ᠮᠠᠨ ᠤ ᠣᠷᠣᠨ ᠤ ᠡᠯ᠎ᠡ ᠭᠠᠵᠠᠷ ᠤᠨ ᠬᠢᠨ 24 ᠴᠠᠭ ᠤᠨ ᠰᠡᠳᠬᠢᠴᠡ ᠶᠢᠨ ᠲᠤᠰᠠᠯᠠᠮᠵᠢ ᠶᠢᠨ ᠤᠲᠠᠰᠤ ᠨᠡᠪᠲᠡᠷᠡᠭᠦᠯᠪᠡ
ᠨᠡᠶᠢᠲᠡᠯᠡᠭᠰᠡᠨ ᠴᠠᠭ᠄
2020/1/28
     ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠤᠢᠢᠯᠠᠭᠠᠭᠰᠠᠨ ᠢᠶᠠᠷ᠂ ᠤᠯᠠᠨ ᠲᠦᠮᠡᠨ ᠢ ᠬᠠᠪᠰᠤᠷᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠬᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠠᠴᠠ ᠪᠣᠯᠤᠭᠰᠠᠨ ᠡᠯ᠎ᠡ ᠲᠦᠷᠦᠯ ᠤᠨ ᠰᠡᠳᠬᠢᠴᠡ ᠶᠢᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠤᠶᠤᠨ ᠤ ᠡᠷᠡᠭᠦᠯ ᠬᠠᠮᠠᠭᠠᠯᠠᠯ ᠤᠨ ᠲᠥᠪ ᠪᠣᠯᠤᠨ ᠡᠯ᠎ᠡ ᠠᠶᠢᠮᠠᠭ ᠬᠤᠳᠠ ᠶᠢᠨ ᠤᠶᠤᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠲᠦᠷᠦᠭᠦᠬᠡᠨ 24 ᠴᠠᠭ ᠤᠨ ᠰᠡᠳᠬᠢᠴᠡ ᠶᠢᠨ ᠲᠤᠰᠠᠯᠠᠮᠵᠢ ᠶᠢᠨ ᠤᠲᠠᠰᠤ ᠨᠡᠪᠲᠡᠷᠡᠭᠦᠯᠪᠡ᠃      ︽ᠣᠯᠠᠩᠬᠢ ᠬᠥᠮᠦᠰ ᠤᠨ ᠰᠡᠳᠭᠢᠯ ᠰᠠᠨᠠᠭ᠎ᠠ ᠨᠢ ᠥᠪᠡᠷ ᠢ ᠪᠠᠨ ᠲᠠᠶᠢᠳᠬᠤᠷᠠᠭᠤᠯᠬᠤ ᠪᠠ ᠬᠢᠵᠢᠭ ᠤᠨ ᠪᠠᠶᠢᠳᠠᠯ ᠢ ᠡᠵᠡᠮᠳᠡᠬᠦ ᠵᠡᠷᠭᠡ ᠪᠠᠷ ᠳᠡᠮᠵᠢᠨ ᠲᠤᠭᠳᠠᠪᠤᠷᠢᠵᠢᠳᠠᠭ ᠪᠣᠯᠪᠠᠴᠤ ᠴᠥᠭᠡᠨ ᠲᠣᠭᠠᠨ ᠤ ᠬᠥᠮᠦᠰ ᠤᠨ ᠡᠪᠡᠳᠴᠢᠨ ᠤ ᠢᠯᠡᠷᠡᠯ ᠦᠷᠭᠦᠯᠵᠢᠯᠡᠨ ᠣᠷᠣᠰᠢᠵᠤ᠂ ᠴᠢᠨᠠᠭᠰᠢᠯᠠᠪᠠᠯ ᠤᠯᠠᠮ ᠢᠶᠠᠷ ᠬᠦᠨᠳᠤᠷᠠᠵᠥ ᠡᠳᠦᠷ ᠲᠤᠲᠤᠮ ᠤᠨ ᠠᠮᠢᠳᠤᠷᠠᠯ ᠢ ᠨᠢ ᠨᠦᠯᠦᠬᠡᠯᠡᠬᠦ ᠪᠤᠯᠤᠨ᠎ᠠ᠂ ᠡᠨᠡ ᠦᠶ᠎ᠠ ᠳᠤ ᠲᠤᠰᠬᠠᠶ ᠮᠡᠷᠭᠡᠵᠢᠯ ᠤᠨ ᠰᠡᠳᠬᠢᠴᠡ ᠶᠢᠨ ᠬᠠᠪᠰᠤᠷᠤᠯᠭ᠎ᠠ ᠴᠢᠬᠤᠯᠠᠲᠠᠶ ᠶᠤᠮ︾᠃ ᠥᠪᠡᠷᠲᠡᠭᠡᠨ ᠵᠠᠰᠠᠬᠤ ᠣᠷᠣᠨ ᠤ ᠣᠶᠤᠨ ᠤ ᠡᠷᠡᠭᠦᠯ ᠬᠠᠮᠠᠭᠠᠯᠠᠯ ᠤᠨ ᠲᠥᠪ ᠤᠨ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠨ᠂ ᠣᠳᠣᠬᠠᠨ ᠤ ᠬᠢᠵᠢᠭ ᠤᠨ ᠪᠠᠶᠢᠳᠠᠯ ᠤᠨ ᠡᠮᠦᠨ᠎ᠡ᠂ ᠯᠠᠪᠳᠠᠭᠤᠨ ᠲᠣᠭᠲᠠᠭᠤᠨ ᠪᠠ ᠣᠶᠤᠨ ᠤᠬᠠᠭᠠᠨ ᠢᠶᠠᠨ ᠢᠮᠠᠭᠲᠠ ᠪᠠᠷᠢᠮᠲᠠᠯᠠᠬᠤ ᠬᠡᠷᠡᠭᠳᠡᠢ᠂ ︽ᠸᠢᠷᠦ᠋ᠰ ᠦᠬᠡᠢ ᠪᠠᠶᠢᠬᠤ ᠳᠤ ᠰᠡᠳᠬᠢᠴᠡ ᠶᠢᠨ ᠪᠠᠶᠢᠳᠠᠯ ᠤᠷᠢᠳ ᠢᠶᠠᠷ ᠮᠠᠭᠤᠵᠢᠷᠠᠵᠥ︾ ᠶᠠᠭᠠᠬᠢᠬᠰᠠᠨ ᠴᠤ ᠪᠤᠯᠬᠤ ᠦᠬᠡᠢ᠃ ᠭᠠᠭᠴᠠ ᠬᠦ ᠰᠡᠳᠬᠢᠯ ᠰᠠᠨᠠᠭ᠎ᠠ ᠪᠠᠨ ᠰᠠᠶᠢᠲᠤᠷ ᠲᠣᠬᠢᠷᠠᠭᠤᠯᠵᠤ᠂ ᠡᠷᠡᠯᠬᠡᠭ ᠪᠠᠭᠠᠲᠤᠷᠯᠢᠭ ᠢᠶᠠᠷ ᠬᠠᠨᠳᠤᠪᠠᠯ ᠰᠠᠶ᠋ᠢ ᠥᠪᠡᠷ ᠤᠨ ᠪᠡᠶ᠎ᠡ ᠪᠠ ᠮᠠᠨ ᠤ ᠬᠠᠶᠢᠷᠠᠲᠠᠶ ᠭᠡᠷ ᠤᠨ ᠬᠥᠮᠦᠰ ᠢᠶᠠᠨ ᠰᠠᠶᠢᠲᠤᠷ ᠬᠠᠮᠠᠭᠠᠯᠠᠵᠤ ᠴᠢᠳᠠᠨ᠎ᠠ᠃ ᠥᠪᠡᠷ ᠢᠶᠠᠨ ᠰᠡᠳᠬᠢᠴᠡ ᠶᠢᠨ ᠵᠣᠪᠠᠨᠢᠯ᠂ ᠠᠶᠤᠵᠦ ᠰᠤᠴᠢᠭᠰᠠᠠ ᠰᠡᠳᠬᠢᠯᠭᠡ ᠪᠠᠨ ᠠᠷᠢᠯᠭᠠᠵᠤ ᠳᠡᠶᠢᠯᠬᠦ ᠥᠬᠡᠶ ᠪᠤᠶᠤ ᠬᠢᠵᠢᠭ ᠤᠨ ᠪᠠᠶᠢᠳᠠᠯ ᠤᠨ ᠬᠤᠯᠪᠣᠭᠳᠠᠯ ᠪᠥᠬᠦᠶ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠣᠶᠢᠯᠠᠭᠠᠶ᠎ᠠ ᠭᠡᠪᠡᠯ᠂ 24 ᠴᠠᠭ ᠤᠨ ᠰᠡᠳᠬᠢᠴᠡ ᠶᠢᠨ ᠲᠤᠰᠠᠯᠠᠮᠵᠢ ᠶᠢᠨ ᠤᠲᠠᠰᠤ ᠪᠠᠷ ᠲᠤᠰᠬᠠᠶ ᠮᠡᠷᠭᠡᠵᠢᠯ ᠤᠨ ᠬᠠᠪᠰᠤᠷᠤᠯᠭ᠎ᠠ ᠬᠦᠷᠳᠡᠵᠥ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠰᠡᠳᠬᠢᠴᠡ ᠶᠢᠨ ᠲᠤᠰᠠᠯᠠᠮᠵᠢ ᠶᠢᠨ ᠤᠲᠠᠰᠤᠨ ᠨᠤᠮᠧᠷ ᠪᠣᠯ ︵0471︶ 12320 — 5 ᠪᠣᠯᠤᠨ᠎ᠠ᠂ ᠡᠯ᠎ᠡ ᠠᠶᠢᠮᠠᠭ ᠬᠤᠲᠠ ᠶᠢᠨ ᠰᠡᠳᠬᠢᠴᠡ ᠶᠢᠨ ᠯᠠᠪᠯᠠᠭ᠎ᠠ ᠶᠢᠨ ᠤᠲᠠᠰᠤᠨ ᠨᠤᠮᠧᠷ ᠢ ᠡᠯ᠎ᠡ ᠭᠠᠵᠠᠷ ᠤᠨ ᠣᠶᠤᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠠᠴᠠ ᠠᠰᠠᠭᠤᠨ ᠯᠠᠪᠯᠠᠭᠠᠷᠠᠶ ᠬᠡᠵᠥ ᠢᠯᠡᠳᠬᠡᠪᠡ᠃      ᠦᠪᠡᠷ ᠤᠨ ᠰᠡᠳᠬᠢᠴᠡ ᠶᠢᠨ ᠬᠠᠮᠠᠭᠠᠯᠠᠯᠲᠠ ᠶᠢ ᠬᠡᠷᠬᠢᠨ ᠰᠠᠶᠢᠲᠤᠷ ᠬᠢᠬᠦ ᠲᠤᠬᠠᠶ ᠲᠤᠰᠬᠠᠶ ᠮᠡᠷᠭᠡᠵᠢᠯᠲᠡᠡ ᠠᠴᠠ᠂ ᠠᠵᠢᠯᠯᠠᠵᠤ ᠠᠮᠠᠷᠠᠬᠤ ᠵᠢᠮ᠎ᠡ ᠶᠣᠰᠣ ᠶᠢ ᠬᠡᠪ ᠤᠨ ᠪᠣᠯᠭᠠᠵᠤ᠂ ᠠᠯᠪᠠᠨ ᠤ ᠲᠠᠯ᠎ᠠ ᠶᠢᠨ ᠰᠣᠨᠢᠨ ᠮᠡᠳᠡᠭᠡ ᠶᠢ ᠲᠣᠭᠲᠠᠭᠰᠠᠨ ᠴᠠᠭ ᠲᠤ ᠦᠵᠡᠬᠦ︔ ᠠᠮᠢᠳᠤᠷᠠᠯ ᠰᠡᠯᠡᠭᠦᠴᠡᠯ ᠢ ᠲᠡᠭᠦᠯᠳᠡᠷᠵᠢᠬᠦᠯᠵᠥ᠂ ᠵᠣᠪᠠᠨᠢᠬᠤ ᠰᠡᠳᠬᠢᠯᠬᠡ ᠶᠢ ᠬᠦᠯᠢᠶᠡᠨ ᠠᠪᠬᠤ︔ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠮᠡᠳᠡᠭᠡ ᠵᠠᠩᠭᠢᠵᠢᠯᠲᠠ ᠪᠠᠷ ᠬᠠᠷᠢᠯᠴᠠᠵᠤ᠂ ᠲᠤᠰᠬᠠᠶ ᠮᠡᠷᠭᠡᠵᠢᠯ ᠤᠨ ᠬᠠᠪᠰᠤᠷᠤᠯᠭ᠎ᠠ ᠠᠴᠠ ᠠᠶᠤᠬᠤ ᠬᠡᠷᠡᠭ ᠥᠬᠡᠶ ᠬᠡᠵᠥ ᠭᠤᠷᠪᠠᠨ ᠳᠠᠯ᠎ᠠ ᠪᠠᠷ ᠰᠠᠨᠠᠭᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号