ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠮᠠᠨ ᠤ ᠣᠷᠣᠨ ᠳᠤ ᠤᠯᠠᠷᠢᠭᠤᠯᠤᠨ ᠪᠤᠳᠠᠲᠠᠶᠢᠵᠢᠭᠤᠯᠪᠠ
ᠨᠡᠶᠢᠲᠡᠯᠡᠭᠰᠡᠨ ᠴᠠᠭ᠄
2020/1/6
     ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠎ ᠤᠨ ᠬᠤᠷᠠᠯᠳᠤᠭᠤᠯᠤᠭᠰᠠᠨ ︽ᠰᠢᠨ᠎ᠡ ᠬᠥᠭᠵᠢᠯᠲᠡ ᠶᠢᠨ ᠣᠨᠣᠯᠵᠢᠬᠤᠨ ᠢ ᠡᠷᠡᠰ ᠦᠶᠯᠡᠳᠦᠯᠭᠡᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠶᠡᠬᠡᠪᠡᠷ ᠠᠬᠢᠭᠤᠯᠬᠤ︾ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ᠂ ᠮᠠᠨ ᠤ ᠣᠷᠣᠨ ᠡᠯ᠎ᠡ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠶᠯ ᠢᠶᠠᠷ ᠭᠠᠷᠳᠠᠴᠠ ᠪᠣᠯᠭᠠᠵᠤ᠂ ᠨᠢᠭᠡ ᠪᠦᠯᠦᠭ ᠭᠤᠤᠯᠳᠠᠯᠭ᠎ᠠ ᠲᠠᠢ ᠠᠵᠤ ᠦᠶᠯᠡᠰ ᠪᠠ ᠳᠠᠪᠠᠭᠤᠯᠢᠭ ᠣᠨᠴᠠᠯᠢᠭᠲᠤ ᠬᠦᠷᠢᠶᠡᠨ ᠳᠠᠬᠢ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠮᠠᠨ ᠤ ᠣᠷᠣᠨ ᠳᠤ ᠤᠯᠠᠷᠢᠭᠤᠯᠤᠨ ᠪᠤᠳᠠᠲᠠᠶᠢᠵᠢᠭᠤᠯᠬᠤ ᠶᠢ ᠬᠥᠲᠥᠯᠦᠨ ᠵᠢᠯᠣᠭᠤᠳᠴᠤ ᠳᠥᠯᠭᠢᠨ ᠠᠬᠢᠭᠤᠯᠪᠠ᠂ ᠵᠠᠷᠢᠮ ᠨᠢ ᠨᠢᠭᠡᠨᠲᠡ ᠮᠠᠨ ᠤ ᠣᠷᠣᠨ ᠤ ᠠᠵᠤ ᠠᠬᠤᠶ ᠶᠢᠨ ᠪᠦᠲᠦᠴᠡ ᠶᠢᠨ ᠲᠣᠬᠢᠷᠠᠭᠤᠯᠤᠯᠲᠠ ᠬᠢᠭᠡᠳ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠬᠥᠳᠡᠯᠭᠡᠭᠦᠷ ᠪᠣᠯᠤᠭᠰᠠᠨ ᠪᠠᠶᠢᠨ᠎ᠠ᠃       ᠲᠠᠨᠢᠯᠴᠠᠭᠤᠯᠤᠭᠰᠠᠨ ᠢᠶᠠᠷ᠂ ᠪᠦᠬᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠮᠢᠶᠠᠷᠤᠯᠲᠠ ᠎ ᠶᠢᠨ ᠰᠠᠯᠠᠭ᠎ᠠ ᠮᠥᠴᠢᠷ ᠪᠣᠯᠤᠨ ᠥᠷᠭᠡᠨ ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠠᠵᠤ ᠠᠬᠤᠶ ᠲᠠᠢ ᠵᠣᠯᠭᠠᠭᠤᠯᠬᠤ᠂ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠠᠵᠤ ᠦᠶᠯᠡᠰ ᠲᠠᠢ ᠵᠣᠯᠭᠠᠭᠤᠯᠬᠤ᠂ ᠰᠢᠨ᠎ᠡ ᠡᠭᠦᠳᠦᠯᠲᠡ ᠶᠢᠨ ᠲᠥᠷᠥᠯ ᠵᠦᠶᠯ ᠢ ᠪᠣᠳᠠᠲᠤ ᠦᠶᠯᠡᠳᠪᠦᠷᠢᠯᠡᠯ ᠤᠨ ᠬᠦᠴᠦᠨ ᠲᠠᠢ ᠵᠣᠯᠭᠠᠭᠤᠯᠬᠤ᠂ ᠰᠤᠳᠤᠯᠤᠨ ᠨᠡᠭᠡᠭᠡᠬᠦ ᠬᠥᠮᠦᠰ ᠤᠨ ᠰᠢᠨ᠎ᠡ ᠡᠭᠦᠳᠦᠯᠲᠡ ᠶᠢᠨ ᠬᠥᠳᠡᠯᠮᠦᠷᠢ ᠶᠢ ᠲᠡᠭᠦᠨ ᠤ ᠠᠰᠢᠭ ᠣᠯᠵᠠᠪᠤᠷᠢ ᠲᠠᠢ ᠵᠣᠯᠭᠠᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠠᠵᠢᠯ ᠢ ᠰᠢᠰᠲ᠋ᠧᠮ ᠲᠠᠢ ᠥᠷᠭᠦᠯᠵᠢᠯᠡᠨ ᠠᠬᠢᠭᠤᠯᠵᠤ᠂ ᠪᠠᠶᠠᠷᠯᠠᠭᠤᠰᠢᠲᠠᠶ ᠠᠮᠵᠢᠯᠲᠠ ᠣᠯᠤᠭᠰᠠᠨ ᠪᠠᠶᠢᠨ᠎ᠠ᠃ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠮᠠᠨ ᠤ ᠣᠷᠣᠨ ᠳᠤ ᠤᠯᠠᠷᠢᠭᠤᠯᠤᠨ ᠪᠤᠳᠠᠲᠠᠶᠢᠵᠢᠭᠤᠯᠪᠠ᠃ ᠵᠢᠱᠢᠶᠡᠯᠡᠪᠡᠯ᠄  ᠵᠦᠩ ᠸᠧᠢ ᠡᠨᠧᠷᠭᠢ ᠨᠢ ᠤᠷᠳᠤᠰ ᠬᠤᠳᠠ ᠶᠢᠨ ᠲᠠᠩ ᠵᠢᠶᠠ ᠬᠤᠢ ᠠᠭᠤᠷᠬᠠᠢ ᠶᠢᠨ ᠣᠷᠣᠨ ᠳᠤ ᠮᠠᠨ ᠤ ᠤᠯᠤᠰ ᠤᠨ ᠪᠡᠶ᠎ᠡ ᠎ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠳᠥᠷᠪᠡᠳᠦᠭᠡᠷ ᠦᠶ᠎ᠡ ᠶᠢᠨ ᠨᠡᠭᠦᠷᠡᠰᠦ ᠶᠢ ᠭᠠᠵᠠᠷ ᠳᠣᠣᠷ᠎ᠠ ᠬᠡᠶᠢᠵᠢᠭᠦᠯᠬᠦ ᠮᠡᠷᠭᠡᠵᠢᠯ ᠢ ᠤᠯᠠᠷᠢᠭᠤᠯᠵᠤ᠂ ᠣᠳᠣᠬᠠᠨ ᠤ ᠳᠡᠯᠡᠬᠡᠢ ᠳᠡᠭᠡᠷᠡᠬᠢ ᠴᠤᠷ ᠎ ᠤᠨ ᠭᠠᠭᠴᠠ ᠠᠵᠢᠯᠯᠠᠵᠤ ᠪᠠᠶᠢᠭ᠎ᠠ ᠠᠦ᠋ᠲ᠋ᠣᠴᠢᠯᠠᠭᠰᠠᠨ ᠬᠢᠨᠠᠨ ᠡᠵᠡᠮᠳᠡᠬᠦ᠂ ᠰᠦᠯᠵᠢᠶᠡᠨ ᠳᠡᠭᠡᠷ᠎ᠡ ᠵᠠᠳᠠᠯᠤᠯᠲᠠ ᠬᠢᠬᠦ ᠎ ᠶᠢ ᠪᠡᠶᠡᠯᠡᠭᠦᠯᠵᠦ᠂ ᠦᠷᠭᠦᠯᠵᠢᠯᠡᠨ ᠲᠣᠭᠲᠠᠭᠤᠨ ᠢᠶᠠᠷ ᠦᠢᠯᠡᠳᠪᠦᠷᠢᠯᠡᠵᠦ ᠳᠡᠶᠢᠯᠬᠦ ᠨᠡᠭᠦᠷᠡᠰᠦ ᠶᠢ ᠭᠠᠵᠠᠷ ᠳᠣᠣᠷ᠎ᠠ ᠬᠡᠶᠢᠵᠢᠭᠦᠯᠬᠦ ᠮᠡᠷᠭᠡᠵᠢᠯ ᠤᠨ ᠠᠵᠤ ᠦᠢᠯᠡᠳᠪᠦᠷᠢᠵᠢᠯᠲᠡ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠢ ᠪᠠᠶᠢᠭᠤᠯᠵᠤ᠂ ᠲᠤᠰ ᠬᠦᠷᠢᠶᠡᠨ ᠳᠤ ᠪᠠᠨ ᠳᠡᠯᠡᠬᠡᠢ ᠶᠢᠨ ᠲᠡᠷᠢᠭᠦᠨ ᠤ ᠲᠦᠪᠰᠢᠨ ᠢ ᠲᠥᠯᠥᠭᠡᠯᠡᠪᠡ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠤᠭᠤᠲᠤ ᠳᠠᠬᠢ ᠬᠤᠪᠣᠷ ᠰᠢᠷᠣᠶ ᠶᠢᠨ ᠰᠤᠳᠤᠯᠤᠨ ᠨᠡᠭᠡᠭᠡᠬᠦ ᠲᠥᠪ ᠨᠢ ᠪᠤᠭᠤᠲᠤ ᠬᠤᠲᠠ ᠳᠤ ᠳᠡᠯᠡᠬᠡᠶ ᠶᠢᠨ ᠠᠩᠬᠠᠳᠠᠭᠴᠢ ᠵᠤᠷᠪᠤᠰ ᠬᠤᠪᠣᠷ ᠰᠢᠷᠣᠶ ᠶᠢᠨ ᠬᠦᠬᠦᠷᠲᠦ ᠨᠢᠭᠡᠳᠪᠦᠷᠢ ᠶᠢᠨ ᠪᠤᠳᠤᠭ ᠣᠷᠣᠭᠤᠯᠬᠤ ᠡᠳ᠋ ᠤᠨ ᠵᠠᠯᠭᠠᠯᠳᠤᠭᠤᠯᠤᠭᠰᠠᠨ ᠨᠦᠬᠡᠨ ᠵᠣᠭᠤᠷᠢ ᠶᠢᠨ ᠦᠶᠯᠡᠳᠪᠦᠷᠢᠯᠡᠯ ᠤᠨ ᠱᠤᠭᠤᠮ ᠢ ᠪᠠᠶᠢᠭᠤᠯᠵᠤ᠂ ᠬᠤᠪᠣᠷ ᠰᠢᠷᠣᠶ ᠶᠢᠨ ᠪᠤᠳᠤᠭ ᠣᠷᠣᠭᠤᠯᠬᠤ ᠡᠳ᠋ ᠤᠨ ᠬᠡᠷᠡᠭᠯᠡᠭᠡᠨ ᠤ ᠠᠷᠪᠠᠭᠠᠳ ᠦᠶᠯᠡᠳᠬᠦᠨ ᠢ ᠰᠤᠳᠤᠯᠤᠨ ᠦᠶᠯᠡᠳᠪᠡ︔ ᠥᠪᠥᠷ ᠮᠣᠩᠭᠤᠯ ᠤᠨ ᠰᠢᠶᠠᠨ ᠬᠤᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠳᠡᠯᠡᠬᠡᠶ ᠎ ᠶᠢᠨ ᠠᠩᠬᠠᠨ ᠤ ᠡᠭᠦᠳᠦᠯᠲᠡ᠂ ᠤᠯᠤᠰ ᠤᠨ ᠨᠢᠭᠤᠴᠠ ᠪᠣᠳᠣᠯᠲᠠ ᠶᠢᠨ ︽ᠮᠧᠩ ᠰᠢᠨ︾ ᠰᠢᠷᠢᠰ ᠦᠶᠯᠡᠳᠬᠦᠨ︔ ᠦᠬᠠᠶ ᠶᠢᠨ ᠬᠢᠮᠢ ᠶᠢᠨ ᠠᠵᠤ ᠦᠶᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠤᠰᠤᠲᠥ᠋ᠷᠥᠭᠴᠢ ᠡᠨᠧᠷᠭᠢ ᠶᠢ ᠤᠯᠠᠷᠢᠭᠤᠯᠬᠤ ᠲᠥᠷᠥᠯ ᠵᠦᠶᠯ ᠨᠢ ᠦᠬᠠᠶ ᠬᠤᠲᠠ ᠳᠤ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠤᠰᠤᠲᠥ᠋ᠷᠥᠭᠴᠢ ᠨᠡᠮᠡᠬᠦ ᠥᠷᠲᠡᠭᠡ ᠵᠡᠷᠭᠡ ᠶᠢ ᠪᠠᠶᠢᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号