ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠠᠵᠢᠯ ᠣᠯᠵᠤ ᠠᠳᠠᠯ ᠦᠢᠯᠡᠰ ᠪᠣᠰᠬᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠰᠠᠭᠤᠯᠲᠠ ᠬᠠᠷᠢᠭᠤᠯᠲᠠ ︵ᠵᠢᠷᠭᠤᠭ᠎ᠠ︶
ᠨᠡᠶᠢᠲᠡᠯᠡᠭᠰᠡᠨ ᠴᠠᠭ᠄
2020/1/6
     ᠠᠷᠪᠠᠨ ᠳᠥᠷᠪᠡ᠂ ᠶᠠᠮᠠᠷ ᠪᠠᠶᠢᠳᠠᠯ ᠳᠣᠣᠷ᠎ᠠ ᠠᠵᠢᠯᠲᠠᠨ ᠬᠡᠷᠡᠭᠯᠡᠬᠦ ᠨᠢᠭᠡᠴᠢ ᠠᠴᠠ ᠮᠠᠯᠴᠢᠨ ᠲᠠᠷᠢᠶᠠᠴᠢᠨ ᠬᠦᠴᠦ ᠶᠠᠪᠤᠭᠴᠢᠳ ᠲᠠᠢ ᠬᠥᠳᠡᠯᠮᠦᠷᠢ ᠶᠢᠨ ᠭᠡᠷ᠎ᠡ ᠶᠢ ᠲᠠᠶᠢᠯᠵᠤ ᠪᠣᠯᠬᠤ ᠦᠭᠡᠢ ᠪᠣᠢ︖      ᠬᠠᠷᠢᠭᠤᠯᠲᠠ᠄ ︽ᠬᠥᠳᠡᠯᠮᠦᠷᠢ ᠶᠢᠨ ᠭᠡᠷ᠎ᠡ︾ ᠳᠤ ᠲᠣᠭᠲᠠᠭᠠᠭᠰᠠᠨ ᠢ ᠦᠨᠳᠦᠰᠦᠯᠡᠪᠡᠯ᠂ ᠮᠠᠯᠴᠢᠨ ᠲᠠᠷᠢᠶᠠᠴᠢᠨ ᠬᠦᠴᠦ ᠶᠠᠪᠤᠭᠴᠢᠳ ᠲᠤ ᠳᠣᠣᠷᠠᠬᠢ ᠪᠠᠶᠢᠳᠠᠯ ᠤᠳ ᠤᠨ ᠨᠢᠭᠡ ᠨᠢ ᠪᠠᠶᠢᠪᠠᠯ᠂ ᠠᠵᠢᠯᠲᠠᠨ ᠬᠡᠷᠡᠭᠯᠡᠬᠦ ᠨᠢᠭᠡᠴᠢ ᠠᠴᠠ ᠬᠥᠳᠡᠯᠮᠦᠷᠢᠯᠡᠭᠴᠢ ᠲᠠᠢ ᠬᠥᠳᠡᠯᠮᠦᠷᠢ ᠶᠢᠨ ᠭᠡᠷ᠎ᠡ ᠶᠢ ᠲᠠᠶᠢᠯᠵᠤ ᠪᠣᠯᠬᠤ ᠦᠭᠡᠢ᠄      ︵ᠨᠢᠭᠡ︶ ᠠᠵᠢᠯ ᠤᠨ ᠨᠥᠯᠥᠭᠡᠨ ᠤ ᠡᠪᠡᠳᠴᠢᠨ ᠤ ᠬᠤᠣᠷ ᠬᠥᠨᠥᠭᠡᠯ ᠲᠠᠢ ᠠᠵᠢᠯ ᠬᠢᠵᠦ ᠪᠠᠶᠢᠭ᠎ᠠ ᠬᠥᠳᠡᠯᠮᠦᠷᠢᠯᠡᠭᠴᠢ ᠳᠤ ᠠᠵᠢᠯ ᠤᠨ ᠪᠠᠶᠢᠷᠢ ᠠᠴᠠ ᠰᠠᠯᠬᠤ ᠠᠴᠠ ᠡᠮᠦᠨ᠎ᠡ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠪᠠᠶᠢᠴᠠᠭᠠᠯᠲᠠ ᠬᠢᠵᠦ ᠥᠭᠭᠦᠭᠰᠡᠨ ᠦᠭᠡᠢ᠂ ᠡᠰᠡᠬᠦᠯ᠎ᠡ ᠠᠵᠢᠯ ᠤᠨ ᠨᠥᠯᠥᠭᠡᠨ ᠤ ᠡᠪᠡᠳᠴᠢᠨ ᠤ ᠰᠡᠵᠢᠭᠯᠡᠯᠲᠡᠢ ᠡᠪᠡᠳᠴᠢᠲᠡᠨ ᠳᠤ ᠡᠮᠴᠢᠯᠡᠭᠡᠨ ᠤ ᠲᠣᠳᠣᠯᠠᠯᠲᠠ ᠬᠢᠬᠦ ᠪᠤᠶᠤ ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠠᠶᠢᠭ᠎ᠠ ᠬᠤᠭᠤᠴᠠᠭᠠᠨ ᠳᠤ ᠬᠥᠳᠡᠯᠮᠦᠷᠢ ᠶᠢᠨ ᠭᠡᠷ᠎ᠡ ᠶᠢ ᠲᠠᠶᠢᠯᠵᠤ ᠪᠣᠯᠬᠤ ᠦᠭᠡᠢ︔      ︵ᠬᠤᠶᠠᠷ︶ ᠲᠤᠰ ᠨᠢᠭᠡᠴᠢ ᠳᠤ ᠠᠵᠢᠯᠯᠠᠵᠤ ᠪᠠᠶᠢᠭᠰᠠᠨ ᠬᠤᠭᠤᠴᠠᠭᠠᠨ ᠳᠤ ᠠᠵᠢᠯ ᠤᠨ ᠨᠥᠯᠥᠭᠡᠨ ᠤ ᠡᠪᠡᠳᠴᠢᠨ ᠳᠤ ᠨᠡᠷᠪᠡᠭᠳᠡᠭᠰᠡᠨ ᠪᠤᠶᠤ ᠠᠵᠢᠯ ᠠᠴᠠ ᠪᠣᠯᠵᠤ ᠰᠢᠷᠬᠠᠲᠤᠭᠰᠠᠨ ᠤ ᠬᠠᠮᠲᠤ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠪᠤᠶᠤ ᠬᠡᠰᠡᠭ ᠬᠡᠮᠵᠢᠶ᠎ᠡ ᠪᠠᠷ ᠠᠯᠳᠠᠭᠰᠠᠨ ᠢᠶᠠᠷ ᠲᠣᠳᠣᠯᠠᠭᠰᠠᠨ ᠪᠣᠯ ᠬᠥᠳᠡᠯᠮᠦᠷᠢ ᠶᠢᠨ ᠭᠡᠷ᠎ᠡ ᠶᠢ ᠲᠠᠶᠢᠯᠵᠤ ᠪᠣᠯᠬᠤ ᠦᠭᠡᠢ︔      ︵ᠭᠤᠷᠪᠠ︶ ᠡᠪᠡᠳᠴᠢᠨ ᠳᠤ ᠨᠡᠷᠪᠡᠭᠳᠡᠭᠰᠡᠨ ᠪᠤᠶᠤ ᠠᠵᠢᠯ ᠤᠨ ᠪᠤᠰᠤ ᠰᠢᠯᠲᠠᠭᠠᠨ ᠢᠶᠠᠷ ᠰᠢᠷᠬᠠᠲᠤᠵᠤ᠂ ᠲᠣᠭᠲᠠᠭᠰᠠᠨ ᠡᠮᠴᠢᠯᠡᠭᠡᠨ ᠤ ᠬᠤᠭᠤᠴᠠᠭᠠᠨ ᠳᠤ ᠪᠠᠶᠢᠪᠠᠯ ᠬᠥᠳᠡᠯᠮᠦᠷᠢ ᠶᠢᠨ ᠭᠡᠷ᠎ᠡ ᠶᠢ ᠲᠠᠶᠢᠯᠵᠤ ᠪᠣᠯᠬᠤ ᠦᠭᠡᠢ︔      ︵ᠳᠥᠷᠪᠡ︶ ᠡᠮᠡᠭᠲᠡᠢ ᠠᠵᠢᠯᠲᠠᠳ ᠵᠢᠷᠮᠦᠰᠦᠯᠡᠯᠲᠡ ᠶᠢᠨ ᠬᠤᠭᠤᠴᠠᠭ᠎ᠠ᠂ ᠬᠥᠩᠭᠡᠵᠢᠯᠲᠡ ᠶᠢᠨ ᠬᠤᠭᠤᠴᠠᠭ᠎ᠠ᠂ ᠬᠥᠬᠦᠭᠦᠯᠬᠦ ᠬᠤᠭᠤᠴᠠᠭ᠎ᠠ ᠳᠤ ᠪᠠᠶᠢᠪᠠᠯ ᠬᠥᠳᠡᠯᠮᠦᠷᠢ ᠶᠢᠨ ᠭᠡᠷ᠎ᠡ ᠶᠢ ᠲᠠᠶᠢᠯᠵᠤ ᠪᠣᠯᠬᠤ ᠦᠭᠡᠢ︔      ︵ᠲᠠᠪᠤ︶ ᠲᠤᠰ ᠨᠢᠭᠡᠴᠢ ᠳᠤ ᠵᠠᠯᠭᠠᠭ᠎ᠠ ᠪᠠᠷ ᠠᠵᠢᠯᠯᠠᠭᠠᠳ ᠪᠦᠬᠦᠯᠢ 15 ᠵᠢᠯ ᠪᠣᠯᠣᠭᠰᠠᠨ ᠢᠶᠠᠷ ᠪᠠᠷᠠᠬᠤ ᠦᠭᠡᠢ᠂ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤᠨ ᠠᠴᠠ ᠲᠠᠪᠤᠨ ᠵᠢᠯ ᠬᠦᠷᠬᠦ ᠦᠭᠡᠢ ᠪᠣᠯᠣᠭᠰᠠᠨ ᠪᠣᠯ ᠬᠥᠳᠡᠯᠮᠦᠷᠢ ᠶᠢᠨ ᠭᠡᠷ᠎ᠡ ᠶᠢ ᠲᠠᠶᠢᠯᠵᠤ ᠪᠣᠯᠬᠤ ᠦᠭᠡᠢ︔      ︵ᠵᠢᠷᠭᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ︔      ᠠᠷᠪᠠᠨ ᠲᠠᠪᠤ᠂ ᠠᠵᠢᠯᠲᠠᠨ ᠬᠡᠷᠡᠭᠯᠡᠬᠦ ᠨᠢᠭᠡᠴᠢ ᠠᠴᠠ ᠬᠥᠳᠡᠯᠮᠦᠷᠢ ᠶᠢᠨ ᠭᠡᠷ᠎ᠡ ᠲᠣᠭᠲᠠᠬᠤ ᠶᠢ ᠵᠣᠷᠢᠭᠤᠳᠠ ᠰᠤᠨᠵᠢᠷᠠᠭᠤᠯᠤᠭᠰᠠᠨ ᠪᠣᠯ ᠶᠠᠭᠠᠬᠢᠵᠤ ᠰᠢᠢᠳᠪᠦᠷᠢᠯᠡᠬᠦ ᠪᠣᠢ︖      ᠬᠠᠷᠢᠭᠤᠯᠲᠠ᠄ ︽ᠬᠥᠳᠡᠯᠮᠦᠷᠢ ᠶᠢᠨ ᠭᠡᠷ᠎ᠡ︾ ᠳᠤ ᠲᠣᠭᠲᠠᠭᠠᠭᠰᠠᠨ ᠢ ᠦᠨᠳᠦᠰᠦᠯᠡᠪᠡᠯ᠂ ᠠᠵᠢᠯᠲᠠᠨ ᠬᠡᠷᠡᠭᠯᠡᠬᠦ ᠨᠢᠭᠡᠴᠢ ᠠᠴᠠ ᠠᠵᠢᠯᠲᠠᠨ ᠢ ᠬᠡᠷᠡᠭᠯᠡᠭᠰᠡᠨ ᠡᠳᠦᠷ ᠠᠴᠠ ᠡᠬᠢᠯᠡᠨ ᠨᠢᠭᠡ ᠰᠠᠷ᠎ᠠ ᠶᠢ ᠬᠡᠲᠦᠷᠡᠵᠦ ᠨᠢᠭᠡ ᠵᠢᠯ ᠪᠣᠯᠤᠭ᠎ᠠ ᠦᠭᠡᠢ ᠬᠤᠭᠤᠴᠠᠭᠠᠨ ᠳᠤ ᠬᠥᠳᠡᠯᠮᠦᠷᠢᠯᠡᠭᠴᠢ ᠲᠠᠢ ᠪᠢᠴᠢᠭ ᠤᠨ ᠬᠡᠯᠪᠡᠷᠢ ᠪᠠᠷ ᠬᠥᠳᠡᠯᠮᠦᠷᠢ ᠶᠢᠨ ᠭᠡᠷ᠎ᠡ ᠲᠣᠭᠲᠠᠭᠰᠠᠨ ᠦᠭᠡᠢ ᠪᠣᠯ᠂ ᠬᠥᠳᠡᠯᠮᠦᠷᠢᠯᠡᠭᠴᠢ ᠳᠤ ᠰᠠᠷ᠎ᠠ ᠪᠦᠷᠢ ᠬᠤᠶᠠᠷ ᠳᠠᠬᠢᠨ ᠢᠶᠠᠷ ᠴᠠᠯᠢᠩ ᠥᠭᠬᠦ ᠬᠡᠷᠡᠭᠲᠡᠢ᠃      ᠠᠷᠪᠠᠨ ᠵᠢᠷᠭᠤᠭ᠎ᠠ᠂ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠬᠠᠤᠯᠢ ᠶᠣᠰᠣᠨ ᠤ ᠡᠷᠬᠡ ᠠᠰᠢᠭ ᠬᠤᠬᠢᠷᠠᠯ ᠳᠤ ᠤᠴᠠᠷᠠᠬᠤ ᠦᠶ᠎ᠡ ᠳᠤ ᠶᠠᠮᠠᠷ ᠶᠠᠮᠠᠷ ᠠᠷᠭ᠎ᠠ ᠵᠠᠮ ᠢᠶᠠᠷ ᠡᠷᠬᠡ ᠠᠰᠢᠭ ᠢᠶᠠᠨ ᠬᠠᠮᠠᠭᠠᠯᠠᠵᠤ ᠪᠣᠯᠬᠤ ᠪᠣᠢ︖      ᠬᠠᠷᠢᠭᠤᠯᠲᠠ᠄ ᠮᠠᠯᠴᠢᠨ ᠲᠠᠷᠢᠶᠠᠴᠢᠨ ᠬᠦᠴᠦ ᠶᠠᠪᠤᠭᠴᠢᠳ ᠤᠨ ᠬᠠᠤᠯᠢ ᠶᠣᠰᠣᠨ ᠤ ᠡᠷᠬᠡ ᠠᠰᠢᠭ ᠬᠤᠬᠢᠷᠠᠯ ᠳᠤ ᠤᠴᠠᠷᠠᠭᠰᠠᠨ ᠪᠣᠯ᠂ ᠠᠵᠢᠯ ᠣᠯᠣᠭᠰᠠᠨ ᠭᠠᠵᠠᠷ ᠤᠨ ᠠᠵᠢᠯ ᠬᠥᠳᠡᠯᠮᠦᠷᠢ ᠶᠢᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠳᠤ ᠭᠤᠶᠤᠴᠢᠯᠠᠯ ᠭᠠᠷᠭᠠᠵᠤ ᠬᠥᠨᠳᠡᠯᠡᠨ ᠠᠴᠠ ᠲᠠᠰᠤᠯᠤᠭᠤᠯᠬᠤ᠂ ᠡᠰᠡᠬᠦᠯ᠎ᠡ ᠠᠵᠢᠯᠲᠠᠨ ᠬᠡᠷᠡᠭᠯᠡᠬᠦ ᠨᠢᠭᠡᠴᠢ ᠶᠢᠨ ᠪᠠᠶᠢᠭ᠎ᠠ ᠭᠠᠵᠠᠷ ᠤᠨ ᠠᠷᠠᠳ ᠤᠨ ᠰᠢᠭᠦᠬᠦ ᠬᠤᠷᠢᠶ᠎ᠠ ᠳᠤ ᠮᠡᠳᠡᠭᠦᠯᠵᠦ ᠵᠠᠷᠭᠤᠯᠳᠤᠭᠠᠨ ᠬᠢᠵᠦ ᠪᠣᠯᠣᠨ᠎ᠠ᠃      ᠠᠷᠪᠠᠨ ᠳᠣᠯᠤᠭ᠎ᠠ᠂ ᠮᠠᠯᠴᠢᠨ ᠲᠠᠷᠢᠶᠠᠴᠢᠨ ᠬᠦᠴᠦ ᠶᠠᠪᠤᠭᠴᠢᠳ ᠠᠴᠠ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠨᠥᠬᠦᠪᠦᠷᠢ ᠶᠢᠨ ᠴᠢᠨᠠᠷᠲᠠᠢ ᠪᠣᠯᠪᠠᠰᠤᠷᠠᠭᠤᠯᠤᠯ ᠳᠤ ᠬᠡᠷᠬᠢᠨ ᠣᠷᠣᠯᠴᠠᠬᠤ ᠪᠣᠢ︖      ᠬᠠᠷᠢᠭᠤᠯᠲᠠ᠄ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠬᠤ ᠬᠦᠰᠡᠯ ᠡᠷᠡᠮᠡᠯᠵᠡᠯ ᠲᠠᠢ ᠮᠠᠯᠴᠢᠨ ᠲᠠᠷᠢᠶᠠᠴᠢᠨ ᠬᠦᠴᠦ ᠶᠠᠪᠤᠭᠴᠢᠳ ᠠᠴᠠ ᠡᠩ ᠲᠡᠷᠢᠭᠦᠨ ᠳᠤ ᠡᠷᠦᠬᠡ ᠠᠮᠠ ᠶᠢᠨ ᠬᠠᠷᠢᠶ᠎ᠠ ᠨᠢ ᠪᠠᠶᠢᠭ᠎ᠠ ᠭᠠᠵᠠᠷ ᠪᠤᠶᠤ ᠠᠵᠢᠯ ᠣᠯᠣᠭᠰᠠᠨ ᠭᠠᠵᠠᠷ ᠤᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠦᠨᠡᠨ ᠨᠡᠷ᠎ᠡ ᠶᠢᠨ ᠳᠦᠷᠢᠮ ᠢᠶᠠᠷ ᠳᠠᠩᠰᠠᠯᠠᠭᠤᠯᠤᠨ ᠲᠡᠮᠳᠡᠭᠯᠡᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠮᠡᠳᠡᠭᠡ ᠵᠠᠩᠭᠢ ᠶᠢᠨ ᠬᠥᠮᠥᠷᠭᠡ ᠳᠤ ᠣᠷᠣᠭᠰᠠᠨ ᠤ ᠳᠠᠷᠠᠭ᠎ᠠ᠂ ᠡᠷᠦᠬᠡ ᠠᠮᠠ ᠶᠢᠨ ᠬᠠᠷᠢᠶ᠎ᠠ ᠨᠢ ᠪᠠᠶᠢᠭ᠎ᠠ ᠭᠠᠵᠠᠷ ᠪᠤᠶᠤ ᠠᠵᠢᠯ ᠣᠯᠣᠭᠰᠠᠨ ᠭᠠᠵᠠᠷ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠠᠴᠠ ᠵᠣᠬᠢᠶᠠᠨ ᠪᠠᠶᠢᠭᠤᠯᠤᠭᠰᠠᠨ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠵᠤ᠂ ᠪᠣᠯᠪᠠᠰᠤᠷᠠᠭᠤᠯᠤᠯ ᠳᠤ ᠣᠷᠣᠯᠴᠠᠭᠠᠳ ᠬᠢᠷᠢ ᠲᠡᠩᠴᠡᠭᠰᠡᠨ ᠪᠣᠯ᠂ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠨᠥᠬᠦᠪᠦᠷᠢ ᠶᠢ ᠬᠦᠷᠲᠡᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ