ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ ᠨᠡᠶᠢᠭᠡᠮᠴᠢᠯᠡᠨ ᠬᠠᠮᠢᠶᠠᠷᠬᠤ ᠠᠵᠢᠯ ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2020/1/3

     12 ᠳ᠋ᠤᠭᠠᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠦᠬᠡᠬᠤᠲᠠ ᠳᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ  ᠢ ᠨᠡᠶᠢᠭᠡᠮᠴᠢᠯᠡᠨ ᠬᠠᠮᠢᠶᠠᠷᠬᠤ ᠠᠵᠢᠯ ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠬᠤᠷᠢᠶᠠᠨ ᠤ ᠭᠡᠰᠢᠭᠦᠨ᠂ ᠳᠡᠳ᠋ ᠡᠷᠬᠢᠯᠡᠭᠴᠢ᠂ ᠰᠣᠨᠢᠨ ᠮᠡᠳᠡᠭᠡᠨ ᠤ ᠥᠭᠦᠯᠡᠭᠴᠢ ᠾᠧ ᠢᠦᠢ ᠴᠦᠨ ᠮᠠᠨ ᠤ ᠣᠷᠣᠨ ᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ ᠨᠡᠶᠢᠭᠡᠮᠴᠢᠯᠡᠨ ᠬᠠᠮᠢᠶᠠᠷᠬᠤ ᠠᠵᠢᠯ ᠤᠨ ᠪᠠᠶᠢᠳᠠᠯ ᠢ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠠᠮᠢᠶ᠎ᠠ ᠪᠦᠬᠦᠢ ᠬᠥᠮᠦᠰ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃
     ᠲᠠᠨᠢᠯᠴᠠᠭᠤᠯᠤᠭᠰᠠᠨ ᠢᠶᠠᠷ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ ᠨᠡᠶᠢᠭᠡᠮᠴᠢᠯᠡᠨ ᠬᠠᠮᠢᠶᠠᠷᠬᠤ ᠠᠵᠢᠯ ᠪᠣᠯ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠨᠡᠶᠢᠭᠡᠮ ᠤᠨ ᠦᠶᠯᠡᠰ ᠡᠷᠬᠢᠯᠡᠬᠦ ᠡᠭᠦᠷᠭᠡ ᠴᠢᠳᠠᠪᠤᠷᠢ ᠶᠢ ᠰᠠᠯᠭᠠᠬᠤ ᠪᠠ ᠲᠡᠦᠬᠡᠨ ᠦᠯᠡᠳᠡᠭᠳᠡᠯ ᠠᠰᠠᠭᠤᠳᠠᠯ ᠢ ᠰᠢᠶᠳᠪᠦᠷᠢᠯᠡᠬᠦ ᠡᠴᠦᠰ ᠤᠨ ᠨᠢᠭᠡᠨ ᠥᠭᠡᠷᠡᠴᠢᠯᠡᠯᠲᠡ ᠶᠢᠨ ᠡᠭᠦᠷᠭᠡ ᠮᠥᠨ᠂ ᠪᠠᠰᠠ ᠴᠤ ᠰᠢᠢᠳᠪᠦᠷᠢᠯᠡᠬᠦ ᠳᠤ ᠬᠠᠮᠤᠭ ᠤᠨ ᠬᠦᠴᠢᠷᠲᠡᠶ ᠶᠠᠪᠤᠳᠠᠯ ᠮᠥᠨ᠂ ᠨᠠᠩ ᠴᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠨᠡᠶᠢᠭᠡᠮ ᠤᠨ ᠦᠶᠯᠡᠰ ᠡᠷᠬᠢᠯᠡᠬᠦ ᠡᠭᠦᠷᠭᠡ ᠴᠢᠳᠠᠪᠤᠷᠢ ᠶᠢ ᠰᠠᠯᠭᠠᠬᠤ ᠪᠠ ᠲᠡᠦᠬᠡᠨ ᠦᠯᠡᠳᠡᠭᠳᠡᠯ ᠠᠰᠠᠭᠤᠳᠠᠯ ᠢ ᠰᠢᠶᠳᠪᠦᠷᠢᠯᠡᠬᠦ ᠶᠢᠨ ᠴᠢᠬᠤᠯᠠ ᠠᠭᠤᠯᠭ᠎ᠠ ᠪᠣᠯᠣᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ 2019 ᠣᠨ ᠤ 3 ᠳ᠋ᠤᠭᠠᠷ ᠰᠠᠷ᠎ᠠ ᠳᠤ ︽ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ ᠨᠡᠶᠢᠭᠡᠮᠴᠢᠯᠡᠨ ᠬᠠᠮᠢᠶᠠᠷᠬᠤ ᠲᠤᠬᠠᠶ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠲᠦᠷᠦᠭᠦᠯᠡᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ 7 ᠰᠠᠯᠠᠭ᠎ᠠ ᠮᠥᠴᠢᠷ ᠲᠠᠢ ᠬᠠᠮᠲᠤᠷᠠᠨ᠂ ᠲᠥᠪ ᠤᠨ ᠱᠠᠭᠠᠷᠳᠠᠯᠭ᠎ᠠ ᠶᠣᠰᠣᠭᠠᠷ᠂ ᠪᠠᠶᠢᠳᠠᠯ ᠢ ᠣᠶᠢᠯᠠᠭᠠᠨ ᠪᠠᠶᠢᠴᠠᠭᠠᠬᠤ᠂ ᠪᠠᠶᠢᠴᠠᠭᠠᠨ ᠰᠤᠳᠤᠯᠵᠤ ᠨᠤᠲᠠᠯᠠᠬᠤ᠂ ᠲᠥᠰᠦᠯ ᠨᠡᠶᠢᠲᠡᠯᠡᠬᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠰᠢᠮᠳᠠᠭᠤᠯᠤᠨ ᠦᠷᠨᠢᠭᠦᠯᠬᠦ ᠬᠡᠷᠡᠭᠲᠡᠢ ᠭᠡᠵᠦ ᠲᠣᠭᠲᠠᠭᠠᠭᠠᠳ᠂ ᠮᠠᠨ ᠤ ᠣᠷᠣᠨ ᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ ᠨᠡᠶᠢᠭᠡᠮᠴᠢᠯᠡᠨ ᠬᠠᠮᠢᠶᠠᠷᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠦᠨ ᠠᠬᠢᠭᠤᠯᠪᠠ᠃
      ᠠᠩᠬ᠎ᠠ ᠠᠯᠬᠤᠮ ᠤᠨ ᠪᠦᠷᠢᠳᠬᠡᠯ ᠠᠴᠠ ᠦᠵᠡᠪᠡᠯ᠂ 2018 ᠣᠨ ᠤ ᠡᠴᠦᠰ ᠪᠣᠯᠲᠠᠯ᠎ᠠ᠂ ᠪᠥᠬᠦ ᠣᠷᠣᠨ ᠤ ᠨᠡᠶᠢᠭᠡᠮᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠦᠭᠡᠳᠦᠶ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠪᠠᠷᠤᠭ 30 ᠲᠦᠮᠡᠨ ᠬᠥᠮᠥᠨ ᠪᠠᠶᠢᠪᠠ᠂ ᠡᠭᠦᠨ ᠳᠤ᠄ ᠣᠷᠣᠨ ᠤ ᠰᠢᠭᠤᠳ ᠬᠠᠷᠢᠶ᠎ᠠ ᠠᠵᠤ ᠠᠬᠤᠶᠢᠯᠠᠯ ᠤᠨ ᠪᠠᠷᠤᠭ 18 ᠲᠦᠮᠡᠨ ᠬᠥᠮᠥᠨ᠂ ᠠᠶᠢᠮᠠᠭ ᠬᠤᠲᠠ ᠶᠢᠨ ᠠᠵᠤ ᠠᠬᠤᠶᠢᠯᠠᠯ ᠤᠨ ᠪᠠᠷᠤᠭ 3 ᠲᠦᠮᠡᠨ ᠬᠥᠮᠥᠨ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠥᠪ ᠤᠨ ᠠᠵᠤ ᠠᠬᠤᠶᠢᠯᠠᠯ ᠤᠨ ᠪᠠᠷᠤᠭ 9 ᠲᠦᠮᠡᠨ ᠬᠥᠮᠥᠨ ᠪᠤᠢ᠃ 2019 ᠣᠨ ᠤ 8 ᠳ᠋ᠤᠭᠠᠷ ᠰᠠᠷ᠎ᠠ ᠳᠤ ᠨᠡᠶᠢᠲᠡᠯᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ ᠨᠡᠶᠢᠭᠡᠮᠴᠢᠯᠡᠨ ᠬᠠᠮᠢᠶᠠᠷᠬᠤ ᠠᠵᠢᠯ ᠤᠨ ᠲᠥᠰᠦᠯ︾ ᠳᠤ᠂ 2019 ᠣᠨ ᠤ 9 ᠳ᠋ᠦ᠋ᠭᠡᠷ ᠰᠠᠷ᠎ᠠ ᠶᠢᠨ ᠡᠴᠦᠰ ᠪᠠ 2020 ᠣᠨ ᠤ 3 ᠳ᠋ᠤᠭᠠᠷ ᠰᠠᠷ᠎ᠠ ᠶᠢᠨ ᠡᠴᠦᠰ᠂ 6 ᠳ᠋ᠤᠭᠠᠷ ᠰᠠᠷ᠎ᠠ ᠶᠢᠨ ᠡᠴᠦᠰ᠂ 10 ᠳ᠋ᠤᠭᠠᠷ ᠰᠠᠷ᠎ᠠ ᠶᠢᠨ ᠡᠴᠦᠰ ᠵᠡᠷᠭᠡ ᠳᠥᠷᠪᠡᠨ ᠵᠠᠩᠭᠢᠯᠠᠭ᠎ᠠ ᠶᠢᠨ ᠴᠠᠭ ᠲᠤ᠂ ᠡᠯ᠎ᠡ ᠠᠶᠢᠮᠠᠭ ᠬᠤᠲᠠ ᠶᠢᠨ ᠪᠤᠳᠠᠲᠠᠢ ᠬᠡᠷᠡᠭᠵᠢᠭᠦᠯᠬᠦ ᠠᠷᠭ᠎ᠠ ᠪᠠ ᠠᠵᠤ ᠠᠬᠤᠶᠢᠯᠠᠯ ᠤᠨ ᠰᠢᠯᠵᠢᠭᠦᠯᠦᠨ ᠲᠤᠰᠢᠶᠠᠬᠤ ᠲᠥᠰᠦᠯ ᠢ ᠲᠣᠭᠲᠠᠭᠠᠬᠤ᠂ ᠰᠢᠯᠵᠢᠭᠦᠯᠦᠨ ᠲᠤᠰᠢᠶᠠᠬᠤ ᠵᠥᠪᠳᠡᠯᠴᠡᠭᠡᠷ ᠲᠣᠭᠲᠠᠬᠤ᠂ ᠠᠵᠢᠯᠲᠠᠨ ᠤ ᠶᠠᠪᠤᠳᠠᠯ ᠤᠨ ᠳᠠᠩᠰᠠ ᠡᠪᠬᠡᠮᠡᠯ ᠪᠠ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢ ᠰᠢᠯᠵᠢᠭᠦᠯᠦᠨ ᠲᠤᠰᠢᠶᠠᠬᠤ᠂ ᠡᠳ᠋ ᠬᠥᠷᠥᠩᠭᠡ ᠶᠢ ᠬᠤᠪᠢᠶᠠᠷᠢᠯᠠᠨ ᠰᠢᠯᠵᠢᠭᠦᠯᠬᠦ ᠵᠡᠷᠭᠡ ᠠᠵᠢᠯ ᠢ ᠲᠣᠰ ᠲᠣᠰ ᠪᠡᠶᠡᠯᠡᠭᠦᠯᠵᠦ᠂ 2020 ᠣᠨ ᠤ ᠵᠢᠯ ᠤᠨ ᠡᠴᠦᠰ ᠠᠴᠠ ᠡᠮᠦᠨ᠎ᠡ ᠡᠨᠡ ᠬᠦ ᠠᠵᠢᠯ ᠢ ᠪᠥᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠶ ᠭᠡᠵᠦ ᠲᠣᠳᠣᠷᠬᠠᠶ ᠱᠠᠭᠠᠷᠳᠠᠪᠠ᠃ ᠥᠪᠡᠷᠲᠡᠭᠡᠨ ᠵᠠᠰᠠᠬᠤ ᠣᠷᠣᠨ ᠤ ᠱᠠᠲᠤᠨ ᠳᠤ᠂ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ᠂ ᠪᠠᠶᠢᠳᠠᠯ ᠢ ᠮᠡᠳᠡᠭᠳᠡᠬᠦ ᠲᠣᠭᠲᠠᠴᠠ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠲᠣᠭᠲᠠᠴᠠ᠂ ᠵᠣᠯᠭᠠᠯᠳᠤᠭᠤᠯᠤᠨ ᠦᠶᠯᠡᠴᠢᠯᠡᠬᠦ ᠲᠣᠭᠲᠠᠴᠠ ᠵᠡᠷᠭᠡ ᠳᠥᠷᠪᠡᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠲᠦᠷᠭᠡᠨ ᠠᠬᠢᠭᠤᠯᠬᠤ ᠪᠠᠷ ᠳᠠᠮᠵᠢᠭᠤᠯᠤᠨ ᠡᠯ᠎ᠡ ᠵᠦᠶᠯ ᠤᠨ ᠠᠵᠢᠯ ᠢ ᠲᠣᠭᠲᠠᠭᠤᠨ ᠢᠶᠠᠷ ᠡᠬᠢᠯᠡᠭᠦᠯᠬᠦ ᠪᠠ ᠵᠣᠬᠢᠴᠠᠩᠭᠤᠶ ᠪᠠᠷ ᠠᠬᠢᠭᠤᠯᠬᠤ ᠶᠢ ᠦᠨᠡᠨ ᠬᠦ ᠪᠠᠲᠤᠯᠠᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ