ᠪᠤᠤ ᠭᠠᠩ ᠦᠴᠤᠸᠠᠨ ᠰᠢᠶᠠᠨ ᠳᠤ ᠬᠤᠶᠠᠳᠤᠭᠠᠷ ᠪᠦᠯᠦᠭ ᠤᠨ ᠭᠤᠤᠯ ᠰᠡᠳᠦᠪᠳᠤ ᠬᠦᠮᠦᠵᠢᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠳᠤ ᠪᠠᠶᠢᠴᠠᠭᠠᠨ ᠰᠤᠳᠤᠯᠤᠯᠳᠠ ᠬᠢᠵᠤ ᠵᠢᠭᠠᠨ ᠵᠢᠯᠤᠭᠤᠳᠬᠤ ᠳᠠᠭᠠᠨ ᠴᠢᠬᠤᠯᠠᠴᠢᠯᠠᠬᠰᠡᠨ ᠨᠢ ᠠᠰᠠᠭᠤᠳᠠᠯ ᠳᠤ ᠴᠢᠭᠯᠡᠬᠦᠯᠤᠨ ᠬᠢᠵᠥ ᠠᠰᠠᠭᠤᠳᠠᠯ ᠢ ᠠᠩᠬᠠᠷᠤᠨ ᠰᠠᠶᠢᠵᠢᠷᠠᠭᠤᠯᠵᠤ ᠰᠢᠨ᠎ᠡ ᠬᠦᠭᠵᠢᠯᠳᠠ ᠶᠢᠨ ᠤᠢᠢᠯᠠᠭᠠᠬᠳᠠᠬᠤᠨ ᠢᠶᠠᠷ ᠴᠢᠨᠠᠷ ᠰᠠᠶᠢᠳᠠᠢ ᠬᠦᠭᠵᠢᠯᠳᠠ ᠶᠢ ᠬᠦᠳᠦᠯᠤᠨ ᠲᠠᠭᠠᠭᠤᠯᠬᠤ ᠭᠡᠷᠡᠭᠳᠠᠢ
ᠨᠡᠶᠢᠲᠡᠯᠡᠭᠰᠡᠨ ᠴᠠᠭ᠄
2020/1/3
     2019 ᠤᠨ ᠤ 12 ᠰᠠᠷ᠎ᠡ ᠶᠢᠨ 30᠎ ᠤ ᠡᠳᠦᠷ᠂ ᠦᠪᠡᠷᠳᠡᠭᠡᠨ ᠵᠠᠰᠬᠠᠤ ᠤᠷᠤᠨ ᠤ ᠲᠡᠳ᠋ ᠲᠡᠷᠢᠬᠦᠯᠡᠭᠴᠢ ᠪᠤᠤ ᠭᠠᠩ ᠬᠦᠭᠡᠬᠤᠳᠠ ᠶᠢᠨ ᠦᠴᠤᠸᠠᠨ ᠰᠢᠶᠠᠨ ᠳᠤ ᠬᠦᠨᠵᠡᠭᠡᠶᠢᠷᠠᠵᠤ ᠬᠤᠶᠠᠳᠤᠭᠠᠷ ᠪᠦᠯᠦᠭ ᠤᠨ ︽ᠤᠭ ᠰᠠᠨᠠᠭ᠎ᠠ ᠪᠠᠨ ᠦᠯᠤ ᠮᠡᠷᠳᠡᠵᠤ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠤ ᠬᠦᠮᠦᠵᠢᠯ ᠎ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠳᠤ ᠪᠠᠶᠢᠴᠠᠭᠠᠨ ᠰᠤᠳᠤᠯᠤᠯᠳᠠ ᠬᠢᠵᠤ ᠵᠢᠭᠠᠨ ᠵᠢᠯᠤᠭᠤᠳᠪᠠ᠃      ᠪᠤᠤ ᠭᠠᠩ ᠤᠷᠢᠳ ᠬᠤᠵᠢᠳ ᠦᠪᠤᠷ ᠮᠤᠩᠭᠤᠯ ᠤᠨ ᠶᠠᠨ ᠬᠦ᠋ ᠹᠠᠩ ᠠᠮᠢ ᠠᠬᠤᠢ ᠶᠢᠨ ᠲᠠᠷᠢᠶᠠᠯᠠᠩ ᠤᠨ ᠬᠦᠭᠵᠢᠯᠳᠠ ᠶᠢᠨ ᠪᠦᠯᠦᠭᠯᠡᠯ ᠺᠤᠮᠫᠠᠨᠢ ᠶᠢᠨ ᠪᠦᠳᠦᠭᠡᠭᠳᠡᠬᠦᠨ ᠡᠳ᠋ᠰᠢᠬᠦᠯᠤᠨ ᠪᠤᠯᠪᠠᠰᠤᠷᠠᠭᠤᠯᠬᠤ ᠦᠢᠯᠡᠳᠪᠤᠷᠢᠯᠡᠯ ᠤᠨ ᠭᠡᠯᠬᠢᠶ᠎ᠡ᠂ ᠦᠴᠤᠸᠠᠨ ᠰᠢᠶᠠᠨ ᠤ ᠶᠢᠨ ᠰᠠᠨ ᠵᠢᠶᠤᠤ ᠬᠦᠷᠢᠶᠠᠯᠠᠩ ᠲᠤᠭᠤᠷᠢᠭ ᠤᠨ ᠪᠤᠬᠢᠷ ᠤᠰᠤ ᠰᠢᠢᠳᠪᠤᠷᠢᠯᠡᠬᠦ ᠦᠢᠯᠡᠳᠪᠤᠷᠢ ᠪᠤᠯᠤᠨ ︽ᠲᠦᠷᠪᠡᠨ ᠴᠠᠭᠠᠨ ᠢᠳᠡᠭᠡᠨ ᠤ ᠬᠦᠷᠢᠶᠡᠯᠠᠩ ᠲᠤᠭᠤᠷᠢᠭ︾ ︵ᠮᠠᠨᠳᠠᠤ᠂ ᠪᠤᠷᠴᠠᠭ ᠤᠨ ᠢᠳᠡᠭᠡᠨ᠂ ᠪᠤᠷᠴᠠᠭ ᠤᠨ ᠴᠢᠴᠢᠭᠡᠰᠤ᠂ ᠹᠧᠨᠲ᠋ᠢᠶᠤᠤᠷ︶᠎ ᠤᠨ ᠦᠢᠯᠡᠳᠪᠤᠷᠢ ᠶᠢᠨ ᠲᠠᠰᠤᠭ᠂ ᠦᠴᠤᠸᠠᠨ ᠰᠢᠶᠠᠨ ᠤ ᠬᠤᠳᠠ ᠪᠠᠯᠭᠠᠰᠤᠨ ᠤ ᠲᠦᠪᠯᠡᠷᠡᠬᠦᠯᠦᠨ ᠲᠤᠯᠠᠭᠠᠯᠠᠭ᠎ᠠ ᠬᠠᠨᠭ᠍ᠭᠠᠬᠤ ᠬᠦᠬᠦᠷ ᠦᠭᠡᠶᠢᠳᠡᠬᠦᠯᠬᠦ ᠲᠦᠬᠦᠭᠡᠷᠤᠮᠵᠢ ᠶᠢ ᠦᠭᠡᠷᠡᠴᠢᠯᠡᠨ ᠵᠠᠰᠠᠬᠤ ᠵᠡᠷᠭᠡ ᠭᠠᠵᠠᠷ ᠢᠶᠠᠷ ᠲᠤᠭᠤᠷᠢᠨ ᠦᠵᠡᠵᠤ ᠪᠠᠶᠢᠴᠠᠭᠠᠨ ᠰᠤᠳᠤᠯᠤᠯᠳᠠ ᠬᠢᠭᠰᠡᠨ ᠪᠦᠭᠡᠳ ᠶᠠᠷᠢᠯᠴᠠᠬᠤ ᠬᠤᠷᠠᠯ ᠬᠤᠷᠠᠯᠳᠤᠭᠤᠯᠵᠤ ᠠᠵᠢᠯ ᠤᠨ ᠮᠡᠳᠡᠬᠦᠯᠦᠯᠳᠠ ᠶᠢ ᠰᠤᠨᠤᠰᠴᠠᠢ᠃      ᠪᠤᠤ ᠭᠠᠩ᠂ ᠬᠤᠶᠠᠳᠤᠭᠠᠷ ᠪᠦᠯᠦᠭ ᠤᠨ ᠭᠤᠤᠯ ᠰᠡᠳᠦᠪᠳᠤ ᠬᠦᠮᠦᠵᠢᠯ ᠪᠤᠳᠠᠳᠤ ᠦᠷ᠎ᠡ ᠪᠦᠳᠦᠮᠵᠢ ᠶᠢ ᠴᠢᠬᠤᠯᠠᠴᠢᠯᠠᠵᠤ᠂ ᠪᠤᠳᠠᠳᠠᠢ ᠠᠰᠠᠭᠤᠳᠠᠯ ᠢ ᠰᠢᠢᠳᠪᠤᠷᠢᠯᠡᠵᠤ᠂ ᠠᠵᠢᠯ ᠦᠢᠯᠡᠰ ᠤᠨ ᠬᠦᠭᠵᠢᠯᠳᠠ ᠶᠢ ᠠᠬᠢᠭᠤᠯᠬᠤ ᠭᠡᠷᠡᠭᠳᠠᠢ᠃ ᠠᠰᠠᠭᠤᠳᠠᠯ ᠳᠤ ᠴᠢᠭᠯᠡᠭᠦᠯᠤᠨ ᠬᠢᠵᠥ᠂ ᠠᠰᠠᠭᠤᠳᠠᠯ ᠢ ᠠᠩᠬᠠᠷᠤᠨ ᠰᠠᠶᠢᠵᠢᠷᠠᠭᠤᠯᠵᠤ᠂ ᠣᠯᠠᠨ ᠲᠦᠮᠡᠨ ᠎ ᠤ ᠬᠠᠮᠤᠭ ᠤᠨ ᠪᠠᠴᠢᠮ ᠬᠠᠮᠤᠭ ᠤᠨ ᠰᠠᠨᠠᠭᠠᠰᠢᠷᠠᠵᠤ ᠪᠠᠶᠢᠭ᠎ᠠ ᠬᠠᠮᠤᠭ ᠤᠨ ᠬᠦᠰᠡᠵᠦ ᠪᠠᠶᠢᠭ᠎ᠠ ᠠᠰᠠᠭᠤᠳᠠᠯ ᠢ ᠡᠷᠴᠢᠮᠳᠠᠢ ᠰᠢᠢᠳᠪᠣᠷᠢᠯᠡᠬᠦ ᠬᠡᠷᠡᠭᠲᠡᠶ᠃ ᠣᠯᠠᠨ ᠲᠦᠮᠡᠨ ᠤ ᠭᠦᠷᠳᠡᠮᠵᠢ ᠶᠢᠨ ᠲᠥᠷᠥᠭᠳᠡᠯ ᠢᠶᠠᠷ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠢᠯᠭᠠᠨ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠤᠭᠰᠠᠨ ᠪᠣᠳᠠᠲᠤ ᠦᠷ᠎ᠡ ᠪᠦᠲᠦᠮᠵᠢ ᠪᠠᠷ ᠠᠷᠠᠳ ᠤᠨ ᠢᠲᠡᠭᠡᠯ ᠢ ᠤᠯᠬᠤ ᠭᠡᠷᠡᠭᠲᠠᠢ ᠭᠡᠵᠤ ᠵᠢᠭᠠᠵᠤ ᠭᠠᠷᠭᠠᠪᠡ᠃      ᠪᠤᠤ ᠭᠠᠩ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠤ ᠪᠠᠶᠠᠯᠢᠭ ᠠᠭᠤᠯᠤᠭᠳᠠᠬᠤᠨ ᠢ ᠭᠦᠨᠵᠡᠭᠡᠢ ᠦᠢᠯᠠᠭᠠᠵᠤ᠂ ᠲᠡᠭᠦᠨ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠳᠤ ᠲᠤᠭᠤᠰᠢᠯᠠᠭᠤᠯᠵᠤ᠂ ᠠᠮᠢ ᠠᠬᠤᠶ ᠶᠢ ᠲᠡᠷᠢᠭᠦᠨ ᠪᠠᠶᠢᠷᠢᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠵᠠᠮ ᠢ ᠴᠢᠷᠮᠠᠶᠢᠨ ᠡᠷᠢᠯᠬᠢᠯᠡᠭᠦ ᠬᠡᠷᠡᠭᠲᠡᠶ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠰᠠᠶᠢᠲᠤᠷ ᠬᠢᠵᠦ᠂ ︽ᠭᠤᠷᠪᠠᠨ ᠲᠤᠭᠤᠷᠢᠭ ᠭᠤᠷᠪᠠᠨ ᠱᠤᠭᠤᠮ︾᠎ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠭᠤᠷᠪᠠᠨ ᠬᠢᠵᠠᠭᠠᠷᠯᠠᠬᠤ ᠱᠤᠭᠤᠮ ᠢ ᠠᠵᠤ ᠠᠬᠤᠢ ᠶᠢᠨ ᠪᠦᠲᠦᠴᠡ ᠳᠤ ᠲᠣᠬᠢᠷᠠᠭᠤᠯᠤᠯᠲᠠ ᠬᠢᠬᠦ᠂ ᠠᠵᠤ ᠦᠢᠯᠡᠰ ᠎ ᠤᠨ ᠬᠥᠭᠵᠢᠯᠲᠡ ᠶᠢ ᠲᠥᠯᠥᠪᠵᠢᠭᠦᠯᠬᠦ᠂ ᠬᠤᠲᠠ ᠪᠠᠯᠭᠠᠰᠤᠵᠢᠯᠲᠠ ᠶᠢ ᠠᠬᠢᠭᠤᠯᠬᠤ ᠳᠠᠪᠠᠵᠤ ᠪᠣᠯᠤᠰᠢ ᠦᠭᠡᠢ ᠤᠯᠠᠭᠠᠨ ᠱᠤᠭᠤᠮ ᠪᠣᠯᠭᠠᠵᠤ᠂ ᠡᠯ᠎ᠡ ᠲᠥᠷᠥᠯ ᠤᠨ ᠨᠡᠭᠡᠭᠡᠨ ᠬᠥᠭᠵᠢᠭᠦᠯᠵᠦ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢ ᠪᠣᠬᠢᠷᠲᠤᠯ ᠦᠭᠡᠢ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠬᠤᠲᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠲᠣᠭᠲᠠᠭᠠᠵᠤ᠂ ᠪᠣᠬᠢᠷᠲᠤᠯ ᠦᠭᠡᠢ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠠᠵᠤ ᠦᠢᠯᠡᠰ ᠢ ᠰᠠᠶᠢᠲᠤᠷ ᠬᠢᠵᠦ᠂ ᠣᠷᠣᠨ ᠨᠤᠲᠤᠭ ᠤᠨ ᠪᠣᠬᠢᠷᠲᠤᠯ ᠦᠭᠡᠢ ᠲᠥᠷᠥᠯ ᠲᠡᠮᠳᠡᠭ ᠢ ᠪᠤᠢ ᠪᠤᠯᠭᠠᠵᠤ᠂ ᠠᠮᠢ ᠠᠬᠤᠢ ᠶᠢᠨ ᠵᠢᠭᠤᠯᠴᠢᠯᠡᠯ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠭᠡᠵᠤ ᠴᠢᠬᠤᠯᠠᠴᠢᠯᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号