︽ᠭᠡᠷ ᠲᠤ ᠪᠠᠨ ᠬᠠᠶᠢᠷ᠎ᠠ ᠬᠠᠯᠠᠮᠵᠢ ᠠᠪᠴᠤ ᠬᠠᠷᠢᠬᠤ︾ ᠬᠠᠶᠢᠷ᠎ᠠ ᠬᠠᠯᠠᠮᠵᠢ ᠲᠠᠢ ᠪᠠᠷ ᠬᠤᠣᠰᠯᠠᠬᠤ ᠡᠪᠦᠯ ᠎ ᠤᠨ ᠠᠮᠠᠷᠠᠯᠲᠠ ᠶᠢᠨ ᠣᠨᠴᠠᠭᠠᠢ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2020/1/6
      ᠪᠥᠬᠦ ᠣᠷᠣᠨ ᠤ ︽ᠭᠡᠷ ᠲᠤ ᠪᠠᠨ ᠬᠠᠶᠢᠷ᠎ᠠ ᠬᠠᠯᠠᠮᠵᠢ ᠠᠪᠴᠤ ᠬᠠᠷᠢᠬᠤ︾ ᠬᠠᠶᠢᠷ᠎ᠠ ᠬᠠᠯᠠᠮᠵᠢ ᠲᠠᠢ ᠪᠠᠷ ᠬᠤᠣᠰᠯᠠᠬᠤ ᠡᠪᠦᠯ ᠤᠨ ᠠᠮᠠᠷᠠᠯᠲᠠ ᠶᠢᠨ ᠣᠨᠴᠠᠭᠠᠢ ᠠᠵᠢᠯᠯᠠᠭ᠎ᠠ ᠣᠶᠢᠷ᠎ᠠ ᠳᠤ ᠡᠬᠢᠯᠡᠪᠡ᠃ ᠡᠪᠦᠯ ᠤᠨ ᠠᠮᠠᠷᠠᠯᠲᠠ ᠎ ᠶᠢᠨ ᠬᠤᠭᠤᠴᠠᠭᠠᠨ ᠳᠤ᠂ ᠡᠮᠡᠭᠲᠡᠶᠢᠴᠦᠳ ᠤᠨ ᠬᠤᠯᠪᠣᠭ᠎ᠠ ᠶᠢᠨ ᠺᠠᠳ᠋ᠷ᠂ ᠬᠡᠷ ᠪᠦᠯᠢ ᠶᠢᠨ ᠬᠥᠮᠦᠵᠢᠯ ᠤᠨ ᠲᠤᠰᠬᠠᠶ ᠮᠡᠷᠭᠡᠵᠢᠯᠲᠡᠨ᠂ ᠬᠠᠤᠯᠢ ᠪᠠᠷ ᠵᠠᠰᠠᠬᠤ ᠤᠬᠠᠭᠤᠯᠤᠭᠴᠢ᠂ ᠦᠨᠳᠦᠰᠦᠨ ᠱᠠᠲᠤᠨ ᠤ ᠲᠣᠳᠤᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠣᠶᠤᠲᠠᠨ ᠵᠡᠷᠭᠡ ᠡᠯ᠎ᠡ ᠲᠥᠷᠥᠯ ᠤᠨ ᠰᠠᠶᠢᠨ ᠳᠤᠷᠠᠴᠤᠳ ᠡᠯ᠎ᠡ ᠭᠠᠵᠠᠷ ᠤᠨ ᠬᠡᠷ ᠢᠶᠠᠨ ᠰᠠᠬᠢᠵᠤ ᠬᠤᠴᠣᠷᠤᠭᠰᠠᠨ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠳ ᠲᠠᠢ ᠬᠠᠮᠲᠤ ᠪᠠᠷ ᠡᠪᠦᠯ ᠤᠨ ᠠᠮᠠᠷᠠᠯᠲᠠ ᠎ ᠶᠢ ᠥᠩᠭᠡᠷᠡᠭᠡᠵᠦ᠂ ᠴᠠᠭᠠᠨ ᠰᠠᠷ᠎ᠠ ᠶᠢ ᠬᠠᠮᠲᠤ ᠪᠠᠷ ᠥᠩᠭᠡᠷᠡᠭᠦᠯᠬᠦ ᠪᠣᠯᠣᠨ᠎ᠠ᠃       ᠲᠤᠰ ᠤᠳᠠᠭᠠᠨ ᠤ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠠᠴᠠ ᠰᠤᠷᠭᠠᠨ ᠬᠥᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠬᠠᠤᠯᠢ ᠴᠠᠭᠠᠵᠠ ᠶᠢᠨ ᠲᠢᠩᠬᠢᠮ᠂ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ᠂ ᠡᠪᠯᠡᠯ ᠎ ᠤᠨ ᠬᠤᠷᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ‌ᠡᠷᠬᠢᠯᠡᠵᠦ ᠪᠠᠶᠢᠭ᠎ᠠ ᠶᠤᠮ᠃ ᠲᠤᠰ ᠠᠵᠢᠯᠯᠠᠭ᠎ᠠ ᠨᠢ ︽ᠬᠤᠷᠠᠨ ᠴᠤᠭᠯᠠᠷᠠᠬᠤ︾ ︽ᠵᠣᠯ ᠵᠢᠷᠭᠠᠯ︾ ︽ᠬᠠᠶᠢᠷ᠎ᠠ ᠬᠠᠯᠠᠮᠵᠢ︾ ᠵᠡᠷᠭᠡ ᠰᠢᠨ᠎ᠡ ᠵᠢᠯ ᠤᠨ ᠣᠨᠴᠠᠯᠢᠭ ᠢ ᠳᠣᠪᠤᠶᠢᠯᠭᠠᠨ᠂ ᠰᠢᠯᠢᠳᠡᠭ ᠰᠠᠶᠢᠬᠠᠨ ᠭᠡᠷ ᠪᠦᠯᠢ ᠶᠢᠨ ᠰᠤᠷᠲᠠᠯ᠂ ᠬᠠᠣᠯᠢ ᠪᠠᠷ ᠵᠠᠰᠠᠬᠤ ᠠᠮᠤᠷ ᠲᠥᠪᠰᠢᠨ᠂ ᠨᠡᠶᠢᠭᠡᠮ ᠤᠨ ᠬᠠᠶᠢᠷ᠎ᠠ ᠬᠠᠯᠠᠮᠵᠢ ᠶᠢ ᠭᠡᠷ ᠲᠤ ᠪᠠᠨ ᠠᠪᠴᠤ ᠬᠠᠷᠢᠬᠤ ᠵᠡᠷᠭᠡ ᠭᠤᠷᠪᠠᠨ ᠵᠦᠢᠯ ᠤᠨ ᠪᠤᠳᠠᠲᠠᠢ ᠠᠵᠢᠯᠯᠠᠭ᠎ᠠ ᠪᠣᠯᠣᠨ ᠭᠡᠷ ᠲᠤ ᠨᠢ ᠬᠦᠷᠴᠦ ᠲᠥᠪᠯᠡᠷᠡᠭᠦᠯᠦᠨ ᠰᠤᠷᠪᠤᠯᠵᠢᠯᠠᠬᠤ᠂ ᠭᠡᠷ ᠪᠦᠯᠢ ᠶᠢᠨ ᠰᠤᠷᠭᠠᠨ ᠬᠥᠮᠥᠵᠢᠯ ᠤᠨ ᠢᠯᠡᠳᠬᠡᠯ ᠬᠢᠬᠦ᠂ ᠬᠤᠪᠢᠰᠬᠠᠯᠲᠤ ᠰᠣᠶᠣᠯ ᠤᠨ ᠠᠵᠢᠯᠯᠠᠭ᠎ᠠ ᠦᠷᠨᠢᠭᠦᠯᠬᠦ᠂ ᠰᠤᠷᠭᠠᠭᠤᠯᠢ ᠶᠢᠨ ᠬᠠᠣᠯᠢ ᠪᠠᠷ ᠵᠠᠰᠠᠬᠤ ᠳᠡᠳ᠋ ᠵᠠᠬᠢᠷᠤᠯ ᠰᠤᠷᠭᠠᠭᠤᠯᠢ ᠶᠢᠨ ᠬᠦᠷᠢᠶᠡᠨ ᠳᠤ ᠭᠦᠨᠵᠡᠭᠡᠶᠢᠷᠡᠬᠦ᠂ ᠬᠠᠣᠯᠢ ᠪᠠᠷ ᠵᠠᠰᠠᠬᠤ ᠬᠠᠪᠰᠤᠷᠤᠨ ᠵᠢᠯᠣᠭᠤᠳᠣᠭᠴᠢ ᠬᠡᠷᠡᠭ ᠢᠶᠠᠷ ᠬᠠᠣᠯᠢ ᠴᠠᠭᠠᠵᠠ ᠶᠢ ᠲᠠᠶᠢᠯᠪᠤᠷᠢᠯᠠᠬᠤ ᠠᠵᠢᠯᠯᠠᠭ᠎ᠠ ᠦᠷᠨᠢᠭᠦᠯᠬᠦ᠂ ᠠᠮᠤᠷ ᠲᠥᠪᠰᠢᠨ ᠤ ᠲᠠᠯ᠎ᠠ ᠪᠠᠷ ᠥᠪᠡᠷ ᠢ ᠪᠠᠨ ᠬᠠᠮᠠᠭᠠᠯᠠᠬᠤ ᠬᠥᠮᠥᠵᠢᠯ ᠬᠢᠬᠦ᠂ ᠬᠠᠣᠯᠢ ᠶᠢ ᠵᠦᠷᠢᠴᠡᠨ ᠬᠦᠴᠦᠨᠳᠡᠬᠦ ᠶᠠᠯᠠᠲᠤ ᠬᠡᠷᠡᠭ ᠲᠤ ᠴᠣᠬᠢᠯᠲᠠ ᠥᠭᠬᠦ᠂ ᠬᠠᠶᠢᠷ᠎ᠠ ᠬᠠᠯᠠᠮᠵᠢ ᠶᠢᠨ ᠦᠢᠯᠡᠴᠢᠯᠡᠭᠡ ᠬᠠᠩᠭᠠᠬᠤ᠂ ᠬᠡᠷ ᠢᠶᠠᠨ ᠰᠠᠬᠢᠵᠤ ᠬᠤᠴᠣᠷᠤᠭᠰᠠᠨ ᠬᠡᠦᠭᠡᠳ ᠤᠳ ᠲᠠᠢ ᠴᠤᠭ ᠰᠢᠨᠡᠯᠡᠬᠦ ᠵᠡᠷᠭᠡ ᠶᠢᠰᠦᠨ ᠵᠦᠢᠯ ᠤᠨ ᠪᠣᠳᠠᠲᠠᠢ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠥᠷᠭᠡᠨ ᠣᠯᠠᠨ ᠭᠡᠷ ᠲᠤ ᠪᠠᠨ ᠦᠯᠡᠳᠡᠵᠦ ᠬᠤᠴᠣᠷᠤᠭᠰᠠᠨ ᠬᠦᠴᠢᠷᠳᠡᠯᠲᠦ ᠬᠡᠦᠭᠡᠳ ᠤᠳ ᠲᠤ ᠨᠡᠶᠢᠭᠡᠮ ᠤᠨ ᠡᠯ᠎ᠡ ᠡᠲᠡᠭᠡᠳ ᠤᠨ ᠬᠠᠶᠢᠷ᠎ᠠ ᠬᠠᠯᠠᠮᠵᠢ ᠶᠢ ᠬᠦᠷᠲᠡᠬᠦ ᠶᠢᠨ ᠬᠠᠮᠲᠤ ᠭᠡᠷ ᠤᠨ ᠠᠬᠠᠮᠠᠳ ᠢ ᠬᠦᠲᠦᠯᠦᠨ ᠵᠢᠯᠣᠭᠤᠳᠴᠦ ᠪᠠᠶᠢᠭᠠᠳ ᠬᠡᠦᠬᠡᠳ ᠲᠠᠢ ᠪᠠᠨ ᠢᠯᠡᠭᠦᠬᠡᠨ ᠬᠠᠷᠢᠯᠴᠠᠵᠤ ᠨᠡᠪᠲᠡᠷᠡᠯᠴᠡᠬᠦ ᠪᠣᠯᠭᠠᠵᠤ᠂ ᠬᠡᠦᠬᠡᠳ ᠤᠨ ᠦᠵᠡᠯ ᠰᠠᠨᠠᠭ᠎ᠠ᠂ ᠰᠡᠳᠬᠢᠴᠡ᠂ ᠠᠮᠤᠷ ᠲᠦᠪᠰᠢᠨ ᠵᠡᠷᠭᠡ ᠪᠠᠶᠢᠳᠠᠯ ᠢ ᠠᠩᠬᠠᠷᠤᠨ ᠬᠠᠯᠠᠮᠵᠢᠯᠠᠵᠤ᠂ ᠭᠡᠷ ᠤᠨ ᠠᠬᠠᠮᠠᠳ ᠤᠨ ᠬᠢᠨᠠᠨ ᠬᠠᠮᠠᠭᠠᠯᠠᠬᠤ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠯᠭᠡᠬᠦ ᠪᠣᠯᠭᠠᠨ᠎ᠠ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号