ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︽ᠳᠣᠮᠳᠠᠳᠣ ᠪᠠᠭ᠎ᠠ | ᠰᠣᠷᠭᠠᠭᠤᠯᠢ ᠶᠢᠨ ᠰᠤᠷᠤᠭᠴᠢ ᠡᠯᠰᠡᠬᠦ ᠪᠠ ᠰᠤᠷᠭᠠᠭᠤᠯᠢ ᠳᠤ ᠣᠷᠣᠬᠤ ᠬᠠᠮᠢᠶᠠᠷᠤᠯᠲᠠ ᠶᠢᠨ ᠠᠵᠢᠯ ᠢ ᠴᠢᠩᠭ᠎ᠠ | ᠵᠢᠷᠤᠮᠵᠢᠭᠤᠯᠬᠤ ᠲᠤᠬᠠᠢ ᠮᠡᠳᠡᠭᠳᠡᠯ︾ ᠳᠠᠷᠤᠮᠠᠯᠯᠠᠨ ᠲᠠᠷᠬᠠᠭᠠᠵᠤ᠂ ᠳᠣᠮᠳᠠᠳᠣ ᠪᠠᠭ᠎ᠠ ᠰᠣᠷᠭᠠᠭᠤᠯᠢ ᠶᠢᠨ ᠰᠤᠷᠤᠭᠴᠢ | ᠡᠯᠰᠡᠬᠦ ᠪᠠ ᠰᠤᠷᠭᠠᠭᠤᠯᠢ ᠳᠤ ᠣᠷᠣᠬᠤ ᠠᠵᠢᠯ ᠢ ᠤᠯᠠᠮ ᠨᠢᠭᠡ ᠠᠯᠬᠤᠮ ᠵᠢᠷᠣᠮᠵᠢᠭᠤᠯᠣᠨ᠂ ᠰᠠᠭᠤᠷᠢ ᠰᠤᠷᠭᠠᠨ | ᠬᠥᠮᠦᠵᠢᠯ ᠤᠨ ᠰᠠᠶᠢᠨ ᠰᠠᠶᠢᠬᠠᠨ ᠣᠷᠴᠢᠨ ᠨᠦᠬᠦᠴᠡᠯ ᠢ ᠪᠠᠶᠢᠭᠤᠯᠵᠤ᠂ ᠰᠤᠷᠭᠠᠨ ᠬᠥᠮᠦᠵᠢᠯ ᠤᠨ ᠡᠷᠬᠡ ᠲᠡᠭᠰᠢ | ᠪᠠᠶᠢᠬᠤ ᠶᠢ ᠠᠬᠢᠭᠤᠯᠪᠠ᠃ | ᠮᠡᠳᠡᠭᠳᠡᠯ ᠳᠤ ᠱᠠᠭᠠᠷᠳᠠᠭᠰᠠᠨ ᠨᠢ᠂ ᠠᠶᠢᠮᠠᠭ ᠬᠤᠲᠠ ᠪᠣᠯᠤᠨ ᠬᠤᠰᠢᠭᠤ ᠰᠢᠶᠠᠨ ︵ᠬᠤᠲᠠ᠂ ᠲᠣᠭᠤᠷᠢᠭ︶ | ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠡᠯ᠎ᠡ ᠵᠦᠶᠯ ᠤᠨ ᠠᠵᠢᠯ ᠤᠨ ᠳᠦᠷᠢᠮ | ᠢᠶᠠᠨ ᠤᠯᠠᠮ ᠨᠢᠭᠡ ᠠᠯᠬᠤᠮ ᠪᠦᠷᠢᠨᠰᠢᠬᠦᠯᠵᠤ᠂ ᠠᠷᠠᠳ ᠣᠯᠠᠨ ᠤ ᠰᠡᠳᠬᠢᠯ ᠲᠠᠯᠪᠢᠵᠤ ᠪᠠᠶᠢᠭ᠎ᠠ ᠬᠠᠯᠠᠮᠰᠢᠯ | ᠠᠰᠠᠭᠤᠳᠠᠯ ᠪᠠ ᠬᠦᠴᠢᠷ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠲᠣᠰ ᠭᠠᠵᠠᠷ | ᠣᠷᠣᠨ ᠤ ᠪᠠᠨ ᠰᠤᠷᠤᠭᠴᠢ ᠡᠯᠰᠡᠵᠦ ᠰᠤᠷᠭᠠᠭᠤᠯᠢ ᠳᠤ ᠣᠷᠣᠭᠤᠯᠬᠤ ᠲᠥᠷᠥ ᠶᠢᠨ ᠪᠣᠳᠣᠯᠭ᠎ᠠ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠨ᠂ ᠠᠵᠢᠯ ᠤᠨ ᠳᠡᠰ ᠳᠠᠷᠠᠭᠠᠯᠠᠯ ᠢᠶᠠᠨ ᠤᠯᠠᠮ ᠨᠢᠭᠡ ᠠᠯᠬᠤᠮ ᠪᠦᠷᠢᠨᠰᠢᠬᠦᠯᠵᠤ᠂ ᠢᠯᠡ | ᠪᠠᠷ ᠰᠤᠷᠤᠭᠴᠢ ᠡᠯᠰᠡᠬᠦ᠂ ᠢᠯᠡ ᠪᠠᠷ ᠠᠩᠭᠢ ᠬᠤᠪᠢᠶᠠᠬᠤ ᠲᠥᠷᠥ ᠶᠢᠨ ᠪᠣᠳᠣᠯᠭ᠎ᠠ ᠶᠢ ᠪᠣᠳᠠᠲᠠᠶ | ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ | ᠪᠣᠯᠤᠨ ᠰᠤᠷᠭᠠᠭᠤᠯᠢ ᠨᠤᠭᠤᠳ ᠰᠣᠷᠭᠠᠭᠤᠯᠢ ᠶᠢᠨ ᠬᠡᠦᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ | ᠬᠥᠮᠦᠵᠢᠯ ᠬᠦᠷᠲᠡᠬᠦ ᠡᠷᠬᠡ ᠶᠢ ᠦᠨᠡᠨᠬᠦ ᠪᠠᠲᠤᠯᠠᠵᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠬᠤ | ᠬᠤᠯᠪᠣᠭᠠᠯᠠᠨ ᠪᠠᠲᠤᠯᠠᠬᠤ ᠠᠵᠢᠯ ᠤᠨ ᠲᠣᠭᠲᠠᠴᠠ ᠶᠢ ᠬᠢᠨᠠᠮᠠᠭᠠᠶ ᠨᠠᠶᠢᠳᠠᠪᠣᠷᠢᠵᠢᠭᠤᠯᠣᠨ᠂ ᠰᠤᠷᠤᠯᠭ᠎ᠠ ᠪᠠᠨ ᠳᠣᠷᠭᠤᠨ | ᠵᠣᠭᠰᠣᠬᠤ ᠶᠢ ᠬᠢᠵᠠᠭᠠᠷᠯᠠᠵᠤ ᠰᠣᠷᠣᠯᠭ᠎ᠠ ᠶᠢ ᠨᠢ ᠪᠠᠲᠤᠯᠠᠬᠤ ᠠᠵᠢᠯ ᠤᠨ ᠶᠠᠰᠤ ᠴᠢᠨᠠᠷ ᠢ ᠦᠨᠡᠨᠬᠦ ᠪᠠᠲᠤᠯᠠᠬᠤ | ᠬᠡᠷᠡᠭᠲᠡᠶ᠃ ᠡᠯ᠎ᠡ ᠭᠠᠵᠠᠷ ᠤᠨ ᠬᠢᠨ ᠨᠡᠶᠢᠭᠡᠮ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ︽ᠤᠯᠤᠰ ᠤᠨ | ᠰᠤᠷᠤᠯᠴᠠᠬᠤ ᠠᠩᠭᠢ︾᠂ ︽ᠨᠣᠮ ᠤᠩᠰᠢᠬᠤ ᠠᠩᠭᠢ︾᠂ ︽ᠭᠡᠷ ᠤᠨ ᠰᠤᠷᠭᠠᠭᠤᠯᠢ︾ ᠵᠡᠷᠭᠡ ᠬᠡᠯᠪᠡᠷᠢ ᠪᠠᠷ | ᠠᠯᠪᠠᠨ ᠵᠢᠷᠤᠮ ᠤᠨ ᠰᠤᠷᠭᠠᠨ ᠬᠥᠮᠦᠵᠢᠯ ᠢ ᠣᠷᠣᠯᠠᠭᠤᠯᠵᠣ᠂ ᠬᠠᠤᠯᠢ ᠪᠤᠰᠤ ᠪᠠᠷ ᠰᠤᠷᠭᠠᠭᠤᠯᠢ ᠡᠷᠬᠢᠯᠡᠵᠤ ᠪᠠᠶᠢᠭ᠎ᠠ | ᠦᠢᠯᠡ ᠠᠵᠢᠯᠯᠠᠭ᠎ᠠ ᠶᠢ ᠬᠢᠨᠠᠮᠠᠭᠠᠶ ᠵᠢᠭᠰᠠᠭᠠᠨ ᠪᠠᠶᠢᠴᠠᠭᠠᠬᠤ ᠶᠢᠨ ᠬᠠᠮᠲᠤ ᠴᠢᠩᠭ᠎ᠠ ᠪᠠᠶᠢᠴᠠᠭᠠᠨ ᠰᠢᠶᠳᠪᠦᠷᠢᠯᠡᠬᠦ | ᠬᠡᠷᠡᠭᠲᠡᠶ᠃ ᠰᠤᠷᠭᠠᠨ ᠬᠥᠮᠦᠵᠢᠯ ᠤᠨ ᠶᠠᠮᠤᠨ ᠤ ︽ᠰᠤᠷᠭᠠᠭᠤᠯᠢ ᠲᠣᠭᠤᠷᠢᠭ ᠬᠤᠪᠢᠶᠠᠨ ᠰᠤᠷᠤᠭᠴᠢ ᠡᠯᠰᠡᠬᠦ᠂ | ᠰᠤᠷᠤᠭᠴᠢ ᠭᠡᠷ ᠤᠨ ᠢᠶᠠᠨ ᠣᠶᠢᠷᠠᠯᠴᠠᠭ᠎ᠠ ᠰᠤᠷᠭᠠᠭᠤᠯᠢ ᠳᠤ ᠣᠷᠣᠬᠤ︾ ᠦᠨᠳᠦᠰᠦᠨ ᠱᠠᠭᠠᠷᠳᠠᠯᠭ᠎ᠠ ᠶᠣᠰᠣᠭᠠᠷ᠂ | ᠬᠤᠰᠢᠭᠤ ᠰᠢᠶᠠᠨ ( ᠬᠤᠲᠠ᠂ ᠲᠣᠭᠤᠷᠢᠭ ) ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ | ᠤᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠨᠢᠭᠡᠪᠦᠷᠢ ᠶᠢᠨ ᠰᠤᠷᠭᠠᠭᠤᠯᠢ ᠶᠢᠨ ᠲᠣᠭᠤᠷᠢᠭ | ( ᠬᠡᠰᠡᠭ ᠲᠣᠭᠤᠷᠢᠭ ) ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠡᠯ᠎ᠡ ᠰᠤᠷᠭᠠᠭᠤᠯᠢ ᠶᠢᠨ | ᠲᠣᠭᠤᠷᠢᠭ ( ᠬᠡᠰᠡᠭ ᠲᠣᠭᠤᠷᠢᠭ ) ᠤᠨ ᠬᠤᠭᠤᠷᠣᠨᠳᠣᠬᠢ ᠰᠣᠷᠭᠠᠨ ᠬᠦᠮᠦᠵᠢᠯ ᠤᠨ ᠡᠬᠢ ᠪᠠᠶᠠᠯᠢᠭ ᠨᠢ ᠦᠨᠳᠦᠰᠦᠨ | ᠳᠤ ᠪᠠᠨ ᠲᠡᠩᠴᠡᠭᠦᠷᠢᠲᠡᠶ ᠪᠠᠶᠢᠬᠤ ᠶᠢ ᠪᠠᠲᠤᠯᠠᠬᠤ ᠬᠡᠷᠡᠭᠲᠡᠶ᠃ ᠡᠩ ᠤᠨ ᠦᠨᠳᠣᠷ ᠵᠡᠷᠬᠡ ᠶᠢᠨ ᠳᠣᠮᠳᠠᠳᠣ | ᠰᠣᠷᠭᠠᠭᠤᠯᠢ ᠪᠠ ᠳᠣᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠨᠢᠭᠡᠳᠦᠯᠲᠡᠶ ᠰᠤᠷᠤᠭᠴᠢ ᠡᠯᠰᠡᠬᠦ | ᠲᠠᠪᠴᠠᠩ ᠢ ᠪᠦᠷᠢᠨᠰᠢᠬᠦᠯᠵᠤ᠂ ᠡᠩ ᠤᠨ ᠦᠨᠳᠣᠷ ᠵᠡᠷᠬᠡ ᠶᠢᠨ ᠳᠣᠮᠳᠠᠳᠣ ᠰᠣᠷᠭᠠᠭᠤᠯᠢ ᠶᠢᠨ ᠰᠤᠷᠤᠭᠴᠢ ᠡᠯᠰᠡᠬᠦ | ᠠᠵᠢᠯ ᠢ ᠴᠦᠮ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ᠂ ᠰᠦᠯᠵᠢᠶᠡᠨ ᠳᠡᠭᠡᠷ᠎ᠡ ᠰᠤᠷᠤᠭᠴᠢ ᠡᠯᠰᠡᠬᠦ ᠪᠤᠯᠭᠠᠬᠤ | ᠬᠡᠷᠡᠭᠳᠡᠢ᠃ ᠰᠢᠯᠢᠳᠡᠭ ᠰᠠᠶᠢᠨ ᠡᠩ ᠤᠨ ᠦᠨᠳᠣᠷ ᠵᠡᠷᠬᠡ ᠶᠢᠨ ᠳᠣᠮᠳᠠᠳᠣ ᠰᠣᠷᠭᠠᠭᠤᠯᠢ ᠶᠢᠨ ᠰᠤᠷᠤᠭᠴᠢ ᠡᠯᠰᠡᠬᠦ | ᠭᠦᠶᠴᠡᠳᠬᠡᠯ ᠲᠤᠭ᠎ᠠ ᠶᠢᠨ 60% ᠶᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠬᠤᠪᠢᠶᠠᠷᠢᠯᠠᠬᠤ ᠶᠢᠨ | ᠬᠠᠮᠲᠤ ᠬᠥᠳᠡᠭᠡ ᠲᠣᠰᠬᠤᠨ ᠤ ᠰᠤᠷᠭᠠᠭᠤᠯᠢ ᠪᠣᠯᠤᠨ ᠪᠠᠭᠤᠷᠠᠶ ᠰᠤᠷᠭᠠᠭᠤᠯᠢ ᠶᠢᠨ ᠬᠤᠪᠢᠶᠠᠨ ᠡᠯᠰᠡᠬᠦ ᠬᠠᠷᠢᠴᠠᠯ ᠢ | ᠠᠯᠬᠤᠮ ᠠᠯᠬᠤᠮ ᠢᠶᠠᠷ ᠨᠡᠮᠡᠭᠳᠡᠭᠦᠯᠬᠦ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ ᠭᠡᠵᠡᠢ᠃ | ᠮᠡᠳᠡᠭᠳᠡᠯ ᠳᠤ ᠪᠠᠰᠠ ᠱᠠᠭᠠᠷᠳᠠᠭᠰᠠᠨ ᠨᠢ᠂ 2020 ᠣᠨ ᠤ ᠨᠠᠮᠤᠷ ᠤᠨ ᠣᠯᠠᠷᠢᠯ ᠤᠨ ᠰᠣᠷᠣᠭᠴᠢ | ᠡᠯᠰᠡᠬᠦ ᠠᠴᠠ ᠡᠬᠢᠯᠡᠨ᠂ ᠪᠥᠬᠦ ᠣᠷᠣᠨ ᠤ ᠠᠷᠠᠳ ᠠᠴᠠ ᠡᠷᠬᠢᠯᠡᠭᠰᠡᠨ ᠳᠣᠮᠳᠠᠳᠣ ᠪᠠᠭ᠎ᠠ ᠰᠤᠷᠭᠠᠭᠤᠯᠢ ᠶᠢᠨ | ᠰᠤᠷᠤᠭᠴᠢ ᠡᠯᠰᠡᠬᠦ ᠠᠵᠢᠯ ᠢ ᠪᠦᠬᠦᠨ ᠢ ᠬᠢᠨᠠᠨ ᠵᠥᠪᠰᠢᠶᠡᠷᠡᠬᠦ ᠭᠠᠵᠠᠷ ᠤᠨ ᠨᠢᠭᠡᠳᠦᠯᠲᠡᠶ ᠬᠠᠮᠢᠶᠠᠷᠤᠯᠲᠠ ᠳᠤ | ᠣᠷᠣᠭᠤᠯᠵᠤ᠂ ᠬᠢᠨᠠᠨ ᠵᠥᠪᠰᠢᠶᠡᠷᠡᠬᠦ ᠪᠠᠶᠢᠭᠤᠯᠭ᠎ᠠ ᠶᠢᠨ ᠵᠥᠪᠰᠢᠶᠡᠷᠡᠭᠰᠡᠨ ᠰᠤᠷᠤᠭᠴᠢ ᠡᠯᠰᠡᠬᠦ ᠬᠡᠪᠴᠢᠶ᠎ᠡ᠂ | ᠰᠤᠷᠤᠭᠴᠢ ᠡᠯᠰᠡᠬᠦ ᠲᠥᠯᠥᠪᠯᠡᠭᠡ᠂ ᠰᠤᠷᠤᠭᠴᠢ ᠡᠯᠰᠡᠬᠦ ᠳᠡᠰ ᠳᠠᠷᠠᠭᠠᠯᠠᠯ ᠶᠣᠰᠣᠭᠠᠷ ᠠᠯᠪᠠᠨ ᠠᠴᠠ ᠡᠷᠬᠢᠯᠡᠭᠰᠡᠨ | ᠰᠤᠷᠭᠠᠭᠤᠯᠢ ᠲᠠᠢ ᠵᠡᠷᠭᠡ ᠪᠠᠷ ᠨᠡᠷ᠎ᠡ ᠮᠡᠳᠡᠭᠦᠯᠵᠦ᠂ ᠵᠡᠷᠭᠡ ᠪᠠᠷ ᠰᠤᠷᠤᠭᠴᠢ ᠡᠯᠰᠡᠬᠦ ᠬᠡᠷᠡᠭᠲᠡᠶ᠃ ᠶᠡᠭᠡ ᠳᠡᠭᠡᠳᠣ | ᠰᠣᠷᠭᠠᠭᠤᠯᠢ ᠶᠢᠨ ᠬᠠᠷᠢᠶᠠᠲᠤ ᠳᠣᠮᠳᠠᠳᠣ ᠪᠠᠭ᠎ᠠ ᠰᠣᠷᠭᠠᠭᠤᠯᠢ ᠶᠢᠨ ᠰᠤᠷᠤᠭᠴᠢ ᠡᠯᠰᠡᠬᠦ ᠠᠵᠢᠯ ᠢ ᠬᠠᠷᠢᠶ᠎ᠠ | ᠭᠠᠵᠠᠷ ᠲᠤ ᠨᠢ ᠬᠠᠮᠢᠶᠠᠷᠤᠭᠤᠯᠬᠤ ᠵᠠᠷᠴᠢᠮ ᠶᠣᠰᠣᠭᠠᠷ᠂ ᠲᠣᠬᠠᠢ ᠶᠢᠨ ᠭᠠᠵᠠᠷ ᠤᠨ ᠰᠤᠷᠭᠠᠨ ᠬᠥᠮᠦᠵᠢᠯ ᠤᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠤᠨ ᠨᠢᠭᠡᠳᠦᠯᠲᠡᠶ ᠬᠠᠮᠢᠶᠠᠷᠤᠯᠲᠠ ᠳᠤ ᠣᠷᠣᠭᠤᠯᠬᠤ ᠬᠡᠷᠡᠭᠲᠡᠶ᠃ 2020 ᠣᠨ ᠤ | ᠨᠠᠮᠤᠷ ᠤᠨ ᠤᠯᠠᠷᠢᠯ ᠤᠨ ᠰᠣᠷᠣᠭᠴᠢ ᠡᠯᠰᠡᠬᠦ ᠠᠴᠠ ᠡᠬᠢᠯᠡᠨ᠂ ᠡᠯ᠎ᠡ ᠭᠠᠵᠠᠷ ᠡᠯ᠎ᠡ ᠰᠤᠷᠭᠠᠭᠤᠯᠢ ᠨᠤᠭᠤᠳ ︽ᠢᠯᠡ | ᠪᠠᠷ ᠠᠩᠭᠢ ᠬᠤᠪᠢᠶᠠᠬᠤ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠩᠭᠢ ᠬᠤᠪᠢᠶᠠᠭᠰᠠᠨ | ᠶᠠᠪᠤᠴᠠ᠂ ᠠᠩᠭᠢ ᠶᠢᠨ ᠡᠷᠬᠢᠯᠡᠭᠴᠢ ᠵᠢᠴᠢ ᠬᠢᠴᠢᠶᠡᠯᠯᠡᠭᠴᠢ ᠪᠠᠭᠰᠢ ᠶᠢ ᠰᠣᠩᠭᠤᠨ ᠲᠣᠬᠢᠷᠠᠭᠤᠯᠣᠭᠰᠠᠨ ᠶᠠᠪᠤᠴᠠ ᠪᠠ | ᠦᠷ᠎ᠡ ᠳ᠋ᠦᠩ ᠢ ᠢᠯᠡ ᠪᠣᠯᠭᠠᠬᠤ ᠬᠡᠷᠡᠭᠲᠡᠶ ᠭᠡᠵᠡᠢ᠃ |