12 ᠳ᠋ᠤᠭᠠᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ | ᠬᠦᠬᠡᠬᠤᠲᠠ ᠳᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ | ᠨᠡᠶᠢᠭᠡᠮᠴᠢᠯᠡᠨ ᠬᠠᠮᠢᠶᠠᠷᠬᠤ ᠠᠵᠢᠯ ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ | ᠣᠷᠣᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠨ | ᠬᠤᠷᠢᠶᠠᠨ ᠤ ᠭᠡᠰᠢᠭᠦᠨ᠂ ᠳᠡᠳ᠋ ᠡᠷᠬᠢᠯᠡᠭᠴᠢ᠂ ᠰᠣᠨᠢᠨ ᠮᠡᠳᠡᠭᠡᠨ ᠤ ᠥᠭᠦᠯᠡᠭᠴᠢ ᠾᠧ ᠢᠦᠢ ᠴᠦᠨ ᠮᠠᠨ ᠤ ᠣᠷᠣᠨ | ᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ ᠨᠡᠶᠢᠭᠡᠮᠴᠢᠯᠡᠨ ᠬᠠᠮᠢᠶᠠᠷᠬᠤ | ᠠᠵᠢᠯ ᠤᠨ ᠪᠠᠶᠢᠳᠠᠯ ᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠡᠳ᠋ | ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠠᠮᠢᠶ᠎ᠠ ᠪᠦᠬᠦᠢ ᠬᠥᠮᠦᠰ ᠰᠤᠷᠪᠤᠯᠵᠢᠯᠠᠭᠴᠢ ᠶᠢᠨ | ᠠᠰᠠᠭᠤᠯᠲᠠ ᠶᠢ ᠬᠠᠷᠢᠭᠤᠯᠪᠠ᠃ | ᠲᠠᠨᠢᠯᠴᠠᠭᠤᠯᠤᠭᠰᠠᠨ ᠢᠶᠠᠷ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ | ᠠᠮᠠᠷᠠᠭᠰᠠᠳ ᠢ ᠨᠡᠶᠢᠭᠡᠮᠴᠢᠯᠡᠨ ᠬᠠᠮᠢᠶᠠᠷᠬᠤ ᠠᠵᠢᠯ ᠪᠣᠯ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠨᠡᠶᠢᠭᠡᠮ | ᠤᠨ ᠦᠶᠯᠡᠰ ᠡᠷᠬᠢᠯᠡᠬᠦ ᠡᠭᠦᠷᠭᠡ ᠴᠢᠳᠠᠪᠤᠷᠢ ᠶᠢ ᠰᠠᠯᠭᠠᠬᠤ ᠪᠠ ᠲᠡᠦᠬᠡᠨ ᠦᠯᠡᠳᠡᠭᠳᠡᠯ ᠠᠰᠠᠭᠤᠳᠠᠯ ᠢ ᠰᠢᠶᠳᠪᠦᠷᠢᠯᠡᠬᠦ | ᠡᠴᠦᠰ ᠤᠨ ᠨᠢᠭᠡᠨ ᠥᠭᠡᠷᠡᠴᠢᠯᠡᠯᠲᠡ ᠶᠢᠨ ᠡᠭᠦᠷᠭᠡ ᠮᠥᠨ᠂ ᠪᠠᠰᠠ ᠴᠤ ᠰᠢᠢᠳᠪᠦᠷᠢᠯᠡᠬᠦ ᠳᠤ ᠬᠠᠮᠤᠭ ᠤᠨ | ᠬᠦᠴᠢᠷᠲᠡᠶ ᠶᠠᠪᠤᠳᠠᠯ ᠮᠥᠨ᠂ ᠨᠠᠩ ᠴᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠨᠡᠶᠢᠭᠡᠮ ᠤᠨ ᠦᠶᠯᠡᠰ ᠡᠷᠬᠢᠯᠡᠬᠦ ᠡᠭᠦᠷᠭᠡ | ᠴᠢᠳᠠᠪᠤᠷᠢ ᠶᠢ ᠰᠠᠯᠭᠠᠬᠤ ᠪᠠ ᠲᠡᠦᠬᠡᠨ ᠦᠯᠡᠳᠡᠭᠳᠡᠯ ᠠᠰᠠᠭᠤᠳᠠᠯ ᠢ ᠰᠢᠶᠳᠪᠦᠷᠢᠯᠡᠬᠦ ᠶᠢᠨ ᠴᠢᠬᠤᠯᠠ ᠠᠭᠤᠯᠭ᠎ᠠ | ᠪᠣᠯᠣᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ 2019 ᠣᠨ ᠤ 3 ᠳ᠋ᠤᠭᠠᠷ ᠰᠠᠷ᠎ᠠ ᠳᠤ ︽ᠤᠯᠤᠰ ᠤᠨ ᠦᠮᠴᠢᠯᠡᠯᠲᠦ | ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ ᠨᠡᠶᠢᠭᠡᠮᠴᠢᠯᠡᠨ ᠬᠠᠮᠢᠶᠠᠷᠬᠤ ᠲᠤᠬᠠᠶ ᠵᠢᠯᠣᠭᠤᠳᠬᠤ ᠰᠠᠨᠠᠯ︾ | ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠤᠨ | ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠲᠦᠷᠦᠭᠦᠯᠡᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ | ᠤᠨ ᠪᠠᠲᠤᠯᠠᠭ᠎ᠠ ᠶᠢᠨ ᠲᠢᠩᠬᠢᠮ ᠵᠡᠷᠭᠡ 7 ᠰᠠᠯᠠᠭ᠎ᠠ ᠮᠥᠴᠢᠷ ᠲᠠᠢ ᠬᠠᠮᠲᠤᠷᠠᠨ᠂ ᠲᠥᠪ ᠤᠨ ᠱᠠᠭᠠᠷᠳᠠᠯᠭ᠎ᠠ ᠶᠣᠰᠣᠭᠠᠷ᠂ | ᠪᠠᠶᠢᠳᠠᠯ ᠢ ᠣᠶᠢᠯᠠᠭᠠᠨ ᠪᠠᠶᠢᠴᠠᠭᠠᠬᠤ᠂ ᠪᠠᠶᠢᠴᠠᠭᠠᠨ ᠰᠤᠳᠤᠯᠵᠤ ᠨᠤᠲᠠᠯᠠᠬᠤ᠂ ᠲᠥᠰᠦᠯ ᠨᠡᠶᠢᠲᠡᠯᠡᠬᠦ᠂ ᠵᠣᠬᠢᠶᠠᠨ | ᠪᠠᠶᠢᠭᠤᠯᠤᠨ ᠬᠡᠷᠡᠭᠵᠢᠭᠦᠯᠬᠦ ᠠᠵᠢᠯ ᠢ ᠰᠢᠮᠳᠠᠭᠤᠯᠤᠨ ᠦᠷᠨᠢᠭᠦᠯᠬᠦ ᠬᠡᠷᠡᠭᠲᠡᠢ ᠭᠡᠵᠦ ᠲᠣᠭᠲᠠᠭᠠᠭᠠᠳ᠂ ᠮᠠᠨ ᠤ ᠣᠷᠣᠨ | ᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ ᠨᠡᠶᠢᠭᠡᠮᠴᠢᠯᠡᠨ ᠬᠠᠮᠢᠶᠠᠷᠬᠤ | ᠠᠵᠢᠯ ᠢ ᠪᠥᠬᠦ ᠲᠠᠯ᠎ᠠ ᠪᠠᠷ ᠡᠬᠢᠯᠡᠭᠦᠯᠦᠨ ᠠᠬᠢᠭᠤᠯᠪᠠ᠃ | ᠠᠩᠬ᠎ᠠ ᠠᠯᠬᠤᠮ ᠤᠨ ᠪᠦᠷᠢᠳᠬᠡᠯ ᠠᠴᠠ ᠦᠵᠡᠪᠡᠯ᠂ 2018 ᠣᠨ ᠤ ᠡᠴᠦᠰ ᠪᠣᠯᠲᠠᠯ᠎ᠠ᠂ ᠪᠥᠬᠦ ᠣᠷᠣᠨ | ᠤ ᠨᠡᠶᠢᠭᠡᠮᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠦᠭᠡᠳᠦᠶ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯ | ᠠᠴᠠ ᠪᠠᠨ ᠠᠮᠠᠷᠠᠭᠰᠠᠳ ᠪᠠᠷᠤᠭ 30 ᠲᠦᠮᠡᠨ ᠬᠥᠮᠥᠨ ᠪᠠᠶᠢᠪᠠ᠂ ᠡᠭᠦᠨ ᠳᠤ᠄ ᠣᠷᠣᠨ ᠤ ᠰᠢᠭᠤᠳ ᠬᠠᠷᠢᠶ᠎ᠠ ᠠᠵᠤ | ᠠᠬᠤᠶᠢᠯᠠᠯ ᠤᠨ ᠪᠠᠷᠤᠭ 18 ᠲᠦᠮᠡᠨ ᠬᠥᠮᠥᠨ᠂ ᠠᠶᠢᠮᠠᠭ ᠬᠤᠲᠠ ᠶᠢᠨ ᠠᠵᠤ ᠠᠬᠤᠶᠢᠯᠠᠯ ᠤᠨ ᠪᠠᠷᠤᠭ 3 ᠲᠦᠮᠡᠨ | ᠬᠥᠮᠥᠨ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠠᠵᠤ ᠠᠬᠤᠶᠢᠯᠠᠯ ᠤᠨ ᠪᠠᠷᠤᠭ 9 ᠲᠦᠮᠡᠨ | ᠬᠥᠮᠥᠨ ᠪᠤᠢ᠃ 2019 ᠣᠨ ᠤ 8 ᠳ᠋ᠤᠭᠠᠷ ᠰᠠᠷ᠎ᠠ ᠳᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ | ᠨᠡᠶᠢᠭᠡᠮᠴᠢᠯᠡᠨ ᠬᠠᠮᠢᠶᠠᠷᠬᠤ ᠠᠵᠢᠯ ᠤᠨ ᠲᠥᠰᠦᠯ︾ ᠳᠤ᠂ 2019 ᠣᠨ ᠤ 9 ᠳ᠋ᠦ᠋ᠭᠡᠷ ᠰᠠᠷ᠎ᠠ ᠶᠢᠨ ᠡᠴᠦᠰ ᠪᠠ | 2020 ᠣᠨ ᠤ 3 ᠳ᠋ᠤᠭᠠᠷ ᠰᠠᠷ᠎ᠠ ᠶᠢᠨ ᠡᠴᠦᠰ᠂ 6 ᠳ᠋ᠤᠭᠠᠷ ᠰᠠᠷ᠎ᠠ ᠶᠢᠨ ᠡᠴᠦᠰ᠂ 10 ᠳ᠋ᠤᠭᠠᠷ ᠰᠠᠷ᠎ᠠ ᠶᠢᠨ | ᠡᠴᠦᠰ ᠵᠡᠷᠭᠡ ᠳᠥᠷᠪᠡᠨ ᠵᠠᠩᠭᠢᠯᠠᠭ᠎ᠠ ᠶᠢᠨ ᠴᠠᠭ ᠲᠤ᠂ ᠡᠯ᠎ᠡ ᠠᠶᠢᠮᠠᠭ ᠬᠤᠲᠠ ᠶᠢᠨ ᠪᠤᠳᠠᠲᠠᠢ ᠬᠡᠷᠡᠭᠵᠢᠭᠦᠯᠬᠦ ᠠᠷᠭ᠎ᠠ | ᠪᠠ ᠠᠵᠤ ᠠᠬᠤᠶᠢᠯᠠᠯ ᠤᠨ ᠰᠢᠯᠵᠢᠭᠦᠯᠦᠨ ᠲᠤᠰᠢᠶᠠᠬᠤ ᠲᠥᠰᠦᠯ ᠢ ᠲᠣᠭᠲᠠᠭᠠᠬᠤ᠂ ᠰᠢᠯᠵᠢᠭᠦᠯᠦᠨ ᠲᠤᠰᠢᠶᠠᠬᠤ | ᠵᠥᠪᠳᠡᠯᠴᠡᠭᠡᠷ ᠲᠣᠭᠲᠠᠬᠤ᠂ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠪᠠ ᠨᠠᠮ ᠤᠨ ᠵᠣᠬᠢᠶᠠᠨ ᠪᠠᠶᠢᠭᠤᠯᠤᠯᠲᠠ | ᠶᠢᠨ ᠬᠠᠷᠢᠴᠠᠭ᠎ᠠ ᠶᠢ ᠰᠢᠯᠵᠢᠭᠦᠯᠦᠨ ᠲᠤᠰᠢᠶᠠᠬᠤ᠂ ᠡᠳ᠋ ᠬᠥᠷᠥᠩᠭᠡ ᠶᠢ ᠬᠤᠪᠢᠶᠠᠷᠢᠯᠠᠨ ᠰᠢᠯᠵᠢᠭᠦᠯᠬᠦ ᠵᠡᠷᠭᠡ ᠠᠵᠢᠯ ᠢ | ᠲᠣᠰ ᠲᠣᠰ ᠪᠡᠶᠡᠯᠡᠭᠦᠯᠵᠦ᠂ 2020 ᠣᠨ ᠤ ᠵᠢᠯ ᠤᠨ ᠡᠴᠦᠰ ᠠᠴᠠ ᠡᠮᠦᠨ᠎ᠡ ᠡᠨᠡ ᠬᠦ ᠠᠵᠢᠯ ᠢ ᠪᠥᠬᠦ ᠲᠠᠯ᠎ᠠ ᠪᠠᠷ | ᠪᠡᠶᠡᠯᠡᠭᠦᠯᠬᠦ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃ ᠥᠪᠡᠷᠲᠡᠭᠡᠨ ᠵᠠᠰᠠᠬᠤ ᠣᠷᠣᠨ ᠤ ᠱᠠᠲᠤᠨ ᠳᠤ᠂ ᠬᠡᠷᠡᠭ | ᠵᠥᠪᠯᠡᠵᠦ ᠵᠣᠬᠢᠴᠠᠭᠤᠯᠬᠤ ᠲᠣᠭᠲᠠᠴᠠ᠂ ᠪᠠᠶᠢᠳᠠᠯ ᠢ ᠮᠡᠳᠡᠭᠳᠡᠬᠦ ᠲᠣᠭᠲᠠᠴᠠ᠂ ᠲᠥᠷᠥ ᠶᠢᠨ ᠪᠣᠳᠣᠯᠭ᠎ᠠ ᠶᠢ | ᠲᠠᠶᠢᠯᠪᠤᠷᠢᠯᠠᠬᠤ ᠲᠣᠭᠲᠠᠴᠠ᠂ ᠵᠣᠯᠭᠠᠯᠳᠤᠭᠤᠯᠤᠨ ᠦᠶᠯᠡᠴᠢᠯᠡᠬᠦ ᠲᠣᠭᠲᠠᠴᠠ ᠵᠡᠷᠭᠡ ᠳᠥᠷᠪᠡᠨ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠬᠦ ᠶᠢ ᠲᠦᠷᠭᠡᠨ ᠠᠬᠢᠭᠤᠯᠬᠤ ᠪᠠᠷ ᠳᠠᠮᠵᠢᠭᠤᠯᠤᠨ ᠡᠯ᠎ᠡ ᠵᠦᠶᠯ ᠤᠨ ᠠᠵᠢᠯ ᠢ | ᠲᠣᠭᠲᠠᠭᠤᠨ ᠢᠶᠠᠷ ᠡᠬᠢᠯᠡᠭᠦᠯᠬᠦ ᠪᠠ ᠵᠣᠬᠢᠴᠠᠩᠭᠤᠶ ᠪᠠᠷ ᠠᠬᠢᠭᠤᠯᠬᠤ ᠶᠢ ᠦᠨᠡᠨ ᠬᠦ ᠪᠠᠲᠤᠯᠠᠪᠠ᠃ | |