ᠥᠪᠥᠷ ᠮᠣᠩᠭᠤᠯ ᠡᠪᠦᠯ ᠬᠠᠪᠤᠷ ᠤᠨ ᠭᠠᠮᠰᠢᠭ ᠠᠴᠠ ᠠᠪᠤᠷᠠᠬᠤ ᠪᠠᠯᠠ ᠮᠥᠩᠭᠦ ᠶᠢ 1.5 ᠳ᠋ᠦᠩᠰᠢᠭᠤᠷ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2020/1/3
     ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠵᠤ᠂ ᠡᠪᠦᠯ ᠢ ᠳᠤᠯᠠᠭᠠᠬᠠᠨ ᠥᠩᠭᠡᠷᠡᠭᠦᠯᠬᠦ ᠶᠢᠨ ᠲᠤᠰᠠᠳᠠ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠬᠠᠮᠲᠤᠷᠠᠨ 2019 ~ 2020 ᠣᠨ ᠤ ᠲᠥᠪ ᠤᠨ ᠡᠪᠦᠯ ᠬᠠᠪᠤᠷ ᠤᠨ ᠭᠠᠮᠰᠢᠭ ᠠᠴᠠ ᠠᠪᠤᠷᠠᠬᠤ ᠪᠠᠯᠠ ᠮᠥᠩᠭᠦ ᠶᠢ 1.5 ᠳ᠋ᠦᠩᠰᠢᠭᠤᠷ ᠲᠥᠭᠦᠷᠢᠭ ᠪᠠᠭᠤᠯᠭᠠᠵᠤ᠂ ᠡᠯ᠎ᠡ ᠭᠠᠵᠠᠷ ᠤᠨ ᠭᠠᠮᠰᠢᠭᠳᠠᠭᠰᠠᠨ ᠣᠷᠣᠨ ᠢ ᠳᠠᠮᠵᠢᠨ ᠬᠠᠪᠰᠤᠷᠴᠤ ᠪᠠᠶᠢᠭᠠᠳ ᠭᠠᠮᠰᠢᠭᠳᠠᠭᠰᠠᠨ ᠣᠯᠠᠨ ᠲᠦᠮᠡᠨ ᠤ ᠡᠪᠦᠯ ᠬᠠᠪᠤᠷ ᠤᠨ ᠬᠤᠭᠤᠴᠠᠭᠠᠨ ᠳᠠᠬᠢ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠳᠤ ᠬᠡᠷᠡᠭᠯᠡᠨ᠎ᠡ᠃ 2019 ᠣᠨ ᠤ 12 ᠳ᠋ᠤᠭᠠᠷ ᠰᠠᠷ᠎ᠠ ᠶᠢᠨ 30᠎ ᠤ ᠡᠳᠦᠷ ᠪᠣᠯᠬᠤ ᠳᠤ᠂ ᠬᠢᠩᠭᠠᠨ ᠠᠶᠢᠮᠠᠭ᠂ ᠬᠥᠯᠥᠨ ᠪᠤᠶᠢᠷ ᠬᠤᠲᠠ ᠨᠢᠭᠡᠨᠲᠡ ᠲᠥᠪ ᠤᠨ ᠡᠪᠦᠯ ᠬᠠᠪᠤᠷ ᠤᠨ ᠭᠠᠮᠰᠢᠭ ᠠᠴᠠ ᠠᠪᠤᠷᠠᠬᠤ ᠪᠠᠯᠠ ᠮᠥᠩᠭᠦ ᠶᠢ ᠭᠠᠮᠰᠢᠭᠳᠠᠭᠰᠠᠨ ᠬᠤᠰᠢᠭᠤ ᠰᠢᠶᠠᠨ ᠳᠤ ᠪᠠᠭᠤᠯᠭᠠᠪᠠ᠃      2019 ~ 2020 ᠣᠨ ᠤ ᠡᠪᠦᠯ ᠬᠠᠪᠤᠷ ᠤᠨ ᠠᠪᠤᠷᠠᠨ ᠲᠤᠰᠠᠯᠠᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠢᠳᠡᠪᠬᠢᠲᠡᠢ ᠵᠣᠬᠢᠴᠠᠭᠤᠯᠤᠨ ᠲᠥᠪ ᠤᠨ ᠡᠪᠦᠯ ᠬᠠᠪᠤᠷ ᠤᠨ ᠭᠠᠮᠰᠢᠭ ᠠᠴᠠ ᠠᠪᠤᠷᠠᠬᠤ ᠪᠠᠯᠠ ᠮᠥᠩᠭᠦ ᠶᠢ ᠬᠤᠯᠪᠣᠭᠳᠠᠯ ᠪᠦᠬᠦᠢ ᠠᠶᠢᠮᠠᠭ ᠬᠤᠲᠠ ᠳᠤ ᠴᠠᠭ ᠲᠤᠬᠠᠶ ᠳᠤ ᠨᠢ ᠪᠠᠭᠤᠯᠭᠠᠪᠠ᠃ ᠬᠤᠶᠠᠷ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ᠂ ᠡᠯ᠎ᠡ ᠬᠤᠯᠪᠣᠭᠳᠠᠯ ᠪᠦᠬᠦᠢ ᠭᠠᠵᠠᠷ ᠣᠷᠣᠨ ᠤ ᠬᠢᠨ ᠤᠯᠤᠰ ᠲᠥᠷᠥ ᠶᠢᠨ ᠵᠣᠭᠰᠤᠴᠠ ᠪᠠᠨ ᠥᠨᠡᠨ ᠬᠦ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠢᠳᠡᠪᠬᠢᠲᠡᠶ ᠪᠠᠷ ᠵᠣᠬᠢᠴᠠᠭᠤᠯᠤᠨ ᠬᠠᠮᠲᠤᠷᠠᠨ ᠬᠥᠳᠡᠯᠦᠯᠴᠡᠵᠦ᠂ ᠪᠠᠯᠠ ᠮᠥᠩᠭᠦ ᠰᠠᠯᠭᠠᠨ ᠥᠭᠬᠦ ᠠᠬᠢᠴᠠ ᠶᠢ ᠲᠦᠷᠭᠡᠳᠬᠡᠨ᠂ ᠴᠠᠭᠠᠨ ᠰᠠᠷ᠎ᠠ ᠠᠴᠠ ᠡᠮᠦᠨ᠎ᠡ ᠡᠪᠦᠯ ᠬᠠᠪᠤᠷ ᠤᠨ ᠭᠠᠮᠰᠢᠭ ᠠᠴᠠ ᠠᠪᠤᠷᠠᠬᠤ ᠪᠠᠯᠠ ᠮᠥᠩᠭᠦ ᠶᠢ ᠪᠦᠬᠦᠨ ᠢ ᠲᠤᠭ᠎ᠠ ᠶᠣᠰᠣᠭᠠᠷ ᠨᠢ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠭᠠᠮᠰᠢᠭᠳᠠᠭᠰᠠᠨ ᠣᠯᠠᠨ ᠲᠦᠮᠡᠨ ᠤ ᠭᠠᠷ ᠲᠤ ᠣᠯᠭᠤᠬᠤ ᠶᠢ ᠥᠨᠡᠨ ᠬᠦ ᠪᠠᠲᠤᠯᠠᠵᠤ᠂ ᠭᠠᠮᠰᠢᠭᠳᠠᠭᠰᠠᠨ ᠣᠯᠠᠨ ᠲᠦᠮᠡᠨ ᠤ ᠠᠮᠤᠷ ᠲᠦᠪᠰᠢᠨ ᠳᠤᠯᠠᠭᠠᠬᠠᠨ ᠡᠪᠦᠯᠵᠢᠵᠦ᠂ ᠪᠠᠶᠠᠷ ᠬᠥᠷ ᠲᠠᠢ ᠥᠯᠵᠡᠶ ᠪᠡᠯᠭᠡ ᠲᠠᠢ ᠰᠢᠨᠡᠯᠡᠬᠦ ᠶᠢ ᠥᠨᠡᠨ ᠬᠦ ᠪᠠᠲᠤᠯᠠᠬᠤ ᠬᠡᠷᠡᠭᠲᠡᠶ ᠭᠡᠵᠡᠶ᠃      ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠣᠰ ᠡᠳᠦᠷ ᠰᠤᠷᠪᠤᠯᠵᠢᠯᠠᠭ᠎ᠠ ᠬᠦᠯᠢᠶᠡᠬᠦ ᠳᠤ ᠪᠠᠨ᠂ ᠡᠪᠦᠯ ᠬᠠᠪᠤᠷ ᠤᠨ ᠭᠠᠮᠰᠢᠭ ᠠᠴᠠ ᠠᠪᠤᠷᠠᠬᠤ ᠪᠠᠯᠠ ᠮᠥᠩᠭᠦ ᠶᠢᠨ ᠬᠤᠪᠢᠶᠠᠷᠢᠯᠠᠯᠲᠠ ᠳᠤ ︽ᠲᠤᠰᠬᠠᠶ ᠵᠣᠭᠤᠰ ᠢ ᠲᠤᠰᠬᠠᠶ ᠬᠡᠷᠡᠭᠯᠡᠬᠦ᠂ ᠭᠤᠤᠯᠳᠠᠯᠭ᠎ᠠ ᠲᠠᠢ ᠬᠡᠷᠡᠭᠯᠡᠬᠦ᠂ ᠲᠥᠷᠥᠯ ᠬᠤᠪᠢᠶᠠᠨ ᠠᠪᠤᠷᠠᠨ ᠲᠤᠰᠠᠯᠠᠬᠤ︾ ᠵᠠᠷᠴᠢᠮ ᠢ ᠪᠠᠷᠢᠮᠲᠠᠯᠠᠵᠤ᠂ ᠭᠠᠮᠰᠢᠭ ᠠᠴᠠ ᠪᠣᠯᠵᠤ ᠠᠮᠢᠳᠤᠷᠠᠯ ᠨᠢ ᠬᠦᠴᠢᠷᠳᠡᠯ ᠲᠠᠢ ᠪᠣᠯᠤᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ᠂ ᠳᠠᠩᠰᠠ ᠪᠠ ᠺᠠᠷᠲ ᠲᠠᠢ ᠶᠠᠳᠠᠭᠤ ᠬᠦᠴᠢᠷᠳᠡᠯ ᠲᠠᠢ ᠡᠷᠦᠬᠡ᠂ ᠬᠥᠳᠡᠭᠡ ᠲᠣᠰᠬᠤᠨ ᠤ ᠭᠡᠷ ᠢᠶᠠᠨ ᠰᠠᠬᠢᠵᠤ ᠬᠤᠴᠣᠷᠤᠭᠰᠠᠨ ᠬᠡᠤᠬᠡᠳ ᠵᠡᠷᠭᠡ ᠣᠨᠴᠠᠭᠠᠢ ᠬᠦᠮᠦᠰ ᠢ ᠠᠪᠤᠷᠠᠨ ᠲᠤᠰᠠᠯᠠᠬᠤ ᠠᠵᠢᠯ ᠢ ᠡᠩ ᠲᠡᠷᠢᠭᠦᠨ ᠳᠤ ᠰᠠᠶᠢᠲᠤᠷ ᠬᠢᠨ᠎ᠡ᠃ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠬᠤᠯᠪᠣᠭᠳᠠᠯ ᠪᠦᠬᠦᠢ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠤᠨ ᠶᠣᠰᠣᠭᠠᠷ ᠬᠤᠪᠢᠶᠠᠷᠢᠯᠠᠬᠤ ᠬᠡᠷᠡᠭᠲᠡᠶ᠂ ᠲᠣᠬᠤᠨᠢᠭᠤᠯᠬᠤ ᠵᠣᠭᠤᠰ ᠤᠨ ᠬᠡᠯᠪᠡᠷᠢ ᠪᠠᠷ ᠣᠯᠭᠤᠵᠤ ᠪᠣᠯᠬᠤ ᠦᠭᠡᠢ᠂ ᠰᠢᠬᠠᠨ ᠡᠵᠡᠯᠡᠵᠦ᠂ ᠳᠤᠮᠳᠠ ᠠᠴᠠ ᠨᠢ ᠲᠠᠰᠤᠳᠠᠨ ᠦᠯᠡᠳᠡᠭᠡᠵᠦ᠂ ᠨᠡᠭᠦᠯᠭᠡᠨ ᠬᠡᠷᠡᠭᠯᠡᠵᠦ ᠪᠣᠯᠬᠤ ᠦᠭᠡᠢ᠂ ᠪᠡᠯᠡ ᠮᠥᠩᠭᠦ ᠶᠢᠨ ᠬᠡᠷᠡᠭᠯᠡᠬᠦ ᠬᠡᠪᠴᠢᠶ᠎ᠡ ᠶᠢ ᠳᠤᠷ᠎ᠠ ᠪᠠᠷ ᠢᠶᠠᠨ ᠥᠷᠭᠡᠳᠬᠡᠵᠦ ᠪᠣᠯᠬᠤ ᠦᠭᠡᠢ᠂ ᠡᠷᠬᠡ ᠲᠡᠭᠰᠢ ᠲᠥᠪ ᠭᠤᠤᠯᠴᠢ ᠪᠠᠶᠢᠬᠤ ᠶᠢ ᠥᠨᠡᠨ ᠬᠦ ᠪᠠᠲᠤᠯᠠᠨ᠎ᠠ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号