ᠥᠨᠥᠳᠥᠷ᠂ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠵᠢᠩᠬᠢᠨᠢ ᠎ ᠪᠠᠷ ᠠᠵᠢᠯᠯᠠᠵᠤ — ᠨᠢᠭᠡ ᠯᠡ ᠥᠷᠲᠡᠭᠡᠨ ᠤ ᠬᠡᠯᠪᠡᠷᠢ ᠪᠠᠷ 500 ᠭᠠᠷᠤᠶ ᠵᠦᠶᠯ ᠤᠨ ᠲᠤᠬᠠᠶᠢᠯᠠᠭᠰᠠᠨ ᠠᠵᠢᠯ ᠢ ᠭᠦᠶᠴᠡᠳᠬᠡᠵᠦ ᠳᠡᠶᠢᠯᠬᠦ ᠪᠣᠯᠵᠡᠢ
ᠨᠡᠶᠢᠲᠡᠯᠡᠭᠰᠡᠨ ᠴᠠᠭ᠄
2020/1/3
     2020 ᠣᠨ 1 ᠳ᠋ᠦ᠋ᠭᠡᠷ ᠰᠠᠷ᠎ᠠ ᠶᠢᠨ 1᠎ ᠤ ᠡᠳᠦᠷ᠂ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠲᠣᠰ ᠡᠳᠦᠷ ᠠᠴᠠ ᠡᠬᠢᠯᠡᠨ᠂ ᠣᠷᠣᠵᠤ ᠰᠠᠭᠤᠷᠢᠰᠢᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠪᠦᠬᠦᠨ ᠢ ᠲᠣᠰ ᠦᠶᠯᠡᠴᠢᠯᠡᠭᠡᠨ ᠤ ᠲᠢᠩᠬᠢᠮ ᠳᠤ ᠭᠦᠶᠴᠡᠳᠬᠡᠵᠦ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠳᠠᠬᠢᠵᠤ ᠬᠦᠯᠢᠶᠡᠨ ᠠᠪᠴᠤ ᠰᠢᠶᠳᠪᠦᠷᠢᠯᠡᠬᠦ ᠥᠬᠡᠶ ᠪᠤᠯᠵᠡᠢ᠃
     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠬᠠᠮᠢᠶ᠎ᠠ ᠪᠦᠬᠦᠢ ᠵᠠᠰᠠᠭ ᠵᠠᠬᠢᠷᠭᠠᠨ ᠤ ᠵᠥᠪᠰᠢᠶᠡᠷᠡᠯ ᠪᠠ ᠣᠯᠠᠨ ᠨᠡᠶᠢᠲᠡ ᠶᠢᠨ ᠦᠶᠯᠡᠴᠢᠯᠡᠭᠡᠨ ᠤ ᠵᠦᠶᠯᠡᠰ ᠢ ᠨᠢᠭᠡᠳᠦᠯᠲᠡᠶ᠂ ᠲᠦᠪᠯᠡᠷᠡᠩᠬᠦᠢ ᠰᠢᠶᠳᠪᠦᠷᠢᠯᠡᠬᠦ ᠲᠠᠪᠴᠠᠩ ᠪᠣᠯᠤᠭᠰᠠᠨ ᠤ ᠬᠤᠪᠢ ᠳᠤ᠂ ᠣᠳᠣ 30 ᠲᠢᠩᠬᠢᠮ ᠲᠣᠪᠴᠢᠶ᠎ᠠ ᠨᠢᠭᠡᠨᠲᠡ ᠣᠷᠣᠵᠤ ᠰᠠᠭᠤᠷᠢᠰᠢᠪᠠ᠃ ᠡᠬᠦᠨ ᠳᠤ 83 ᠦᠶᠯᠡᠴᠢᠯᠡᠭᠡᠨ ᠤ ᠴᠣᠩᠬᠤᠪᠴᠢ ᠶᠢ ᠲᠣᠬᠢᠷᠠᠭᠤᠯᠵᠤ᠂ 545 ᠵᠦᠶᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠎ ᠤ ᠵᠦᠶᠯᠡᠰ ᠢ ᠨᠢᠭᠡ ᠥᠷᠲᠡᠭᠡᠨ ᠤ ᠮᠠᠶ᠋ᠢᠭ ᠢᠶᠠᠷ ᠬᠦᠢᠴᠡᠳᠬᠡᠨ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠲᠦᠷᠤᠯ ᠵᠦᠢᠯ ᠢ ᠬᠢᠨᠠᠨ ᠵᠥᠪᠰᠢᠶᠡᠷᠡᠬᠦ᠂ ᠨᠡᠶᠢᠭᠡᠮ ᠤᠨ ᠬᠡᠷᠡᠭ ᠶᠠᠪᠤᠳᠠᠯ᠂ ᠣᠯᠠᠨ ᠨᠡᠶᠢᠲᠡ ᠶᠢᠨ ᠦᠶᠯᠡᠴᠢᠯᠡᠭᠡ ᠵᠡᠷᠭᠡ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡ ᠬᠠᠩᠭᠠᠵᠤ᠂ ᠬᠤᠲᠠ ᠶᠢᠨ ᠠᠷᠠᠳ ᠤᠨ ︽ᠨᠢᠭᠡ ᠯᠡ ᠤᠳᠠᠭ᠎ᠠ ᠳᠤ ᠬᠦᠢᠴᠡᠳᠬᠡᠬᠦ︾ ᠬᠡᠷᠡᠭᠴᠡᠭᠡ ᠶᠢ ᠦᠨᠡᠨ ᠬᠦ ᠪᠡᠶᠡᠯᠡᠭᠦᠯᠵᠦ ᠪᠠᠶᠢᠨ᠎ᠠ᠃
     ᠦᠬᠠᠶ ᠠᠴᠠ ᠢᠷᠡᠭᠰᠡᠨ ᠵᠤᠤ ᠠᠪᠠᠭ᠋ᠠᠶ 34 ᠳ᠋ᠦ᠋ᠭᠡᠷ ᠴᠣᠩᠬᠤᠨ ᠳᠤ ᠬᠢᠷᠢ ᠬᠡᠮ ᠢ ᠬᠤᠪᠢᠷᠠᠭᠤᠯᠬᠤ ᠲᠤᠬᠠᠶᠢᠯᠠᠭᠰᠠᠨ ᠠᠵᠢᠯ ᠢ ᠭᠦᠶᠴᠡᠳᠬᠡᠵᠡᠶ᠃ ᠲᠡᠷᠡ ᠬᠡᠯᠡᠬᠦ ᠳᠤ ᠪᠠᠨ᠄ ︽ᠪᠢ ᠥᠨᠥᠳᠥᠷ ᠮᠠᠲ᠋ᠧᠷᠢᠶᠠᠯ ᠲᠤᠰᠢᠶᠠᠬᠤ ᠎ ᠪᠠᠷ ᠢᠷᠡᠭᠰᠡᠨ ᠶᠤᠮ᠃ ᠦᠩᠭᠡᠷᠡᠭᠰᠡᠨ ᠳᠤ ᠡᠨᠡ ᠬᠦ ᠲᠤᠬᠠᠶᠢᠯᠠᠭᠰᠠᠨ ᠠᠵᠢᠯ ᠢ ᠬᠦᠢᠴᠡᠳᠬᠡᠬᠦ ᠳᠤ᠂ ᠤᠷᠢᠳ ᠢᠶᠠᠷ ᠬᠤᠯᠪᠣᠭᠳᠠᠯ ᠪᠦᠬᠦᠢ ᠪᠠᠶᠢᠭᠤᠯᠭ᠎ᠠ ᠶᠢ ᠡᠷᠢᠵᠦ ᠲᠣᠭᠳᠠᠭᠰᠠᠨ ᠴᠣᠪᠣᠷᠠᠯ ᠢᠶᠠᠷ ᠨᠢ ᠶᠠᠪᠤᠭᠤᠯᠬᠤ ᠬᠡᠷᠡᠭᠲᠡᠶ ᠮᠦᠷᠳᠡᠬᠡᠨ ᠪᠠᠰᠠ ᠡᠭᠦᠳᠡ ᠣᠷᠣᠮᠠᠭᠴᠠ ᠪᠠᠨ ᠠᠵᠢᠯᠲᠠᠨ ᠤ ᠴᠢᠷᠠᠶ ᠶᠢ ᠬᠠᠷᠠᠳᠠᠭ᠂ ᠲᠡᠶᠢᠮᠤ ᠪᠠᠷ ᠢᠶᠠᠨ ᠨᠡᠯᠢᠶᠠᠳ ᠬᠦᠴᠢᠷᠲᠡᠶ ᠪᠡᠶᠢᠵᠡᠢ᠃ ᠦᠨᠤᠳᠤᠷ ᠠᠳᠡ ᠢᠷᠡᠬᠦ ᠳᠤ᠂ ᠣᠷᠴᠢᠨ ᠲᠣᠭᠤᠷᠢᠨ ᠤ ᠬᠠᠯᠠᠭᠤᠨ ᠳᠤᠯᠠᠭᠠᠨ ᠢ ᠣᠷᠢᠳ ᠢᠶᠠᠷ ᠬᠡᠯᠡᠬᠦ ᠦᠭᠡᠢ᠂ ᠠᠵᠢᠯᠲᠠᠨ ᠤ ᠬᠤᠶᠠᠷ ᠭᠠᠷ ᠢᠶᠠᠷ ᠢᠶᠠᠨ ᠮᠠᠲ᠋ᠧᠷᠢᠶᠠᠯ ᠢ ᠲᠣᠰᠴᠣ ᠠᠪᠬᠤ ᠦᠢᠯᠡ ᠬᠦᠳᠡᠯᠤᠯ ᠨᠢ ᠨᠠᠳᠠ ᠳᠤ ᠦᠶᠯᠡᠴᠢᠯᠡᠭᠡ ᠶᠢᠨ ᠬᠠᠯᠠᠭᠠᠳ ᠳᠤᠯᠠᠭᠠᠨ ᠢ ᠦᠨᠡᠨ ᠬᠦ ᠮᠡᠳᠡᠷᠡᠭᠦᠯᠪᠡ︾ ᠭᠡᠵᠡᠢ᠃      ᠬᠤᠲᠠ ᠶᠢᠨ ᠠᠷᠠᠳ ᠴᠢᠨ ᠠᠪᠠᠭ᠋ᠠᠶ ᠠᠵᠢᠯ ᠠᠴᠠ ᠪᠠᠨ ᠪᠠᠭᠤᠵᠤ ᠠᠮᠠᠷᠠᠭᠰᠠᠨ ᠨᠠᠰᠤ ᠨᠦᠭᠴᠢᠭᠰᠡᠳ ᠤᠨ ᠨᠥᠬᠦᠪᠥᠷᠢ ᠮᠥᠩᠭᠦ ᠶᠢᠨ ᠠᠵᠢᠯ ᠢ ᠬᠦᠢᠴᠡᠳᠬᠡᠵᠡᠢ᠃ ᠲᠡᠷᠡ ᠰᠤᠷᠪᠤᠯᠵᠢᠯᠠᠭᠴᠢ ᠳᠤ᠄ ︽ᠥᠩᠭᠡᠷᠡᠭᠰᠡᠨ ᠳᠤ ᠡᠶᠢᠮᠦ ᠲᠥᠷᠥᠯ ᠤᠨ ᠲᠤᠬᠠᠶᠢᠯᠠᠭᠰᠠᠨ ᠠᠵᠢᠯ ᠢ ᠬᠦᠢᠴᠡᠳᠬᠡᠬᠦ ᠳᠤ ᠤᠳᠤᠷᠢᠳᠤᠯᠭ᠎ᠠ ᠡᠷᠢᠵᠦ ᠭᠠᠷ ᠤᠨ ᠦᠰᠦᠭ ᠵᠢᠷᠤᠭᠤᠯᠬᠤ ᠴᠢᠬᠤᠯᠠᠲᠠᠶ ᠪᠠᠶᠢᠪᠠ᠂ ᠬᠡᠷᠪᠡ ᠤᠳᠤᠷᠢᠳᠤᠯᠭ᠎ᠠ ᠭᠠᠳᠠᠭᠰᠢ ᠭᠠᠷᠣᠭᠰᠠᠨ ᠪᠠᠶᠢᠪᠠᠯ᠂ ᠨᠠᠰᠢ ᠴᠠᠰᠢ ᠬᠡᠳᠦᠶ ᠤᠳᠠᠭ᠎ᠠ ᠬᠦᠶᠣᠬᠦ ᠶᠢ ᠪᠤᠤ ᠮᠡᠳᠡ᠃ ᠣᠳᠣ᠂ ᠠᠵᠢᠯ ᠤᠨ ᠴᠣᠪᠣᠷᠠᠯ ᠤᠤᠯ ᠤᠨ ᠬᠢ ᠠᠴᠠ ᠪᠠᠨ ᠴᠦᠬᠡᠬᠡᠷᠡᠵᠤ᠂ ᠴᠣᠩᠬᠤᠨ ᠳᠤ ᠬᠦᠢᠴᠡᠳᠬᠡᠵᠤ ᠳᠡᠶᠢᠯᠬᠦ ᠪᠤᠯᠤᠭᠰᠠᠨ ᠮᠥᠷᠲᠡᠭᠡᠨ ᠪᠠᠰᠠ ᠰᠡᠳᠬᠢᠯ ᠠᠮᠤᠷ ᠳᠥᠭᠦᠮ ᠳᠥᠲᠡ ᠪᠤᠯᠤᠭᠰᠠᠨ ᠪᠠᠶᠢᠨ᠎ᠠ︾ ᠭᠡᠵᠡᠢ᠃
     ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠨᠢ ᠠᠦ᠋ᠲ᠋ᠤ᠋ ᠦᠶᠯᠡᠴᠢᠯᠡᠭᠡᠨ ᠤ ᠲᠣᠭᠤᠷᠢᠭ ᠭᠠᠷᠭᠠᠵᠤ᠂ ᠺᠣᠮᠫᠢᠦ᠋ᠲ᠋ᠧᠷ ᠤᠨ ᠦᠵᠦᠬᠦᠷ ᠲᠠᠬᠢ ᠠᠦ᠋ᠲ᠋ᠦ‍ ᠨᠢᠭᠡ ᠴᠣᠭᠴᠠᠵᠢᠭᠤᠯᠤᠭᠰᠠᠨ ᠮᠠᠰᠢᠨ ᠵᠡᠷᠭᠡ ᠠᠯᠢ ᠣᠯᠠᠨ ᠣᠶᠤᠨᠴᠢᠯᠠᠭᠰᠠᠨ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠰᠢᠰᠲ᠋ᠧᠮ ᠢ ᠲᠣᠬᠢᠷᠠᠭᠤᠯᠵᠤ᠂ ᠠᠵᠤ ᠠᠬᠤᠶᠢᠯᠠᠯ᠂ ᠣᠯᠠᠨ ᠲᠦᠮᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠦᠯᠵᠢᠶ᠎ᠡ︾᠎ ᠪᠠᠷ ᠳᠠᠮᠵᠢᠨ ᠡᠯ᠎ᠡ ᠲᠥᠷᠥᠯ ᠤᠨ ᠬᠡᠷᠡᠭ ᠶᠠᠪᠣᠳᠠᠯ ᠢ ᠭᠦᠶᠴᠡᠳᠬᠡᠵᠦ ᠪᠣᠯᠬᠤ ᠪᠥᠭᠡᠳ ᠦᠶᠯᠡᠳᠪᠦᠷᠢ ᠬᠤᠳᠠᠯᠳᠤᠭᠠᠨ ᠤ ᠡᠵᠡᠩᠨᠡᠯᠳᠡ ᠶᠢᠨ ᠦᠨᠡᠮᠯᠡᠯ ᠳᠠᠷᠤᠮᠠᠯᠯᠠᠬᠤ᠂ ᠨᠡᠶᠢᠭᠡᠮ ᠤᠨ ᠳᠠᠭᠠᠳᠬᠠᠯ ᠢ ᠪᠠᠶᠢᠴᠠᠭᠠᠨ ᠯᠠᠪᠯᠠᠬᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠦᠢᠯᠡᠳᠬᠦ ᠲᠠᠷᠬᠠᠭᠠᠬᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠪᠠᠶᠢᠴᠠᠭᠠᠨ ᠯᠠᠪᠯᠠᠬᠤ᠂ ᠬᠤᠪᠢ ᠬᠥᠮᠦᠨ ᠤ ᠢᠳᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠬᠢᠯᠢ ᠪᠠᠷ ᠣᠷᠣᠵᠤ ᠭᠠᠷᠬᠤ ᠭᠠᠷᠳᠠᠮ ᠢ ᠭᠦᠶᠴᠡᠳᠬᠡᠬᠦ ᠵᠡᠷᠭᠡ ᠦᠶᠯᠡᠴᠢᠯᠡᠭᠡ ᠶᠢ ᠬᠦᠢᠴᠡᠳᠬᠡᠵᠤ ᠪᠤᠯᠳᠠᠭ᠃
    ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠨᠢ ᠪᠠᠰᠠ ᠤᠯᠤᠰ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠯᠤᠭ᠎ᠠ ᠵᠣᠯᠭᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠢ ᠬᠤᠯᠪᠣᠨ ᠨᠡᠪᠲᠡᠷᠡᠭᠦᠯᠵᠦ᠂ ᠵᠠᠰᠠᠭ ᠤᠨ ᠶᠠᠪᠤᠳᠠᠯ ᠎ ᠤᠨ ᠦᠶᠯᠡᠴᠢᠯᠡᠭᠡᠨ ᠤ ᠲᠤᠭ᠎ᠠ ᠪᠠᠷᠢᠮᠲᠠ ᠶᠢ ᠴᠤᠭᠯᠠᠭᠤᠯᠤᠨ ᠬᠠᠮᠲᠤ ᠪᠠᠷ ᠬᠦᠷᠲᠡᠬᠦ ᠪᠠ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠵᠢᠯᠴᠠᠬᠤ ᠶᠢ ᠪᠡᠶᠡᠯᠡᠭᠦᠯᠵᠦ᠂ ᠶᠡᠭᠡ ᠲᠢᠩᠬᠢᠮ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠤᠬᠠᠶᠢᠯᠠᠭᠰᠠᠨ ᠠᠵᠢᠯ ᠳᠤ ᠣᠯᠠᠨ ᠨᠡᠶᠢᠲᠡ ᠶᠢᠨ ᠣᠷᠣᠬᠤ ᠡᠭᠦᠳᠡ᠂ ᠣᠯᠠᠨ ᠨᠡᠶᠢᠲᠡ ᠶᠢᠨ ᠨᠡᠪᠲᠡᠷᠡᠬᠦ ᠵᠠᠮ ᠪᠠ ᠣᠯᠠᠨ ᠨᠡᠶᠢᠲᠡ ᠶᠢᠨ ᠲᠤᠯᠭᠠᠭᠤᠷᠢᠯᠠᠯ ᠢ ᠬᠠᠩᠭᠠᠵᠡᠢ᠃ ᠰᠦᠯᠵᠢᠶᠡᠨ ᠭᠠᠳᠠᠨᠠᠬᠢ ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠬᠦᠢᠴᠡᠳᠬᠡᠬᠦ ᠶᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠎ ᠯᠤᠭ᠎ᠠ ᠵᠣᠯᠭᠠᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠴᠢᠳᠠᠮᠵᠢ ᠶᠢ ᠬᠠᠷᠢᠯᠴᠠᠨ ᠨᠥᠬᠦᠪᠥᠷᠢᠯᠡᠬᠦ᠂ ᠵᠠᠢ ᠵᠠᠪᠰᠠᠷ ᠥᠬᠡᠶ ᠵᠣᠯᠭᠠᠭᠤᠯᠬᠤ᠂ ᠲᠥᠪᠯᠡᠷᠡᠭᠦᠯᠦᠨ ᠠᠭᠤᠰᠤᠯᠴᠠᠭᠤᠯᠬᠤ ᠶᠢ ᠪᠡᠶᠡᠯᠡᠬᠦᠯᠵᠡᠢ᠃ ᠠᠵᠤ ᠠᠬᠤᠶᠢᠯᠠᠯ᠂ ᠣᠯᠠᠨ ᠲᠦᠮᠡᠨ ᠤᠴᠢᠷ ᠶᠠᠪᠤᠳᠠᠯ ᠬᠦᠢᠴᠡᠳᠬᠡᠬᠦ ᠳᠤ ᠪᠠᠨ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠬᠤ᠂ ᠰᠦᠯᠵᠢᠶᠡᠨ ᠭᠠᠳᠠᠨ᠎ᠠ ᠭᠦᠶᠴᠡᠳᠬᠡᠬᠦ᠂ ᠭᠤᠶᠤᠴᠢᠯᠠᠬᠤ ᠮᠠᠲ᠋ᠧᠷᠢᠶᠠᠯ ᠢ ᠰᠦᠯᠵᠢᠶᠡᠨ ᠳᠡᠭᠡᠷ᠎ᠡ ᠲᠤᠰᠢᠶᠠᠬᠤ᠂ ᠰᠦᠯᠵᠢᠶᠡᠨ ᠭᠠᠳᠠᠨ᠎ᠠ ᠰᠢᠯᠵᠢᠬᠦᠯᠵᠤ ᠬᠡᠷᠡᠭᠯᠡᠬᠦ ᠶᠢ ᠪᠡᠶᠡᠯᠡᠬᠦᠯᠵᠤ᠂ ︽ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠪᠤᠯᠭᠠᠵᠡᠢ᠃
     ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠎ ᠨᠢ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ ᠬᠦᠴᠢᠷᠲᠡᠶ᠂ ᠵᠠᠰᠠᠭ ᠤᠨ ᠶᠠᠪᠤᠳᠠᠯ ᠎ ᠤᠨ ᠦᠶᠯᠡᠴᠢᠯᠡᠭᠡᠨ ᠤ ᠲᠦᠭᠵᠢᠷᠡᠯ ᠪᠠ ᠡᠪᠡᠷᠰᠢᠶᠡᠯ ᠳᠤ ᠠᠩᠬᠠᠷᠤᠯ ᠢᠶᠠᠨ ᠬᠠᠨᠳᠣᠭᠤᠯᠵᠤ᠂ ︽ᠨᠢᠭᠡ ᠯᠡ ᠡᠭᠦᠳᠡ ᠎ ᠪᠠᠷ ᠣᠷᠣᠬᠤ︾᠎ ᠶᠢ ᠪᠡᠶᠡᠯᠡᠬᠦᠯᠬᠦ ᠪᠠᠷ ᠬᠠᠷᠠᠯᠲᠠ ᠪᠣᠯᠭᠠᠨ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠲᠥᠪᠯᠡᠷᠡᠭᠦᠯᠬᠦ ᠶᠢ ᠶᠡᠬᠡᠪᠡᠷ ᠬᠡᠷᠡᠭᠵᠢᠭᠦᠯᠵᠦ᠂ ︽ᠣᠯᠠᠨ ᠡᠭᠦᠳᠡ︾᠎ ᠶᠢ ︽ᠨᠢᠭᠡ ᠡᠭᠦᠳᠡ︾ ᠪᠣᠯᠭᠠᠨ ᠬᠤᠪᠢᠷᠠᠭᠤᠯᠣᠭᠰᠠ ᠨᠢ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠲᠦᠷᠭᠡᠳᠬᠡᠵᠦ᠂ ᠡᠵᠡᠩᠨᠡᠨ ᠬᠤᠳᠠᠯᠳᠣᠭᠠᠯᠠᠬᠤ ᠣᠷᠴᠢᠨ ᠨᠦᠬᠦᠴᠡᠯ ᠢ ᠰᠢᠯᠢᠳᠡᠭᠵᠢᠭᠦᠯᠦᠨ᠂ ᠵᠠᠰᠠᠭ ᠤᠨ ᠣᠷᠳᠣᠨ ᠤ ᠦᠶᠯᠡᠴᠢᠯᠡᠭᠡᠨ ᠤ ᠦᠷ᠎ᠡ ᠪᠦᠲᠦᠮᠵᠢ ᠶᠢ ᠨᠡᠮᠡᠭᠳᠡᠭᠦᠯᠵᠦ᠂ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠬᠦ ᠳᠤ ᠠᠰᠢᠭᠳᠠᠢ ᠲᠠᠢ ᠶᠤᠮ᠃ 2019 ᠣᠨ ᠤ 9 ᠳ᠋ᠦ᠋ᠭᠡᠷ ᠰᠠᠷ᠎ᠠ ᠶᠢᠨ 12᠎ ᠤᠨ ᠡᠳᠦᠷ ᠠᠴᠠ ᠡᠬᠢᠯᠡᠨ ᠲᠤᠷᠰᠢᠨ ᠠᠵᠢᠯᠯᠠᠭᠤᠯᠤᠭᠰᠠᠨ ᠠᠴᠠ ᠨᠠᠭᠠᠰᠢ᠂ ᠡᠯ᠎ᠡ ᠲᠥᠷᠥᠯ ᠤᠨ ᠬᠡᠷᠡᠭ ᠶᠠᠪᠤᠳᠠᠯ ᠢ ᠨᠡᠶᠢᠲᠡ 25000 ᠭᠠᠷᠤᠶ ᠤᠳᠠᠭ᠎ᠠ ᠰᠢᠢᠳᠪᠦᠷᠢᠯᠡᠵᠦ᠂ ᠠᠵᠢᠯ ᠶᠠᠪᠤᠳᠠᠯ ᠬᠦᠢᠴᠡᠳᠬᠡᠬᠦ ᠭᠡᠵᠤ ᠪᠠᠶᠢᠭ᠎ᠠ 27844 ᠬᠦᠮᠦᠨ ᠢ ᠬᠦᠯᠢᠶᠡᠨ ᠠᠪᠴᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠶᠡᠬᠡᠳᠡ ᠳᠥᠭᠦᠮ ᠦᠵᠡᠬᠦᠯᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号