ᠬᠤᠸᠠᠩ ᡁᠢ ᠴᠢᠶᠠᠩ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠺᠠᠳ᠋ᠷ ᠠᠵᠢᠯᠳᠠᠨ ᠢ ᠡᠷᠬᠢᠨ ᠦᠵᠡᠵᠦ ᠳᠤᠬᠤᠨᠢᠭᠤᠯᠬᠤ ᠳᠠᠭᠠᠨ ᠱᠠᠭᠠᠷᠳᠠᠬᠰᠠᠨ ᠨᠢ ᠪᠤᠳᠠᠳᠤ ᠴᠤᠬᠴᠠ ᠶᠢᠨ ᠠᠵᠦ ᠠᠬᠤᠢ ᠳᠤ ᠦᠢᠯᠡᠴᠢᠯᠡᠬᠦ ᠡᠷᠴᠢᠮ ᠢᠶᠠᠨ ᠴᠢᠩᠭᠠᠷᠠᠭᠤᠯᠵᠦ ᠮᠦᠩᠬᠦᠨ ᠬᠦᠢᠯᠬᠡᠬᠡ ᠬᠢᠬᠡᠳ ᠠᠵᠦ ᠠᠬᠤᠢ ᠶᠢᠨ ᠰᠠᠶᠢᠨ ᠰᠠᠶᠢᠬᠠᠨ ᠢᠶᠠᠷ ᠬᠤᠷᠰᠢᠯᠴᠠᠨ ᠵᠤᠬᠢᠴᠠᠩᠭᠤᠢ ᠪᠠᠷ ᠬᠦᠭᠵᠢᠬᠦ ᠶᠢ ᠠᠬᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2020/1/3
     2019 ᠤᠨ ᠤ 12 ᠰᠠᠷ᠎ᠠ ᠶᠢᠨ 31᠎ ᠤ ᠦᠳᠡ ᠶᠢᠨ ᠬᠤᠶᠢᠨ᠎ᠠ᠂ ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠬᠤᠸᠠᠩ ᡁᠢ ᠴᠢᠶᠠᠩ ᠦᠪᠡᠷᠳᠡᠬᠡᠨ ᠵᠠᠰᠠᠬᠤ ᠤᠷᠤᠨ ᠤ ᠬᠡᠰᠡᠭ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠺᠠᠳ᠋ᠷ ᠠᠵᠢᠯᠳᠠᠨ ᠢ ᠡᠷᠭᠢᠨ ᠦᠵᠡᠵᠦ ᠳᠤᠬᠤᠨᠢᠭᠤᠯᠵᠠᠢ᠃      ᠬᠤᠸᠠᠩ ᡁᠢ ᠴᠢᠶᠠᠩ ᠤᠷᠢᠳ ᠬᠤᠵᠢᠳ ᠫᠢᠩ ᠠᠨ ᠪᠠᠩᠬᠢ ᠶᠢᠨ ᠬᠦᠬᠡᠬᠤᠳᠠ ᠳᠠᠬᠢ ᠬᠤᠪᠢᠶᠠᠷᠢ ᠪᠠᠩᠬᠢ᠂ ᠰᠢᠤᠳᠠᠨ ᠬᠠᠳᠠᠭᠠᠯᠠᠮᠵᠢ ᠶᠢᠨ ᠪᠠᠩᠬᠢ ᠶᠢᠨ ᠦᠪᠦᠷ ᠮᠤᠩᠭᠤᠯ ᠳᠠᠬᠢ ᠬᠤᠪᠢᠶᠠᠷᠢ ᠪᠠᠩᠬᠢ᠂ ᠳᠤᠮᠳᠠᠳᠤ ᠤᠯᠤᠰ ᠤᠨ ᠪᠠᠩᠬᠢ ᠶᠢᠨ ᠦᠪᠦᠷ ᠮᠤᠩᠭᠤᠯ ᠳᠠᠬᠢ ᠬᠤᠪᠢᠶᠠᠷᠢ ᠪᠠᠩᠬᠢ ᠵᠡᠷᠬᠡ 3 ᠮᠦᠩᠬᠦᠨ ᠬᠦᠢᠯᠬᠡᠬᠡᠨ ᠤ ᠪᠠᠶᠢᠭᠤᠯᠤᠮᠵᠢ ᠳᠤ ᠬᠦᠷᠴᠦ᠂ ᠵᠢᠯ ᠤᠨ ᠰᠡᠬᠦᠯᠴᠢ ᠶᠢᠨ ᠳ᠋ᠦᠩᠨᠡᠨ ᠪᠤᠳᠤᠬᠤ ᠠᠵᠢᠯ ᠳᠠᠭᠠᠨ ᠶᠠᠭᠠᠷᠠᠯᠳᠤᠵᠦ ᠪᠠᠶᠢᠭᠰᠠᠨ ᠺᠠᠳ᠋ᠷ ᠠᠵᠢᠯᠳᠠᠨ ᠨᠠᠷ ᠢ ᠳᠤᠳᠤᠨᠤ ᠪᠠᠷ ᠳᠤᠬᠤᠨᠢᠭᠤᠯᠵᠦ ᠪᠠᠶᠢᠬᠤ ᠪᠠᠨ ᠢᠯᠡᠳᠬᠡᠵᠠᠢ᠃ ᠳᠡᠷᠡ ᠡᠯ᠎ᠠ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠳᠤᠬᠠᠶᠢᠯᠠᠬᠰᠠᠨ ᠠᠵᠢᠯ ᠤᠨ ᠬᠦᠭᠵᠢᠯᠳᠡ ᠶᠢᠨ ᠪᠠᠶᠢᠳᠠᠯ ᠵᠢᠴᠢ 2020 ᠤᠨ ᠤ ᠠᠵᠢᠯ ᠤᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠠᠰᠠᠭᠤᠨ ᠰᠤᠷᠠᠵᠦ᠂ ᠡᠯ᠎ᠠ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠨᠢᠬᠡ ᠵᠢᠯ ᠤᠨ ᠳᠤᠷᠰᠢᠳᠠ ᠦᠪᠡᠷᠳᠡᠬᠡᠨ ᠵᠠᠰᠠᠬᠤ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠳᠡ ᠳᠤ ᠢᠳᠡᠪᠬᠢᠳᠡᠢ ᠬᠤᠪᠢ ᠨᠠᠮᠠᠷᠢ ᠦᠵᠡᠬᠦᠯᠦᠭᠰᠡᠨ ᠳᠤ ᠳᠠᠯᠠᠷᠬᠠᠵᠦ ᠪᠠᠶᠢᠬᠤ ᠪᠠᠨ ᠢᠯᠡᠳᠬᠡᠪᠡ᠃      ᠬᠤᠸᠠᠩ ᡁᠢ ᠴᠢᠶᠠᠩ᠂ ᠦᠩᠬᠡᠷᠡᠭᠰᠡᠨ ᠨᠢᠬᠡ ᠵᠢᠯ ᠳᠤ᠂ ᠪᠦᠬᠦ ᠤᠷᠤᠨ ᠤ ᠡᠯ᠎ᠠ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠢᠨ ᠬᠦᠴᠢᠷ ᠪᠡᠷᠬᠡᠰᠢᠶᠡᠯ ᠢ ᠵᠤᠷᠢᠬᠳᠠᠢ ᠳᠤᠭᠤᠯᠵᠦ᠂ ᠵᠤᠷᠢᠬᠳᠠᠢ ᠪᠠᠷ ᠡᠬᠦᠷᠬᠡᠯᠡᠯ ᠬᠢᠵᠦ᠂ ᠡᠷᠡᠰ ᠵᠤᠷᠢᠬᠯᠠᠨ ᠰᠢᠨ᠎ᠠ ᠶᠢ ᠡᠬᠦᠳᠴᠤ᠂ ᠪᠤᠳᠠᠳᠤ ᠴᠤᠬᠴᠠ ᠶᠢᠨ ᠠᠵᠦ ᠠᠬᠤᠢ ᠳᠤ ᠦᠢᠯᠡᠴᠢᠯᠡᠬᠦ᠂ ᠮᠦᠩᠬᠦᠨ ᠬᠦᠢᠯᠬᠡᠬᠡᠨ ᠎ ᠤ ᠠᠶᠤᠯ ᠳᠦᠭᠰᠢᠬᠦᠷᠢ ᠶᠢ ᠰᠡᠷᠬᠡᠶᠢᠯᠡᠬᠦ᠂ ᠮᠦᠩᠬᠦᠨ ᠬᠦᠢᠯᠬᠡᠬᠡᠨ ᠤ ᠦᠬᠡᠷᠡᠴᠢᠯᠡᠯᠳᠡ ᠶᠢ ᠠᠬᠢᠭᠤᠯᠬᠤ ᠵᠡᠷᠬᠡ ᠳᠠᠯ᠎ᠠ ᠪᠠᠷ ᠪᠦᠷ ᠵᠤᠬᠢᠬᠤ ᠬᠡᠮᠵᠢᠶᠡᠨ ᠤ ᠠᠮᠵᠢᠯᠳᠡ ᠪᠦᠳᠦᠮᠵᠢ ᠤᠯᠵᠦ᠂ ᠰᠢᠰᠲ᠋ᠧᠮ ᠤᠨ ᠴᠢᠨᠠᠷᠳᠠᠢ ᠮᠦᠩᠬᠦᠨ ᠬᠦᠢᠯᠬᠡᠬᠡᠨ ᠤ ᠠᠶᠤᠯ ᠳᠦᠭᠰᠢᠬᠦᠷᠢ ᠡᠬᠦᠰᠬᠦ ᠦᠬᠡᠢ ᠪᠠᠶᠢᠬᠤ ᠬᠤᠷᠢᠭ᠎ᠠ ᠱᠤᠭᠤᠮ ᠢ ᠪᠠᠳᠤ ᠰᠠᠬᠢᠵᠦ᠂ ᠪᠦᠬᠦ ᠤᠷᠤᠨ ᠎ ᠤ ᠮᠦᠩᠬᠦᠨ ᠬᠦᠢᠯᠬᠡᠬᠡᠨ ᠤ ᠠᠵᠢᠯᠯᠠᠭᠠᠨ ᠤ ᠠᠮᠤᠷ ᠳᠦᠪᠰᠢᠨ ᠢ ᠦᠨᠡᠨ ᠬᠦ ᠪᠠᠳᠤᠯᠠᠵᠠᠢ᠃ 2020 ᠤᠨ ᠳᠤ ᠡᠯ᠎ᠠ ᠮᠦᠩᠬᠦᠨ ᠬᠦᠢᠯᠬᠡᠬᠡᠨ ᠤ ᠪᠠᠶᠢᠭᠤᠯᠤᠮᠵᠢ ᠶᠢᠨ ᠬᠢᠨ ᠳᠦᠪ ᠤᠨ ᠪᠡ ᠦᠪᠡᠷᠳᠡᠬᠡᠨ ᠵᠠᠰᠠᠬᠤ ᠤᠷᠤᠨ ᠤ ᠠᠵᠦ ᠠᠬᠤᠢ ᠶᠢᠨ ᠠᠵᠢᠯ ᠤᠨ ᠬᠤᠷᠠᠯ ᠤᠨ ᠵᠤᠷᠢᠬ ᠰᠠᠨᠠᠭ᠎ᠠ ᠶᠢ ᠨᠠᠷᠢᠨ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠦ᠂ ᠪᠤᠬᠢᠷᠳᠤᠯ ᠦᠬᠡᠢ ᠪᠠᠷ ᠬᠦᠭᠵᠢᠬᠦᠯᠬᠦ ᠦᠢᠯᠡᠭᠠᠬᠳᠠᠬᠤᠨ ᠢ ᠪᠠᠷᠢᠮᠳᠠᠯᠠᠵᠦ᠂ ᠪᠤᠳᠠᠳᠤ ᠴᠤᠬᠴᠠ ᠶᠢᠨ ᠠᠵᠦ ᠠᠬᠤᠢ ᠳᠤ ᠦᠢᠯᠡᠴᠢᠯᠡᠬᠦ ᠡᠷᠴᠢᠮ ᠢ ᠴᠢᠨᠠᠬᠰᠢᠳᠠ ᠴᠢᠩᠭᠠᠷᠠᠭᠤᠯᠵᠦ᠂ ᠮᠦᠩᠬᠦᠨ ᠬᠦᠢᠯᠬᠡᠬᠡ ᠬᠢᠬᠡᠳ ᠠᠵᠦ ᠠᠬᠤᠢ ᠶᠢᠨ ᠰᠠᠶᠢᠨ ᠰᠠᠶᠢᠬᠠᠨ ᠢᠶᠠᠷ ᠬᠤᠷᠰᠢᠯᠴᠠᠨ᠂ ᠵᠤᠬᠢᠴᠠᠩᠭᠤᠢ ᠪᠠᠷ ᠬᠦᠭᠵᠢᠬᠦ ᠶᠢ ᠠᠬᠢᠭᠤᠯᠵᠦ᠂ ᠳᠤᠰ ᠪᠠᠶ᠎ᠠ ᠶᠢᠨ ᠴᠢᠨᠠᠷ ᠰᠠᠶᠢᠳᠠᠢ ᠬᠦᠭᠵᠢᠯᠳᠡ ᠶᠢ ᠪᠠᠶᠠᠯᠠᠬᠦᠯᠬᠦ ᠶᠢᠨ ᠬᠠᠮᠳᠤ᠂ ᠪᠦᠬᠦ ᠤᠷᠤᠨ ᠤ ᠠᠵᠦ ᠠᠵᠦ ᠶᠢᠨ ᠴᠢᠨᠠᠷ ᠰᠠᠶᠢᠳᠠᠢ ᠬᠦᠭᠵᠢᠯᠳᠡ ᠳᠤ ᠬᠦᠴᠦᠳᠡᠢ ᠮᠦᠩᠬᠦᠨ ᠬᠦᠢᠯᠬᠡᠬᠡᠨ ᠤ ᠳᠡᠮᠵᠢᠯᠬᠡ ᠦᠵᠡᠬᠦᠯᠬᠦ ᠬᠡᠷᠡᠭᠳᠡᠢ ᠬᠡᠵᠦ ᠵᠢᠭᠠᠵᠦ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号