᠬᠡᠬᠤᠲᠠ ᠪᠤᠭᠤᠳᠤ ᠤᠷᠳᠤᠰ ᠲᠠᠬᠢ ᠤᠯᠤᠰ ᠤᠨ | ᠪᠡᠶ᠎ᠡ ᠪᠠᠨ ᠲᠠᠭᠠᠭᠠᠨᠨᠰᠠᠨ ᠰᠢᠨ᠎ᠡ ᠡᠭᠦᠳᠦᠯᠳᠡ ᠲᠠᠢ ᠵᠢᠱᠢᠶ᠎ᠡ ᠦᠵᠡᠭᠦᠯᠬᠦ ᠤᠷᠤᠨ ᠢ ᠴᠣᠭᠴᠠᠯᠠᠨ ᠪᠠᠶᠢᠭᠤᠯᠵᠤ᠂ | ᠤᠯᠤᠰ ᠤᠨ ᠪᠠ ᠥᠪᠡᠷᠲᠡᠭᠡᠨ ᠵᠠᠰᠠᠬᠤ ᠤᠷᠤᠨ ᠤ ᠳᠡᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ | ᠢᠨᠵᠧᠨᠧᠷᠢᠩ ᠤᠨ ᠰᠤᠳᠤᠯᠭᠠᠨ ᠤ ᠲᠥᠪ᠂ ᠮᠡᠷᠭᠡᠵᠢᠯ ᠤᠨ ᠰᠢᠨ᠎ᠡ ᠡᠭᠦᠳᠦᠯᠳᠡ ᠶᠢᠨ ᠲᠥᠪ ᠢ ᠴᠣᠭᠴᠠᠯᠠᠨ | ᠪᠠᠶᠢᠭᠤᠯᠵᠤ᠂ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ ᠵᠦᠢᠯ ᠢ ᠮᠠᠨ ᠤ | ᠤᠷᠤᠨ ᠳᠤ ᠪᠠᠨ ᠪᠠᠶᠢᠷᠢᠰᠢᠭᠤᠯᠬᠤ ᠪᠠᠷ ᠴᠢᠷᠮᠠᠶᠢᠨ᠎ᠠ᠃ ᠴᠢᠳᠠᠪᠤᠷᠢᠲᠠᠨ ᠢ ᠭᠦᠮᠦᠵᠢᠬᠦᠯᠬᠦ᠂ ᠲᠠᠲᠠᠨ ᠤᠷᠤᠭᠤᠯᠬᠤ ᠪᠠ | ᠬᠡᠷᠡᠭᠯᠡᠬᠦ ᠠᠵᠢᠯ ᠢ ᠰᠠᠶᠢᠲᠤᠷ ᠬᠢᠨ᠎ᠡ᠃ | ︵ᠳᠦᠷᠪᠡ︶ ᠪᠦᠲᠦᠮᠵᠢᠲᠡᠢ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ ᠦᠷᠭᠡᠳᠭᠡᠨ᠎ᠡ | ᠬᠡᠷᠡᠭᠯᠡᠭᠡ ᠶᠢᠨ ᠲᠤᠭᠲᠠᠭᠤᠨ ᠨᠡᠮᠡᠭᠳᠡᠯ ᠢ ᠠᠬᠢᠭᠤᠯᠵᠦ᠂ ᠪᠤᠳᠠᠳᠤ ᠲᠠᠸᠠᠷ ᠤᠨ ᠬᠡᠷᠡᠭᠯᠡᠭᠡ ᠶᠢ ᠦᠷᠬᠡᠳᠬᠡᠨ᠂ | ᠳᠦᠭᠦᠮ ᠳᠡᠯᠭᠡᠭᠦᠷ᠂ ᠨᠡᠶᠢᠭᠡᠮ ᠲᠤᠭᠤᠷᠢᠭ ᠤᠨ ᠢᠳᠡᠰᠢᠨ ᠨᠤᠭᠤᠭᠠᠨ ᠤ ᠵᠠᠬ᠎ᠠ ᠳᠡᠯᠭᠡᠭᠦᠷ ᠵᠡᠷᠭᠡ ᠠᠷᠠᠳ ᠲᠤ | ᠲᠦᠭᠦᠮ ᠦᠵᠡᠭᠦᠯᠬᠦ ᠬᠡᠷᠡᠭᠯᠡᠭᠡ ᠶᠢᠨ ᠪᠡᠯᠡᠳᠭᠡᠮᠵᠢ ᠶᠢ ᠳᠡᠭᠦᠯᠳᠡᠷᠵᠢᠭᠦᠯᠦᠨ᠎ᠡ᠃ ᠣᠯᠠᠨ ᠶᠠᠩᠵᠦ ᠶᠢᠨ ᠬᠡᠷᠡᠭᠴᠡᠭᠡ | ᠱᠠᠭᠠᠷᠳᠠᠯᠭ᠎ᠠ ᠶᠢ ᠠᠩᠬᠠᠷᠤᠨ ᠰᠶᠢᠳᠪᠦᠷᠢᠯᠡᠵᠦ᠂ ᠬᠤᠳᠠᠯᠳᠤᠭᠠᠨ ᠤ ᠰᠢᠨ᠎ᠡ ᠵᠠᠭᠪᠤᠷ ᠢ ᠲᠠᠲᠠᠨ ᠤᠷᠤᠭᠤᠯᠵᠦ | ᠬᠦᠭᠵᠢᠭᠦᠯᠣᠨ᠂ ᠬᠤᠳᠠᠯᠳᠤᠭᠠᠨ ᠤ ᠶᠠᠪᠠᠭᠠᠨ ᠵᠡᠭᠡᠯᠢ ᠶᠢ ᠦᠭᠡᠷᠡᠴᠢᠯᠡᠨ ᠰᠠᠶᠢᠵᠢᠷᠠᠭᠤᠯᠵᠤ᠂ ᠦᠵᠡᠰᠭᠦᠯᠡᠩ | ᠴᠤᠬᠯᠠᠭᠠᠨ ᠤ ᠠᠵᠦ ᠠᠬᠤᠢ᠂ ᠦᠳᠡᠰᠢ ᠤᠷᠤᠢ ᠶᠢᠨ ᠬᠡᠷᠡᠭᠯᠡᠭᠡ ᠶᠢᠨ ᠠᠵᠤ ᠠᠬᠤᠢ᠂ ᠮᠡᠳᠡᠭᠡ ᠵᠠᠩᠭᠢ ᠶᠢᠨ | ᠬᠡᠷᠡᠭᠯᠡᠭᠡ ᠶᠢ ᠬᠦᠭᠵᠢᠭᠦᠯᠤᠨ᠎ᠡ᠃ ᠡᠮᠴᠢᠯᠡᠬᠡᠨ ᠤ ᠰᠤᠪᠢᠯᠠᠯᠳᠠ ᠪᠠ ᠡᠷᠡᠭᠦᠯᠵᠢᠯ ᠤᠨ ᠰᠤᠪᠢᠯᠠᠯᠳᠠ ᠶᠢᠨ ᠤᠶᠠᠯᠳᠤᠯ ᠢ | ᠠᠬᠢᠭᠤᠯᠵᠤ᠂ ᠨᠠᠰᠤᠲᠠᠳ ᠢ ᠠᠰᠠᠷᠠᠬᠤ᠂ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠤᠯᠠᠨ ᠠᠷᠭ᠎ᠠ | ᠵᠠᠮ ᠢᠶᠠᠷ ᠨᠡᠮᠡᠭᠳᠡᠭᠦᠯᠤᠨ᠎ᠡ᠃ ᠰᠤᠶᠤᠯ᠂ ᠪᠡᠶ᠎ᠡ ᠶᠢᠨ ᠲᠠᠮᠢᠷ᠂ ᠵᠢᠭᠤᠯᠴᠢᠯᠠᠯ ᠵᠡᠷᠬᠡ ᠬᠡᠷᠡᠭᠯᠡᠭᠡ ᠶᠢ ᠦᠷᠭᠦᠯᠵᠢᠯᠡᠨ | ᠦᠷᠬᠡᠳᠬᠡᠨ᠎ᠠ᠃ ᠦᠪᠦᠷ ᠮᠤᠩᠭᠤᠯ ᠤᠨ ᠢᠶᠠᠨ ᠨᠡᠷᠡᠳᠦ ᠲᠡᠮᠳᠡᠭᠳᠦ ᠡᠯᠧᠺᠲᠷᠤᠨ ᠬᠤᠳᠠᠯᠳᠤᠭ᠎ᠠ ᠶᠢ ᠡᠭᠦᠳᠴᠤ᠂ | ᠮᠠᠯᠵᠢᠬᠤ ᠲᠠᠷᠢᠶᠠᠯᠠᠬᠤ ᠤᠷᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠢ ᠭᠦᠭᠵᠢᠬᠦᠯᠦᠨ᠂ ᠪᠠᠷᠠᠭᠠᠨ ᠤ | ᠭᠦᠢᠯᠭᠡᠭᠡᠨ ᠤ ᠲᠤᠤᠷ ᠴᠡᠭ ᠢ ᠨᠡᠮᠡᠭᠳᠡᠬᠦᠯᠵᠦ᠂ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃ | ᠳᠡᠭᠡᠳᠦ ᠬᠤᠷᠳᠤ ᠶᠢᠨ ᠲᠡᠮᠦᠷ ᠵᠠᠮ ᠤᠨ ᠠᠵᠤ ᠠᠬᠤᠢ ᠶᠢ ᠶᠡᠭᠡ ᠪᠠᠷ ᠭᠦᠭᠵᠢᠬᠦᠯᠦᠨ᠂ ᠪᠡᠭᠡᠵᠢᠩ ᠲᠢᠶᠠᠨᠵᠢᠨ | ᠾᠧᠪᠧᠢ ᠶᠢᠨ ᠲᠤᠮᠤ ᠵᠠᠬ᠎ᠠ ᠳᠡᠯᠭᠡᠭᠦᠷ ᠲᠤ ᠢᠳᠡᠪᠬᠢᠲᠡᠢ ᠪᠠᠷ ᠠᠭᠤᠰᠤᠯᠴᠠᠨ ᠤᠷᠤᠵᠤ᠂ ᠬᠡᠷᠡᠭᠯᠡᠭᠡ᠂ ᠠᠵᠤ ᠦᠢᠯᠡᠰ | ᠪᠠ ᠬᠦᠴᠦᠨ ᠵᠦᠢᠯ ᠢ ᠲᠠᠲᠠᠵᠤ ᠪᠠᠶᠢᠭᠠᠳ ᠮᠠᠨ ᠤ ᠤᠷᠤᠨ ᠳᠤ ᠪᠠᠨ ᠲᠦᠪᠯᠡᠷᠡᠭᠦᠯᠦᠨ᠎ᠡ᠃ | ︽ᠥᠪᠥᠷ ᠮᠤᠩᠭᠤᠯ ᠤᠨ ᠦᠨᠦᠷ ᠠᠮᠲᠠ︾ ︽ᠥᠪᠥᠷ ᠮᠤᠩᠭᠤᠯ ᠤᠨ ᠳᠠᠭᠤᠤ ᠬᠦᠭᠵᠢᠮ︾ ︽ᠥᠪᠥᠷ | ᠮᠤᠩᠭᠤᠯ ᠤᠨ ᠺᠢᠨᠤ᠋ ᠲᠧᠯᠸᠢᠰ︾ ᠵᠡᠷᠭᠡ ᠨᠡᠷᠡᠲᠦ ᠲᠡᠮᠲᠡᠭ ᠢ ︽ᠥᠪᠥᠷ ᠮᠤᠩᠭᠤᠯ ᠤᠨ ᠵᠢᠭᠤᠯᠴᠢᠯᠠᠯ︾ ᠲᠠᠢ | ᠠᠭᠤᠰᠤᠯᠴᠠᠭᠤᠯᠤᠨ ᠭᠦᠭᠵᠢᠬᠦᠯᠬᠦ ᠶᠢ ᠠᠬᠢᠭᠤᠯᠤᠨ᠎ᠠ᠃ ᠨᠤᠲᠤᠭ ᠪᠡᠯᠴᠢᠭᠡᠷ᠂ ᠣᠢ ᠰᠢᠭᠤᠢ᠂ ᠡᠯᠡᠰᠦ ᠮᠠᠩᠬ᠎ᠠ ᠪᠠ | ᠭᠠᠯᠲᠤ ᠠᠭᠤᠯᠠ᠂ ᠮᠦᠰᠦᠳᠦᠯᠬᠡ ᠶᠢᠨ ᠦᠯᠡᠳᠡᠭᠳᠡᠯ ᠵᠡᠷᠭᠡ ᠭᠠᠵᠠᠷ ᠲᠠᠬᠢ ᠵᠢᠭᠤᠯᠴᠢᠯᠠᠯ ᠢ ᠰᠠᠶᠢᠲᠤᠷ ᠬᠢᠬᠦ ᠶᠢᠨ | ᠳᠠᠭᠠᠤ ᠳᠤ᠂ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ | ᠲᠠᠮᠢᠷ ᠤᠨ ᠴᠤᠭᠯᠠᠭᠠᠨ︾ ᠪᠠ ᠡᠪᠦᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠲᠤᠬᠢᠶᠠᠯᠳᠤᠭᠤᠯᠵᠦ᠂ ᠡᠯ᠎ᠡ | ᠲᠦᠷᠦᠯ ᠤᠨ ᠲᠠᠯᠠᠪᠤᠷ ᠤᠷᠳᠤᠨ ᠤ ᠪᠡᠯᠡᠳᠭᠡᠮᠵᠢ ᠪᠠ ᠮᠦᠰᠦ ᠴᠠᠰᠤᠨ ᠤ ᠡᠬᠢ ᠪᠠᠶᠠᠯᠢᠭ ᠢ ᠠᠰᠢᠭᠯᠠᠨ᠂ ᠡᠪᠦᠯ ᠤᠨ | ᠤᠯᠠᠷᠢᠯ ᠤᠨ ᠵᠢᠭᠤᠯᠴᠢᠯᠠᠯ ᠢ ᠶᠡᠭᠡ ᠪᠠᠷ ᠬᠦᠭᠵᠢᠭᠦᠯᠵᠦ᠂ ᠮᠦᠰᠦ ᠴᠠᠰᠤᠨ ᠤ ᠠᠵᠤ ᠠᠬᠤᠢ ᠶᠢ ᠰᠠᠶᠢᠳᠤᠷ ᠬᠢᠨ᠎ᠠ᠃ | ᠬᠠᠲᠤᠨ ᠭᠤᠣᠯ ᠤᠨ ᠰᠤᠶᠤᠯ ᠢ ᠰᠢᠰᠲ᠋ᠧᠮ ᠲᠠᠢ ᠬᠠᠮᠠᠭᠠᠯᠠᠬᠤ ᠢᠨᠵᠧᠨᠧᠷᠢᠩ ᠢ ᠬᠡᠷᠡᠭᠵᠢᠬᠦᠯᠦᠨ᠂ ᠬᠠᠲᠤᠨ | ᠭᠤᠣᠯ ᠤᠨ ᠨᠤᠭᠤ ᠭᠠᠵᠠᠷ᠂ ᠵᠡᠭᠦᠨᠭᠠᠷ ᠶᠡᠭᠡ ᠬᠠᠪᠴᠢᠯ᠂ ᠤᠷᠳᠤ ᠴᠠᠭᠠᠨ ᠬᠡᠷᠡᠮ ᠤᠨ ᠪᠠᠭᠤᠷᠢ ᠵᠢᠴᠢ ᠲᠡᠤᠬᠡ | ᠰᠤᠶᠤᠯ᠂ ᠦᠨᠳᠦᠰᠦᠲᠡᠨ ᠤ ᠰᠤᠶᠤᠯ᠂ ᠬᠤᠪᠢᠰᠬᠠᠯᠳᠤ ᠰᠤᠶᠤᠯ ᠤᠨ ᠡᠬᠢ ᠪᠠᠶᠠᠯᠢᠭ ᠲᠤ ᠲᠦᠰᠢᠭᠯᠡᠵᠦ᠂ ᠬᠠᠲᠤᠨ | ᠭᠤᠣᠯ ᠤᠨ ᠲᠤᠬᠤᠢ ᠳᠠᠬᠢ ᠵᠢᠭᠤᠯᠴᠢᠯᠠᠯ ᠤᠨ ᠵᠠᠮ ᠱᠤᠭᠤᠮ ᠢ ᠪᠦᠲᠦᠭᠡᠨ ᠪᠠᠶᠢᠭᠤᠯᠵᠤ᠂ ᠲᠡᠯᠡᠬᠡᠢ ᠨᠡᠶᠢᠳᠡ ᠳᠤ | ᠨᠦᠯᠦᠭᠡᠯᠡᠬᠦ ᠬᠦᠴᠦᠨ ᠲᠠᠢ ᠬᠠᠲᠤᠨ ᠭᠤᠣᠯ ᠤᠨ ᠰᠤᠶᠤᠯ ᠵᠢᠭᠤᠯᠴᠢᠯᠠᠯ ᠤᠨ ᠪᠦᠰᠡ ᠶᠢ ᠴᠣᠭᠴᠠᠯᠠᠨ | ᠪᠠᠶᠢᠭᠤᠯᠤᠨ᠎ᠠ᠃ | ᠪᠦᠲᠦᠮᠵᠢᠲᠡᠢ ᠪᠡᠯᠡ ᠤᠷᠤᠭᠤᠯᠤᠯᠲᠠ ᠶᠢ ᠦᠨᠡᠨ ᠬᠦ ᠨᠡᠮᠡᠭᠳᠡᠭᠦᠯᠵᠦ᠂ ᠵᠠᠮ ᠬᠠᠷᠢᠯᠴᠠᠭ᠎ᠠ᠂ ᠤᠰᠤᠨ | ᠠᠰᠢᠭᠯᠠᠯᠲᠠ᠂ ᠡᠨᠧᠷᠬᠢ᠂ ᠲᠣᠣᠷ ᠰᠦᠯᠵᠢᠶ᠎ᠡ ᠵᠡᠷᠭᠡ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ | ᠬᠤᠲᠠ ᠶᠢᠨ ᠶᠠᠪᠤᠳᠠᠯ ᠤᠨ ᠬᠤᠭᠤᠯᠠᠢ ᠭᠤᠤᠷᠰᠤ ᠶᠢᠨ ᠲᠤᠤᠷ᠂ ᠲᠡᠷᠭᠡᠨ ᠵᠣᠭᠰᠤᠭᠠᠯ᠂ ᠬᠦᠢᠲᠡᠨ ᠬᠡᠯᠬᠢᠶᠡᠳᠦ | ᠪᠠᠷᠠᠭᠠᠨ ᠤ ᠭᠦᠢᠯᠭᠡᠭᠡ᠂ ᠬᠤᠲᠠ ᠬᠥᠳᠡᠭᠡ ᠶᠢᠨ ᠪᠣᠬᠢᠷ ᠤᠰᠤ ᠬᠤᠭ ᠨᠤᠪᠰᠢ ᠶᠢ ᠰᠢᠢᠳᠪᠦᠷᠢᠯᠡᠬᠦ ᠵᠡᠷᠭᠡ | ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ | ᠬᠤᠶᠠᠳᠤᠭᠠᠷ ᠪᠦᠯᠦᠭ ᠪᠣᠯᠬᠤ ᠲᠤᠷᠰᠢᠯᠲᠠ ᠶᠢᠨ ᠲᠦᠷᠦᠯ ᠵᠦᠢᠯ ᠢ ᠬᠡᠷᠡᠭᠵᠢᠭᠦᠯᠦᠨ᠎ᠡ᠃ ᠪᠦᠲᠦᠭᠡᠨ ᠪᠠᠶᠢᠭᠤᠯᠵᠤ | ᠪᠠᠶᠢᠭ᠎ᠠ ᠳᠡᠭᠡᠳᠦ ᠬᠤᠷᠳᠦ ᠶᠢᠨ ᠲᠡᠮᠦᠷ ᠵᠠᠮ᠂ ᠵᠠᠰᠠᠮᠠᠯ ᠵᠠᠮ᠂ ᠨᠢᠰᠭᠡᠯ ᠤᠨ ᠪᠠᠭᠤᠳᠠᠯ ᠵᠡᠷᠭᠡ ᠲᠦᠷᠦᠯ ᠵᠦᠢᠯ ᠤᠨ | ᠠᠵᠢᠯ ᠢ ᠠᠬᠢᠭᠤᠯᠤᠨ᠂ ᠣᠷᠳᠤᠰ ᠠᠴᠠ ᠲᠡᠮᠡᠬᠡᠳᠦ ᠬᠦᠷᠬᠦ ᠳᠡᠭᠡᠳᠦ ᠬᠤᠷᠲᠦ ᠶᠢᠨ ᠲᠡᠮᠦᠷ ᠵᠠᠮ᠂ ᠲᠦᠩᠯᠢᠶᠣᠣ ᠠᠴᠠ | ᠴᠢᠴᠢᠬᠠᠷ ᠬᠦᠷᠬᠦ ᠳᠡᠭᠡᠳᠦ ᠬᠤᠷᠳᠦ ᠶᠢᠨ ᠲᠡᠮᠦᠷ ᠵᠠᠮ᠂ ᠴᠢᠴᠢᠬᠠᠷ ᠠᠴᠠ ᠬᠠᠶᠢᠯᠠᠷ ᠪᠠ ᠮᠠᠨᠵᠤᠤᠷ ᠬᠦᠷᠬᠦ ᠳᠡᠭᠡᠳᠦ | ᠬᠤᠷᠳᠦ ᠶᠢᠨ ᠲᠡᠮᠦᠷ ᠵᠠᠮ᠂ ᠰᠢᠯᠢ ᠶᠢᠨ ᠬᠤᠲᠠ ᠠᠴᠠ ᠲᠠᠶᠢᠽᠢ ᠬᠤᠲᠠ ᠬᠦᠷᠬᠦ ᠲᠦᠷᠬᠡᠨ ᠬᠤᠷᠳᠤ ᠶᠢᠨ ᠲᠡᠮᠦᠷ | ᠵᠠᠮ ᠤᠨ ᠪᠦᠲᠦᠭᠡᠨ ᠪᠠᠶᠢᠭᠤᠯᠤᠯᠲᠠ ᠵᠢᠴᠢ ᠡᠮᠦᠨᠡᠬᠢ ᠬᠤᠭᠤᠴᠠᠭᠠᠨ ᠤ ᠠᠵᠢᠯ ᠢ ᠰᠠᠶᠢᠳᠤᠷ ᠠᠳᠬᠤᠵᠦ᠂ | ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠢ ᠴᠠᠬᠢᠯᠭᠠᠨᠵᠢᠭᠤᠯᠬᠤ ᠦᠭᠡᠷᠡᠴᠢᠯᠡᠯᠲᠡ᠂ ᠤᠯᠠᠭᠠᠨᠬᠤᠳᠠ ᠠᠴᠠ | ᠷᠠᠰᠢᠶᠠᠨ ᠭᠦᠷᠬᠦ ᠲᠡᠮᠦᠷ ᠵᠠᠮ ᠤᠨ ᠦᠬᠡᠷᠡᠴᠢᠯᠡᠯᠳᠡ ᠶᠢ ᠠᠬᠢᠭᠤᠯᠤᠨ᠎ᠠ᠃ ᠨᠢᠭᠡ ᠪᠦᠯᠦᠭ ᠨᠡᠶᠢᠳᠡᠮ ᠬᠡᠷᠡᠭᠯᠡᠬᠦ | ᠨᠢᠰᠭᠡᠯ ᠤᠨ ᠪᠠᠭᠤᠳᠠᠯ ᠢ ᠲᠦᠪᠯᠡᠷᠡᠭᠦᠯᠦᠨ ᠪᠦᠲᠦᠭᠡᠨ ᠪᠠᠶᠢᠭᠤᠯᠵᠤ᠂ ᠨᠡᠶᠢᠳᠡᠮ ᠬᠡᠷᠡᠭᠯᠡᠬᠦ ᠠᠭᠠᠷ ᠠᠶᠠᠯᠠᠯ ᠤᠨ | ᠦᠢᠯᠡᠰ ᠤᠨ ᠬᠦᠭᠵᠢᠯᠳᠡ ᠶᠢ ᠠᠬᠢᠭᠤᠯᠤᠨ᠎ᠠ᠃ ᠲᠠᠭ᠎ᠠ ᠶᠢᠨ ᠨᠠᠭᠤᠷ ᠤᠨ ᠠᠮᠢ ᠠᠬᠤᠢ ᠳᠤ ᠪᠠᠴᠢᠮ ᠪᠠᠶᠢᠳᠠᠯ ᠢ | ᠠᠷᠭᠠᠴᠠᠭᠠᠵᠦ ᠤᠰᠤ ᠨᠦᠭᠦᠪᠦᠷᠢᠯᠡᠬᠦ ᠵᠡᠷᠬᠡ ᠤᠰᠤᠨ ᠠᠰᠢᠭᠯᠠᠯᠲᠠ ᠶᠢᠨ ᠢᠨᠵᠧᠨᠧᠷᠢᠩ ᠢ ᠠᠬᠢᠭᠤᠯᠤᠨ᠎ᠠ᠃ ᠡᠨᠧᠷᠬᠢ | ᠬᠠᠳᠠᠭᠠᠯᠠᠬᠤ ᠪᠡᠯᠡᠳᠬᠡᠮᠵᠢ᠂ ᠰᠢᠨ᠎ᠠ ᠡᠨᠧᠷᠬᠢ ᠶᠢᠨ ᠰᠠᠭᠤᠷᠢᠨ ᠭᠠᠵᠠᠷ ᠪᠠ ᠡᠨᠧᠷᠬᠢ ᠵᠦᠬᠡᠬᠡᠪᠦᠷᠢᠯᠡᠬᠦ ᠨᠡᠪᠳᠡᠷᠡᠯ | ᠵᠠᠮ ᠤᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ᠎ᠠ᠃ ᠲᠦᠷᠦᠯ ᠵᠦᠢᠯ ᠢ ᠨᠦᠬᠡᠴᠡᠯᠡᠬᠦ ᠪᠠ ᠲᠦᠷᠦᠯ ᠵᠦᠢᠯ ᠤᠨ | ᠡᠮᠦᠨᠡᠬᠢ ᠬᠤᠭᠤᠴᠠᠭᠠᠨ ᠤ ᠠᠵᠢᠯ ᠢ ᠴᠢᠩᠭᠠᠳᠬᠠᠵᠦ᠂ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠳᠦ ᠶᠢ ᠲᠤᠬᠢᠳᠠᠢ | ᠬᠡᠷᠡᠭᠯᠡᠨ᠎ᠠ᠃ | ︵ᠲᠠᠪᠤ︶ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠶᠢᠷᠡᠨ | ᠬᠡᠷᠡᠭᠵᠢᠭᠦᠯᠦᠨ᠎ᠡ | ᠮᠠᠨ ᠤ ᠤᠷᠤᠨ ᠭᠠᠵᠠᠷ ᠰᠢᠷᠤᠢ ᠶᠢᠨ ᠡᠬᠢ ᠪᠠᠶᠠᠯᠢᠭ ᠢᠶᠠᠷ ᠡᠯᠪᠡᠭ ᠲᠡᠯᠪᠡᠭ᠂ ᠭᠦᠬᠡᠮᠳᠦᠭ ᠤᠰᠤ ᠴᠡᠪᠡᠷ | ᠬᠦᠷᠦᠰᠦ ᠲᠠᠢ ᠪᠠᠶᠢᠳᠠᠭ᠂ ᠡᠨᠡ ᠨᠢ ᠦᠢᠯᠡᠳᠪᠦᠷᠢᠯᠡᠯ ᠤᠨ ᠬᠦᠴᠦᠨ ᠪᠣᠯᠬᠤ ᠪᠦᠭᠡᠳ ᠮᠦᠨ ᠴᠦ ᠦᠷᠢᠰᠦᠯᠳᠦᠬᠦ | ᠬᠦᠴᠦᠨ ᠪᠤᠯᠤᠨ᠎ᠠ᠃ ᠪᠢᠳᠡ ᠡᠨᠡ ᠬᠦ ᠳᠠᠪᠠᠭᠤᠯᠢᠭ ᠢᠶᠠᠨ ᠡᠷᠬᠡᠪᠰᠢ ᠰᠠᠶᠢᠲᠤᠷ ᠬᠠᠮᠠᠭᠠᠯᠠᠨ ᠠᠰᠢᠭᠯᠠᠵᠤ᠂ ᠮᠠᠯ | ᠲᠠᠷᠢᠶᠠᠯᠠᠩ ᠢ ᠪᠣᠬᠢᠷᠳᠤᠭᠤᠯᠬᠤ ᠦᠭᠡᠢ ᠪᠠᠷ ᠬᠦᠭᠵᠢᠭᠦᠯᠬᠦ ᠶᠢ ᠪᠠᠷᠢᠮᠲᠠᠯᠠᠨ᠂ ᠠᠮᠢ ᠠᠬᠤᠢ ᠶᠢᠨ ᠲᠠᠷᠢᠶᠠᠯᠠᠩ ᠮᠠᠯ | ᠠᠵᠤ ᠠᠬᠤᠢ ᠶᠢ ᠢᠳᠡᠪᠬᠢᠲᠡᠢ ᠬᠦᠭᠵᠢᠭᠦᠯᠵᠦ᠂ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠲᠠᠷᠢᠶᠠᠯᠠᠩ ᠮᠠᠯ ᠠᠵᠤ ᠠᠬᠤᠢ ᠶᠢ ᠠᠵᠤ ᠦᠢᠯᠡᠰ ᠤᠨ | ᠲᠠᠪᠠᠭᠤᠯᠢᠭ ᠭᠠᠵᠠᠷ ᠤᠷᠤᠨ ᠳᠡᠶᠢᠰᠢ ᠲᠦᠪᠯᠡᠷᠡᠬᠦ ᠶᠢ ᠠᠬᠢᠭᠤᠯᠤᠨ᠂ ᠡᠷᠳᠡᠨᠢ ᠰᠢᠰᠢ᠂ ᠲᠦᠮᠦᠰᠦ᠂ ᠰᠠᠭᠠᠯᠢ ᠶᠢᠨ | ᠦᠨᠢᠶ᠎ᠡ᠂ ᠠᠯᠠᠰᠢᠨ ᠦᠬᠡᠷ᠂ ᠠᠯᠠᠰᠢᠨ ᠬᠤᠨᠢ᠂ ᠨᠣᠣᠰᠣ ᠨᠣᠣᠯᠤᠭᠤᠷ ᠵᠡᠷᠭᠡ ᠲᠠᠪᠠᠭᠤᠯᠢᠭ ᠪᠤᠯᠬᠤ ᠲᠠᠷᠢᠶᠠᠯᠠᠩ | ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠠᠵᠤ ᠦᠢᠯᠡᠰ ᠤᠨ ᠪᠦᠰᠡ ᠪᠠ ᠠᠵᠤ ᠦᠢᠯᠡᠰ ᠤᠨ ᠪᠦᠯᠦᠭᠵᠢᠯ ᠢ | ᠪᠦᠲᠦᠭᠡᠨ ᠪᠠᠶᠢᠭᠤᠯᠵᠦ᠂ ᠪᠠᠷᠢᠮᠵᠢᠶᠠᠵᠢᠭᠤᠯᠤᠭᠰᠠᠨ᠂ ᠬᠡᠪᠴᠢᠶᠡᠵᠢᠭᠦᠯᠦᠭᠰᠡᠨ ᠡᠵᠡᠩᠨᠡᠯᠲᠡ ᠶᠢ ᠬᠡᠷᠡᠭᠵᠢᠬᠦᠯᠦᠨ᠎ᠠ᠃ | ᠤᠷᠤᠨ ᠪᠦᠰᠡ ᠶᠢᠨ ᠤᠯᠠᠨ ᠨᠡᠶᠢᠳᠡ ᠶᠢᠨ ᠨᠡᠷᠡᠲᠦ ᠲᠡᠮᠳᠡᠭ ᠤᠨ ᠪᠦᠲᠦᠭᠡᠨ ᠪᠠᠶᠢᠭᠤᠯᠤᠯᠳᠠ ᠶᠢ ᠳᠡᠮᠵᠢᠵᠤ᠂ ᠨᠡᠩ | ᠣᠯᠠᠨ ᠴᠢᠨᠠᠷ ᠰᠠᠶᠢᠲᠠᠢ ᠨᠡᠷᠡᠲᠦ ᠲᠡᠮᠳᠡᠭ ᠢ ᠪᠦᠬᠦ ᠤᠯᠤᠰ ᠲᠤ ᠲᠡᠷᠡᠴᠢᠯᠡᠨ ᠳᠡᠯᠡᠭᠡᠢ ᠳᠤ ᠠᠯᠳᠠᠷᠰᠢᠭᠤᠯᠤᠨ᠎ᠠ᠃ | ᠲᠦᠩᠯᠢᠶᠤᠤ᠂ ᠤᠯᠠᠭᠠᠨᠬᠠᠳᠠ᠂ ᠪᠤᠷᠤᠳᠤᠬᠤᠢ ᠶᠢᠨ ᠤᠰᠤᠯᠠᠯᠳᠠ ᠶᠢᠨ ᠤᠷᠤᠨ ᠵᠡᠷᠬᠡ ᠭᠠᠵᠠᠷ ᠤᠷᠤᠨ ᠤ ᠦᠨᠳᠦᠷ | ᠪᠦᠲᠦᠮᠵᠢᠲᠦ ᠤᠰᠤ ᠠᠷᠪᠢᠯᠠᠬᠤ ᠤᠰᠤᠯᠠᠯᠲᠠ ᠶᠢ ᠠᠬᠢᠭᠤᠯᠵᠦ᠂ ᠦᠨᠳᠦᠷ ᠪᠠᠷᠢᠮᠵᠢᠶᠠᠲᠦ ᠲᠠᠷᠢᠶᠠᠨ ᠭᠠᠵᠠᠷ ᠤᠨ | ᠪᠦᠳᠦᠬᠡᠨ ᠪᠠᠶᠢᠭᠤᠯᠤᠯᠳᠠ ᠶᠢᠨ ᠲᠠᠯᠠᠪᠠᠢ ᠶᠢ ᠦᠷᠬᠡᠳᠬᠡᠨ᠂ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠲᠠᠲᠠᠬᠤ ᠪᠠ | ᠤᠰᠤᠨ ᠤ ᠡᠬᠢ ᠰᠤᠷᠪᠤᠯᠵᠢ ᠶᠢ ᠪᠦᠷᠢᠯᠭᠡᠬᠦ ᠠᠰᠠᠭᠤᠳᠠᠯ ᠢ ᠰᠢᠢᠳᠪᠦᠷᠢᠯᠡᠨ᠎ᠡ᠃ ᠬᠠᠭᠠᠯᠪᠤᠷᠢᠯᠠᠵᠤ ᠲᠠᠷᠢᠶᠠᠯᠠᠬᠤ | ᠭᠠᠵᠠᠷ ᠢ ᠰᠡᠯᠭᠦᠵᠦ ᠲᠠᠷᠢᠶᠠᠯᠠᠬᠤ ᠪᠠ ᠬᠤᠵᠢᠷᠰᠢᠨᠨᠰᠠᠨ ᠬᠠᠭᠠᠯᠪᠤᠷᠢᠯᠠᠵᠤ ᠲᠠᠷᠢᠶᠠᠯᠠᠬᠤ ᠭᠠᠵᠠᠷ ᠤᠨ ᠰᠠᠶᠢᠵᠢᠷᠠᠭᠤᠯᠬᠤ | ᠠᠵᠢᠯ ᠢ ᠰᠠᠶᠢᠲᠤᠷ ᠠᠳᠬᠤᠵᠤ᠂ ᠬᠠᠭᠠᠯᠪᠤᠷᠢᠯᠠᠵᠤ ᠲᠠᠷᠢᠶᠠᠯᠠᠬᠤ ᠭᠠᠵᠠᠷ ᠤᠨ ᠴᠢᠨᠠᠷ ᠴᠢᠨᠰᠠᠭ᠎ᠠ ᠶᠢ | ᠳᠡᠭᠡᠭᠰᠢᠯᠡᠭᠦᠯᠦᠨ᠎ᠡ᠃ | ᠡᠯ᠎ᠡ ᠲᠦᠷᠦᠯ ᠤᠨ ᠳᠡᠳᠭᠦᠭᠦ ᠲᠥᠷᠥ ᠶᠢᠨ ᠪᠣᠳᠤᠯᠭ᠎ᠠ ᠶᠢ ᠲᠡᠭᠦᠯᠳᠡᠷᠵᠢᠬᠦᠯᠦᠨ ᠨᠠᠶᠢᠳᠠᠪᠤᠷᠢᠵᠢᠭᠤᠯᠵᠤ᠂ ᠰᠦ᠋ | ᠰᠠᠭᠠᠯᠢ ᠶᠢᠨ ᠦᠢᠯᠡᠰ ᠤᠨ ᠦᠷᠨᠢᠬᠦᠨ ᠬᠦᠭᠵᠢᠯᠳᠡ ᠶᠢ ᠲᠦᠷᠭᠡᠳᠭᠡᠨ᠂ ᠴᠢᠨᠠᠷ ᠰᠠᠶᠢᠲᠠᠢ ᠰᠦᠨ ᠤ ᠢᠷᠡᠯᠲᠡ ᠶᠢᠨ | ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠬᠥᠲᠦᠴᠢ ᠠᠵᠤ ᠠᠬᠤᠶᠢᠯᠠᠯ ᠤᠨ ᠬᠦᠲᠦᠯᠦᠨ ᠳᠠᠶᠢᠴᠢᠯᠠᠬᠤ | ᠦᠢᠯᠡᠳᠦᠯ ᠢ ᠪᠠᠳᠠᠷᠠᠭᠤᠯᠣᠨ᠂ ᠰᠦ᠋ ᠴᠠᠭᠠᠨ ᠢᠳᠡᠭᠡᠨ ᠤ ᠭᠤᠣᠯᠯᠠᠬᠤ ᠦᠷᠢᠰᠦᠯᠳᠦᠬᠦ ᠬᠦᠴᠦᠨ ᠢ ᠳᠡᠭᠡᠭᠰᠢᠯᠡᠭᠦᠯᠤᠨ᠎ᠡ᠃ | ᠵᠠᠬ᠎ᠠ ᠳᠡᠯᠭᠡᠭᠦᠷ ᠲᠤ ᠵᠥᠪᠰᠢᠶᠡᠷᠡᠨ ᠣᠷᠤᠭᠤᠯᠬᠤ᠂ ᠪᠠᠶᠢᠴᠠᠭᠠᠨ ᠰᠢᠨᠵᠢᠬᠦ ᠪᠠ ᠪᠠᠶᠢᠴᠠᠭᠠᠨ ᠰᠢᠯᠭᠠᠬᠤ᠂ | ᠪᠠᠷᠢᠮᠵᠢᠶᠠᠵᠢᠭᠤᠯᠤᠨ ᠪᠠᠶᠢᠭᠤᠯᠬᠤ ᠵᠡᠷᠭᠡ ᠳᠡᠳᠬᠦᠬᠦ ᠲᠥᠷᠥ ᠶᠢᠨ ᠪᠣᠳᠤᠯᠭ᠎ᠠ ᠶᠢ ᠳᠡᠭᠦᠯᠳᠡᠷᠵᠢᠭᠦᠯᠵᠦ᠂ | ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠡᠷᠡᠭᠦᠯ ᠢᠶᠠᠷ ᠭᠦᠭᠵᠢᠬᠦ ᠶᠢ ᠠᠬᠢᠭᠤᠯᠤᠨ᠎ᠠ᠃ | ᠠᠮᠤ ᠪᠤᠳᠠᠭ᠎ᠠ ᠶᠢ ᠲᠡᠵᠢᠭᠡᠯ ᠪᠤᠷᠳᠤᠭ᠎ᠠ ᠪᠤᠯᠭᠠᠨ ᠬᠤᠪᠢᠷᠠᠭᠤᠯᠬᠤ ᠶᠢ ᠦᠷᠭᠦᠯᠵᠢᠯᠡᠨ ᠬᠡᠷᠡᠭᠵᠢᠭᠦᠯᠵᠦ᠂ ᠴᠢᠨᠠᠷ | ᠰᠠᠶᠢᠲᠠᠢ ᠪᠡᠯᠴᠢᠭᠡᠷ ᠡᠪᠡᠰᠦ ᠲᠠᠷᠢᠬᠤ ᠶᠢ ᠦᠷᠭᠡᠳᠭᠡᠨ᠂ ᠮᠠᠯ ᠪᠡᠯᠴᠢᠭᠡᠷ ᠠᠷᠠᠴᠢᠯᠠᠬᠤ ᠶᠢ ᠨᠢᠭᠡ ᠴᠤᠨᠨᠴᠠᠵᠢᠭᠤᠯᠤᠨ | ᠭᠦᠭᠵᠢᠬᠦᠯᠬᠦ ᠶᠢ ᠲᠦᠷᠭᠡᠳᠭᠡᠨ᠎ᠡ᠃ | ᠤᠳᠤ ᠦᠶ᠎ᠡ ᠶᠢᠨ ᠦᠷ᠎ᠡ ᠡᠭᠦᠯᠳᠡᠷ ᠤᠨ ᠦᠢᠯᠡᠰ ᠤᠨ ᠢᠨᠵᠧᠨᠧᠷᠢᠩ ᠢ ᠬᠡᠷᠡᠭᠵᠢᠭᠦᠯᠵᠦ᠂ ᠰᠠᠭᠠᠯᠢ ᠶᠢᠨ | ᠦᠨᠢᠶ᠎ᠡ᠂ ᠠᠯᠠᠰᠢᠨ ᠦᠬᠡᠷ᠂ ᠠᠯᠠᠰᠢᠨ ᠬᠤᠨᠢ ᠲᠡᠵᠢᠭᠡᠬᠦ ᠦᠷᠡᠵᠢᠭᠦᠯᠬᠦ ᠳᠡᠯᠭᠡᠷᠡᠭᠦᠯᠬᠦ ᠶᠢᠨ ᠵᠢᠱᠢᠶ᠎ᠡ ᠦᠵᠡᠭᠦᠯᠬᠦ | ᠲᠦᠷᠦᠯ ᠵᠦᠢᠯ ᠢ ᠠᠬᠢᠭᠤᠯᠤᠨ᠂ ᠡᠷᠳᠡᠨᠢ ᠰᠢᠰᠢ᠂ ᠲᠦᠮᠦᠰᠦ ᠵᠡᠷᠭᠡ ᠲᠠᠪᠠᠭᠤᠯᠢᠭ ᠲᠠᠷᠢᠮᠠᠯ ᠤᠨ ᠵᠦᠢᠯ ᠤᠨ ᠰᠠᠶᠢᠨ | ᠦᠷ᠎ᠡ ᠶᠢ ᠲᠠᠷᠢᠵᠦ ᠤᠷᠭᠤᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠭᠦᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠴᠠᠭᠠᠨ ᠨᠤᠤᠯᠤᠭᠤᠷᠲᠦ ᠢᠮᠠᠭ᠎ᠠ᠂ | ᠬᠤᠣᠰ ᠪᠥᠬᠦᠲᠦ ᠲᠡᠮᠡᠭᠡ ᠵᠡᠷᠭᠡ ᠳᠤ ᠤᠯᠤᠰ ᠠᠴᠠ ᠲᠠᠭᠠᠭᠠᠯᠭᠠᠨᠨᠰᠠᠨ ᠡᠭᠦᠯᠳᠡᠷ ᠤᠳᠤᠮ ᠬᠠᠮᠠᠭᠠᠯᠠᠬᠤ ᠡᠭᠦᠷᠭᠡ ᠶᠢ | ᠨᠠᠶᠢᠳᠠᠪᠤᠷᠢᠵᠢᠭᠤᠯᠵᠤ᠂ ᠮᠣᠩᠭᠤᠯ ᠠᠳᠤᠭᠤ ᠶᠢ ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃ ᠤᠳᠤ ᠦᠶ᠎ᠡ ᠶᠢᠨ | ᠡᠪᠡᠰᠦᠨ ᠤ ᠦᠷ᠎ᠡ ᠶᠢᠨ ᠦᠢᠯᠡᠰ ᠢ ᠶᠡᠭᠡ ᠪᠠᠷ ᠬᠦᠭᠵᠢᠭᠦᠯᠵᠦ᠂ ᠥᠪᠥᠷ ᠮᠤᠩᠭᠤᠯ ᠢ ᠳᠤᠮᠳᠠᠳᠤ ᠤᠯᠤᠰ ᠤᠨ | ᠡᠪᠡᠰᠦᠨ ᠤ ᠦᠷ᠎ᠡ ᠶᠢᠨ ᠡᠬᠢ ᠪᠠᠶᠠᠯᠢᠭ ᠤᠨ ᠬᠦᠮᠦᠷᠭᠡ ᠪᠣᠯᠭᠠᠨ ᠪᠦᠲᠦᠭᠡᠨ ᠪᠠᠶᠢᠭᠤᠯᠤᠨ᠎ᠠ᠃ | ᠮᠠᠯᠵᠢᠬᠤ ᠲᠠᠷᠢᠶᠠᠯᠠᠬᠤ ᠤᠷᠤᠨ ᠤ ᠣᠷᠴᠢᠨ ᠨᠦᠬᠦᠴᠡᠯ ᠢ ᠬᠦᠴᠦᠯᠡᠨ ᠰᠠᠶᠢᠵᠢᠷᠠᠭᠤᠯᠤᠨ᠎ᠠ᠃ ᠪᠤᠲᠠᠲᠠᠢ ᠠᠴᠠ | ᠡᠭᠦᠰᠬᠦ ᠶᠢ ᠪᠠᠷᠢᠮᠲᠠᠯᠠᠨ᠂ ᠴᠢᠳᠠᠯ ᠤᠨ ᠢᠶᠠᠨ ᠬᠢᠷᠢ ᠪᠠᠷ ᠬᠢᠵᠦ᠂ ᠭᠠᠵᠠᠷ ᠤᠷᠤᠨ ᠤ ᠪᠠᠶᠢᠳᠠᠯ ᠳᠤ ᠪᠠᠨ ᠲᠣᠬᠢᠷᠠᠭᠤᠯᠵᠤ | ᠪᠠᠶᠢᠭᠠᠳ ︽ᠵᠣᠷᠯᠤᠩ ᠤᠨ ᠬᠤᠪᠢᠰᠤᠯᠲᠠ︾ ᠶᠢ ᠠᠬᠢᠭᠤᠯᠤᠨ᠎ᠠ᠃ ᠠᠶᠢᠯ ᠲᠤᠰᠬᠤᠨ ᠤ ᠲᠦᠷᠰᠦ ᠪᠠᠶᠢᠳᠠᠯ ᠢ | ᠴᠡᠭᠴᠡᠯᠡᠨ ᠵᠠᠰᠠᠬᠤ ᠠᠵᠢᠯ ᠢ ᠴᠢᠩᠭᠠᠳᠬᠠᠵᠦ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ | ᠤᠷᠴᠢᠨ ᠨᠦᠬᠦᠴᠡᠯ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠬᠠᠷᠠᠯᠲᠠ ᠪᠠᠨ ᠪᠡᠶᠡᠯᠡᠭᠦᠯᠤᠨ᠎ᠠ᠃ | ᠮᠠᠯᠵᠢᠬᠤ ᠲᠠᠷᠢᠶᠠᠯᠠᠬᠤ ᠤᠷᠤᠨ ᠤ ᠬᠠᠮᠲᠤ ᠶᠢᠨ ᠦᠮᠴᠢᠯᠡᠯ ᠤᠨ ᠡᠷᠬᠡ ᠶᠢᠨ ᠳᠥᠷᠢᠮ ᠤᠨ ᠦᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠬᠠᠮᠲᠤ ᠶᠢᠨ ᠠᠵᠤ ᠠᠬᠤᠢ ᠶᠢ ᠪᠣᠵᠠᠭᠠᠶᠢᠷᠠᠭᠤᠯᠤᠨ᠎ᠠ᠃ ᠮᠠᠯᠴᠢᠨ ᠲᠠᠷᠢᠶᠠᠴᠢᠨ ᠤ ᠲᠤᠰᠬᠠᠢ | ᠬᠤᠷᠰᠢᠶᠠᠵᠢᠯ ᠢ ᠭᠦᠳᠦᠯᠦᠨ ᠵᠢᠯᠤᠭᠤᠳᠴᠤ ᠪᠠᠶᠢᠭᠠᠳ ᠡᠷᠡᠭᠦᠯ ᠢᠶᠠᠷ ᠭᠦᠭᠵᠢᠬᠦᠯᠵᠦ᠂ ᠮᠠᠯᠴᠢᠨ ᠲᠠᠷᠢᠶᠠᠴᠢᠨ ᠪᠠ | ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠤᠨᠨᠳᠠᠭᠤᠯᠬᠤ ᠲᠣᠭᠲᠠᠴᠠ ᠶᠢ ᠪᠠᠶᠢᠭᠤᠯᠤᠨ ᠨᠢᠨᠨᠳᠠᠷᠠᠭᠤᠯᠤᠨ᠎ᠠ᠃ | ᠮᠠᠯᠵᠢᠬᠤ ᠤᠷᠤᠨ ᠤ ᠤᠳᠤᠬᠢᠴᠢᠯᠠᠬᠤ ᠲᠤᠷᠰᠢᠯᠲᠠ ᠶᠢᠨ ᠴᠡᠭ ᠤᠨ ᠠᠵᠢᠯ ᠢ ᠰᠠᠶᠢᠲᠤᠷ ᠠᠳᠬᠤᠵᠤ᠂ ᠨᠢᠭᠡᠳᠦᠭᠡᠷ᠂ | ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠦᠭᠵᠢᠬᠦ ᠶᠢ ᠲᠦᠷᠭᠡᠳᠭᠡᠨ᠎ᠠ᠃ | ︵ᠵᠢᠷᠭᠤᠭ᠎ᠠ︶ ᠪᠣᠬᠢᠷᠲᠤᠯ ᠥᠬᠡᠶ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ | ᠠᠭᠤᠯᠠ ᠤᠰᠤ ᠣᠢ ᠲᠠᠷᠢᠶ᠎ᠠ ᠨᠠᠭᠤᠷ ᠪᠡᠯᠴᠢᠭᠡᠷ ᠤᠨ ᠰᠢᠰᠲ᠋ᠧᠮ ᠲᠠᠢ ᠵᠠᠰᠠᠯᠲᠠ ᠶᠢ ᠨᠢᠭᠡᠳᠦᠯᠲᠡᠶ | ᠲᠥᠯᠥᠪᠯᠡᠵᠦ᠂ ᠨᠤᠲᠤᠭ ᠪᠡᠯᠴᠢᠭᠡᠷ᠂ ᠣᠢ ᠰᠢᠭᠤᠶ ᠶᠢᠨ ᠬᠠᠮᠠᠭᠠᠯᠠᠯᠲᠠ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ | ᠶᠡᠭᠡ ᠬᠢᠩᠭᠠᠨ ᠳᠠᠪᠠᠭ᠎ᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠳᠤ ᠲᠠᠷᠢᠶᠠᠯᠠᠬᠤ ᠶᠢ ᠵᠣᠭᠰᠣᠭᠠᠵᠤ | ᠣᠶᠢᠵᠢᠭᠤᠯᠬᠤ ᠪᠠ ᠡᠪᠡᠰᠦ ᠪᠡᠯᠴᠢᠭᠡᠷ ᠨᠤᠭᠤ ᠭᠠᠵᠠᠷ ᠢ ᠰᠡᠷᠭᠦᠭᠡᠬᠦ ᠲᠤᠷᠰᠢᠯᠲᠠ ᠶᠢᠨ ᠴᠡᠭ ᠤᠨ ᠠᠵᠢᠯ ᠢ | ᠥᠷᠨᠢᠭᠦᠯᠵᠦ᠂ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ ᠦᠩᠵᠢᠭᠦᠯᠦᠨ ᠰᠡᠷᠭᠦᠭᠡᠬᠦ ᠤᠯᠤᠰ ᠤᠨ | ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠤᠨ᠎ᠠ᠃ ᠳᠠᠯᠠᠨ ᠬᠠᠷ᠎ᠠ ᠶᠢᠨ ᠠᠮᠢ ᠠᠬᠤᠢ ᠶᠢᠨ ᠦᠡᠭᠵᠢᠭᠦᠯᠦᠨ | ᠰᠡᠷᠭᠦᠭᠡᠬᠦ ᠠᠵᠢᠯ ᠢ ᠠᠬᠢᠭᠤᠯᠤᠨ᠎ᠠ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠣᠷᠣᠨ᠂ | ᠬᠥᠯᠥᠨ ᠪᠤᠶᠢᠷ ᠤᠨ ᠤᠯᠤᠰ ᠤᠨ ᠴᠡᠴᠡᠷᠯᠢᠭ ᠢ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠨ᠎ᠡ᠃ ᠪᠠᠷᠭᠤ | ᠵᠡᠭᠡᠷ᠎ᠡ ᠶᠢᠨ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ ᠳᠠᠬᠢ ᠬᠠᠮᠢᠶᠠᠷᠤᠯᠲᠠ ᠪᠠᠨ ᠴᠢᠩᠭᠠᠳᠬᠠᠵᠤ᠂ ᠵᠡᠭᠡᠷ᠎ᠡ ᠵᠡᠷᠭᠡ | ᠬᠡᠭᠡᠷ᠎ᠡ ᠶᠢᠨ ᠠᠮᠢᠳᠠᠳ ᠤᠨ ᠨᠡᠭᠦᠳᠡᠯ ᠤᠨ ᠴᠤᠪᠤᠭ᠎ᠠ ᠶᠢ ᠨᠢ ᠰᠠᠭᠠᠳ ᠦᠭᠡᠢ ᠪᠣᠯᠭᠠᠨ᠎ᠠ᠃ ᠲᠠᠯ᠎ᠠ ᠨᠤᠲᠤᠭ ᠤᠨ | ᠭᠤᠣᠯᠯᠠᠬᠤ ᠣᠷᠣᠨ ᠳᠤ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠪᠠ ᠠᠭᠤᠷᠬᠠᠢ ᠶᠢᠨ ᠲᠥᠷᠥᠯ ᠵᠦᠢᠯ ᠢ | ᠰᠢᠨ᠎ᠡ ᠪᠠᠷ ᠪᠠᠶᠢᠭᠤᠯᠬᠤ ᠶᠢ ᠴᠢᠩᠭ᠎ᠠ ᠬᠢᠵᠠᠭᠠᠷᠯᠠᠵᠤ᠂ ᠴᠦᠯᠯᠡᠷᠬᠡᠭ ᠭᠠᠵᠠᠷ ᠣᠷᠣᠨ᠂ ᠨᠡᠭᠦᠷᠡᠰᠦ ᠮᠠᠯᠲᠠᠭᠠᠳ | ᠴᠥᠮᠥᠷᠡᠭᠰᠡᠨ ᠣᠷᠣᠨ᠂ ᠠᠭᠤᠷᠬᠠᠢ ᠶᠢᠨ ᠤᠷᠤᠨ ᠤ ᠢᠯᠭᠠᠳᠠᠰᠤ ᠶᠢᠨ ᠲᠠᠯᠠᠪᠠᠢ ᠨᠤᠭᠤᠳ ᠲᠤ ᠭᠡᠷᠡᠯ ᠴᠡᠨᠡᠭ ᠤᠨ | ᠴᠠᠬᠢᠯᠭᠠᠨ ᠥᠷᠲᠡᠭᠡ ᠪᠠ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠪᠦᠲᠦᠭᠡᠨ ᠪᠠᠶᠢᠭᠤᠯᠬᠤ ᠶᠢ | ᠳᠠᠮᠵᠢᠨ᠎ᠠ᠃ ᠭᠠᠵᠠᠷ ᠰᠢᠷᠣᠶ ᠶᠢ ᠠᠷᠪᠢᠲᠠᠶ ᠪᠦᠬᠡᠳ ᠡᠷᠴᠢᠮᠯᠢᠭ ᠠᠰᠢᠭᠯᠠᠵᠤ᠂ ᠴᠦᠯᠯᠡᠷᠬᠡᠭᠵᠢᠭᠰᠡᠨ ᠭᠠᠵᠠᠷ | ᠰᠢᠷᠣᠶ ᠶᠢᠨ ᠵᠠᠰᠠᠯᠲᠠ ᠶᠢ ᠠᠬᠢᠭᠤᠯᠤᠨ᠎ᠠ᠃ | ᠪᠣᠬᠢᠷᠲᠤᠯ ᠦᠭᠡᠢ ᠪᠠᠷ ᠬᠥᠭᠵᠢᠭᠦᠯᠬᠦ ᠠᠷᠭ᠎ᠠ ᠬᠡᠯᠪᠡᠷᠢ ᠶᠢ ᠲᠦᠷᠬᠡᠬᠡᠨ ᠪᠤᠢ ᠪᠣᠯᠭᠠᠨ᠎ᠠ᠃ ᠭᠤᠤᠯᠳᠠᠯᠭ᠎ᠠ ᠲᠠᠢ | ᠬᠦᠷᠢᠶ᠎ᠡ ᠴᠡᠷᠠᠭᠠᠨ ᠳᠠᠬᠢ ᠡᠨᠧᠷᠬᠢ ᠠᠷᠪᠢᠯᠠᠵᠦ ᠪᠤᠬᠢᠷ ᠪᠤᠳᠠᠰ ᠭᠠᠳ᠋ᠬᠠᠰᠢᠯᠠᠭᠤᠯᠬᠤ ᠶᠢ ᠪᠠᠭᠠᠰᠬᠠᠬᠤ ᠪᠠ ᠡᠨᠧᠷᠬᠢ ᠶᠢᠨ | ᠬᠤᠷᠣᠭᠳᠠᠯ ᠶᠡᠭᠡ ᠲᠠᠢ ᠲᠥᠷᠥᠯ ᠵᠦᠢᠯ ᠤᠨ ᠡᠨᠧᠷᠭᠢ ᠠᠷᠪᠢᠯᠠᠬᠤ ᠲᠠᠯ᠎ᠠ ᠳᠤ ᠬᠢᠨᠠᠨ ᠪᠠᠶᠢᠴᠠᠭᠠᠬᠤ ᠪᠠᠨ | ᠴᠢᠩᠭᠠᠳᠬᠠᠨ᠎ᠠ᠃ ᠳᠠᠬᠢᠯᠲᠠ ᠤᠰᠤᠨ ᠤ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠤᠰᠤᠨ ᠤ ᠡᠬᠢ | ᠰᠤᠷᠪᠤᠯᠵᠢ ᠬᠤᠷᠤᠭᠳᠠᠵᠣ ᠪᠠᠶᠢᠭ᠎ᠠ ᠶᠡᠷᠦᠩᠬᠡᠶ ᠬᠡᠮᠵᠢᠶ᠎ᠡ ᠪᠠ ᠬᠤᠷᠤᠭᠳᠠᠵᠤ ᠪᠠᠶᠢᠭ᠎ᠠ ᠪᠠᠶᠢᠳᠠᠯ ᠢ ᠴᠢᠩᠭ᠎ᠠ ᠡᠵᠡᠮᠰᠢᠨ᠎ᠡ᠃ | ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ ᠳᠠᠬᠢ ᠠᠭᠤᠷᠬᠠᠢ ᠶᠢᠨ ᠡᠬᠢ ᠪᠠᠶᠠᠯᠢᠭ ᠬᠡᠷᠡᠭᠯᠡᠬᠦ ᠡᠷᠬᠡ ᠶᠢ ᠪᠦᠬᠦ | ᠲᠠᠯ᠎ᠠ ᠪᠠᠷ ᠵᠤᠭᠰᠤᠭᠠᠨ᠎ᠠ᠃ ᠠᠭᠤᠷᠬᠠᠢ ᠶᠢᠨ ᠭᠠᠵᠠᠷ ᠬᠦᠷᠦᠰᠦᠨ ᠤ ᠤᠷᠴᠢᠨ ᠲᠤᠭᠤᠷᠢᠨ ᠤ ᠵᠠᠰᠠᠯᠳᠠ ᠶᠢ | ᠦᠷᠭᠦᠯᠵᠢᠯᠡᠨ ᠠᠬᠢᠭᠤᠯᠤᠨ᠎ᠠ᠃ ᠠᠭᠤᠷᠬᠠᠢ ᠳᠤ ᠬᠡᠷᠡᠭᠯᠡᠬᠦ ᠲᠡᠷᠬᠡ ᠶᠢ ᠴᠠᠬᠢᠯᠭᠠᠨ ᠬᠦᠳᠡᠯᠭᠡᠭᠦᠷᠲᠦ ᠮᠠᠰᠢᠨ ᠪᠣᠯᠭᠠᠬᠤ | ᠦᠭᠡᠷᠡᠴᠢᠯᠡᠯᠲᠡ ᠶᠢ ᠬᠡᠷᠡᠭᠵᠢᠭᠦᠯᠦᠨ᠎ᠡ᠃ ᠪᠣᠬᠢᠷᠲᠤᠯ ᠦᠭᠡᠢ ᠠᠭᠤᠷᠬᠠᠶ᠂ ᠪᠣᠬᠢᠷᠲᠤᠯ ᠦᠭᠡᠢ ᠦᠢᠯᠡᠳᠪᠦᠷᠢ᠂ | ᠪᠣᠬᠢᠷᠲᠤᠯ ᠦᠭᠡᠢ ᠪᠠᠷᠢᠯᠭ᠎ᠠ ᠶᠢ ᠪᠦᠲᠦᠭᠡᠨ ᠪᠠᠶᠢᠭᠤᠯᠤᠨ᠎ᠠ᠃ ᠪᠣᠬᠢᠷᠲᠤᠯ ᠦᠭᠡᠢ ᠪᠦᠬᠡᠳ ᠨᠡᠭᠦᠷᠡᠰᠦᠲᠥ᠋ᠷᠥᠭᠴᠢ ᠶᠢ | ᠪᠠᠭ᠎ᠠ ᠭᠠᠳᠠᠬᠰᠢᠯᠠᠭᠤᠯᠬᠤ ᠠᠮᠢᠳᠤᠷᠠᠯ ᠢ ᠰᠠᠨᠠᠭᠠᠴᠢᠯᠠᠵᠤ᠂ ᠬᠤᠭ ᠨᠣᠪᠰᠢ ᠶᠢ ᠲᠥᠷᠥᠯ ᠠᠩᠬᠢᠯᠠᠬᠤ ᠪᠠ ᠡᠬᠢ | ᠪᠠᠶᠠᠯᠢᠬᠵᠢᠭᠤᠯᠤᠨ ᠠᠰᠢᠭᠯᠠᠬᠤ ᠶᠢ ᠠᠬᠢᠭᠤᠯᠤᠨ᠎ᠠ᠃ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ | ︽ᠭᠤᠷᠪᠡᠨ ᠣᠷᠣᠨ ᠵᠠᠢ ᠭᠤᠷᠪᠠᠡ ᠱᠤᠭᠤᠮ︾ ᠢ ᠬᠤᠪᠢᠶᠠᠷᠢᠯᠠᠨ ᠲᠣᠭᠲᠠᠭᠠᠬᠤ ᠪᠠ ᠴᠢᠩᠭ᠎ᠠ ᠰᠠᠬᠢᠵᠣ᠂ | ᠤᠯᠤᠰ ᠤᠨ ᠨᠤᠳᠤᠭ ᠲᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ | ᠬᠡᠷᠡᠭᠵᠢᠭᠦᠯᠦᠨ᠎ᠡ᠃ ᠠᠮᠢ ᠠᠬᠤᠢ ᠶᠢᠨ ᠤᠷᠴᠢᠨ ᠲᠤᠭᠤᠷᠢᠨ ᠤ ᠵᠦᠪᠰᠢᠶᠡᠷᠡᠨ ᠤᠷᠤᠭᠤᠯᠬᠤ ᠨᠠᠷᠢᠨ ᠳᠠᠩᠰᠠ ᠶᠢ | ᠲᠤᠨᠨᠳᠠᠭᠠᠨ᠎ᠠ᠃ ᠠᠮᠢ ᠠᠬᠤᠢ ᠶᠢᠨ ᠨᠦᠭᠦᠪᠦᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠡᠨᠧᠷᠭᠢ ᠬᠡᠷᠡᠭᠯᠡᠬᠦ ᠡᠷᠬᠡ᠂ ᠪᠤᠬᠢᠷᠳᠤᠯᠳᠤ ᠪᠤᠳᠠᠰ ᠭᠠᠳᠠᠭᠰᠢᠯᠠᠭᠤᠯᠬᠤ ᠡᠷᠬᠡ᠂ ᠣᠢ ᠰᠢᠭᠤᠶ ᠶᠢᠨ | ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠠᠷᠠᠯᠵᠢᠶ᠎ᠠ ᠵᠡᠷᠭᠡ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠠᠮᠢ | ᠠᠬᠤᠢ ᠶᠢᠨ ᠰᠢᠰᠲ᠋ᠧᠮ ᠤᠨ ᠦᠢᠯᠡᠳᠪᠦᠷᠢᠯᠡᠯ ᠤᠨ ᠶᠡᠷᠦᠩᠬᠡᠶ ᠥᠷᠲᠡᠭ ᠢ ᠦᠨᠡᠯᠡᠨ ᠵᠢᠱᠢᠬᠦ ᠰᠢᠰᠲ᠋ᠧᠮᠵᠢ ᠪᠠ | ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠨᠦᠬᠡᠴᠡ ᠶᠢ ᠦᠨᠡᠯᠡᠨ ᠵᠢᠱᠢᠬᠦ ᠲᠣᠭᠲᠠᠴᠠ ᠶᠢ ᠪᠠᠶᠢᠭᠤᠯᠤᠨ᠎ᠠ᠃ | ︵ᠳᠣᠯᠤᠭ᠎ᠠ︶ ᠣᠷᠣᠨ ᠪᠦᠰᠡ ᠶᠢᠨ ᠵᠣᠬᠢᠴᠠᠯᠳᠤᠨ ᠬᠥᠭᠵᠢᠬᠦ ᠶᠢ ᠠᠬᠢᠭᠤᠯᠤᠨ᠎ᠠ | ᠠᠮᠢ ᠠᠬᠤᠢ ᠶᠢ ᠤᠷᠢᠳ ᠢᠶᠠᠷ ᠪᠤᠳᠤᠯᠬᠢᠯᠠᠵᠦ᠂ ᠪᠤᠬᠢᠷᠳᠤᠯ ᠦᠬᠡᠢ ᠪᠠᠷ ᠭᠦᠭᠵᠢᠬᠦᠯᠬᠦ ᠶᠢ ᠪᠠᠷᠢᠮᠳᠠᠯᠠᠵᠦ᠂ | ᠣᠷᠣᠨ ᠪᠦᠰᠡ ᠶᠢᠨ ᠴᠢᠨᠠᠷ ᠰᠠᠶᠢᠲᠠᠶ ᠬᠥᠭᠵᠢᠯᠲᠡ ᠶᠢ ᠦᠨᠡᠯᠡᠬᠦ ᠭᠦᠢᠴᠡᠳᠬᠡᠯ ᠲᠣᠭᠠᠨ ᠤ ᠰᠢᠰᠲ᠋ᠧᠮᠵᠢ ᠶᠢ | ᠲᠤᠨᠨᠳᠠᠭᠠᠨ᠂ ᠰᠢᠯᠭᠠᠨ ᠬᠢᠨᠠᠬᠤ᠂ ᠱᠠᠩᠨᠠᠨ ᠨᠥᠬᠦᠪᠥᠷᠢᠯᠡᠭᠦ᠂ ᠡᠳ᠋ ᠤᠨ ᠵᠠᠰᠠᠭ ᠤᠨ ᠰᠢᠯᠵᠢᠭᠦᠯᠦᠨ ᠣᠯᠭᠤᠬᠤ ᠳᠤ | ᠵᠦᠷᠢᠶ᠎ᠡ ᠲᠠᠢ ᠲᠣᠭᠲᠠᠴᠠ ᠶᠢ ᠪᠠᠶᠢᠭᠤᠯᠵᠤ᠂ ᠬᠠᠷᠢᠴᠠᠩᠭᠤᠢ ᠳᠠᠪᠠᠭᠤᠯᠢᠭ ᠢᠶᠠᠨ ᠪᠠᠳᠠᠷᠠᠭᠤᠯᠣᠨ᠂ ᠥᠪᠡᠷᠲᠡᠭᠡᠨ | ᠵᠠᠰᠠᠬᠤ ᠣᠷᠣᠨ ᠤ ᠵᠡᠭᠦᠨ᠂ ᠳᠤᠮᠳᠠ᠂ ᠪᠠᠷᠠᠭᠤᠨ ᠬᠡᠰᠡᠭ ᠤᠨ ᠭᠠᠵᠠᠷ ᠣᠷᠣᠨ ᠤ ᠵᠤᠬᠢᠴᠠᠯᠳᠤᠨ ᠭᠦᠭᠵᠢᠬᠦ ᠶᠢ | ᠨᠢᠭᠡᠳᠦᠯᠲᠡᠶ ᠲᠥᠯᠥᠪᠯᠡᠨ᠎ᠡ᠃ ᠵᠡᠭᠦᠨ ᠬᠡᠰᠡᠭ ᠤᠨ ᠠᠶᠢᠮᠠᠭ ᠬᠤᠳᠠ ᠶᠢ ᠮᠠᠨᠳᠤᠭᠤᠯᠤᠨ ᠭᠦᠭᠵᠢᠬᠦᠯᠬᠦ ᠪᠠᠨ | ᠲᠦᠷᠬᠡᠳᠬᠡᠵᠦ᠂ ᠠᠮᠢ ᠠᠬᠤᠢ ᠶᠢᠨ ᠴᠢᠳᠠᠮᠵᠢ ᠶᠢ ᠨᠢ ᠲᠤᠪᠤᠶᠢᠯᠭᠠᠨ᠂ ᠨᠡᠭᠦᠷᠡᠰᠦᠲᠥ᠋ᠷᠥᠭᠴᠢ ᠶᠢᠨ ᠬᠤᠷᠠᠮᠠᠯ ᠤᠨ | ᠠᠵᠤ ᠠᠬᠤᠶ ᠶᠢ ᠬᠥᠭᠵᠢᠭᠦᠯᠵᠦ᠂ ᠠᠮᠢ ᠠᠬᠤᠢ ᠶᠢ ᠠᠵᠦ ᠦᠢᠯᠡᠰᠵᠢᠬᠦᠯᠬᠦ᠂ ᠠᠵᠤ ᠦᠢᠯᠡᠰ ᠢ ᠠᠮᠢ | ᠠᠬᠤᠶᠢᠴᠢᠯᠠᠬᠤ ᠶᠢ ᠠᠬᠢᠭᠤᠯᠤᠨ᠎ᠠ᠃ ᠬᠥᠬᠡᠬᠤᠲᠠ ᠪᠤᠭᠤᠲᠤ ᠣᠷᠳᠣᠰ ᠵᠢᠴᠢ ᠤᠯᠠᠭᠠᠨᠴᠠᠪ ᠤᠨ ᠵᠣᠬᠢᠴᠠᠩᠭᠤᠢ | ᠬᠥᠭᠵᠢᠬᠦ ᠶᠢ ᠴᠢᠩᠭᠠᠳᠬᠠᠵᠦ᠂ ᠠᠵᠤ ᠦᠢᠯᠡᠰ ᠢ ᠲᠦᠪᠯᠡᠷᠡᠭᠦᠯᠵᠦ ᠡᠷᠴᠢᠮᠵᠢᠭᠦᠯᠦᠨ ᠪᠦᠭᠡᠮᠨᠡᠷᠡᠭᠦᠯᠭᠦ ᠶᠢ ᠠᠬᠢᠭᠤᠯᠵᠤ᠂ | ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠪᠦᠷᠢᠯᠳᠦᠭᠦᠯᠦᠨ᠎ᠡ᠃ ᠦᠬᠠᠶ ᠵᠢᠴᠢ ᠡᠷᠭᠢᠨ | ᠲᠣᠭᠤᠷᠢᠨ ᠤ ᠭᠠᠵᠠᠷ ᠣᠷᠣᠨ ᠤ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠨᠢ ᠲᠦᠷᠭᠡᠳᠬᠡᠵᠦ᠂ ᠠᠯᠠᠱᠠ ᠶᠢᠨ | ᠬᠤᠶᠢᠲᠤ ᠬᠡᠰᠡᠭ ᠤᠨ ᠠᠭᠤᠯᠠᠷᠬᠠᠭ ᠣᠷᠤᠨ ᠤ ᠡᠷᠦᠳᠡᠰᠦ ᠶᠢᠨ ᠪᠦᠰᠡ ᠶᠢᠨ ᠡᠬᠢ ᠪᠠᠶᠠᠯᠢᠭ ᠢ ᠬᠠᠶᠢᠨ ᠰᠢᠨᠵᠢᠵᠦ | ᠨᠡᠭᠡᠭᠡᠨ ᠬᠥᠭᠵᠢᠭᠦᠯᠬᠦ ᠶᠢ ᠠᠬᠢᠭᠤᠯᠤᠨ᠎ᠠ᠃ | ᠶᠡᠭᠡ ᠪᠠᠷ ᠬᠠᠮᠠᠭᠠᠯᠠᠬᠤ ᠶᠢ ᠬᠠᠮᠲᠤ ᠪᠠᠷ ᠰᠠᠶᠢᠲᠤᠷ ᠠᠳᠬᠤᠵᠤ᠂ ᠶᠡᠭᠡ ᠪᠠᠷ ᠵᠠᠰᠠᠬᠤ ᠶᠢ ᠬᠠᠮᠵᠢᠯᠴᠠᠨ | ᠠᠬᠢᠭᠤᠯᠵᠤ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠶ | ᠬᠥᠭᠵᠢᠯᠲᠡ ᠶᠢ ᠲᠦᠯᠬᠢᠨ ᠠᠬᠢᠭᠤᠯᠤᠨ᠎ᠠ᠃ ᠬᠠᠳᠤᠨ ᠭᠤᠤᠯ ᠤᠨ ᠰᠠᠪᠠ ᠭᠠᠵᠠᠷ ᠤᠨ ᠤᠰᠤᠨ ᠰᠤᠷᠪᠤᠯᠵᠢ ᠶᠢ | ᠬᠠᠮᠠᠭᠠᠯᠠᠵᠦ ᠪᠠᠲᠤᠯᠠᠬᠤ ᠠᠷᠭ᠎ᠠ ᠠᠪᠴᠠᠯ ᠢ ᠳᠡᠭᠡᠭᠰᠢᠯᠡᠭᠦᠯᠬᠦ᠂ ᠬᠥᠷᠥᠰᠥ ᠰᠢᠷᠣᠶ ᠶᠢᠨ ᠢᠳᠡᠭᠳᠡᠯ ᠢ ᠵᠠᠰᠠᠬᠤ᠂ ᠨᠣᠭᠤ | ᠭᠠᠵᠠᠷ ᠤᠨ ᠠᠮᠢ ᠠᠬᠤᠢ ᠶᠢᠨ ᠰᠢᠰᠲ᠋ᠧᠮ ᠢ ᠵᠠᠰᠠᠨ ᠰᠡᠷᠭᠦᠭᠡᠬᠦ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠬᠠᠳᠤᠨ | ᠭᠤᠤᠯ ᠳᠠᠭᠠᠤ ᠶᠢᠨ ᠠᠮᠢ ᠠᠬᠤᠢ ᠶᠢᠨ ᠬᠤᠩᠭᠢᠯ ᠢ ᠪᠦᠲᠦᠭᠡᠨ ᠪᠠᠶᠢᠭᠤᠯᠤᠨ᠎ᠠ᠃ ᠣᠰᠣᠨ ᠤ ᠬᠡᠮᠵᠢᠶ᠎ᠡ ᠪᠠᠷ ᠨᠡᠬᠡᠬᠡᠨ | ᠠᠰᠢᠭᠯᠠᠬᠤ ᠪᠠ ᠤᠰᠤ ᠠᠷᠪᠢᠯᠠᠬᠤ ᠪᠠᠷ ᠭᠤᠣᠯᠳᠠᠭᠤᠯᠬᠤ ᠶᠢ ᠪᠠᠷᠢᠮᠲᠠᠯᠠᠨ᠂ ᠪᠦᠳᠦᠭᠦᠯᠢᠭ ᠪᠦᠬᠡᠳ ᠲᠤᠤᠷ᠎ᠠ | ᠠᠰᠢᠭᠯᠠᠮᠵᠢ ᠲᠠᠢ ᠤᠰᠤ ᠬᠡᠷᠡᠭᠯᠡᠬᠦ ᠠᠷᠭ᠎ᠠ ᠮᠠᠶ᠋ᠢᠭ ᠢ ᠬᠤᠪᠢᠷᠠᠭᠤᠯᠤᠭᠠᠳ ᠠᠷᠪᠢᠲᠠᠢ ᠡᠷᠴᠢᠮᠲᠡᠢ ᠪᠤᠯᠭᠠᠨ᠎ᠠ᠃ | ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠤᠬᠢᠶᠠᠵᠦ᠂ ᠬᠠᠳᠤᠨ ᠭᠤᠤᠯ ᠳᠠᠭᠠᠤ ᠶᠢᠨ ᠡᠬᠢ | ᠪᠠᠶᠠᠯᠢᠭ ᠤᠨ ᠬᠦᠴᠦᠨ ᠵᠦᠢᠯ ᠢ ᠲᠥᠪᠯᠡᠷᠡᠭᠦᠯᠣᠨ ᠪᠦᠭᠡᠮᠨᠡᠷᠡᠭᠦᠯᠬᠦ ᠪᠠ ᠠᠵᠤ ᠦᠢᠯᠡᠰ ᠤᠨ ᠪᠣᠬᠢᠷᠲᠤᠯ ᠦᠭᠡᠢ | ᠬᠥᠭᠵᠢᠯᠲᠡ ᠶᠢ ᠠᠬᠢᠭᠤᠯᠤᠨ᠎ᠠ᠃ ᠬᠤᠲᠠ ᠶᠢᠨ ᠨᠠᠷᠢᠯᠢᠨᠨᠵᠢᠭᠤᠯᠤᠨᠨᠰᠠᠨ ᠬᠠᠮᠢᠶᠠᠷᠤᠯᠳᠠ ᠶᠢ ᠠᠬᠢᠭᠤᠯᠵᠤ᠂ | ᠬᠤᠲᠠ ᠶᠢᠨ ᠣᠯᠠᠨ ᠨᠡᠶᠢᠲᠡ ᠶᠢᠨ ᠦᠢᠯᠡᠴᠢᠯᠡᠬᠡᠨ ᠤ ᠲᠦᠪᠰᠢᠨ ᠢ ᠲᠡᠬᠡᠭᠰᠢᠯᠡᠬᠦᠯᠦᠨ᠂ ᠣᠶᠤᠨᠲᠤ ᠬᠤᠲᠠ᠂ | ᠤᠷᠤᠰᠢᠨ ᠰᠠᠭᠤᠷᠢᠰᠢᠬᠤ ᠳᠤ ᠲᠤᠬᠢᠷᠠᠮᠵᠢᠳᠠᠢ ᠬᠤᠳᠠ ᠶᠢ ᠪᠦᠳᠦᠬᠡᠨ ᠪᠠᠶᠢᠭᠤᠯᠤᠨ᠎ᠠ᠃ ᠤᠷᠤᠨ ᠪᠦᠰᠡ ᠶᠢᠨ ᠭᠤᠤᠯ | ᠲᠦᠪ ᠪᠤᠯᠬᠤ ᠬᠤᠳᠠ ᠶᠢᠨ ᠨᠦᠯᠦᠭᠡᠯᠡᠨ ᠲᠠᠶᠢᠴᠢᠯᠠᠬᠤ ᠦᠢᠯᠡᠳᠦᠯ ᠢ ᠪᠠᠳᠠᠷᠠᠭᠤᠯᠵᠦ᠂ ᠠᠶᠢᠮᠠᠭ ᠬᠤᠲᠠ᠂ ᠬᠤᠰᠢᠭᠤ | ᠰᠢᠶᠠᠨ ᠤ ᠪᠠᠶᠢᠭ᠎ᠠ ᠭᠠᠵᠠᠷ ᠤᠨ ᠪᠠ ᠲᠥᠪ ᠪᠠᠯᠭᠠᠰᠤᠨ ᠤ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠵᠦ᠂ | ᠣᠨᠴᠠᠯᠢᠭᠲᠤ ᠵᠢᠵᠢᠭ ᠪᠠᠯᠭᠠᠰᠤᠨ ᠤ ᠬᠥᠭᠵᠢᠯᠲᠡ ᠶᠢ ᠳᠠᠮᠵᠢᠨ᠎ᠠ᠃ | ︵ᠨᠠᠢᠮᠠ︶ ᠥᠭᠡᠷᠡᠴᠢᠯᠡᠯᠲᠡ ᠨᠡᠭᠡᠭᠡᠯᠲᠡ ᠶᠢ ᠭᠤᠶᠢᠪᠢᠰᠢ ᠦᠭᠡᠢ ᠭᠦᠨᠵᠡᠭᠡᠶᠢᠷᠡᠭᠦᠯᠦᠨ᠎ᠡ | ᠤᠯᠤᠰ ᠤᠨ ᠥᠮᠴᠢᠯᠡᠯᠳᠣ ᠠᠵᠤ ᠠᠬᠤᠶᠢᠯᠠᠯ ᠳᠤ ᠥᠭᠡᠷᠡᠴᠢᠯᠡᠯᠲᠡ ᠬᠢᠬᠦ ᠭᠤᠷᠪᠠᠨ ᠵᠢᠯ ᠤᠨ ᠠᠵᠢᠯᠯᠠᠭᠠᠨ ᠤ | ᠲᠦᠰᠦᠯ ᠢ ᠲᠣᠭᠲᠠᠭᠠᠵᠤ ᠬᠡᠷᠡᠭᠵᠢᠭᠦᠯᠦᠨ᠂ ᠤᠯᠤᠰ ᠤᠨ ᠥᠮᠴᠢᠯᠡᠯᠳᠣ ᠡᠳ᠋ ᠬᠥᠷᠥᠩᠭᠡ ᠪᠠᠷ ᠪᠡᠯᠡ ᠣᠷᠣᠭᠤᠯᠵᠤ | ᠡᠵᠡᠩᠨᠡᠨ ᠠᠵᠢᠯᠯᠠᠬᠤ ᠺᠣᠮᠫᠠᠨᠢ ᠶᠢᠨ ᠲᠤᠷᠰᠢᠯᠲᠠ ᠶᠢᠨ ᠴᠡᠭ ᠤᠨ ᠠᠵᠢᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ | ᠣᠷᠣᠨ ᠤ ᠲᠣᠰ ᠱᠠᠲᠤᠨ ᠳᠠᠬᠢ ᠡᠵᠡᠩᠨᠡᠯᠲᠡ ᠶᠢᠨ ᠴᠢᠨᠠᠷᠲᠠᠶ ᠤᠯᠤᠰ ᠤᠨ ᠥᠮᠴᠢᠯᠡᠯᠳᠣ ᠡᠳ᠋ ᠬᠥᠷᠥᠩᠭᠡ ᠳᠤ | ᠲᠥᠪᠯᠡᠷᠡᠭᠦᠯᠵᠦ ᠨᠢᠭᠡᠳᠦᠯᠲᠡᠶ ᠬᠢᠨᠠᠯᠲᠠ ᠲᠠᠯᠪᠢᠵᠤ ᠬᠠᠮᠢᠶᠠᠷᠬᠤ ᠶᠢ ᠪᠡᠶᠡᠯᠡᠭᠦᠯᠦᠨ᠎ᠡ᠃ ᠬᠤᠯᠢᠮᠠᠭ ᠥᠮᠴᠢᠯᠡᠯᠳᠣ ᠶᠢᠨ | ᠥᠭᠡᠷᠡᠴᠢᠯᠡᠯᠲᠡ ᠶᠢ ᠲᠦᠷᠭᠡᠳᠬᠡᠵᠦ᠂ ᠤᠯᠤᠰ ᠤᠨ ᠥᠮᠴᠢᠯᠡᠯᠳᠣ ᠪᠡᠯᠡ ᠮᠦᠡᠭᠭᠦ ᠶᠢ ᠬᠥᠲᠥᠯᠥᠨ ᠵᠢᠯᠣᠭᠤᠳᠴᠤ | ᠪᠠᠶᠢᠭᠠᠳ ᠠᠵᠤ ᠦᠢᠯᠡᠰ ᠤᠨ ᠬᠡᠯᠬᠢᠶᠡᠨ ᠳᠠᠬᠢ ᠳᠤᠮᠳᠠ ᠳᠡᠭᠡᠳᠦ ᠦᠵᠦᠬᠦᠷ ᠪᠠ ᠰᠢᠨ᠎ᠡ ᠪᠠᠷ ᠪᠣᠢ ᠪᠣᠯᠣᠭᠰᠠᠨ ᠠᠵᠤ | ᠦᠢᠯᠡᠰ ᠲᠡᠶᠢᠰᠢ ᠪᠠᠶᠢᠷᠢᠰᠢᠭᠤᠯᠤᠯᠲᠠ ᠬᠢᠯᠭᠡᠨ᠎ᠡ᠃ ᠴᠠᠬᠢᠯᠭᠠᠨ ᠬᠦᠴᠦᠨ ᠤ ᠪᠠᠶᠢᠭᠤᠯᠤᠯ ᠪᠠ ᠳᠠᠮᠵᠢᠭᠤᠯᠵᠤ | ᠲᠦᠭᠡᠭᠡᠬᠦ ᠴᠠᠬᠢᠯᠭᠠᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠠᠰᠢᠨᠨᠳᠠᠢ ᠴᠠᠬᠢᠯᠭᠠᠨ ᠤ ᠦᠨ᠎ᠡ ᠬᠠᠩᠰᠢ ᠶᠢᠨ ᠲᠣᠭᠲᠠᠴᠠ ᠶᠢ | ᠪᠠᠶᠢᠭᠤᠯᠤᠨ᠎ᠠ᠃ ᠤᠯᠤᠰ ᠤᠨ ᠥᠮᠴᠢᠯᠡᠯᠳᠣ ᠮᠦᠩᠭᠦᠨ ᠭᠦᠢᠯᠭᠡᠭᠡᠨ ᠤ ᠪᠡᠯᠡ ᠮᠦᠡᠭᠭᠦ ᠳᠤ ᠲᠥᠪᠯᠡᠷᠡᠭᠦᠯᠦᠨ | ᠨᠢᠭᠡᠳᠦᠯᠲᠡᠶ ᠬᠠᠮᠢᠶᠠᠷᠬᠤ ᠶᠢ ᠬᠡᠷᠡᠭᠵᠢᠭᠦᠯᠵᠦ᠂ ᠣᠷᠣᠨ ᠨᠤᠲᠤᠭ ᠤᠨ ᠮᠦᠩᠭᠦᠨ ᠭᠦᠢᠯᠭᠡᠭᠡᠨ ᠤ ᠬᠢᠨᠠᠨ ᠬᠠᠮᠢᠶᠠᠷᠬᠤ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠲᠡᠭ ᠰᠠᠭᠤᠷᠢᠨ ᠲᠥᠰᠥᠪ ᠤᠨ ᠱᠠᠭᠠᠷᠳᠠᠯᠭ᠎ᠠ ᠶᠣᠰᠣᠭᠠᠷ | ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠳ᠋ ᠤᠨ ᠵᠠᠰᠠᠭ ᠤᠨ ᠪᠡᠯᠡ ᠮᠥᠩᠭᠦᠨ ᠤ | ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃ | ᠨᠡᠭᠡᠭᠡᠯᠲᠡ ᠬᠢᠬᠦ ᠪᠠᠷ ᠥᠭᠡᠷᠡᠴᠢᠯᠡᠯᠲᠡ᠂ ᠬᠥᠭᠵᠢᠯᠲᠡ ᠪᠠ ᠰᠢᠨ᠎ᠡ ᠡᠭᠦᠳᠦᠯᠲᠡ ᠪᠠᠨ ᠠᠬᠢᠭᠤᠯᠬᠤ ᠶᠢ | ᠪᠠᠷᠢᠮᠲᠠᠯᠠᠵᠤ᠂ ᠨᠠᠩ ᠥᠨᠳᠥᠷ ᠲᠥᠪᠰᠢᠨ ᠲᠠᠢ ᠭᠠᠳᠠᠭᠠᠳᠤ ᠨᠡᠭᠡᠭᠡᠯᠲᠡ ᠬᠢᠬᠦ ᠶᠢ ᠠᠬᠢᠭᠤᠯᠤᠨ᠎ᠠ᠃ ᠣᠯᠠᠨ | ᠡᠰᠢᠵᠢᠭᠰᠡᠨ ᠵᠠᠬ᠎ᠠ ᠳᠡᠯᠭᠡᠭᠦᠷ ᠢ ᠢᠳᠡᠪᠬᠢᠲᠡᠢ ᠨᠡᠭᠡᠭᠡᠨ ᠥᠷᠭᠡᠳᠬᠡᠵᠦ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ | ᠦᠢᠯᠡᠴᠢᠯᠡᠭᠡᠨ ᠤ ᠲᠠᠪᠴᠠᠩ ᠢ ᠪᠣᠢ ᠪᠣᠯᠭᠠᠨ᠂ ᠭᠠᠳᠠᠭᠠᠳᠤ ᠠᠷᠠᠯᠵᠢᠶᠠᠨ ᠤ ᠲᠣᠭᠲᠠᠭᠤᠨ ᠢᠶᠠᠷ ᠨᠡᠮᠡᠭᠳᠡᠬᠦ ᠶᠢ | ᠪᠠᠲᠤᠯᠠᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠶ ᠠᠭᠤᠰᠤᠯᠴᠠᠵᠤ᠂ | ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ | ᠣᠷᠣᠯᠴᠠᠨ᠎ᠠ᠃ | ᠥᠷᠭᠡᠨ ᠬᠡᠪᠴᠢᠶᠡᠨ ᠤ ᠬᠢᠯᠢ ᠶᠢᠨ ᠪᠣᠭᠤᠮᠲᠠ ᠶᠢᠨ ᠠᠵᠤ ᠠᠬᠤᠶ ᠶᠢ ᠶᠡᠭᠡ ᠪᠠᠷ ᠬᠦᠭᠵᠢᠭᠦᠯᠵᠦ᠂ ᠬᠢᠯᠢ ᠶᠢᠨ | ᠪᠣᠭᠤᠮᠲᠠ ᠪᠠ ᠣᠯᠠᠨ ᠤᠯᠤᠰ ᠯᠤᠭ᠎ᠠ ᠶᠢᠨ ᠨᠡᠪᠲᠡᠷᠡᠬᠦ ᠵᠠᠮ ᠤᠨ ᠨᠦᠯᠦᠭᠡᠯᠡᠨ ᠳᠠᠶᠢᠴᠢᠯᠠᠬᠤ ᠦᠢᠯᠡᠳᠦᠯ ᠢ | ᠪᠠᠳᠠᠷᠠᠭᠤᠯᠤᠨ᠂ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠲᠤᠷᠰᠢᠯᠲᠠ ᠶᠢᠨ ᠣᠷᠣᠨ ᠵᠡᠷᠭᠡ | ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠬᠢᠯᠢ ᠶᠢᠨ ᠪᠣᠭᠤᠮᠲᠠ ᠬᠢᠭᠡᠳ ᠳᠣᠲᠤᠷ᠎ᠠ | ᠭᠠᠵᠠᠷ ᠤᠨ ᠬᠤᠭᠤᠷᠤᠨᠳᠤᠬᠢ᠂ ᠠᠭᠠᠷ ᠠᠶᠠᠯᠠᠯ ᠤᠨ ᠬᠢᠯᠢ ᠶᠢᠨ ᠪᠤᠭᠤᠮᠲᠠ ᠬᠢᠭᠡᠳ ᠬᠠᠭᠤᠷᠠᠶ ᠳᠠᠬᠢ ᠬᠢᠯᠢ ᠶᠢᠨ | ᠪᠣᠭᠤᠮᠲᠠ ᠶᠢᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠨ᠂ ᠭᠠᠳᠠᠭᠠᠳᠤ ᠠᠴᠠ ᠣᠷᠣᠭᠤᠯᠬᠤ ᠪᠠ | ᠭᠠᠳᠠᠭᠠᠳᠤ ᠳᠤ ᠭᠠᠷᠭᠠᠬᠤ ᠭᠦᠢᠯᠭᠡᠭᠡᠨ ᠶᠡᠬᠡᠲᠡᠢ ᠪᠦᠲᠦᠭᠡᠭᠳᠡᠭᠦᠨ ᠢ ᠪᠤᠲᠠᠲᠠᠢ ᠭᠠᠵᠠᠷ ᠲᠤ ᠰᠠᠭᠤᠷᠢᠰᠢᠭᠤᠯᠵᠤ | ᠪᠣᠯᠪᠠᠰᠤᠷᠠᠭᠤᠯᠬᠤ ᠶᠢ ᠠᠬᠢᠭᠤᠯᠵᠤ᠂ ᠨᠡᠪᠲᠡᠷᠡᠯ ᠵᠠᠮ ᠤᠨ ᠠᠵᠤ ᠠᠬᠤᠢ ᠶᠢ ᠰᠠᠭᠤᠷᠢᠰᠢᠮᠠᠯ ᠠᠵᠤ ᠠᠬᠤᠢ ᠪᠣᠯᠭᠠᠨ | ᠬᠤᠪᠢᠷᠠᠭᠤᠯᠤᠨ᠎ᠠ᠃ ᠳᠤᠮᠳᠠᠳᠦ ᠤᠯᠤᠰ ︵ᠦᠪᠦᠷ ᠮᠤᠩᠭᠤᠯ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ | ᠤᠷᠤᠨ ᠢ ᠪᠠᠶᠢᠭᠤᠯᠬᠤ ᠪᠠᠷ ᠭᠤᠶᠤᠴᠢᠯᠠᠨ ᠮᠡᠳᠡᠭᠦᠯᠦᠨ᠎ᠡ᠃ | ᠰᠢᠶᠠᠩᠭᠠᠩ ᠣᠣᠮᠧᠨ ᠤ ᠭᠠᠵᠠᠷ ᠣᠷᠣᠨ ᠯᠤᠭ᠎ᠠ ᠶᠢᠨ ᠠᠵᠤ ᠠᠬᠤᠢ ᠠᠷᠠᠯᠵᠢᠶ᠎ᠠ ᠶᠢᠨ ᠬᠠᠮᠲᠤᠷᠠᠯᠴᠠᠭ᠎ᠠ ᠶᠢ | ᠤᠯᠠᠮ ᠨᠢᠭᠡ ᠠᠯᠬᠤᠮ ᠨᠢᠭᠲᠠᠷᠠᠭᠤᠯᠤᠨ᠂ ᠤᠯᠤᠰ ᠤᠨ ᠶᠠᠮᠤᠨ ᠵᠥᠪᠯᠡᠯ᠂ ᠪᠤᠰᠤᠳ ᠮᠣᠵᠢ ᠥᠪᠡᠷᠲᠡᠭᠡᠨ ᠵᠠᠰᠠᠬᠤ | ᠣᠷᠣᠨ ᠬᠤᠲᠠ ᠪᠠ ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠲᠥᠪ ᠤᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠬᠢ ᠵᠥᠪᠯᠡᠯᠴᠡᠭᠡᠷ ᠢ ᠮᠥᠷᠳᠡᠨ | ᠨᠠᠶᠢᠳᠠᠪᠤᠷᠢᠵᠢᠭᠤᠯᠤᠨ᠎ᠠ᠃ ᠰᠢᠨ᠎ᠡ ᠴᠠᠭ ᠦᠶ᠎ᠡ ᠳᠠᠬᠢ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ | ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠥᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠭᠦᠨᠵᠡᠭᠡᠢ ᠨᠠᠶᠢᠳᠠᠪᠦᠷᠢᠵᠢᠭᠤᠯᠵᠦ᠂ ᠲᠥᠷᠦ ᠶᠢᠨ ᠪᠣᠳᠣᠯᠭ᠎ᠠ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ | ᠪᠣᠯᠭᠠᠨ ᠬᠤᠪᠢᠷᠠᠭᠤᠯᠣᠨ᠎ᠠ᠃ | ︵ᠶᠢᠰᠦ︶ ᠪᠣᠯᠪᠠᠰᠤᠨ ᠥᠪᠥᠷ ᠮᠣᠩᠭᠤᠯ ᠤᠨ ᠪᠠᠶᠢᠭᠤᠯᠤᠯᠲᠠ ᠶᠢ ᠠᠬᠢᠭᠤᠯᠤᠨ᠎ᠠ | ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠶᠢ ᠪᠣᠢ ᠪᠣᠯᠭᠠᠨ ᠦᠢᠯᠡᠳᠦᠯᠬᠡᠵᠢᠬᠦᠯᠵᠦ᠂ | ᠡᠷᠬᠡᠲᠦ ᠠᠷᠠᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠨ᠂ ᠣᠯᠠᠨ | ᠲᠥᠮᠡᠨᠴᠢ ᠴᠢᠨᠠᠷᠲᠠᠢ ᠤᠶᠤᠨ ᠤ ᠪᠣᠯᠪᠠᠰᠤᠨ ᠢ ᠴᠣᠭᠴᠠᠯᠠᠨ ᠪᠠᠶᠢᠭᠤᠯᠬᠤ ᠠᠵᠢᠯᠯᠠᠭ᠎ᠠ ᠶᠢ ᠥᠷᠭᠡᠨ ᠳᠡᠯᠭᠡᠷ | ᠥᠷᠨᠢᠭᠦᠯᠦᠨ᠂ ᠪᠠᠭᠠᠲᠤᠷᠴᠤᠳ ᠪᠠ ᠵᠢᠱᠢᠶᠡᠴᠢ ᠠᠴᠠ ᠲᠠᠭᠠᠨ ᠰᠤᠷᠤᠯᠴᠠᠵᠤ᠂ ᠪᠦᠬᠦ ᠨᠡᠶᠢᠭᠡᠮ ᠤᠨ ᠶᠣᠰᠣ | ᠰᠤᠷᠲᠠᠬᠤᠨ ᠤ ᠲᠦᠪᠰᠢᠨ ᠪᠠ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠥᠪᠥᠷ ᠮᠣᠩᠭᠤᠯ ᠤᠨ ᠦᠯᠢᠭᠡᠷ ᠢ | ᠲᠣᠭᠠᠴᠢᠨ ᠬᠦᠦᠷᠨᠢᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠭᠦᠢᠴᠡᠳ ᠦᠵᠡᠭᠦᠯᠦᠨ᠂ | ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠪᠠ ᠴᠥᠬᠦᠷᠡᠰᠢ ᠦᠭᠡᠢ ᠤᠷᠤᠭᠰᠢᠯᠠᠬᠤ | ᠵᠣᠷᠢᠭ ᠰᠠᠨᠠᠭᠠᠨ ᠤ ᠴᠤᠭ ᠵᠢᠪᠬᠤᠭ᠎ᠠ ᠶᠢ ᠭᠦᠢᠴᠡᠳ ᠢᠯᠡᠷᠡᠭᠦᠯᠦᠨ᠎ᠡ᠃ | ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠴᠡᠴᠡᠭᠯᠡᠭᠦᠯᠦᠨ᠂ ᠠᠷᠠᠳ ᠲᠦᠮᠡᠨ ᠤ ᠤᠶᠤᠨ ᠤ | ᠰᠣᠶᠣᠯ ᠤᠨ ᠠᠮᠢᠳᠤᠷᠠᠯ ᠢ ᠪᠠᠶᠠᠯᠢᠬᠵᠢᠭᠤᠯᠤᠨ᠎ᠠ᠃ ᠳᠤᠮᠳᠠᠲᠤ ᠶᠢᠨ ᠤᠯᠠᠮᠵᠢᠯᠠᠯᠲᠤ ᠰᠢᠯᠢᠳᠡᠭ ᠰᠣᠶᠣᠯ ᠪᠠ | ᠬᠤᠪᠢᠰᠬᠠᠯᠲᠤ ᠰᠣᠶᠣᠯ ᠢ ᠵᠠᠯᠭᠠᠮᠵᠢᠯᠠᠨ ᠰᠤᠷᠲᠠᠯᠴᠢᠯᠠᠵᠤ᠂ ᠲᠠᠯ᠎ᠠ ᠨᠤᠲᠤᠭ ᠤᠨ ᠰᠣᠶᠣᠯ ᠢ ᠪᠦᠲᠦᠭᠡᠯᠴᠢ ᠪᠠᠷ | ᠤᠯᠠᠷᠢᠭᠤᠯᠬᠤ ᠪᠠ ᠰᠢᠨ᠎ᠡ ᠡᠭᠦᠳᠦᠯᠳᠡ ᠲᠠᠢ ᠪᠠᠷ ᠬᠥᠭᠵᠢᠭᠦᠯᠬᠦ ᠶᠢ ᠠᠬᠢᠭᠤᠯᠤᠨ᠎ᠠ᠃ ᠲᠡᠤᠬᠡ ᠶᠢᠨ ᠳᠤᠷᠠᠰᠬᠠᠯᠲᠤ | ᠵᠦᠢᠯ ᠢ ᠬᠠᠮᠠᠭᠠᠯᠠᠵᠤ ᠠᠰᠢᠭᠯᠠᠬᠤ ᠪᠠ ᠪᠣᠳᠠᠰ ᠤᠨ ᠪᠣᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠬᠤ ᠶᠢ | ᠴᠢᠩᠭᠠᠳᠬᠠᠨ᠎ᠠ᠃ ᠠᠷᠤ ᠬᠤᠷᠴᠢᠨ ᠤ ᠲᠠᠯ᠎ᠠ ᠨᠤᠲᠤᠭ ᠤᠨ ᠨᠡᠭᠦᠳᠡᠯ ᠮᠠᠯᠵᠢᠯ ᠤᠨ ᠰᠢᠰᠲ᠋ᠧᠮ ᠢ ᠪᠦᠭᠦ | ᠪᠦᠮᠪᠦᠷᠴᠡᠭ ᠤᠨ ᠴᠢᠬᠤᠯᠠ ᠬᠥᠳᠡᠭᠡ ᠠᠵᠤ ᠠᠬᠤᠢ ᠶᠢᠨ ᠰᠣᠶᠣᠯ ᠤᠨ ᠥᠪ ᠢᠶᠠᠷ ᠭᠤᠶᠤᠴᠢᠯᠠᠨ ᠮᠡᠳᠡᠭᠦᠯᠬᠦ ᠪᠠ | ᠪᠠᠲᠠᠢ ᠶᠢᠨ ᠵᠢᠷᠠᠨ ᠡᠯᠡᠰᠦᠨ ᠴᠥᠯ ᠢ ᠳᠡᠯᠡᠬᠡᠢ ᠶᠢᠨ ᠪᠠᠶᠢᠭᠠᠯᠢ ᠶᠢᠨ ᠥᠪ ᠢᠶᠠᠷ ᠭᠤᠶᠤᠴᠢᠯᠠᠨ ᠮᠡᠳᠡᠭᠦᠯᠬᠦ ᠠᠵᠢᠯ ᠢ | ᠰᠠᠶᠢᠲᠤᠷ ᠬᠢᠨ᠎ᠡ᠃ ᠥᠪᠥᠷ ᠮᠣᠩᠭᠤᠯ ᠤᠨ ᠬᠤᠪᠢᠰᠬᠠᠯᠳᠤ ᠲᠡᠤᠬᠡ ᠶᠢᠨ ᠮᠦᠽᠧᠢ᠂ ᠬᠢᠳᠠᠨ ᠯᠢᠶᠣᠤ ᠤᠯᠤᠰ ᠤᠨ | ᠦᠶ᠎ᠡ ᠶᠢᠨ ᠳᠤᠷᠠᠰᠬᠠᠯᠲᠤ ᠵᠦᠢᠯ ᠤᠨ ᠮᠦᠽᠧᠢ ᠶᠢ ᠪᠠᠶᠢᠭᠤᠯᠤᠨ᠎ᠠ᠃ ︽ᠣᠶᠤᠨᠲᠤ ᠷᠠᠳᠢᠣ᠋ ᠲᠧᠯᠸᠢᠰ︾ ᠤᠨ | ᠢᠨᠵᠧᠨᠧᠷᠢᠩ ᠢ ᠬᠡᠷᠡᠭᠵᠢᠭᠦᠯᠦᠨ᠂ ᠰᠣᠨᠢᠨ ᠮᠡᠳᠡᠭᠡ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠰᠣᠶᠣᠯ | ᠤᠷᠠᠯᠢᠭ ᠤᠨ ᠲᠣᠭᠯᠠᠯᠲᠠ ᠵᠡᠷᠭᠡ ᠠᠵᠢᠯ ᠦᠢᠯᠡᠰ ᠢ ᠴᠡᠴᠡᠭᠯᠡᠭᠦᠯᠦᠨ ᠬᠦᠭᠵᠢᠭᠦᠯᠵᠦ᠂ ᠰᠣᠶᠣᠯ ᠤᠨ ᠠᠵᠤ ᠦᠢᠯᠡᠰ ᠢ | ᠬᠦᠭᠵᠢᠭᠦᠯᠦᠨ᠂ ᠰᠣᠶᠣᠯ ᠤᠨ ᠵᠦᠭᠡᠯᠡᠨ ᠪᠤᠳᠠᠳᠤ ᠬᠦᠴᠦᠨ ᠢ ᠰᠢᠨ᠎ᠡ ᠦᠷᠢᠰᠦᠯᠳᠦᠬᠦ ᠬᠦᠴᠦᠨ ᠪᠣᠯᠭᠠᠨ᠎ᠠ᠃ | ︵ᠠᠷᠪᠠ︶ ᠠᠷᠠᠳ ᠤᠨ ᠠᠮᠢᠳᠤᠷᠠᠯ ᠢ ᠦᠨᠡᠨ ᠬᠦ ᠪᠠᠳᠤᠯᠠᠨ ᠰᠠᠶᠢᠵᠢᠷᠠᠭᠤᠯᠤᠨ᠎ᠠ | ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠴᠢᠬᠤᠯᠠ ᠠᠴᠠ ᠴᠢᠬᠤᠯᠠ ᠵᠦᠢᠯ ᠪᠣᠯᠭᠠᠨ᠂ ᠶᠡᠭᠡ | ᠳᠡᠭᠡᠲᠥ ᠰᠤᠷᠭᠠᠭᠤᠯᠢ ᠠᠴᠠ ᠲᠡᠭᠦᠰᠦᠭᠰᠡᠳ᠂ ᠲᠠᠷᠢᠶᠠᠴᠢᠨ ᠬᠦᠴᠦ ᠶᠠᠪᠤᠭᠰᠠᠳ᠂ ᠠᠵᠢᠯ ᠤᠨ ᠪᠠᠶᠢᠷᠢ ᠠᠴᠠ ᠪᠠᠨ | ᠪᠠᠭᠤᠵᠦ ᠠᠵᠢᠯ ᠠᠯᠳᠠᠭᠰᠠᠳ᠂ ᠴᠡᠷᠢᠭ ᠤᠨ ᠠᠯᠪᠠ ᠠᠴᠠ ᠬᠠᠯᠬᠠᠳ᠋ᠬᠠᠰᠠᠳ ᠵᠡᠷᠭᠡ ᠭᠤᠣᠯᠳᠠᠯᠭ᠎ᠠ ᠲᠠᠢ ᠭᠦᠮᠦᠰ ᠲᠤ | ᠠᠵᠢᠯ ᠤᠯᠭᠤᠬᠤ ᠶᠢ ᠲᠣᠪᠤᠶᠢᠮ᠎ᠠ ᠰᠠᠶᠢᠲᠤᠷ ᠠᠳᠬᠤᠵᠤ᠂ ᠨᠢᠬᠡ ᠴᠤ ᠠᠵᠢᠯ ᠤᠯᠤᠭᠠᠳᠤᠢ ᠭᠡᠷ ᠪᠦᠯᠢ ᠳᠤ | ᠬᠦᠳᠡᠯᠦᠩᠭᠦᠢ ᠪᠠᠷ ᠠᠵᠢᠯ ᠤᠯᠭᠤᠬᠤ ᠶᠢ ᠦᠨᠡᠨ ᠬᠦ ᠪᠠᠲᠤᠯᠠᠨ᠎ᠠ᠃ ᠦᠢᠯᠡᠰ ᠴᠣᠭᠴᠠᠯᠠᠬᠤ ᠪᠠᠷ ᠠᠵᠢᠯ | ᠣᠯᠭᠤᠯᠲᠠ ᠶᠢ ᠳᠠᠶᠢᠴᠢᠯᠠᠬᠤ ᠪᠠ ᠣᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠭᠤᠬᠤ ᠶᠢ ᠠᠬᠢᠭᠤᠯᠤᠨ᠂ | ᠣᠯᠠᠨ ᠢᠶᠠᠷ ᠢᠶᠠᠨ ᠦᠢᠯᠡᠰ ᠴᠣᠭᠴᠠᠯᠠᠵᠤ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠠᠵᠢᠯ | ᠮᠡᠷᠭᠡᠵᠢᠯ ᠤᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠦᠷᠨᠢᠭᠦᠯᠦᠨ᠂ ᠪᠦᠬᠦ ᠣᠷᠣᠨ ᠤ | ᠤᠯᠠᠨ ᠨᠡᠶᠢᠳᠡ ᠶᠢᠨ ᠠᠵᠢᠯ ᠣᠯᠭᠤᠯᠲᠠ ᠳᠤ ᠦᠢᠯᠡᠴᠢᠯᠡᠬᠦ ᠮᠡᠳᠡᠭᠡ ᠵᠠᠩᠬᠢᠴᠢᠯᠬᠠᠰᠠᠨ ᠨᠢᠭᠡᠳᠦᠯᠲᠡᠢ ᠲᠠᠪᠴᠠᠩ ᠢ | ᠪᠠᠶᠢᠭᠤᠯᠵᠤ᠂ ᠠᠵᠢᠯ ᠡᠷᠢᠬᠦ᠂ ᠠᠵᠢᠯᠴᠢᠨ ᠬᠡᠷᠡᠭᠯᠡᠬᠦ ᠶᠢᠨ ᠬᠡᠷᠡᠭᠴᠡᠭᠡ ᠱᠠᠭᠠᠷᠳᠠᠯᠭ᠎ᠠ ᠬᠢᠭᠡᠳ | ᠪᠤᠯᠪᠠᠰᠤᠷᠠᠭᠤᠯᠬᠤ ᠲᠠᠢ ᠨᠢ ᠤᠨᠤᠪᠴᠢᠳᠠᠢ ᠵᠠᠯᠭᠠᠯᠳᠤᠭᠤᠯᠬᠤ ᠶᠢ ᠠᠬᠢᠭᠤᠯᠤᠨ᠂ ᠪᠦᠲᠦᠴᠡ ᠶᠢᠨ ᠴᠢᠨᠠᠷᠲᠠᠢ ᠪᠠᠷ | ᠠᠵᠢᠯ ᠣᠯᠭᠤᠬᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | ᠰᠤᠷᠭᠠᠨ ᠬᠦᠮᠦᠵᠢᠯ ᠤᠨ ᠠᠵᠢᠯ ᠦᠢᠯᠡᠰ ᠢ ᠡᠩ ᠲᠡᠷᠢᠭᠦᠨ ᠳᠤ ᠬᠦᠭᠵᠢᠭᠦᠯᠦᠨ᠎ᠡ᠃ ᠠᠯᠪᠠᠨ ᠠᠴᠠ | ᠡᠷᠬᠢᠯᠡᠭᠰᠡᠨ ᠬᠡᠦᠬᠡᠳ ᠤᠨ ᠴᠡᠴᠡᠷᠯᠢᠭ ᠪᠠ ᠲᠦᠬᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠬᠢᠯᠡᠭᠰᠡᠨ | ᠬᠡᠦᠬᠡᠳ ᠤᠨ ᠴᠡᠴᠡᠷᠯᠢᠭ ᠤᠨ ᠡᠬᠢ ᠪᠠᠶᠠᠯᠢᠭ ᠢ ᠨᠡᠮᠡᠭᠳᠡᠭᠦᠯᠵᠦ᠂ ᠰᠤᠮᠤ ᠰᠢᠶᠠᠩ ᠪᠠᠯᠭᠠᠰᠤᠨ ᠤ ᠪᠠᠶᠢᠷᠢ ᠳᠤ | ᠰᠠᠭᠤᠯᠭᠠᠬᠤ ᠳᠥᠷᠢᠮᠲᠦ ᠰᠤᠷᠭᠠᠭᠤᠯᠢ ᠪᠠ ᠬᠦᠳᠡᠭᠡ ᠲᠤᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ ᠶᠢᠨ | ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠤᠨ᠂ ᠡᠩ ᠤᠨ ᠦᠨᠳᠦᠷ ᠵᠡᠷᠭᠡ ᠶᠢᠨ ᠳᠤᠮᠳᠠᠲᠤ | ᠰᠤᠷᠭᠠᠭᠤᠯᠢ ᠶᠢᠨ ᠣᠯᠠᠨ ᠶᠠᠩᠵᠦ ᠲᠠᠢ ᠪᠥᠭᠡᠳ ᠥᠪᠡᠷᠮᠢᠴᠡ ᠣᠨᠴᠠᠯᠢᠭ ᠲᠠᠢ ᠰᠤᠷᠭᠠᠭᠤᠯᠢ ᠡᠷᠬᠢᠯᠡᠬᠦ ᠬᠢᠷᠢ | ᠲᠦᠪᠰᠢᠨ ᠢ ᠳᠡᠭᠡᠭᠰᠢᠯᠡᠭᠦᠯᠵᠣ᠂ ︽ᠬᠤᠣᠰ ᠲᠡᠷᠢᠭᠦᠨ ᠲᠡᠰ︾ ᠤᠨ ᠪᠠᠶᠢᠭᠤᠯᠤᠯᠲᠠ ᠶᠢ ᠠᠬᠢᠭᠤᠯᠤᠨ᠎ᠠ᠃ ᠦᠨᠳᠦᠷ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠡᠯᠰᠡᠬᠦ ᠰᠤᠷᠤᠭᠴᠢ ᠪᠠᠨ ᠨᠡᠮᠡᠭᠳᠡᠬᠦᠯᠵᠦ ᠴᠢᠨᠠᠷ ᠴᠢᠨᠰᠠᠭ᠎ᠠ ᠪᠠᠨ | ᠰᠠᠶᠢᠵᠢᠷᠠᠭᠤᠯᠬᠤ ᠭᠤᠷᠪᠠᠨ ᠵᠢᠯ ᠤᠨ ᠠᠵᠢᠯᠯᠠᠭᠠᠨ ᠢ ᠥᠷᠨᠢᠭᠦᠯᠦᠨ᠂ ᠦᠨᠳᠦᠰᠦᠲᠡᠨ ᠤ ᠰᠤᠷᠭᠠᠨ ᠬᠦᠮᠦᠵᠢᠯ ᠢ ᠡᠩ | ᠲᠡᠷᠢᠭᠦᠨ ᠳᠤ ᠭᠤᠣᠯᠳᠠᠯᠭ᠎ᠠ ᠲᠠᠢ ᠬᠦᠭᠵᠢᠭᠦᠯᠵᠦ᠂ ᠣᠨᠴᠠᠭᠠᠢ ᠰᠤᠷᠭᠠᠨ ᠬᠦᠮᠦᠵᠢᠯ ᠢ ᠰᠠᠶᠢᠲᠤᠷ ᠡᠷᠬᠢᠯᠡᠨ᠂ | ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠢ ᠳᠡᠮᠵᠢᠬᠦ ᠪᠠ ᠵᠢᠷᠤᠮᠵᠢᠭᠤᠯᠤᠨ᠎ᠠ᠃ ᠦᠷᠭᠦᠯᠵᠢᠯᠡᠭᠰᠡᠨ ᠰᠤᠷᠭᠠᠨ | ᠬᠦᠮᠦᠵᠢᠯ᠂ ᠨᠡᠶᠢᠭᠡᠮ ᠲᠣᠭᠤᠷᠢᠭ ᠤᠨ ᠰᠤᠷᠭᠠᠨ ᠬᠦᠮᠦᠵᠢᠯ᠂ ᠨᠠᠰᠤᠲᠠᠶᠢᠴᠤᠳ ᠤᠨ ᠰᠤᠷᠭᠠᠨ ᠬᠦᠮᠦᠵᠢᠯ ᠢ | ᠬᠦᠭᠵᠢᠭᠦᠯᠦᠨ᠂ ᠨᠠᠰᠤᠨ ᠲᠤᠷᠰᠢᠳᠠ ᠰᠤᠷᠤᠯᠴᠠᠬᠤ ᠰᠤᠷᠭᠠᠨ ᠬᠦᠮᠦᠵᠢᠯ ᠤᠨ ᠰᠢᠰᠲ᠋ᠧᠮᠵᠢ ᠶᠢ ᠪᠠᠶᠢᠭᠤᠯᠤᠨ᠎ᠠ᠃ | ᠥᠪᠥᠷ ᠮᠣᠩᠭᠤᠯ ᠤᠨ ᠨᠡᠶᠢᠭᠡᠮ ᠵᠢᠷᠤᠮᠲᠦ ᠲᠡᠬᠡᠳᠦ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠢ | ᠪᠦᠲᠦᠭᠡᠨ ᠪᠠᠶᠢᠭᠤᠯᠤᠨ᠎ᠠ᠃ | ᠡᠷᠡᠭᠦᠯ ᠡᠩᠬᠡ ᠥᠪᠥᠷ ᠮᠣᠩᠭᠤᠯ ᠢ ᠪᠠᠶᠢᠭᠤᠯᠬᠤ ᠠᠵᠢᠯᠯᠠᠭᠠᠨ ᠢ ᠬᠡᠷᠡᠭᠵᠢᠭᠦᠯᠦᠨ᠎ᠡ᠃ ᠡᠮᠴᠢᠯᠡᠭᠡ᠂ | ᠡᠮᠴᠢᠯᠡᠬᠡᠨ ᠤ ᠳᠠᠭᠠᠳᠬᠠᠯ᠂ ᠡᠮ ᠡᠮᠨᠡᠯᠭᠡ ᠶᠢᠨ ᠬᠤᠯᠪᠣᠭᠠᠯᠠᠨ ᠬᠦᠳᠡᠯᠥᠯᠴᠡᠬᠦ ᠶᠢ ᠭᠦᠨᠵᠡᠭᠡᠶᠢᠷᠡᠭᠦᠯᠵᠦ᠂ ᠬᠤᠲᠠ ᠶᠢᠨ | ᠡᠮᠴᠢᠯᠡᠭᠡᠨ ᠤ ᠪᠦᠯᠦᠭᠯᠡᠯ ᠪᠠ ᠬᠤᠰᠢᠭᠤ ᠰᠢᠶᠠᠨ ᠤ ᠬᠡᠪᠴᠢᠶᠡᠨ ᠳᠠᠬᠢ ᠡᠮᠴᠢᠯᠡᠭᠡᠨ ᠤ ᠬᠠᠮᠲᠤ ᠴᠣᠭᠴᠠ ᠶᠢ | ᠪᠠᠶᠢᠭᠤᠯᠤᠨ᠂ ᠱᠠᠲᠦ ᠬᠤᠪᠢᠶᠠᠨ ᠤᠨᠤᠰᠢᠯᠠᠨ ᠡᠮᠴᠢᠯᠡᠬᠦ ᠳᠦᠷᠢᠮ ᠢ ᠲᠡᠭᠦᠯᠳᠡᠷᠵᠢᠭᠦᠯᠵᠦ᠂ ᠬᠦᠳᠡᠭᠡ ᠲᠤᠰᠬᠤᠨ ᠤ | ᠡᠮᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠲᠤᠭᠤᠷᠢᠭ ᠤᠨ ᠡᠮᠴᠢᠯᠡᠭᠡ ᠪᠠ ᠠᠯᠤᠰ | ᠡᠮᠴᠢᠯᠡᠭᠡᠨ ᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠦᠨᠳᠦ ᠬᠠᠯᠳᠠᠪᠤᠷᠢᠲᠤ ᠡᠪᠡᠳᠴᠢᠨ᠂ ᠣᠷᠣᠨ | ᠨᠤᠲᠤᠭ ᠤᠨ ᠡᠪᠡᠳᠴᠢᠨ᠂ ᠠᠵᠢᠯ ᠤᠨ ᠨᠦᠯᠦᠭᠡᠨ ᠤ ᠡᠪᠡᠳᠴᠢᠨ᠂ ᠬᠡᠦᠬᠡᠳ ᠪᠠᠭᠠᠴᠤᠳ ᠤᠨ ᠣᠶᠢᠷ᠎ᠠ ᠬᠠᠷᠠᠭ᠎ᠠ ᠲᠠᠢ | ᠪᠣᠯᠬᠤ ᠶᠢ ᠰᠡᠷᠭᠡᠶᠢᠯᠡᠨ ᠡᠵᠡᠮᠰᠢᠬᠦ ᠠᠵᠢᠯ ᠢ ᠰᠠᠶᠢᠲᠤᠷ ᠬᠢᠨ᠎ᠡ᠃ ᠬᠦᠨᠳᠦ ᠡᠪᠡᠳᠴᠢᠨ ᠳᠤ ᠬᠡᠷᠡᠭᠯᠡᠬᠦ ᠡᠮ ᠢ | ᠡᠮᠴᠢᠯᠡᠬᠡᠨ ᠤ ᠳᠠᠭᠠᠳᠬᠠᠯ ᠳᠤ ᠣᠷᠤᠭᠤᠯᠤᠨ᠎ᠠ᠃ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠰᠠᠭᠤᠷᠢ | ᠪᠡᠯᠡᠳᠭᠡᠮᠵᠢ ᠪᠠ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠲᠠ ᠶᠢ ᠲᠦᠷᠭᠡᠳᠭᠡᠨ᠎ᠡ᠃ ᠪᠦᠬᠦ ᠠᠷᠠᠳ ᠢᠶᠠᠷ ᠢᠶᠠᠨ | ᠪᠡᠶ᠎ᠡ ᠪᠠᠨ ᠴᠢᠬᠢᠷᠬᠠᠵᠢᠭᠤᠯᠬᠤ ᠪᠠ ᠪᠦᠬᠦ ᠠᠷᠠᠳ ᠢᠶᠠᠷ ᠢᠶᠠᠨ ᠡᠷᠡᠭᠦᠯ ᠴᠢᠬᠢᠷᠠᠭ ᠪᠠᠶᠢᠬᠤ ᠶᠢᠨ ᠠᠭᠤᠰᠤᠯᠴᠠᠨ | ᠬᠦᠭᠵᠢᠬᠦ ᠶᠢ ᠠᠬᠢᠭᠤᠯᠤᠨ᠂ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠣᠯ ᠤᠨ ᠤᠯᠠᠷᠢᠯ ᠤᠨ | ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠨ᠎ᠡ᠃ | ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠡᠳᠭᠡᠵᠦ᠂ ᠨᠠᠰᠤᠵᠢᠯ ᠤᠨ ᠠᠰᠠᠷᠠᠮᠵᠢ ᠶᠢᠨ | ᠦᠨᠳᠦᠰᠦᠨ ᠳᠠᠭᠠᠳᠬᠠᠯ ᠤᠨ ᠰᠠᠭᠤᠷᠢ ᠮᠥᠩᠭᠦᠨ ᠤ ᠲᠠᠯ᠎ᠠ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ | ᠨᠢᠭᠡᠳᠦᠯᠲᠡᠢ ᠬᠤᠷᠢᠶᠠᠵᠤ ᠨᠢᠭᠡᠳᠦᠯᠲᠡᠢ ᠵᠠᠷᠤᠬᠤ ᠪᠠ ᠠᠵᠢᠯ ᠠᠴᠠ ᠪᠣᠯᠣᠭᠰᠠᠨ ᠭᠡᠮᠳᠥᠯ ᠤᠨ ᠳᠠᠭᠠᠳᠬᠠᠯ ᠤᠨ | ᠲᠠᠯ᠎ᠠ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠨᠢᠭᠡᠳᠦᠯᠲᠡᠢ ᠲᠥᠯᠥᠪᠯᠡᠬᠦ ᠶᠢ ᠪᠡᠶᠡᠯᠡᠭᠦᠯᠦᠨ᠂ ᠨᠠᠰᠤᠵᠢᠯ ᠤᠨ | ᠠᠰᠠᠷᠠᠮᠵᠢ ᠶᠢᠨ ᠮᠦᠩᠭᠦ ᠶᠢ ᠴᠠᠭ ᠲᠤᠬᠠᠢ ᠳᠤ ᠨᠢ ᠲᠤᠭ᠎ᠠ ᠶᠤᠰᠤᠭᠠᠷ ᠭᠦᠢᠴᠡᠳ ᠣᠯᠭᠤᠬᠤ ᠶᠢ ᠪᠠᠲᠤᠯᠠᠨ᠎ᠠ᠃ | ᠬᠤᠲᠠ ᠭᠦᠳᠡᠭᠡ ᠶᠢᠨ ᠨᠠᠭᠠᠲᠤ ᠵᠠᠬ᠎ᠠ ᠶᠢᠨ ᠪᠠᠲᠤᠯᠠᠭ᠎ᠠ᠂ ᠨᠡᠶᠢᠭᠡᠮ ᠤᠨ ᠠᠪᠤᠷᠠᠯ ᠲᠤᠰᠠᠯᠠᠮᠵᠢ᠂ ᠨᠡᠶᠢᠭᠡᠮ ᠤᠨ | ᠠᠰᠠᠷᠠᠮᠵᠢ᠂ ᠠᠰᠠᠷᠠᠨ ᠬᠠᠷᠠᠭᠠᠯᠵᠠᠵᠤ ᠲᠦᠪᠬᠢᠨᠡᠭᠦᠯᠬᠦ ᠵᠡᠷᠭᠡ ᠳᠥᠷᠢᠮ ᠢ ᠲᠡᠭᠦᠯᠳᠡᠷᠵᠢᠭᠦᠯᠦᠨ᠂ ᠬᠦᠴᠢᠷᠳᠡᠯᠲᠡᠢ | ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠵᠤ᠂ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢᠶᠠᠨ | ᠴᠠᠭ ᠲᠤᠬᠠᠢ ᠳᠤ ᠨᠢ ᠲᠤᠭ᠎ᠠ ᠶᠤᠰᠤᠭᠠᠷ ᠭᠦᠢᠴᠡᠳ ᠣᠯᠬᠤ ᠶᠢ ᠪᠠᠲᠤᠯᠠᠨ᠎ᠠ ᠃ ᠴᠡᠷᠢᠭ ᠤᠨ ᠠᠯᠪᠠ ᠠᠴᠠ | ᠬᠠᠯᠬᠠᠳ᠋ᠬᠠᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠭᠡᠨ᠎ᠡ᠃ ᠨᠡᠶᠢᠭᠡᠮ ᠤᠨ ᠵᠣᠬᠢᠶᠠᠨ ᠪᠠᠶᠢᠭᠤᠯᠤᠯᠳᠠ᠂ ᠬᠦᠮᠦᠯᠢᠭ ᠠᠪᠤᠷᠠᠯ ᠲᠤᠰᠠᠯᠠᠮᠵᠢ᠂ ᠰᠠᠶᠢᠨ ᠲᠤᠷ᠎ᠠ ᠶᠢᠨ | ᠦᠢᠯᠡᠴᠢᠯᠡᠭᠡ ᠪᠠ ᠨᠢᠭᠦᠯᠡᠰᠦᠩᠭᠦᠢ ᠶᠢᠨ ᠠᠵᠢᠯ ᠦᠢᠯᠡᠰ ᠤᠨ ᠡᠷᠡᠭᠦᠯ ᠢᠶᠠᠷ ᠭᠦᠭᠵᠢᠬᠦ ᠶᠢ ᠳᠡᠮᠵᠢᠨ᠎ᠡ᠃ | ᠡᠮᠡᠭᠲᠡᠶᠢᠴᠤᠳ ᠤᠨ ᠬᠠᠮᠢᠶ᠎ᠠ ᠪᠦᠬᠦᠢ ᠠᠵᠢᠯ ᠤᠨ ᠬᠦᠭᠵᠢᠯᠲᠡ ᠶᠢᠨ ᠬᠦᠲᠦᠯᠪᠦᠷᠢ ᠪᠠ ᠬᠡᠦᠬᠡᠳ ᠤᠨ ᠦᠰᠦᠯᠲᠡ | ᠪᠤᠶᠢᠵᠢᠯᠲᠡ ᠶᠢᠨ ᠬᠦᠲᠦᠯᠪᠦᠷᠢ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ᠂ ᠡᠮᠡᠭᠲᠡᠶᠢᠴᠦᠳ᠂ ᠬᠡᠦᠬᠡᠳ ᠪᠠᠭᠠᠴᠤᠳ᠂ | ᠨᠠᠰᠤᠲᠠᠶᠢᠴᠤᠳ ᠪᠠ ᠵᠡᠮᠳᠡᠭᠴᠦᠳ ᠤᠨ ᠬᠠᠤᠯᠢ ᠶᠤᠰᠤᠨ ᠤ ᠡᠷᠬᠡ ᠠᠰᠢᠭ ᠢ ᠪᠠᠲᠤᠯᠠᠨ᠎ᠠ᠃ ᠳᠣᠯᠣᠳᠤᠭᠠᠷ | ᠤᠳᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠨ᠎ᠡ᠃ | ᠭᠡᠷ ᠪᠠᠶᠢᠰᠢᠩ ᠭᠠᠵᠠᠷ ᠬᠦᠷᠦᠩᠭᠡ ᠶᠢᠨ ᠥᠩᠭᠡᠷᠡᠭᠰᠡᠨ ᠤ ᠦᠯᠡᠳᠡᠭᠳᠡᠯ ᠠᠰᠠᠭᠤᠳᠠᠯ ᠤᠳ ᠢ ᠦᠷᠭᠦᠯᠵᠢᠯᠡᠨ | ᠰᠢᠢᠳᠪᠦᠷᠢᠯᠡᠵᠤ᠂ ᠬᠤᠲᠠ ᠪᠠᠯᠭᠠᠰᠤᠨ ᠤ ᠬᠠᠭᠤᠴᠢᠷᠠᠭᠰᠠᠨ ᠪᠠ ᠬᠠᠭᠤᠴᠢᠨ ᠰᠠᠭᠤᠭᠠᠯᠢ ᠲᠣᠭᠤᠷᠢᠭ ᠤᠳ ᠢ | ᠦᠬᠡᠷᠡᠴᠢᠯᠡᠨ ᠰᠢᠨᠡᠳᠬᠡᠵᠦ᠂ ᠬᠤᠲᠠ ᠶᠢᠨ ᠬᠦᠴᠢᠷᠳᠡᠯᠲᠡᠢ ᠣᠯᠠᠨ ᠲᠦᠮᠡᠨ ᠤ ᠣᠷᠣᠨ ᠰᠠᠭᠤᠴᠠ ᠶᠢᠨ ᠪᠠᠲᠤᠯᠠᠬᠤ | ᠠᠵᠢᠯ ᠢ ᠰᠠᠶᠢᠲᠤᠷ ᠬᠢᠵᠦ᠂ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠦᠬᠡᠳ | ᠡᠷᠡᠭᠦᠯ ᠢᠶᠠᠷ ᠭᠦᠭᠵᠢᠬᠦ ᠶᠢ ᠠᠬᠢᠭᠤᠯᠤᠨ᠎ᠠ᠃ | ᠱᠠᠰᠢᠨ ᠰᠤᠷᠲᠠᠬᠤᠨ ᠤ ᠠᠵᠢᠯ ᠤᠨ ᠲᠤᠬᠠᠢ ᠨᠠᠮ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ | ᠲᠤᠭᠤᠰᠢᠯᠠᠭᠤᠯᠤᠨ᠂ ᠱᠠᠰᠢᠨ ᠰᠤᠷᠲᠠᠬᠤᠨ ᠤ ᠶᠠᠪᠤᠳᠠᠯ ᠢ ᠬᠠᠤᠯᠢ ᠶᠣᠰᠤᠭᠠᠷ ᠬᠠᠮᠢᠶᠠᠷᠴᠤ᠂ ᠠᠵᠤ ᠠᠬᠤᠢ | ᠨᠡᠶᠢᠭᠡᠮ ᠤᠨ ᠬᠦᠭᠵᠢᠯᠲᠡ ᠳᠤ ᠦᠵᠡᠬᠦᠯᠬᠦ ᠱᠠᠰᠢᠨ ᠤ ᠡᠲᠡᠭᠡᠳ ᠤᠨ ᠬᠢᠨ ᠪᠠ ᠱᠠᠰᠢᠨ ᠰᠢᠲᠦᠬᠦ ᠤᠯᠠᠨ ᠲᠦᠮᠡᠨ ᠤ | ᠢᠳᠡᠪᠬᠢ ᠦᠢᠯᠡᠳᠦᠯ ᠢ ᠪᠠᠳᠠᠷᠠᠭᠤᠯᠤᠨ᠎ᠠ᠃ | ᠤᠯᠤᠰ ᠤᠨ ᠪᠠᠲᠤᠯᠠᠨ ᠬᠠᠮᠠᠭᠠᠯᠠᠯᠳᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠲᠠ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠦᠮᠦᠵᠢᠯ ᠪᠠ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠴᠢᠩᠭᠠᠳᠬᠠᠨ᠎ᠠ᠃ | ᠨᠡᠶᠢᠭᠡᠮ ᠤᠨ ᠵᠠᠰᠠᠯᠲᠠ ᠳᠤ ᠰᠢᠨ᠎ᠡ ᠶᠢ ᠡᠭᠦᠳᠴᠦ᠂ ᠨᠡᠶᠢᠭᠡᠮ ᠤᠨ ᠠᠮᠤᠷ ᠢ ᠬᠠᠮᠠᠭᠠᠯᠠᠬᠤ ᠲᠠᠯ᠎ᠠ ᠳᠤ ᠪᠤᠰᠤᠭ᠎ᠠ | ᠴᠤᠨᠨᠴᠠᠵᠢᠭᠤᠯᠤᠨᠨᠰᠠᠨ ᠮᠡᠳᠡᠭᠡ ᠵᠠᠩᠬᠢᠴᠢᠯᠬᠠᠰᠠᠨ ᠰᠡᠷᠭᠡᠶᠢᠯᠡᠨ ᠡᠵᠡᠮᠰᠢᠬᠦ ᠰᠢᠰᠲ᠋ᠧᠮᠵᠢ ᠶᠢ ᠪᠦᠷᠢᠨᠰᠢᠭᠦᠯᠵᠣ᠂ ᠵᠠᠬᠢᠳᠠᠯ | ᠰᠤᠷᠪᠤᠯᠵᠢᠯᠠᠯ ᠤᠨ ᠠᠵᠢᠯ ᠢᠶᠠᠨ ᠬᠠᠤᠯᠢᠵᠢᠭᠤᠯᠬᠤ ᠶᠢ ᠠᠬᠢᠭᠤᠯᠤᠨ᠎ᠠ᠃ ᠣᠯᠠᠨ ᠨᠡᠶᠢᠲᠡ ᠶᠢᠨ ᠬᠠᠤᠯᠢ ᠴᠠᠭᠠᠵᠠ ᠶᠢᠨ | ᠦᠢᠯᠡᠴᠢᠯᠡᠭᠡ ᠶᠢ ᠴᠢᠩᠭᠠᠳᠬᠠᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠦᠮᠦᠵᠢᠯ ᠢ ᠭᠦᠨᠵᠡᠭᠡᠶᠢᠷᠡᠭᠦᠯᠦᠨ᠎ᠡ᠃ | ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠭᠦᠨᠵᠡᠭᠡᠶᠢᠷᠡᠭᠦᠯᠦᠨ᠎ᠡ᠃ ᠠᠶᠤᠯ ᠦᠭᠡᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠳᠠᠯᠠᠵᠤ᠂ ᠣᠨᠴᠠ ᠬᠦᠨᠳᠦ ᠶᠡᠭᠡ ᠠᠳᠡᠯ ᠭᠠᠷᠬᠤ ᠶᠢ ᠰᠡᠷᠬᠡᠶᠢᠯᠡᠨ | ᠬᠤᠷᠢᠨᠨᠯᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ | ᠭᠠᠮᠰᠢᠭ ᠢ ᠰᠡᠷᠬᠡᠶᠢᠯᠡᠵᠦ ᠭᠠᠮᠰᠢᠭ ᠢ ᠪᠠᠭᠠᠰᠬᠠᠬᠤ ᠪᠠ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠢᠳᠡᠭᠡᠨ ᠤ ᠪᠠ ᠡᠮ ᠤᠨ ᠵᠦᠢᠯ ᠤᠨ ᠠᠮᠤᠷ ᠲᠦᠪᠰᠢᠨ ᠪᠠ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠦ᠂ ᠠᠷᠠᠳ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠴᠢᠬᠢᠷᠠᠭ ᠪᠠ ᠠᠮᠢ ᠨᠠᠰᠤᠨ ᠤ ᠠᠮᠤᠷ | ᠲᠦᠪᠰᠢᠨ ᠢ ᠪᠠᠲᠤᠯᠠᠨ᠎ᠠ᠃ ᠭᠠᠵᠠᠷ ᠰᠢᠨᠵᠢᠯᠡᠭᠡᠨ᠂ ᠴᠠᠭ ᠠᠭᠤᠷ᠂ ᠬᠡᠮᠵᠢᠨ ᠵᠢᠷᠤᠬᠤ ᠵᠡᠷᠭᠡ ᠠᠵᠢᠯ ᠢ ᠰᠠᠶᠢᠲᠤᠷ | ᠬᠢᠨ᠎ᠡ᠃ | ︽ᠠᠷᠪᠠᠨ ᠳᠦᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠬᠡ ᠶᠢᠨ ᠬᠤᠭᠤᠴᠠᠭ᠎ᠠ ᠪᠣᠯ ᠬᠦᠭᠵᠢᠯᠲᠡ ᠶᠢᠨ | ᠠᠷᠭ᠎ᠠ ᠬᠡᠯᠪᠡᠷᠢ ᠪᠠᠨ ᠬᠤᠪᠢᠷᠠᠭᠤᠯᠵᠦ᠂ ᠠᠵᠤ ᠠᠬᠤᠢ ᠶᠢᠨ ᠪᠦᠲᠦᠴᠡ ᠪᠠᠨ ᠰᠢᠯᠢᠳᠡᠭᠵᠢᠬᠦᠯᠦᠨ᠂ ᠨᠡᠮᠡᠭᠳᠡᠯ ᠤᠨ | ᠭᠦᠳᠡᠯᠬᠡᠭᠴᠢ ᠬᠦᠴᠦᠨ ᠢᠶᠠᠨ ᠬᠤᠪᠢᠷᠠᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠪᠢᠳᠡ ᠭᠦᠢᠴᠡᠳ ᠰᠠᠨᠠᠯ | ᠬᠤᠷᠢᠶᠠᠨ᠂ ᠭᠦᠨᠵᠡᠬᠡᠢ ᠰᠤᠳᠤᠯᠤᠨ ᠨᠤᠳᠠᠯᠠᠵᠦ᠂ ︽ᠠᠷᠪᠠᠨ ᠳᠦᠷᠪᠡᠳᠦᠭᠡᠷ ᠲᠠᠪᠤᠨ ᠵᠢᠯ︾ ᠤᠨ ᠬᠦᠭᠵᠢᠯᠲᠡ ᠶᠢᠨ | ᠲᠥᠯᠥᠪᠵᠢᠭᠦᠯᠭᠡ ᠶᠢ ᠴᠢᠨᠠᠷ ᠲᠠᠢ ᠰᠠᠶᠢᠲᠤᠷ ᠨᠠᠶᠢᠷᠠᠭᠤᠯᠤᠨ ᠵᠣᠬᠢᠶᠠᠨ᠎ᠠ᠃ | ᠭᠤᠷᠪᠠ᠂ ᠵᠠᠰᠠᠭ ᠤᠨ ᠤᠷᠳᠤᠨ ᠤ ᠵᠠᠰᠠᠯᠳᠠ ᠶᠢᠨ ᠴᠢᠳᠠᠪᠤᠷᠢ ᠶᠢ ᠪᠥᠬᠦ ᠲᠠᠯ᠎ᠡ ᠪᠠᠷ ᠳᠡᠭᠡᠭᠰᠢᠯᠡᠭᠦᠯᠥᠨ᠎ᠡ | ᠪᠢᠳᠠᠨ ᠤ ᠵᠠᠰᠠᠭ ᠤᠨ ᠤᠷᠳᠤᠨ ᠪᠤᠯ ᠠᠷᠠᠳ ᠲᠥᠮᠡᠨ ᠤ ᠵᠠᠰᠠᠭ ᠤᠨ ᠤᠷᠳᠤᠨ ᠮᠥᠨ᠂ ᠡᠷᠬᠡᠪᠰᠢ ᠠᠷᠠᠳ | ᠲᠥᠮᠡᠨ ᠳᠤ ᠥᠢᠯᠡᠴᠢᠯᠡᠬᠦ᠂ ᠠᠷᠠᠳ ᠲᠥᠮᠡᠨ ᠳᠤ ᠬᠠᠷᠢᠭᠤᠴᠠᠬᠤ᠂ ᠠᠷᠠᠳ ᠲᠥᠮᠡᠨ ᠤ ᠬᠢᠨᠠᠯᠲᠠ ᠶᠢ ᠬᠥᠯᠢᠶᠡᠬᠦ ᠶᠢ | ᠢᠮᠠᠭᠲᠠ ᠪᠠᠷᠢᠮᠲᠠᠯᠠᠵᠣ᠂ ᠠᠷᠠᠳ ᠲᠥᠮᠡᠨ ᠳᠤ ᠲᠠᠭᠠᠰᠢᠶᠠᠭᠳᠠᠭᠰᠠᠨ ᠦᠢᠯᠡᠴᠢᠯᠡᠬᠦ ᠬᠡᠯᠪᠡᠷᠢ ᠪᠦᠬᠦᠢ ᠵᠠᠰᠠᠭ ᠤᠨ | ᠤᠷᠳᠤᠨ ᠢ ᠴᠢᠷᠮᠠᠶᠢᠨ ᠪᠠᠶᠢᠭᠤᠯᠬᠤ ᠬᠡᠷᠡᠭᠲᠡᠢ᠃ | ᠪᠢᠳᠠ ︽ᠳᠥᠷᠪᠡᠨ ᠥᠵᠡᠯ ᠤᠬᠠᠮᠰᠠᠷ︾ ᠢᠶᠠᠨ ᠴᠢᠩᠭᠠᠳᠬᠠᠵᠦ᠂ ︽ᠳᠥᠷᠪᠡᠨ ᠢᠲᠡᠭᠡᠯ︾ ᠢᠶᠠᠨ | ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠥᠷᠢᠲᠥ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠣ | ᠪᠤᠲᠠᠲᠠᠶᠢᠵᠢᠭᠤᠯᠬᠤ ᠶᠢ ᠪᠠᠲᠤᠯᠠᠵᠤ᠂ ᠵᠠᠷᠯᠢᠭ ᠴᠠᠭᠠᠵᠠ ᠶᠢ ᠳᠠᠭᠠᠵᠤ᠂ ᠵᠠᠰᠠᠭ ᠤᠨ ᠵᠠᠷᠯᠢᠭ ᠤᠨ ᠰᠠᠭᠠᠳ ᠥᠭᠡᠢ | ᠶᠠᠪᠤᠭᠳᠠᠬᠤ ᠶᠢ ᠪᠠᠲᠤᠯᠠᠬᠤ ᠬᠡᠷᠡᠭᠲᠡᠢ᠃ | ᠪᠢᠳᠡ ᠡᠭᠦᠷᠭᠡ ᠲᠤᠰᠢᠶᠠᠯ ᠢᠶᠠᠨ ᠬᠠᠤᠯᠢ ᠶᠤᠰᠤᠭᠠᠷ ᠭᠦᠢᠴᠡᠳᠬᠡᠬᠦ ᠶᠢ ᠪᠠᠷᠢᠮᠲᠠᠯᠠᠵᠣ᠂ ᠵᠠᠰᠠᠭ ᠵᠠᠬᠢᠷᠭᠠᠨ ᠤ | ᠬᠦᠴᠦᠨ ᠴᠢᠳᠠᠪᠤᠷᠢ ᠪᠠᠨ ᠳᠡᠭᠡᠭᠰᠢᠯᠡᠭᠦᠯᠵᠦ᠂ ᠬᠠᠤᠯᠢᠵᠢᠯ ᠤᠨ ᠵᠠᠰᠠᠭ ᠤᠨ ᠣᠷᠳᠤᠨ ᠢ ᠪᠠᠶᠢᠭᠤᠯᠤᠨ᠎ᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠲᠠᠯᠪᠢᠯᠲᠠ ᠶᠢ ᠬᠠᠤᠯᠢ | ᠶᠤᠰᠤᠭᠠᠷ ᠬᠥᠯᠢᠶᠡᠵᠤ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠲᠠᠯᠪᠢᠯᠲᠠ ᠶᠢ | ᠤᠬᠠᠮᠰᠠᠷ ᠠᠴᠠ ᠪᠠᠨ ᠬᠦᠯᠢᠶᠡᠨ᠂ ᠬᠢᠨᠠᠨ ᠪᠣᠳᠤᠯᠲᠠ ᠪᠠᠷ ᠬᠢᠨᠡᠯᠲᠠ ᠲᠠᠯᠪᠢᠬᠤ ᠪᠠᠨ ᠴᠢᠩᠭᠠᠷᠠᠭᠤᠯᠵᠤ᠂ ᠨᠡᠶᠢᠭᠡᠮ ᠤᠨ | ᠪᠠ ᠶᠠᠷᠢᠶ᠎ᠡ ᠬᠡᠯᠡᠯᠴᠡᠭᠡᠨ ᠤ ᠬᠢᠨᠡᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠥᠯᠢᠶᠡᠨ᠎ᠡ᠃ ᠵᠠᠰᠠᠭ ᠤᠨ | ᠶᠠᠪᠤᠳᠠᠯ ᠢ ᠢᠯᠡ ᠪᠤᠯᠭᠠᠬᠤ ᠶᠢ ᠭᠦᠨᠵᠡᠭᠡᠶᠢᠷᠡᠭᠦᠯᠦᠨ᠂ ᠵᠠᠰᠠᠭ ᠤᠨ ᠤᠷᠳᠤᠨ ᠤ ᠰᠤᠨᠢᠨ ᠮᠡᠳᠡᠭᠡ ᠨᠡᠶᠢᠲᠡᠯᠡᠬᠦ | ᠳᠥᠷᠢᠮ ᠢ ᠲᠡᠭᠦᠯᠳᠡᠷᠵᠢᠭᠦᠯᠵᠣ᠂ ᠬᠠᠤᠯᠢ ᠶᠤᠰᠤᠭᠠᠷ ᠠᠮᠠᠯᠠᠭᠰᠠᠨ ᠢᠶᠠᠨ ᠬᠢᠨᠠᠮᠠᠭᠠᠢ ᠭᠦᠢᠴᠡᠳᠭᠡᠵᠦ᠂ ᠦᠨᠡᠨᠴᠢ | ᠢᠲᠡᠭᠡᠮᠵᠢᠲᠡᠢ ᠵᠠᠰᠠᠭ ᠤᠨ ᠤᠷᠳᠤᠨ ᠢ ᠪᠠᠶᠢᠭᠤᠯᠤᠨ᠎ᠠ᠃ | ᠪᠢᠳᠠ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠣ᠂ ᠠᠷᠢᠭᠤᠨ | ᠴᠢᠭᠡᠴᠢ ᠵᠠᠰᠠᠭ ᠤᠨ ᠣᠷᠳᠤᠨ ᠢ ᠪᠠᠶᠢᠭᠤᠯᠤᠨ᠎ᠠ᠃ ᠬᠡᠯᠪᠡᠷᠢᠴᠢ ᠥᠵᠡᠯ᠂ ᠨᠤᠶᠠᠨᠴᠢ ᠰᠤᠷᠲᠠᠯ ᠢ ᠡᠷᠡᠰ ᠡᠰᠡᠷᠭᠦᠴᠡᠨ᠎ᠠ᠃ | ᠠᠷᠪᠢᠲᠠᠢ ᠭᠠᠮᠲᠠᠢ ᠠᠮᠢᠳᠤᠷᠠᠬᠤ ᠶᠢ ᠪᠠᠷᠢᠮᠲᠠᠯᠠᠵᠤ᠂ ᠠᠯᠢᠪᠠ ᠠᠵᠢᠯ ᠦᠢᠯᠡᠰ ᠢ ᠠᠷᠪᠢᠴᠢ ᠭᠠᠮᠲᠠᠢ ᠪᠠᠷ | ᠭᠦᠢᠴᠡᠳᠭᠡᠵᠦ᠂ ᠥᠨᠥ ᠵᠢᠯ ᠳᠤ ᠥᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ ᠲᠤᠰᠬᠠᠢ ᠵᠥᠢᠯ ᠤᠨ | ᠲᠤᠬᠠᠶᠢᠯᠠᠭᠰᠠᠨ ᠠᠵᠢᠯ ᠤᠨ ᠵᠠᠷᠤᠳᠠᠯ ᠢ 10% ᠪᠠᠭᠤᠷᠠᠭᠤᠯᠵᠤ᠂ ᠭᠤᠣᠯᠳᠠᠯᠭ᠎ᠠ ᠶᠢᠨ ᠪᠤᠰᠤ ᠲᠤᠰᠬᠠᠢ ᠵᠥᠢᠯ ᠤᠨ | ᠪᠡᠯᠡ ᠮᠥᠩᠬᠦ ᠶᠢ 20% ᠪᠠᠭᠠᠰᠬᠠᠨ᠎ᠠ᠃ | ᠪᠢᠳᠡ ᠬᠠᠷᠢᠭᠤᠴᠠᠯᠭ᠎ᠠ ᠡᠭᠦᠷᠭᠡᠯᠡᠯ ᠢᠶᠠᠨ ᠦᠨᠡᠨ ᠬᠦ ᠴᠢᠩᠭᠠᠷᠠᠭᠤᠯᠤᠨ᠂ ᠥᠨᠡᠨ ᠢ ᠪᠠᠷᠢᠮᠲᠠᠯᠠᠨ ᠪᠤᠲᠠᠲᠠᠢ ᠶᠢ | ᠡᠷᠬᠢᠮᠯᠡᠬᠦ ᠰᠤᠷᠲᠠᠯ ᠢᠶᠠᠷ ᠠᠰᠠᠭᠤᠳᠠᠯ ᠢ ᠨᠢᠭᠲᠠ ᠴᠢᠩᠭ᠎ᠠ ᠠᠩᠬᠠᠷᠤᠨ ᠮᠦᠷᠳᠡᠵᠦ᠂ ᠠᠵᠢᠯ ᠢᠶᠠᠨ ᠯᠠᠪᠳᠠᠭᠤᠨ | ᠪᠠᠲᠤᠲᠠᠢ ᠪᠤᠲᠠᠲᠠᠶᠢᠵᠢᠭᠤᠯᠤᠨ ᠪᠡᠶᠡᠯᠡᠭᠦᠯᠵᠦ᠂ ︽ᠡᠴᠦᠰ ᠤᠨ ᠨᠢᠭᠡ ᠺᠢᠯᠥᠮᠧᠲᠷ︾ ᠤᠨ ᠠᠰᠠᠭᠤᠳᠠᠯ ᠢ ᠰᠠᠶᠢᠲᠤᠷ | ᠰᠢᠢᠳᠪᠥᠷᠢᠯᠡᠨ᠎ᠡ᠃ | ᠲᠦᠯᠦᠭᠡᠯᠡᠭᠴᠢᠳ ᠡ︕ ᠥᠪᠥᠷ ᠮᠤᠩᠭᠤᠯ ᠪᠤᠯ ᠮᠠᠨ ᠤ ᠤᠯᠤᠰ ᠤᠨ ᠥᠨᠳᠥᠰᠥᠲᠡᠨ ᠤ ᠤᠷᠤᠨ ᠤ | ᠥᠪᠡᠷᠲᠡᠭᠡᠨ ᠵᠠᠰᠠᠬᠤ ᠳᠦᠷᠢᠮ ᠢ ᠡᠬᠢᠯᠡᠨ ᠬᠡᠷᠡᠭᠵᠢᠭᠦᠯᠦᠭᠰᠡᠨ ᠭᠠᠵᠠᠷ ᠪᠥᠭᠡᠳ ᠬᠤᠪᠢᠰᠬᠠᠯ ᠤᠨ ᠡᠷᠲᠡ | ᠴᠢᠯᠦᠭᠡᠯᠡᠭᠳᠡᠭᠰᠡᠨ ᠤᠷᠤᠨ ᠪᠣᠯᠬᠤᠷ᠂ ᠥᠨᠳᠥᠰᠥᠳᠡᠨ ᠤ ᠪᠦᠯᠬᠦᠮᠳᠡᠯ ᠤᠨ ᠢᠷᠡᠭᠤ ᠠᠯᠲᠠᠷᠲᠤ ᠤᠳᠤᠮᠰᠢᠯ ᠲᠠᠢ ᠶᠤᠮ᠃ | ᠰᠢᠨ᠎ᠡ ᠴᠠᠭ ᠥᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠤᠷᠤᠨ ᠤ ᠡᠷᠬᠢᠮ ᠳᠡᠭᠡᠳᠥ ᠢᠷᠠᠭᠤ ᠠᠯᠳᠠᠷ ᠢᠶᠠᠨ | ᠪᠠᠲᠤᠯᠠᠬᠤ ᠪᠤᠯ᠂ ᠶᠡᠷᠥᠩᠬᠡᠢ ᠱᠥᠵᠢ ᠰᠢ ᠶᠢᠨ ᠫᠢᠩ ᠤᠨ ᠨᠠᠨᠳᠢᠨ ᠬᠦᠰᠡᠯ ᠨᠠᠶᠢᠳᠠᠯᠭ᠎ᠠ ᠮᠥᠨ᠂ ᠮᠥᠨ ᠴᠦ ᠪᠥᠬᠦ | ᠤᠷᠤᠨ ᠤ ᠥᠨᠳᠥᠰᠥᠲᠡᠨ ᠨᠦᠭᠦᠳ ᠤᠨ ᠺᠠᠳ᠋ᠷ ᠤᠯᠠᠨ ᠲᠥᠮᠡᠨ ᠤ ᠬᠠᠮᠲᠥ ᠶᠢᠨ ᠲᠡᠤᠬᠡᠲᠦ ᠬᠠᠷᠢᠭᠤᠴᠠᠯᠭ᠎ᠠ ᠮᠥᠨ᠃ | ᠪᠢᠳᠡ ᠡᠷᠬᠡᠪᠰᠢ ᠥᠨᠳᠥᠰᠥᠲᠡᠨ ᠤ ᠪᠦᠯᠬᠦᠮᠳᠡᠯ ᠢ ᠨᠢᠲᠥ ᠲᠠᠢ ᠪᠠᠨ ᠠᠳᠠᠯᠢ ᠬᠠᠶᠢᠷᠠᠯᠠᠨ ᠬᠠᠮᠠᠭᠠᠯᠠᠵᠦ᠂ | ᠥᠨᠳᠥᠰᠥᠲᠡᠨ ᠤ ᠪᠥᠯᠬᠦᠮᠳᠡᠯ ᠢ ᠠᠮᠢ ᠨᠠᠰᠤ ᠲᠠᠢ ᠪᠠᠨ ᠠᠳᠠᠯᠢ ᠡᠷᠬᠢᠮᠯᠡᠨ ᠨᠠᠨᠳᠢᠩᠨᠠᠬᠤ ᠬᠡᠷᠡᠭᠲᠡᠢ᠃ | ᠥᠨᠳᠥᠰᠥᠲᠡᠨ ᠤ ᠤᠷᠤᠨ ᠤ ᠥᠪᠡᠷᠲᠡᠭᠡᠨ ᠵᠠᠰᠠᠬᠤ ᠳᠦᠷᠢᠮ ᠢ ᠪᠠᠷᠢᠮᠲᠠᠯᠠᠬᠤ ᠪᠡ ᠲᠡᠭᠦᠯᠳᠡᠷᠵᠢᠭᠦᠯᠵᠤ᠂ | ᠥᠨᠳᠥᠰᠥᠳᠡᠨ ᠤ ᠲᠣᠬᠠᠢ ᠨᠠᠮ ᠤᠨ ᠲᠥᠷᠥ ᠶᠢᠨ ᠪᠤᠳᠤᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ᠎ᠠ᠃ ᠬᠢᠯᠢ | ᠬᠢᠵᠠᠭᠠᠷ ᠤᠷᠤᠨ ᠢᠶᠠᠨ ᠬᠥᠭᠵᠢᠭᠦᠯᠵᠥ ᠠᠷᠠᠳ ᠢᠶᠠᠨ ᠪᠠᠶᠠᠵᠢᠭᠤᠯᠬᠤ ᠠᠵᠢᠯᠯᠠᠭ᠎ᠠ ᠶᠢ ᠠᠬᠢᠭᠤᠯᠵᠤ᠂ ᠬᠢᠯᠢ ᠠᠴᠠ | ᠤᠶᠢᠷᠠᠯᠴᠠᠭ᠎ᠠ ᠪᠤᠰᠤ ᠰᠠᠭᠤᠭ᠎ᠠ ᠠᠷᠠᠳ ᠤᠨ ᠨᠦᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠣᠨ᠂ ᠴᠥᠭᠡᠨ ᠲᠤᠭᠠᠲᠤ | ᠥᠨᠳᠥᠰᠥᠲᠡᠨ ᠤ ᠲᠥᠪᠯᠡᠷᠡᠨ ᠰᠠᠭᠤᠭ᠎ᠠ ᠭᠠᠵᠠᠷ ᠤᠷᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ | ᠲᠥᠷᠭᠡᠳᠬᠡᠨ᠎ᠡ᠃ ᠴᠦᠬᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠬᠠᠮᠠᠭᠠᠯᠠᠨ ᠬᠡᠷᠡᠭᠯᠡᠬᠦ ᠪᠠ | ᠬᠦᠭᠵᠢᠭᠦᠯᠵᠦ᠂ ᠴᠥᠬᠡᠨ ᠲᠣᠭᠠᠳᠤ ᠦᠨᠳᠦᠰᠦᠲᠡᠨ ᠤ ᠡᠷᠲᠡᠨ ᠤ ᠨᠤᠮ ᠰᠤᠳᠤᠷ ᠢ ᠬᠠᠮᠠᠭᠠᠯᠠᠵᠣ ᠡᠮᠬᠢᠯᠡᠨ ᠲᠢᠭᠯᠡᠬᠦ | ᠪᠠ ᠰᠤᠳᠤᠯᠬᠤ ᠪᠠᠨ ᠴᠢᠩᠭᠠᠳᠬᠠᠨ᠂ ᠬᠤᠲᠠ ᠶᠢᠨ ᠥᠨᠳᠥᠰᠥᠲᠡᠨ ᠤ ᠲᠠᠯ᠎ᠠ ᠪᠠᠷ ᠬᠢ ᠠᠵᠢᠯ ᠢ ᠰᠠᠶᠢᠲᠤᠷ ᠬᠢᠨ᠎ᠡ᠃ | ᠥᠨᠳᠥᠰᠥᠲᠡᠨ ᠤ ᠪᠥᠯᠭᠦᠮᠳᠡᠯ ᠲᠠᠪᠰᠢᠯᠲᠠ ᠶᠢᠨ ᠤᠬᠠᠭᠤᠯᠭ᠎ᠠ ᠬᠦᠮᠦᠵᠢᠯ ᠢ ᠭᠥᠨᠵᠡᠭᠡᠶᠢᠷᠡᠭᠦᠯᠥᠨ᠂ | ᠥᠨᠳᠥᠰᠥᠲᠡᠨ ᠨᠦᠭᠦᠳ ᠤᠨ ᠬᠠᠷᠢᠯᠴᠠᠭ᠎ᠠ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠴᠢᠩᠭᠠᠳᠬᠠᠵᠣ᠂ | ᠳᠤᠮᠳᠠᠳᠤ ᠶᠢᠨ ᠥᠨᠳᠥᠰᠥᠲᠡᠨ ᠤ ᠬᠠᠮᠲᠥ ᠶᠢᠨ ᠴᠤᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠤᠯᠭᠠᠵᠤ᠂ | ᠥᠨᠳᠥᠰᠥᠲᠡᠨ ᠨᠦᠭᠦᠳ ᠤᠨ ᠬᠠᠮᠲᠤ ᠪᠠᠷ ᠪᠥᠯᠬᠦᠮᠳᠡᠨ ᠲᠡᠮᠡᠴᠡᠵᠤ᠂ ᠬᠠᠮᠲᠤ ᠪᠠᠷ ᠴᠡᠴᠡᠭᠯᠡᠨ ᠬᠥᠭᠵᠢᠬᠦ ᠶᠢ | ᠠᠬᠢᠭᠤᠯᠤᠨ᠎ᠠ᠃ | ᠲᠥᠯᠥᠭᠡᠯᠡᠭᠴᠢᠳ ᠡ︕ 2019 ᠣᠨ ᠳᠤ ᠪᠢᠳᠡ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠠᠶᠢᠭᠤᠯᠤᠭᠳᠠᠭᠰᠠᠨ 70 ᠵᠢᠯ ᠤᠨ ᠣᠢ ᠶᠢ ᠦᠪᠡᠳᠡᠭᠰᠢ ᠶᠡᠭᠡ ᠪᠠᠷ ᠪᠡᠯᠭᠡᠯᠡᠵᠣ᠂ ᠰᠢᠨ᠎ᠡ ᠳᠤᠮᠳᠠᠳᠤ ᠤᠯᠤᠰ ᠤᠨ | ᠣᠯᠤᠭᠰᠠᠨ ᠠᠤᠭ᠎ᠠ ᠶᠡᠭᠡ ᠠᠮᠵᠢᠯᠲᠠ ᠪᠦᠲᠦᠮᠵᠢ ᠪᠠ 70 ᠵᠢᠯ ᠤᠨ ᠲᠤᠷᠰᠢᠬᠢ ᠥᠪᠥᠷ ᠮᠤᠩᠭᠤᠯ ᠤᠨ ᠠᠭᠤᠤ ᠶᠡᠭᠡ | ᠬᠤᠪᠢᠷᠠᠯᠲᠠ ᠶᠢ ᠬᠠᠮᠲᠤ ᠪᠠᠷ ᠭᠡᠷᠡᠴᠢᠯᠡᠭᠰᠡᠨ ᠶᠤᠮ᠃ 2020 ᠣᠨ ᠳᠤ ᠪᠢᠳᠡ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠠᠶᠢᠭᠤᠯᠵᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠪᠠᠶᠡᠯᠡᠭᠦᠯᠦᠨ᠂ ᠨᠡᠶᠢᠭᠡᠮ | ᠵᠢᠷᠤᠮ ᠤᠨ ᠣᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠠᠶᠢᠭᠤᠯᠬᠤ ᠰᠢᠨ᠎ᠡ ᠠᠶᠠᠨ ᠵᠠᠮ ᠢᠶᠠᠨ ᠡᠯᠬᠦᠬᠦ ᠪᠤᠯᠤᠨ᠎ᠠ᠃ | ︽ᠴᠠᠭ ᠦᠶ᠎ᠡ ᠪᠣᠯ ᠰᠡᠳᠦᠪ ᠭᠠᠷᠭᠠᠭᠴᠢ᠂ ᠪᠢᠳᠡ ᠪᠣᠯ ᠰᠡᠳᠦᠪ ᠬᠠᠷᠢᠭᠤᠯᠤᠭᠴᠢ᠂ ᠠᠷᠠᠳ ᠲᠦᠮᠡᠨ ᠪᠣᠯ ᠰᠡᠳᠦᠪ | ᠬᠢᠨᠠᠭᠴᠢ ᠮᠥᠨ᠃︾ ᠪᠢᠳᠡ ᠭᠠᠭᠴᠠ ᠬᠦ ᠦᠷᠯᠦᠭᠡ ᠦᠳᠡᠰᠢ ᠶᠢ ᠲᠡᠮᠡᠴᠡᠵᠦ᠂ ᠵᠠᠯᠠᠭᠤ ᠽᠠᠨᠳᠠᠨ ᠨᠠᠰᠤ ᠪᠠᠨ ᠦᠯᠦ | ᠬᠦᠰᠡᠷᠳᠡᠭᠦᠯᠣᠨ᠂ ᠡᠯ᠎ᠡ ᠵᠦᠢᠯ ᠤᠨ ᠲᠦᠭᠰᠢᠭᠦᠷᠢ ᠪᠠ ᠦᠷᠢᠰᠦᠯᠳᠦᠭᠡᠨ ᠢ ᠲᠠᠰᠤᠷᠠᠯᠲᠠ ᠦᠭᠡᠢ ᠢᠯᠠᠨ ᠳᠠᠪᠠᠵᠤ᠂ | ᠥᠵᠡᠰᠭᠦᠯᠡᠩᠲᠥ ᠰᠠᠶᠢᠬᠠᠨ ᠥᠪᠥᠷ ᠮᠤᠩᠭᠤᠯ ᠢᠶᠠᠨ ᠴᠢᠷᠮᠠᠶᠢᠨ ᠪᠥᠲᠥᠭᠡᠨ ᠪᠠᠶᠢᠭᠤᠯᠵᠤ᠂ ᠰᠢᠨ᠎ᠡ ᠴᠠᠭ ᠦᠶ᠎ᠡ ᠶᠢᠨ ︽ | ᠵᠢᠱᠢᠶᠡᠴᠢ ᠥᠪᠡᠷᠲᠡᠭᠡᠨ ᠵᠠᠰᠠᠬᠤ ᠣᠷᠤᠨ︾ ᠤ ᠰᠢᠨ᠎ᠡ ᠬᠠᠭᠤᠳᠠᠰᠤ ᠪᠠᠨ ᠪᠢᠴᠢᠭᠯᠡᠶ᠎ᠡ︕ | | |