| | | | | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠤᠯᠠᠨ ᠨᠡᠶᠢᠲᠡ ᠶᠢᠨ ᠬᠦᠨᠳᠦ ᠶᠡᠭᠡ ᠭᠡᠨᠡᠳᠲᠡ ᠡᠭᠦᠰᠬᠦ ᠡᠷᠡᠭᠦᠯ ᠬᠠᠮᠠᠭᠠᠯᠠᠯ ᠤᠨ ᠬᠡᠷᠡᠭ ᠤᠨ | ᠨᠢᠭᠡᠳᠦᠭᠡᠷ ᠳᠡᠰ ᠤᠨ ᠠᠵᠢᠯᠯᠠᠭ᠎ᠠ ᠶᠢ ᠡᠬᠢᠯᠡᠭᠦᠯᠬᠦ ᠲᠤᠬᠠᠢ ᠠᠯᠪᠠᠨ ᠵᠠᠷ | | ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠬᠰᠠᠨ ᠠᠭᠤᠰᠭᠢᠨ ᠤ ᠦᠷᠪᠢᠰᠦᠯ ᠤᠨ | ᠬᠢᠵᠢᠭ ᠤᠨ ᠪᠠᠶᠢᠳᠠᠯ ᠢ ᠢᠳᠡᠪᠬᠢᠲᠡᠶ ᠪᠠᠷ ᠰᠡᠷᠭᠡᠶᠢᠯᠡᠨ ᠡᠵᠡᠮᠳᠡᠵᠦ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠪᠠᠶᠢᠷᠢᠯᠠᠭᠤᠯᠤᠯᠲᠠ ᠶᠢ ᠨᠠᠩ ᠰᠠᠶᠢᠲᠤᠷ ᠨᠠᠶᠢᠳᠠᠪᠤᠷᠢᠵᠢᠭᠤᠯᠤᠨ᠂ ᠡᠯ᠎ᠡ ᠱᠠᠲᠤᠨ ᠤ ᠵᠠᠰᠠᠭ ᠤᠨ ᠣᠷᠳᠣᠨ ᠪᠣᠯᠤᠨ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠵᠤ᠂ ᠠᠷᠠᠳ ᠣᠯᠠᠨ ᠤ | ᠪᠡᠶ᠎ᠡ ᠶᠢᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠥᠨᠡᠨ ᠬᠦ ᠬᠠᠮᠠᠭᠠᠯᠠᠬᠤ ᠶᠢᠨ ᠲᠤᠰᠠᠳᠠ᠂ | ᠤᠯᠤᠰ ᠤᠨ ︽ᠤᠯᠠᠨ ᠨᠡᠶᠢᠲᠡ ᠶᠢᠨ ᠬᠦᠨᠳᠦ ᠶᠡᠭᠡ ᠭᠡᠨᠡᠳᠲᠡ ᠡᠭᠦᠰᠬᠦ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠭᠠᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠨ | ᠨᠡᠶᠢᠲᠡ ᠶᠢᠨ ᠬᠦᠨᠳᠦ ᠶᠡᠭᠡ ᠭᠡᠨᠡᠳᠲᠡ ᠡᠭᠦᠰᠬᠦ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ︾ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠠᠴᠠ 2020 ᠣᠨ ᠤ 1 ᠳ᠋ᠦ᠋ᠭᠡᠷ ᠰᠠᠷ᠎ᠠ ᠶᠢᠨ 25 ᠤ ᠡᠳᠦᠷ ᠤᠨ 12 ᠴᠠᠭ ᠠᠴᠠ ᠡᠬᠢᠯᠡᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠨ ᠨᠡᠶᠢᠲᠡ ᠶᠢᠨ ᠬᠦᠨᠳᠦ ᠶᠡᠭᠡ ᠭᠡᠨᠡᠳᠲᠡ ᠡᠭᠦᠰᠬᠦ ᠡᠷᠡᠭᠦᠯ | ᠬᠠᠮᠠᠭᠠᠯᠠᠯ ᠤᠨ ᠬᠡᠷᠡᠭ ᠤᠨ ᠨᠢᠭᠡᠳᠦᠭᠡᠷ ᠳᠡᠰ ᠤᠨ ᠠᠵᠢᠯᠯᠠᠭ᠎ᠠ ᠶᠢ ᠡᠬᠢᠯᠡᠭᠦᠯᠬᠦ ᠪᠠᠷ ᠲᠣᠭᠲᠠᠭᠠᠪᠠ᠃ | ᠣᠨᠴᠠᠭᠠᠶᠢᠯᠠᠨ ᠵᠠᠷᠯᠠᠪᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | 2020 ᠣᠨ ᠤ 1 ᠳ᠋ᠦ᠋ᠭᠡᠷ ᠰᠠᠷ᠎ᠠ ᠶᠢᠨ 25 ᠤ ᠡᠳᠦᠷ |